ᠭᠤᠷᠪᠠᠳᠤᠭᠠᠷ ᠬᠤᠭᠤᠴᠠᠭᠠᠨ᠎ᠤ ᠲᠦᠩᠯᠢᠶᠣᠤ ᠬᠤᠲᠠ᠎ᠶ᠋ᠢᠨ ᠮᠠᠯᠴᠢᠨ ᠲᠠᠷᠢᠶᠠᠴᠢᠨ᠎ᠤ ᠤᠷᠠᠨ ᠰᠠᠢᠬᠠᠨ᠎ᠤ ᠬᠠᠮ ᠲᠣᠭ᠍ᠯᠠᠯᠲᠠ ᠵᠢᠴᠢ ᠠᠩᠬᠠᠳᠤᠭᠠᠷ ᠬᠤᠭᠤᠴᠠᠭᠠᠨ᠎ᠤ ᠠᠨᠳᠠᠶ ᠪᠥᠵᠢᠭ᠎ᠤᠨ ᠤᠷᠤᠯᠳᠤᠭᠠᠨ ᠶᠠᠪᠣᠭ᠍ᠳᠠᠪᠠ
2020-10-20 10:10:20
ᠵᠣᠬᠢᠶᠠᠭ᠍ᠴᠢ᠄
ᠪᠣᠣ ᠴᠢᠩ ᠱᠧᠩ
ᠣᠩᠱᠢᠭ᠍ᠰᠠᠨ ᠣᠳᠠᠭ᠎ᠠ᠄
★★★☆☆


10 ᠰᠠᠷ᠎ᠠ᠎ᠶ᠋ᠢᠨ 16 ᠎ᠤ ᠡᠳᠦᠷ᠎ᠠᠴᠠ 17 ᠎ᠤ ᠡᠳᠦᠷ ᠪᠤᠯᠳᠠᠯ᠎ᠠ᠂ ᠲᠥᠩᠯᠢᠶᠤᠤ ᠬᠤᠲᠠ᠎ᠶ᠋ᠢᠨ ᠯᠢᠶᠤᠤ ᠾᠧ ᠴᠡᠴᠡᠷᠯᠢᠭ᠎ᠤᠨ ᠮᠤᠷᠢᠨ ᠬᠤᠭᠤᠷ ᠠᠭᠤᠳᠠᠮ ᠲᠠᠯᠠᠪᠠᠢ᠎ᠳᠤ᠂ ᠠᠨᠳᠠᠢ ᠬᠥᠭ᠌ᠵᠢᠮ ᠤᠶᠠᠩᠭᠠᠷᠠᠵᠤ᠂ ᠤᠯᠠᠭᠠᠨ ᠠᠯᠴᠢᠭᠤᠷ ᠲᠠᠯᠠᠪᠠᠢ ᠳᠥᠭᠦᠷᠡᠩ ᠨᠠᠮᠢᠷᠠᠨ ᠬᠥᠷ ᠨᠠᠷᠬᠢᠶᠠᠨ᠎ᠢᠶᠠᠷ ᠪᠢᠯᠬᠠᠮ᠎ᠠ ᠪᠠᠢᠯ᠎ᠠ᠃ ᠡᠨᠡ ᠪᠤᠯ ᠭᠤᠷᠪᠠᠳᠤᠭᠠᠷ ᠬᠤᠭᠤᠴᠠᠭᠠᠨ᠎ᠤ ᠲᠦᠩᠯᠢᠶᠣᠤ ᠬᠤᠲᠠ᠎ᠶ᠋ᠢᠨ ᠮᠠᠯᠴᠢᠨ ᠲᠠᠷᠢᠶᠠᠴᠢᠨ᠎ᠤ ᠤᠷᠠᠨ ᠰᠠᠢᠬᠠᠨ᠎ᠤ ᠬᠠᠮ ᠲᠣᠭ᠍ᠯᠠᠯᠲᠠ ᠵᠢᠴᠢ ᠠᠩᠬᠠᠳᠤᠭᠠᠷ ᠬᠤᠭᠤᠴᠠᠭᠠᠨ᠎ᠤ ᠠᠨᠳᠠᠶ ᠪᠥᠵᠢᠭ᠎ᠤᠨ ᠤᠷᠤᠯᠳᠤᠭᠠᠨ᠎ᠤ ᠡᠬᠢᠯᠡᠯᠲᠠ᠎ᠶ᠋ᠢᠨ ᠶᠤᠰᠤᠯᠠᠯ᠎ᠳᠠᠬᠢ 《ᠤᠯᠠᠭᠠᠨ ᠠᠯᠴᠢᠭᠤᠷ᠎ᠢᠶᠠᠨ ᠰᠠᠵᠢᠯᠠᠵᠤ ᠡᠯᠪᠡᠭ ᠬᠤᠷᠢᠶᠠᠯᠲᠠ᠎ᠪᠠᠨ ᠪᠡᠯᠭᠡᠯᠡᠶ᠎ᠡ》 ᠭᠡᠬᠦ᠌ ᠮᠢᠩᠭᠠᠨ ᠬᠥᠮᠥᠨ᠎ᠤ ᠠᠨᠳᠠᠢ ᠪᠥᠵᠢᠭ᠎ᠤᠨ ᠠᠬᠤᠢ ᠲᠠᠯᠠᠪᠠᠢ ᠪᠤᠯᠤᠨ᠎ᠠ᠃


11.JPG


ᠡᠨᠡ ᠤᠳᠠᠭᠠᠨ᠎ᠤ ᠠᠵᠢᠯᠯᠠᠭ᠎ᠠ᠎ᠨᠢ 《ᠴᠢᠨᠡᠭᠡᠯᠢᠭ ᠨᠡᠢᠭᠡᠮ᠎ᠢ ᠪᠠᠢᠭᠤᠯᠬᠤ ᠱᠢᠢᠳᠪᠦᠷᠢᠲᠦ ᠢᠯᠠᠯᠲᠠ᠎ᠶ᠋ᠢ ᠤᠯᠬᠤ᠎ᠳᠤ ᠪᠢ ᠪᠠᠢᠨᠠᠮ》 ᠬᠡᠬᠦ᠌ ᠭᠤᠤᠯ ᠰᠡᠳᠥᠪᠳᠤ ᠭᠤᠷᠪᠠᠳᠤᠭᠠᠷ ᠬᠤᠭᠤᠴᠠᠭᠠᠨ᠎ᠤ ᠳᠤᠮᠳᠠᠳᠤ ᠤᠯᠤᠰ᠎ᠤᠨ ᠲᠠᠷᠢᠶᠠᠴᠢᠳ᠎ᠤᠨ ᠡᠯᠪᠡᠭ ᠬᠤᠷᠢᠶᠠᠯᠲᠠ᠎ᠶ᠋ᠢᠨ ᠨᠠᠢᠷ᠎ᠢ ᠪᠡᠯᠭᠡᠯᠡᠨ᠂ 《ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠥᠲᠥᠭᠡᠨ ᠪᠠᠢᠭᠤᠯᠬᠤ ᠱᠢᠢᠳᠪᠦᠷᠢᠲᠦ ᠢᠯᠠᠯᠲᠠ᠎ᠶ᠋ᠢ ᠣᠯᠵᠤ᠂ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠬᠤ ᠳᠠᠢᠯᠠᠯᠳᠤᠭᠠᠨ᠎ᠤ ᠢᠯᠠᠯᠲᠠ᠎ᠶ᠋ᠢ ᠣᠯᠬᠤ》 ᠠᠭᠤᠷ ᠠᠮᠢᠰᠭᠤᠯ᠎ᠢ ᠤᠯᠠᠮ ᠨᠢᠭᠡ ᠠᠯᠬᠤᠮ ᠥᠳᠭᠡᠷᠡᠭᠦᠯᠵᠤ᠂ ᠮᠠᠯᠴᠢᠨ ᠲᠠᠷᠢᠶᠠᠴᠢᠨ᠎ᠤ ᠰᠣᠶᠣᠯ᠎ᠤᠨ ᠠᠮᠢᠳᠤᠷᠠᠯ᠎ᠢ ᠪᠠᠶᠠᠯᠢᠭ᠍ᠵᠢᠭᠤᠯᠥᠨ᠂ ᠦᠨᠳᠦᠰᠦᠲᠡᠨ᠎ᠤ ᠱᠢᠯᠢᠳᠡᠭ ᠰᠣᠶᠣᠯ᠎ᠢ ᠤᠯᠠᠮᠵᠢᠯᠠᠵᠤ᠂ ᠠᠨᠳᠠᠶ ᠰᠣᠶᠣᠯ᠎ᠤᠨ ᠨᠥᠯᠥᠭᠡᠯᠡᠬᠦ᠌ ᠬᠦᠴᠦᠨ᠎ᠢ ᠳᠡᠭᠡᠭ᠌ᠰᠢᠯᠡᠭᠦᠯᠬᠦ᠌᠎ᠪᠠᠷ ᠵᠤᠷᠢᠯᠭ᠎ᠠ᠎ᠪᠠᠨ ᠪᠤᠯᠭᠠᠵᠠᠢ᠃


222.JPG


ᠮᠠᠯᠴᠢᠨ ᠲᠠᠷᠢᠶᠠᠴᠢᠨ᠎ᠤ ᠤᠷᠠᠨ ᠰᠠᠢᠬᠠᠨ᠎ᠤ ᠬᠠᠮ ᠲᠣᠭ᠍ᠯᠠᠯᠲᠠ ᠪᠠ ᠠᠨᠳᠠᠶ ᠪᠥᠵᠢᠭ᠎ᠤᠨ ᠤᠷᠤᠯᠳᠤᠭᠠᠨ᠎ᠢ ᠬᠠᠮᠲᠤ᠎ᠳᠤᠨᠢ ᠡᠷᠬᠢᠯᠡᠬᠦ᠌᠎ᠪᠠᠷ ᠳᠡᠮᠵᠢᠨ ᠠᠨᠳᠠᠢ ᠪᠥᠵᠢᠭ᠎ᠤᠨ ᠤᠷᠤᠯᠳᠤᠭᠠᠨ᠎ᠤ ᠠᠭᠤᠯᠭ᠎ᠠ᠎ᠶ᠋ᠢ ᠪᠠᠶᠠᠯᠢᠬ᠍ᠵᠢᠭᠤᠯᠵᠤ᠂ ᠲᠤᠰ ᠬᠤᠲᠠ᠎ᠶ᠋ᠢᠨ ᠠᠷᠠᠳ ᠲᠦᠮᠡᠨ᠎ᠳᠤ ᠦᠪᠡᠳᠡᠭ᠌ᠰᠢ ᠶᠡᠭᠡ ᠤᠶᠤᠨ᠎ᠤ ᠳᠠᠢᠯᠠᠯᠭ᠎ᠠ ᠬᠠᠩᠭᠠᠵᠠᠢ᠃

ᠤᠷᠤᠯᠳᠤᠭᠠᠨ᠎ᠢ ᠶᠡᠭᠡ ᠳᠡᠭᠡᠳᠦ ᠰᠤᠷᠭᠠᠭᠤᠯᠢ ᠪᠠ ᠠᠵᠢᠯ ᠮᠡᠷᠭᠡᠵᠢᠯ᠎ᠤᠨ ᠰᠤᠷᠭᠠᠭᠤᠯᠢ᠎ᠶ᠋ᠢᠨ ᠳᠤᠭᠤᠢᠯᠠᠩ᠂ ᠲᠦᠩᠯᠢᠶᠣᠤ ᠬᠤᠲᠠ᠎ᠶ᠋ᠢᠨ ᠱᠢᠭᠤᠳ ᠬᠠᠷᠢᠶ᠎ᠠ ᠪᠠᠢᠭᠤᠯᠭ᠎ᠠ᠎ᠶ᠋ᠢᠨ ᠳᠤᠭᠤᠢᠯᠠᠩ᠂ ᠲᠦᠩᠯᠢᠶᠣᠤ ᠬᠤᠲᠠ᠎ᠶ᠋ᠢᠨ ᠨᠠᠰᠤᠲᠠᠢᠴᠤᠳ᠎ᠤᠨ ᠪᠡᠶ᠎ᠡ ᠲᠠᠮᠢᠷ᠎ᠤᠨ ᠨᠡᠢᠭᠡᠮᠯᠢᠭ᠎ᠤᠨ ᠳᠤᠭᠤᠢᠯᠠᠩ᠂ ᠲᠦᠩᠯᠢᠶᠣᠤ ᠬᠤᠲᠠ᠎ᠶ᠋ᠢᠨ ᠰᠤᠷᠭᠠᠨ ᠬᠥᠮᠦᠵᠢᠯ᠎ᠤᠨ ᠱᠢᠰᠲ᠋ᠧᠮ᠎ᠤᠨ ᠳᠤᠭᠤᠢᠯᠠᠩ᠂ ᠬᠤᠱᠢᠭᠤ ᠱᠢᠶᠠᠨ ᠬᠤᠲᠠ ᠲᠣᠭᠤᠷᠢᠭ᠎ᠤᠨ ᠳᠤᠭᠤᠢᠯᠠᠩ ᠭᠡᠬᠦ᠌ ᠲᠠᠪᠤᠨ ᠳᠤᠭᠤᠢᠯᠠᠩ ᠬᠤᠪᠢᠶᠠᠵᠤ᠂ ᠨᠡᠢᠲᠡ 48 ᠪᠥᠵᠢᠭ᠎ᠤᠨ ᠠᠩᠬᠢ᠂ ᠮᠢᠩᠭ᠎ᠠ ᠭᠠᠷᠤᠢ ᠬᠥᠮᠦᠨ ᠨᠡᠷ᠎ᠡ ᠮᠡᠳᠡᠭᠦᠯᠦᠨ ᠤᠷᠤᠯᠳᠤᠭᠠᠨ᠎ᠳᠤ ᠣᠷᠣᠯᠴᠠᠵᠠᠶ᠃


33.JPG


 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠠᠷᠢᠭᠤᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号