ᠯᠢᠶᠣᠤ ᠤᠯᠤᠰ ᠠᠯᠲᠠᠨ ᠤᠯᠤᠰ᠎ᠤᠨ ᠦᠶ᠎ᠡ᠎ᠶ᠋ᠢᠨ ᠬᠠᠭᠠᠨ᠎ᠤ ᠤᠭ᠍ᠰᠠᠭᠠᠨ᠎ᠤ ᠰᠦᠮ᠎ᠡ ᠬᠡᠢᠳ᠎ᠤᠨ ᠪᠠᠭᠤᠷᠢ᠎ᠶ᠋ᠢ ᠢᠯᠡᠷᠡᠭᠦᠯᠪᠡ
2020-10-21 09:34:17
ᠵᠣᠬᠢᠶᠠᠭ᠍ᠴᠢ᠄
ᠱᠢᠶᠡᠩ ᠴᠦᠨ
ᠣᠩᠱᠢᠭ᠍ᠰᠠᠨ ᠣᠳᠠᠭ᠎ᠠ᠄
★★★☆☆

10 ᠰᠠᠷ᠎ᠠ᠎ᠶ᠋ᠢᠨ 13 ᠎ᠤ ᠡᠳᠦᠷ᠂ ᠳᠤᠮᠳᠠᠳᠤ ᠤᠯᠤᠰ᠎ᠤᠨ ᠨᠡᠢᠭᠡᠮ᠎ᠤᠨ ᠱᠢᠨᠵᠢᠯᠡᠬᠦ᠌ ᠤᠬᠠᠭᠠᠨ᠎ᠤ ᠬᠦᠷᠢᠶᠡᠯᠡᠩ᠎ᠤᠨ ᠬᠠᠭᠤᠴᠢ ᠰᠤᠳᠤᠯᠤᠯ᠎ᠤᠨ ᠭᠠᠵᠠᠷ᠎ᠤᠨ ᠥᠪᠥᠷ ᠮᠣᠩᠭᠤᠯ᠎ᠤᠨ ᠬᠤᠶᠠᠳᠤᠭᠠᠷ ᠠᠩᠭᠢ ᠪᠠ ᠥᠪᠥᠷ ᠮᠣᠩᠭᠤᠯ᠎ᠤᠨ ᠲᠡᠤᠬᠡ᠎ᠶ᠋ᠢᠨ ᠳᠤᠷᠠᠰᠭᠠᠯᠲᠤ ᠵᠦᠢᠯᠡᠰ᠎ᠤᠨ ᠬᠠᠭᠤᠴᠢ ᠰᠤᠳᠤᠯᠤᠯ᠎ᠤᠨ ᠰᠤᠳᠤᠯᠭᠠᠨ᠎ᠤ ᠭᠠᠵᠠᠷ᠎ᠤᠨ ᠬᠠᠮᠳᠤᠷᠠᠬ᠍ᠰᠠᠨ ᠯᠢᠶᠤᠤ ᠤᠯᠤᠰ᠎ᠤᠨ ᠳᠡᠭᠡᠳᠦ ᠨᠡᠢᠰᠯᠡᠯ᠎ᠤᠨ ᠬᠠᠭᠤᠴᠢ ᠰᠤᠳᠤᠯᠤᠯ᠎ᠤᠨ ᠠᠩᠭᠢ᠎ᠶ᠋ᠢᠨ᠎ᠬᠢᠨ ᠯᠢᠶᠣᠤ ᠤᠯᠤᠰ᠎ᠤᠨ ᠳᠡᠭᠡᠳᠦ ᠨᠡᠢᠰᠯᠡᠯ᠎ᠤᠨ ᠪᠠᠭᠤᠷᠢ᠎ᠠᠴᠠ ᠯᠢᠶᠣᠤ ᠤᠯᠤᠰ ᠠᠯᠲᠠᠨ ᠤᠯᠤᠰ᠎ᠤᠨ ᠦᠶ᠎ᠡ᠎ᠶ᠋ᠢᠨ ᠲᠣᠮᠣ ᠬᠡᠯᠪᠡᠷᠢ᠎ᠶ᠋ᠢᠨ ᠬᠠᠭᠠᠨ᠎ᠤ ᠤᠭ᠍ᠰᠠᠭᠠᠨ᠎ᠤ ᠰᠦᠮ᠎ᠡ ᠬᠡᠢᠳ᠎ᠤᠨ ᠪᠠᠭᠤᠷᠢ᠎ᠶ᠋ᠢ ᠢᠯᠡᠷᠡᠭᠦᠯᠵᠡᠶ᠃ ᠡᠨᠡ ᠪᠣᠯ ᠯᠢᠶᠣᠤ ᠤᠯᠤᠰ᠎ᠤᠨ ᠳᠡᠭᠡᠳᠦ ᠨᠡᠢᠰᠯᠡᠯ᠎ᠠᠴᠠ ᠢᠯᠡᠷᠡᠭᠦᠯᠦᠭ᠌ᠰᠡᠨ ᠬᠡᠪᠴᠢᠶ᠎ᠡ᠎ᠪᠠᠷ ᠬᠠᠮᠤᠭ᠎ᠤᠨ ᠶᠡᠭᠡ ᠰᠦᠮ᠎ᠡ ᠬᠡᠢᠳ ᠪᠣᠯᠤᠨ᠎ᠠ᠃

ᠮᠡᠳᠡᠬᠡᠵᠢ᠂ ᠯᠢᠶᠣᠤ᠎ᠶ᠋ᠢᠨ ᠳᠡᠭᠡᠳᠦ ᠨᠡᠢᠰᠯᠡᠯ᠎ᠤᠨ ᠪᠠᠭᠤᠷᠢ ᠤᠯᠠᠭᠠᠨᠬᠠᠳᠠ ᠬᠤᠲᠠ᠎ᠶ᠋ᠢᠨ ᠪᠠᠭᠠᠷᠢᠨ ᠵᠡᠭᠦᠨ ᠬᠤᠱᠢᠭᠤᠨ᠎ᠤ ᠯᠢᠨᠳᠦ᠋ᠩ ᠪᠠᠯᠭᠠᠰᠤᠨ᠎ᠤ ᠵᠡᠭᠦᠨ ᠡᠮᠦᠨ᠎ᠡ ᠪᠠᠢᠷᠢᠯᠠᠳᠠᠭ᠃ ᠶᠡᠷᠦᠩᠬᠡᠶ ᠲᠠᠯᠠᠪᠠᠶ᠎ᠨᠢ ᠪᠠᠷᠤᠭ 5 ᠲᠡᠭ᠌ᠰᠢ ᠳᠥᠷᠪᠡᠯᠵᠢᠨ ᠺᠢᠯᠣᠮᠧᠲᠷ ᠪᠤᠢ᠃ ᠡᠨᠡ ᠤᠳᠠᠭ᠎ᠠ᠎ᠶ᠋ᠢᠨ ᠢᠯᠡᠷᠡᠭᠦᠯᠦᠭ᠌ᠰᠡᠨ ᠬᠠᠭᠠᠨ᠎ᠤ ᠤᠭ᠍ᠰᠠᠭᠠᠨ᠎ᠤ ᠰᠦᠮ᠎ᠡ ᠬᠡᠢᠳ᠎ᠤᠨ ᠪᠠᠭᠤᠷᠢ᠎ᠶ᠋ᠢ ᠯᠢᠶᠣᠤ ᠤᠯᠤᠰ᠎ᠤᠨ ᠲᠡᠬᠡᠳᠦ ᠨᠡᠢᠰᠯᠡᠯ᠎ᠤᠨ ᠬᠠᠭᠠᠨ᠎ᠤ ᠬᠤᠲᠠ᠎ᠶ᠋ᠢᠨ ᠪᠠᠭᠤᠷᠢ᠎ᠶ᠋ᠢᠨ ᠪᠠᠷᠠᠭᠤᠨ ᠡᠮᠦᠨᠡᠬᠢ ᠥᠨᠳᠦᠷᠯᠢᠭ ᠭᠠᠵᠠᠷ᠎ᠠᠴᠠ ᠢᠯᠡᠷᠡᠬᠦᠯᠵᠡᠢ᠃ ᠲᠡᠷᠡ᠎ᠨᠢ ᠡᠭᠦᠳᠡᠨ ᠬᠠᠷᠰᠢ᠂ ᠡᠮᠦᠨ᠎ᠡ ᠬᠠᠷᠰᠢ ᠪᠣᠯᠤᠨ ᠬᠤᠢᠲᠤ ᠬᠠᠷᠰᠢ ᠭᠡᠬᠦ᠌ ᠭᠤᠷᠪᠠᠨ ᠬᠠᠷᠰᠢ᠎ᠪᠠᠷ ᠪᠦᠷᠢᠯᠳᠦᠭ᠌ᠰᠡᠨ ᠪᠠᠢᠵᠦ᠍᠂ ᠨᠡᠯᠢᠶᠡᠳ ᠪᠦᠷᠢᠨ ᠪᠦᠲᠦᠨ᠎ᠢᠶᠠᠷ ᠦᠯᠡᠳᠡᠵᠡᠢ᠃

ᠬᠠᠭᠤᠴᠢ ᠰᠤᠳᠤᠯᠤᠯ᠎ᠤᠨ ᠮᠠᠯᠳᠠᠯᠭ᠎ᠠ᠎ᠪᠠᠷ ᠢᠯᠡᠷᠡᠬᠦᠯᠦᠭ᠌ᠰᠡᠨ ᠯᠢᠩᠬ᠍ᠸ᠎ᠠ᠎ᠶ᠋ᠢᠨ ᠬᠡ᠎ᠲᠠᠢ ᠴᠢᠯᠠᠭᠤᠨ ᠪᠠᠭᠠᠨ᠎ᠠ ᠪᠠ ᠪᠠᠭᠠᠨ᠎ᠠ᠎ᠶ᠋ᠢᠨ ᠲᠤᠤᠷ᠎ᠤᠨ ᠪᠦᠳᠦᠴᠡ᠎ᠠᠴᠠ ᠡᠬᠦᠨ᠎ᠢ ᠪᠠᠷᠠᠭᠤᠨ᠎ᠠᠴᠠ ᠵᠡᠬᠦᠨᠰᠢ ᠬᠠᠨᠳᠤᠬ᠍ᠰᠠᠨ ᠬᠠᠭᠠᠨ᠎ᠤ ᠤᠭ᠍ᠰᠠᠭᠠᠨ᠎ᠤ ᠰᠦᠮ᠎ᠡ ᠬᠡᠢᠳ᠎ᠤᠨ ᠪᠠᠭᠤᠷᠢ ᠮᠦᠨ ᠬᠡᠵᠦ᠍ ᠬᠠᠭᠤᠴᠢ ᠰᠤᠳᠤᠯᠭᠠᠳᠠᠳ ᠮᠠᠭᠠᠳᠯᠠᠵᠦ᠍ ᠪᠠᠢᠨ᠎ᠠ᠃

ᠳᠤᠮᠳᠠᠳᠤ ᠤᠯᠤᠰ᠎ᠤᠨ ᠨᠡᠢᠭᠡᠮ᠎ᠤᠨ ᠱᠢᠨᠵᠢᠯᠡᠬᠦ᠌ ᠤᠬᠠᠭᠠᠨ᠎ᠤ ᠬᠦᠷᠢᠶᠡᠯᠡᠩ᠎ᠤᠨ ᠬᠠᠭᠤᠴᠢ ᠰᠤᠳᠤᠯᠤᠯ᠎ᠤᠨ ᠭᠠᠵᠠᠷ᠎ᠤᠨ ᠰᠤᠳᠤᠯᠤᠭ᠍ᠴᠢ᠂ ᠯᠢᠶᠣᠤ ᠤᠯᠤᠰ᠎ᠤᠨ ᠲᠡᠬᠡᠳᠦ ᠨᠡᠢᠰᠯᠡᠯ᠎ᠤᠨ ᠬᠠᠭᠤᠴᠢ ᠰᠤᠳᠤᠯᠤᠯ᠎ᠤᠨ ᠠᠩᠭᠢ᠎ᠶ᠋ᠢᠨ ᠳᠠᠷᠤᠭ᠎ᠠ ᠳ᠋ᠦᠩ ᠱᠢᠨ ᠯᠢᠨ᠎ᠤ ᠲᠠᠨᠢᠯᠴᠠᠭᠤᠯᠬᠤ᠎ᠪᠠᠷ᠂ ᠱᠢᠨ᠎ᠡ᠎ᠪᠠᠷ ᠢᠯᠡᠷᠡᠭᠦᠯᠦᠭ᠌ᠰᠡᠨ ᠡᠨᠡ ᠬᠦ᠌ ᠰᠦᠮ᠎ᠡ ᠬᠡᠢᠳ᠎ᠤᠨ ᠪᠠᠭᠤᠷᠢ᠎ᠶ᠋ᠢᠨ ᠬᠡᠪᠴᠢᠶ᠎ᠡ᠎ᠨᠢ ᠮᠠᠰᠢ ᠶᠡᠭᠡ ᠪᠠᠢᠵᠦ᠍᠂ ᠯᠢᠶᠣᠤ ᠤᠯᠤᠰ᠎ᠤᠨ ᠳᠡᠭᠡᠳᠦ ᠨᠡᠢᠰᠯᠡᠯ᠎ᠠᠴᠠ ᠢᠯᠡᠷᠡᠭᠦᠯᠦᠭ᠌ᠰᠡᠨ ᠬᠡᠪᠴᠢᠶ᠎ᠡ᠎ᠪᠠᠷ ᠬᠠᠮᠤᠭ᠎ᠤᠨ ᠶᠡᠭᠡ ᠰᠦᠮ᠎ᠡ ᠬᠡᠢᠳ ᠪᠣᠯᠤᠨ᠎ᠠ᠃

ᠵᠢᠴᠢ ᠯᠢᠶᠣᠤ ᠤᠯᠤᠰ ᠮᠥᠬᠦᠭ᠌ᠰᠡᠨ᠎ᠤ ᠳᠠᠷᠠᠭ᠎ᠠ᠂ ᠠᠯᠲᠠᠨ ᠤᠯᠤᠰ᠎ᠤᠨ ᠦᠶ᠎ᠡ᠎ᠳᠤ ᠲᠤᠰ ᠰᠦᠮ᠎ᠡ ᠬᠡᠢᠳ᠎ᠢ ᠬᠤᠶᠠᠳᠠᠬᠢ ᠤᠳᠠᠭ᠎ᠠ ᠵᠠᠰᠠᠵᠦ᠍ ᠦᠷᠭᠦᠯᠵᠢᠯᠡᠨ ᠠᠱᠢᠬ᠍ᠯᠠᠵᠦ᠍ ᠪᠠᠢᠬ᠍ᠰᠠᠨ᠎ᠢ ᠮᠠᠯᠲᠠᠯᠲᠠ᠎ᠶ᠋ᠢᠨ ᠶᠠᠪᠤᠴᠠ᠎ᠳᠤ ᠢᠯᠡᠷᠡᠬᠦᠯᠦᠭ᠌ᠰᠡᠨ ᠪᠠᠢᠨ᠎ᠠ᠃

ᠯᠢᠶᠣᠤ ᠤᠯᠤᠰ᠎ᠤᠨ ᠳᠡᠭᠡᠳᠦ ᠨᠡᠢᠰᠯᠡᠯ᠎ᠤᠨ ᠲᠤᠬᠠᠢ ᠲᠤᠯᠭᠤᠷ ᠪᠢᠴᠢᠭ᠎ᠤᠳ᠎ᠲᠤ ᠲᠡᠮᠳᠡᠭ᠌ᠯᠡᠭ᠌ᠰᠡᠨ᠎ᠢᠶᠠᠷ᠂ ᠯᠢᠶᠣᠤ ᠤᠯᠤᠰ᠎ᠤᠨ ᠦᠶ᠎ᠠ᠎ᠳᠤ ᠪᠤᠷᠬᠠᠨ ᠱᠠᠱᠢᠨ᠎ᠢ ᠶᠡᠭᠡ᠎ᠪᠠᠷ ᠱᠢᠳᠦᠵᠦ᠍᠂ ᠲᠡᠬᠡᠳᠦ ᠨᠡᠢᠰᠯᠡᠯ᠎ᠤᠨ ᠬᠤᠲᠠ᠎ᠶ᠋ᠢᠨ ᠳᠣᠲᠣᠷ᠎ᠠ ᠮᠠᠰᠢ ᠣᠯᠠᠨ ᠰᠦᠮ᠎ᠡ ᠬᠡᠢᠳ ᠪᠠᠢᠭ᠍ᠰᠠᠨ ᠬᠡᠳᠡᠭ᠃ 《ᠯᠢᠶᠣᠤ ᠤᠯᠤᠰ ᠠᠯᠲᠠᠨ ᠤᠯᠤᠰ᠎ᠤᠨ ᠦᠶ᠎ᠡ᠎ᠶ᠋ᠢᠨ ᠰᠦᠮ᠎ᠡ ᠬᠡᠢᠳ᠎ᠢ ᠢᠩᠭᠢᠵᠦ᠍ ᠶᠡᠭᠡ ᠬᠡᠪᠴᠢᠶ᠎ᠡ᠎ᠪᠠᠷ ᠠᠭᠤᠳᠠᠯᠤᠨ ᠮᠠᠯᠲᠠᠭ᠍ᠰᠠᠨ᠎ᠨᠢ ᠠᠩᠬ᠎ᠠ ᠤᠳᠠᠭ᠎ᠠ ᠪᠤᠯᠤᠨ᠎ᠠ᠂ ᠡᠨᠡ ᠪᠤᠯ ᠯᠢᠶᠣᠤ ᠤᠯᠤᠰ ᠠᠯᠲᠠᠨ ᠤᠯᠤᠰ᠎ᠤᠨ ᠦᠶ᠎ᠡ᠎ᠶ᠋ᠢᠨ ᠰᠦᠮ᠎ᠡ ᠬᠡᠢᠳ᠎ᠤᠨ ᠬᠠᠭᠤᠴᠢ ᠰᠤᠳᠤᠯᠤᠯ᠎ᠤᠨ ᠴᠢᠬᠤᠯᠠ ᠮᠠᠲ᠋ᠧᠷᠢᠶᠠᠯ ᠪᠤᠯᠬᠤ ᠶᠤᠮ᠂ ᠮᠦᠨ ᠴᠤ᠌ 〈ᠯᠢᠶᠣᠤ ᠤᠯᠤᠰ᠎ᠤᠨ ᠳᠡᠭᠡᠳᠦ ᠨᠡᠢᠰᠯᠡᠯ ᠪᠣᠯᠤᠨ ᠯᠢᠶᠣᠤ᠎ᠶ᠋ᠢᠨ ᠲᠡᠬᠡᠳᠦᠰ᠎ᠤᠨ ᠣᠩᠭᠤᠨ᠎ᠤ ᠪᠠᠭᠤᠷᠢ〉 ᠎ᠶ᠋ᠢ ᠳᠡᠯᠡᠬᠡᠶ᠎ᠶ᠋ᠢᠨ ᠰᠣᠶᠣᠯ᠎ᠤᠨ ᠥᠪ᠎ᠢᠶᠠᠷ ᠡᠷᠡᠮᠡᠯᠵᠡᠯᠡᠬᠦ᠌᠎ᠳᠤ ᠴᠢᠬᠤᠯᠠ ᠬᠠᠭᠤᠴᠢ ᠰᠤᠳᠤᠯᠤᠯ᠎ᠤᠨ ᠵᠢᠱ᠌ᠢᠶ᠎ᠡ ᠪᠤᠯᠬᠤ ᠪᠤᠯᠤᠨ᠎ᠠ》 ᠬᠡᠵᠦ᠍ ᠰᠤᠳᠤᠯᠭᠠᠳᠠᠳ ᠦᠵᠡᠵᠦ᠍ ᠪᠤᠢ᠃ 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号