ᠳᠤᠮᠳᠠᠳᠤ ᠤᠯᠤᠰ᠎ᠤᠨ ᠠᠷᠠᠳ᠎ᠤᠨ ᠰᠠᠢᠨ ᠳᠤᠷ᠎ᠠ᠎ᠶ᠋ᠢᠨ ᠴᠡᠷᠢᠭ᠎ᠤᠨ ᠠᠮᠧᠷᠢᠺᠠ᠎ᠶ᠋ᠢ ᠡᠰᠡᠷᠭᠦᠴᠡᠵᠦ᠍ ᠰᠣᠯᠣᠩᠭᠤᠰ᠎ᠢ ᠲᠤᠰᠠᠯᠠᠬᠤ᠎ᠪᠠᠷ ᠭᠠᠳᠠᠭᠠᠳᠤ᠎ᠳᠤ ᠭᠠᠷᠴᠤ᠌ ᠳᠠᠢᠨ ᠬᠢᠭ᠌ᠰᠡᠨ 70 ᠵᠢᠯ᠎ᠤᠨ ᠤᠢ ᠪᠤᠯᠬᠤ ᠲᠠᠱᠢᠷᠠᠮ᠎ᠳᠤ᠂ ᠨᠠᠮ᠎ᠤᠨ ᠲᠦᠪ ᠬᠤᠷᠢᠶᠠᠨ᠎ᠤ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭ᠌ᠴᠢ᠂ ᠲᠦᠪ᠎ᠤᠨ ᠴᠡᠷᠢᠭ᠎ᠤᠨ ᠶᠠᠪᠤᠳᠠᠯ᠎ᠤᠨ ᠬᠤᠷᠢᠶᠠᠨ᠎ᠤ ᠲᠡᠷᠢᠭᠦᠯᠡᠭ᠌ᠴᠢ ᠰᠢ᠎ᠶ᠋ᠢᠨ ᠫᠢᠩ ᠲᠦᠷᠦᠭᠦᠬᠡᠨ ᠰᠧᠴᠤᠸᠠᠨ ᠮᠤᠵᠢ᠎ᠶ᠋ᠢᠨ ᠬᠤᠪᠢᠰᠭᠠᠯ᠎ᠤᠨ ᠵᠡᠮᠳᠡᠭ ᠴᠡᠷᠢᠭ᠎ᠤᠨ ᠰᠤᠪᠢᠯᠠᠯᠳᠠ᠎ᠶ᠋ᠢᠨ ᠬᠦᠷᠢᠶᠡᠯᠡᠩ᠎ᠤᠨ ᠪᠦᠬᠦ᠌ ᠨᠦᠭᠦᠳ᠎ᠲᠤ ᠬᠠᠷᠢᠭᠤ ᠵᠠᠬᠢᠳᠠᠯ ᠢᠯᠡᠭᠡᠵᠤ᠂ ᠳᠡᠳᠡᠨ᠎ᠳᠤ ᠴᠢᠩ ᠰᠡᠳᠭᠢᠯ᠎ᠤᠨ ᠮᠡᠨᠳᠦᠴᠢᠯᠡᠯ ᠳᠡᠪᠱᠢᠭᠦᠯᠪᠡ᠃
ᠰᠢ᠎ᠶ᠋ᠢᠨ ᠫᠢᠩ ᠬᠠᠷᠢᠭᠤ ᠵᠠᠬᠢᠳᠠᠯ᠎ᠳᠠᠭᠠᠨ᠂ ᠠᠮᠧᠷᠢᠺᠠ᠎ᠶ᠋ᠢ ᠡᠰᠡᠷᠭᠦᠴᠡᠵᠤ ᠰᠤᠯᠤᠩᠭᠤᠰ᠎ᠢ ᠲᠤᠰᠠᠯᠠᠬᠤ ᠳᠠᠢᠨ᠎ᠳᠤ ᠳᠤᠮᠳᠠᠳᠤ ᠤᠯᠤᠰ᠎ᠤᠨ ᠠᠷᠠᠳ᠎ᠤᠨ ᠰᠠᠢᠨ ᠳᠤᠷ᠎ᠠ᠎ᠶ᠋ᠢᠨ ᠴᠡᠷᠢᠭ ᠤᠯᠤᠰ᠎ᠢᠶᠠᠨ ᠬᠠᠢᠷᠠᠯᠠᠬᠤ ᠠᠭᠤᠤ ᠶᠡᠭᠡ ᠵᠤᠷᠢᠭ ᠰᠠᠨᠠᠭ᠎ᠠ ᠪᠤᠯᠤᠨ ᠬᠤᠪᠢᠰᠭᠠᠯ᠎ᠤᠨ ᠪᠠᠭᠠᠳᠤᠷᠯᠢᠭ ᠵᠤᠷᠢᠭ ᠰᠠᠨᠠᠭ᠎ᠠ᠎ᠶ᠋ᠢ ᠪᠠᠳᠠᠷᠠᠭᠤᠯᠤᠨ᠂ ᠭᠠᠪᠱᠢᠭᠠᠢᠯᠠᠨ ᠤᠷᠤᠭ᠍ᠰᠢᠯᠠᠵᠤ᠂ ᠬᠠᠯᠠᠭᠤᠨ ᠴᠢᠰᠤ᠎ᠪᠠᠨ ᠤᠷᠤᠰᠭᠠᠨ ᠡᠷᠡᠯᠬᠡᠭ᠌ᠯᠡᠨ ᠪᠠᠢᠯᠳᠤᠵᠤ᠂ ᠤᠯᠤᠰ ᠤᠷᠤᠨ᠎ᠢᠶᠠᠨ ᠬᠠᠮᠠᠭᠠᠯᠠᠬᠤ᠎ᠳᠤ ᠴᠢᠬᠤᠯᠠ ᠬᠤᠪᠢ ᠨᠡᠮᠡᠷᠢ ᠦᠵᠡᠭᠦᠯᠪᠠ᠃ ᠰᠠᠢᠨ ᠳᠤᠷ᠎ᠠ᠎ᠶ᠋ᠢᠨ ᠴᠡᠷᠢᠭ᠎ᠤᠨ ᠳᠠᠷᠤᠭ᠎ᠠ ᠪᠠᠢᠯᠳᠤᠭ᠍ᠴᠢᠳ ᠵᠢᠴᠢ ᠪᠠᠭᠠᠳᠤᠷ ᠵᠢᠱ᠌ᠢᠶᠡᠴᠢᠳ᠎ᠤᠨ ᠭᠠᠪᠢᠶ᠎ᠠ ᠵᠢᠳᠬᠦᠯ᠎ᠢ ᠨᠠᠮ ᠪᠤᠯᠤᠨ ᠠᠷᠠᠳ ᠲᠦᠮᠡᠨ ᠬᠡᠵᠢᠶᠡᠳᠡ ᠮᠠᠷᠳᠠᠬᠤ ᠦᠭᠡᠢ ᠶᠤᠮ ᠭᠡᠵᠤ ᠢᠯᠡᠳᠭᠡᠵᠠᠢ᠃
ᠰᠢ᠎ᠶ᠋ᠢᠨ ᠫᠢᠩ᠂ 60 ᠭᠠᠷᠤᠢ ᠵᠢᠯ᠎ᠤᠨ ᠲᠤᠷᠰᠢ᠂ ᠲᠠ ᠨᠠᠷ ᠨᠠᠮ᠎ᠢᠶᠠᠨ ᠬᠠᠢᠷᠠᠯᠠᠬᠤ᠂ ᠨᠠᠮ᠎ᠢᠶᠠᠨ ᠢᠳᠡᠭᠡᠬᠦ᠂ ᠨᠠᠮ᠎ᠢᠶᠠᠨ ᠳᠠᠭᠠᠬᠤ᠎ᠶ᠋ᠢ ᠪᠠᠷᠢᠮᠳᠠᠯᠠᠨ᠂ ᠤᠯᠤᠰ᠎ᠢᠶᠠᠨ ᠬᠠᠢᠷᠠᠯᠠᠬᠤ ᠦᠵᠡᠯ᠎ᠤᠨ ᠬᠦᠮᠦᠵᠢᠯ ᠪᠤᠯᠤᠨ ᠤᠯᠤᠰ᠎ᠤᠨ ᠪᠠᠳᠤᠯᠠᠨ ᠬᠠᠮᠠᠭᠠᠯᠠᠯᠳᠠ᠎ᠶ᠋ᠢᠨ ᠬᠦᠮᠦᠵᠢᠯ᠎ᠤᠨ ᠠᠵᠢᠯᠯᠠᠭ᠎ᠠ᠎ᠳᠤ ᠢᠳᠡᠪᠬᠢᠳᠠᠢ ᠤᠷᠤᠯᠴᠠᠵᠤ᠂ ᠨᠠᠮ ᠪᠤᠯᠤᠨ ᠠᠷᠠᠳ ᠲᠦᠮᠡᠨ᠎ᠳᠤ ᠦᠪᠡᠷ᠎ᠤᠨ ᠬᠦᠴᠦᠨ ᠴᠢᠳᠠᠯ᠎ᠢᠶᠠᠨ ᠦᠷᠭᠦᠯᠵᠢᠯᠡᠨ ᠡᠷᠭᠦᠵᠤ᠂ ᠤᠭ ᠰᠠᠨᠠᠭ᠎ᠠ ᠦᠯᠦ᠍ ᠬᠤᠪᠢᠷᠠᠬᠤ ᠵᠤᠭ᠍ᠰᠤᠰᠢ ᠦᠭᠡᠢ ᠲᠡᠮᠡᠴᠡᠬᠦ᠌ ᠵᠤᠷᠢᠭ ᠰᠠᠨᠠᠭ᠎ᠠ᠎ᠶ᠋ᠢ ᠢᠯᠡᠷᠡᠭᠦᠯᠵᠠᠢ ᠭᠡᠵᠤ ᠵᠢᠭᠠᠵᠤ ᠭᠠᠷᠭᠠᠪᠠ᠃
ᠰᠢ᠎ᠶ᠋ᠢᠨ ᠫᠢᠩ᠂ ᠲᠤᠮᠲᠠᠲᠤ᠎ᠶ᠋ᠢᠨ ᠦᠨᠲᠦᠰᠦᠲᠡᠡ ᠪᠤᠯ ᠪᠠᠭᠠᠲᠤᠷ ᠵᠤᠷᠢᠭ᠍ᠳᠠᠨ ᠲᠠᠰᠤᠷᠠᠯᠳᠠ ᠦᠭᠡᠢ ᠴᠤᠯᠭᠤᠷᠠᠠ ᠭᠠᠷᠤᠭ᠍ᠰᠠᠨ ᠦᠨᠲᠦᠰᠦᠲᠠᠠ ᠮᠦᠨ᠂ ᠱᠢᠨ᠎ᠠ ᠴᠠᠭ ᠦᠶ᠎ᠠ ᠪᠤᠯ ᠪᠠᠭᠠᠲᠤᠷ᠎ᠢ ᠪᠤᠢ ᠪᠤᠯᠭᠠᠳᠠᠭ ᠴᠠᠭ ᠦᠶ᠎ᠠ ᠮᠦᠨ᠃ ᠪᠦᠬᠦ᠌ ᠨᠠᠮ ᠪᠦ᠍ᠬᠦ᠌ ᠨᠡᠢᠭᠡᠮ᠎ᠢᠶᠠᠷ᠎ᠢᠶᠠᠨ ᠪᠠᠭᠠᠲᠤᠷᠴᠤᠳ᠎ᠢ ᠳᠡᠭᠡᠳᠦᠯᠡᠵᠦ᠍ ᠪᠠᠭᠠᠲᠤᠷᠴᠤᠳ᠎ᠠᠴᠠ ᠰᠤᠷᠤᠯᠴᠠᠨ ᠪᠠᠭᠠᠲᠤᠷᠴᠤᠳ᠎ᠢ ᠬᠠᠢᠷᠠᠯᠠᠠ ᠬᠠᠯᠠᠮᠵᠢᠯᠠᠵᠦ᠍᠂ ᠪᠠᠭᠠᠲᠤᠷᠯᠢᠭ ᠵᠤᠷᠢᠭ ᠰᠠᠨᠠᠭ᠎ᠠ᠎ᠶ᠋ᠢ ᠶᠡᠭᠡ᠎ᠪᠠᠷ ᠪᠠᠲᠠᠷᠠᠭᠤᠯᠵᠦ᠍᠂ ᠲᠤᠮᠲᠠᠲᠤ᠎ᠶ᠋ᠢᠨ ᠦᠨᠲᠦᠰᠦᠲᠠᠠ᠎ᠤ ᠠᠭᠤᠤ ᠶᠡᠭᠡ ᠰᠡᠷᠭᠦᠨ ᠮᠡᠡᠲᠦᠯᠲᠠᠶ᠋ᠢ ᠪᠡᠶᠡᠯᠡᠭᠦᠯᠬᠦ᠌ ᠠᠤᠭ᠎ᠠ ᠬᠦᠴᠤᠨ᠎ᠢ ᠨᠢᠭ᠍ᠲᠠᠷᠠᠭᠤᠯᠬᠤ ᠬᠡᠷᠡᠭ᠌ᠲᠡᠢ ᠭᠡᠵᠦ᠍ ᠴᠢᠬᠤᠯᠠᠴᠢᠯᠠᠪᠠ᠃
ᠰᠧᠴᠤᠸᠠᠨ ᠮᠤᠵᠢ᠎ᠶ᠋ᠢᠨ ᠬᠤᠪᠢᠰᠭᠠᠯ᠎ᠤᠨ ᠵᠡᠮᠳᠡᠭ ᠴᠡᠷᠢᠭ᠎ᠤᠨ ᠰᠤᠪᠢᠯᠠᠯᠳᠠ᠎ᠶ᠋ᠢᠨ ᠬᠦᠷᠢᠶᠡᠯᠡᠩ 1951 ᠤᠨ᠎ᠳᠤ ᠪᠠᠢᠭᠤᠯᠤᠭ᠍ᠳᠠᠵᠤ᠂ ᠤᠷᠢᠳ ᠬᠤᠵᠢᠳ 2800 ᠭᠠᠷᠤᠢ ᠵᠡᠮᠲᠡᠭ ᠴᠡᠷᠢᠭ᠎ᠢ ᠲᠦᠪᠯᠡᠷᠡᠭᠦᠯᠤᠨ ᠠᠰᠠᠷᠠᠵᠤ ᠬᠠᠷᠠᠭᠠᠯᠵᠠᠪᠠ᠂ ᠡᠭᠦᠨ᠎ᠳᠤ ᠠᠮᠧᠷᠢᠺᠠ᠎ᠶ᠋ᠢ ᠡᠰᠡᠷᠭᠦᠴᠡᠵᠦ᠍ ᠰᠤᠯᠤᠩᠭᠤᠰ᠎ᠢ ᠲᠤᠰᠠᠯᠠᠬᠤ ᠲᠠᠢᠨ᠎ᠳᠤ ᠤᠷᠤᠯᠴᠠᠭ᠍ᠰᠠᠠ ᠪᠠᠢᠯᠳᠤᠭ᠍ᠴᠢ 2200 ᠤᠷᠴᠢᠮ ᠪᠤᠢ᠃ 60 ᠭᠠᠷᠤᠢ ᠵᠢᠯ᠎ᠤᠨ ᠲᠤᠷᠰᠢ᠂ ᠲᠤᠰ ᠬᠦᠷᠢᠶᠡᠯᠡᠩ᠎ᠤᠨ ᠵᠡᠮᠲᠡᠭ ᠴᠡᠷᠢᠭ ᠡᠩ᠎ᠤᠨ ᠬᠦᠮᠦᠨ᠎ᠤ ᠲᠦᠰᠦᠭᠡᠯᠡᠭᠦᠶᠠ ᠪᠡᠷᠭᠡ ᠬᠦᠴᠢᠷ ᠪᠡᠷᠬᠡᠱᠢᠶᠠᠯ᠎ᠢ ᠢᠯᠠᠠ ᠲᠠᠪᠠᠵᠦ᠍᠂ ᠡᠭᠡ ᠤᠯᠤᠰ᠎ᠤᠨ᠎ᠢᠶᠠᠨ ᠪᠦᠲᠦᠭᠡᠡ ᠪᠠᠢᠭᠤᠯᠤᠯᠲᠠ᠎ᠳᠤ ᠴᠢᠲᠠᠯ᠎ᠤᠨ ᠬᠢᠷᠢ᠎ᠪᠠᠷ᠎ᠢᠶᠠᠨ ᠬᠤᠪᠢ ᠨᠡᠮᠡᠷᠢ ᠦᠵᠡᠭᠦᠯᠪᠠ᠂ ᠤᠯᠠᠮᠵᠢᠯᠠᠯᠲᠦ ᠰᠤᠷᠭᠠᠨ ᠬᠦᠮᠦᠵᠢᠯ᠎ᠤᠨ ᠠᠯᠪᠠᠠ ᠵᠢᠷᠤᠮ᠎ᠤᠨ ᠮᠡᠲᠡᠭᠦᠯᠦᠯᠲᠡ᠎ᠶ᠋ᠢ ᠲᠦᠮᠡ ᠱᠢᠬᠠᠮ ᠲᠠᠯᠠᠪᠤᠷ ᠬᠢᠵᠦ᠍᠂ ᠮᠡᠲᠡᠭᠦᠯᠦᠯᠲᠡ᠎ᠶ᠋ᠢ ᠰᠤᠨᠤᠰᠤᠭ᠍ᠰᠠᠳ 300 ᠭᠠᠷᠤᠢ ᠲᠦᠮᠡᠡ ᠬᠦᠮᠦᠨ ᠤᠲᠠᠭ᠎ᠠ᠎ᠳᠤ ᠬᠦᠷᠴᠤ᠌᠂ ᠨᠡᠢᠭᠡᠮ ᠳᠡᠭᠡᠷ᠎ᠠ ᠢᠲᠡᠪᠬᠢᠲᠠᠢ ᠲᠤᠰᠭᠠᠯ ᠭᠠᠷᠴᠠᠢ᠃ 2019 ᠤᠨ᠎ᠳᠤ ᠲᠤᠰ ᠬᠦᠷᠢᠶᠡᠯᠡᠩ 《ᠪᠦᠬᠦ᠌ ᠤᠯᠤᠰ᠎ᠤᠨ ᠴᠡᠷᠢᠭ᠎ᠤᠨ ᠠᠯᠪᠠ᠎ᠠᠴᠠ ᠬᠠᠯᠠᠭ᠍ᠲᠠᠭ᠍ᠰᠠᠳᠤᠨ ᠠᠵᠢᠯ᠎ᠤᠨ ᠵᠢᠱ᠌ᠢᠶᠡᠴᠢ ᠨᠢᠭᠡᠴᠢ》 ᠪᠠᠷ ᠬᠦᠬᠢᠭᠦᠯᠦᠭ᠌ᠲᠡᠡ ᠰᠠᠢᠱᠢᠶᠠᠭ᠍ᠲᠠᠵᠠᠢ᠃ ᠤᠢ᠍ᠢᠷ᠎ᠠ᠎ᠳᠤ ᠲᠤᠰ ᠬᠦᠷᠢᠶᠡᠯᠡᠩ᠎ᠤᠨ ᠰᠠᠢᠨ ᠲᠤᠷ᠎ᠠ᠎ᠶ᠋ᠢᠨ ᠴᠡᠷᠢᠭ᠎ᠤᠨ ᠠᠬᠠᠮᠠᠳ ᠪᠠᠢᠯᠲᠤᠭ᠍ᠴᠢ ᠲᠦ ᠪᠦᠸᠧ ᠢ ᠪᠦᠬᠦ᠌ ᠵᠡᠮᠲᠡᠭ ᠴᠡᠷᠢᠭ᠎ᠢ ᠲᠦᠯᠦᠭᠡᠯᠡᠨ ᠲᠡᠷᠢᠭᠦᠯᠡᠭ᠌ᠴᠢ ᠰᠢ᠎ᠶ᠋ᠢᠨ ᠫᠢᠩ᠎ᠳᠤ ᠵᠠᠬᠢᠲᠠᠯ ᠪᠢᠴᠢᠵᠦ᠍᠂ ᠠᠵᠢᠯ ᠠᠮᠢᠲᠤᠷᠠᠯ᠎ᠤᠨ ᠪᠠᠢᠲᠠᠯ᠎ᠢᠶᠠᠨ ᠬᠠᠷᠢᠭᠤ ᠮᠡᠲᠡᠭᠦᠯᠵᠦ᠍᠂ ᠤᠭ ᠰᠠᠨᠠᠭ᠎ᠠ᠎ᠪᠠᠨ ᠦᠯᠦ᠍ ᠮᠠᠷᠲᠠᠵᠦ᠍ ᠡᠬᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠨ ᠤᠭ ᠴᠢᠨᠠᠷ᠎ᠢᠶᠠᠨ ᠪᠠᠳᠤᠯᠠᠵᠤ᠂ ᠲᠤᠮᠲᠠᠲᠤ᠎ᠶ᠋ᠢᠨ ᠦᠨᠲᠦᠰᠦᠲᠠᠠ᠎ᠤ ᠠᠭᠤᠤ ᠶᠡᠭᠡ ᠰᠡᠷᠭᠦᠨ ᠮᠠᠠᠲᠤᠯᠲᠠ᠎ᠶ᠋ᠢ ᠪᠡᠶᠡᠯᠡᠭᠦᠯᠬᠦ᠌᠎ᠳᠤ ᠦᠷᠭᠦᠯᠵᠢᠯᠡᠨ ᠬᠦᠴᠤᠨ ᠴᠢᠲᠠᠯ᠎ᠢᠶᠠᠨ ᠨᠡᠮᠡᠷᠢᠯᠡᠬᠦ᠌ ᠡᠷᠡᠰ ᠵᠤᠷᠢᠭ᠎ᠢᠶᠠᠨ ᠢᠯᠡᠳᠭᠡᠭ᠌ᠰᠡᠡ ᠪᠠᠢᠨ᠎ᠠ᠃