ᠳᠤᠮᠳᠠᠳᠤ ᠤᠯᠤᠰ᠎ᠤᠨ ᠠᠷᠠᠳ᠎ᠤᠨ ᠰᠠᠢᠨ ᠳᠤᠷ᠎ᠠ᠎ᠶ᠋ᠢᠨ ᠴᠡᠷᠢᠭ᠎ᠤᠨ ᠠᠮᠧᠷᠢᠺᠠ᠎ᠶ᠋ᠢ ᠡᠰᠡᠷᠭᠦᠴᠡᠵᠥ᠍ ᠰᠣᠯᠣᠩᠭᠤᠰ᠎ᠢ ᠲᠤᠰᠠᠯᠠᠬᠤ᠎ᠪᠠᠷ ᠭᠠᠳᠠᠭᠠᠳᠤ᠎ᠳᠤ ᠭᠠᠷᠴᠤ᠌ ᠲᠠᠢᠨ ᠬᠢᠭ᠌ᠰᠡᠨ 70 ᠵᠢᠯ᠎ᠤᠨ ᠤᠢ᠎ᠶ᠋ᠢ ᠳᠤᠷᠠᠰᠭᠠᠬᠤ ᠶᠡᠭᠡ ᠬᠤᠷᠠᠯ ᠪᠡᠭᠡᠵᠢᠩ᠎ᠳᠤ ᠦᠪᠡᠳᠡᠭ᠌ᠰᠢ ᠶᠡᠭᠡ᠎ᠪᠠᠷ ᠶᠠᠪᠤᠭ᠍ᠳᠠᠪᠠ
2020-10-24 09:16:11
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠰᠢ᠎ᠶ᠋ᠢᠨ ᠫᠢᠩ ᠴᠢᠬᠤᠯᠠ ᠶᠠᠷᠢᠶ᠎ᠠ ᠲᠠᠯᠪᠢᠵᠠᠢ

ᠯᠢ ᠺᠧ ᠴᠢᠶᠠᠩ ᠬᠤᠷᠠᠯ᠎ᠢ ᠡᠷᠬᠢᠯᠡᠪᠡ ᠯᠢ ᠵᠠᠨ ᠱᠤ᠌ ᠸᠠᠩ ᠶᠠᠩ ᠸᠠᠩ ᠬᠤ᠌ ᠨᠢᠩ ᠵᠤᠤ ᠯᠧ ᠵᠶ᠋ᠢ ᠬᠠᠨ ᠵᠧᠩ ᠸᠠᠩ ᠴᠢ ᠱᠠᠨ ᠬᠤᠷᠠᠯ᠎ᠳᠤ ᠣᠷᠣᠯᠴᠠᠵᠠᠢ

ᠳᠤᠮᠳᠠᠳᠤ ᠤᠯᠤᠰ᠎ᠤᠨ ᠠᠷᠠᠳ᠎ᠤᠨ ᠰᠠᠢᠨ ᠳᠤᠷ᠎ᠠ᠎ᠶ᠋ᠢᠨ ᠴᠡᠷᠢᠭ᠎ᠤᠨ ᠠᠮᠧᠷᠢᠺᠠ᠎ᠶ᠋ᠢ ᠡᠰᠡᠷᠭᠦᠴᠡᠵᠥ᠍ ᠰᠣᠯᠣᠩᠭᠤᠰ᠎ᠢ ᠲᠤᠰᠠᠯᠠᠬᠤ᠎ᠪᠠᠷ ᠭᠠᠳᠠᠭᠠᠳᠤ᠎ᠳᠤ ᠭᠠᠷᠴᠤ᠌ ᠳᠠᠢᠨ ᠬᠢᠭ᠌ᠰᠡᠨ 70 ᠵᠢᠯ᠎ᠤᠨ ᠤᠢ᠎ᠶ᠋ᠢ ᠳᠤᠷᠠᠰᠭᠠᠬᠤ ᠶᠡᠭᠡ ᠬᠤᠷᠠᠯ 23 ᠎ᠤ ᠦᠳᠡ᠎ᠶ᠋ᠢᠨ ᠡᠮᠦᠨ᠎ᠡ ᠪᠡᠭᠡᠵᠢᠩ᠎ᠤᠨ ᠠᠷᠠᠳ᠎ᠤᠨ ᠶᠡᠭᠡ ᠬᠤᠷᠠᠯ᠎ᠤᠨ ᠲᠠᠩᠬᠢᠮ᠎ᠳᠤ ᠦᠪᠡᠳᠡᠭ᠌ᠰᠢ ᠶᠡᠭᠡ᠎ᠪᠠᠷ ᠶᠠᠪᠤᠭ᠍ᠳᠠᠪᠠ᠃ ᠨᠠᠮ᠎ᠤᠨ ᠲᠥᠪ ᠬᠤᠷᠢᠶᠠᠨ᠎ᠤ ᠶᠡᠷᠦᠩᠬᠡᠶ ᠱᠦᠵᠢ᠂ ᠤᠯᠤᠰ᠎ᠤᠨ ᠲᠡᠷᠢᠭᠦᠯᠡᠭ᠌ᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶᠠᠨ᠎ᠤ ᠲᠡᠷᠢᠭᠦᠯᠡᠭ᠌ᠴᠢ ᠰᠢ᠎ᠶ᠋ᠢᠨ ᠫᠢᠩ ᠬᠤᠷᠠᠯ ᠳᠡᠭᠡᠷ᠎ᠡ ᠴᠢᠬᠤᠯᠠ ᠶᠠᠷᠢᠶ᠎ᠠ ᠲᠠᠯᠪᠢᠵᠤ᠂ ᠠᠮᠧᠷᠢᠺᠠ᠎ᠶ᠋ᠢ ᠡᠰᠡᠷᠭᠦᠴᠡᠵᠥ᠍ ᠰᠣᠯᠣᠩᠭᠤᠰ᠎ᠢ ᠲᠤᠰᠠᠯᠠᠬᠤ ᠠᠭᠤᠤ ᠶᠡᠭᠡ ᠳᠠᠢᠨ᠎ᠨᠢ ᠡᠵᠡᠷᠬᠡᠭ ᠲᠦᠷᠢᠮᠡᠬᠡᠢᠲᠡᠨ᠎ᠤ ᠲᠦᠷᠢᠮᠡᠬᠡᠢᠯᠡᠯ᠎ᠤᠨ ᠲᠦᠷᠢᠯᠲᠡ᠎ᠶ᠋ᠢ ᠬᠤᠷᠢᠡᠡᠯᠠᠵᠤ᠂ ᠱᠢᠨ᠎ᠡ ᠳᠤᠮᠳᠠᠳᠤ ᠤᠯᠤᠰ᠎ᠤᠨ ᠠᠮᠤᠷ ᠲᠦᠪᠱᠢᠨ᠎ᠢ ᠬᠠᠮᠠᠭᠠᠯᠠᠨ᠂ ᠳᠤᠮᠳᠠᠳᠤ ᠤᠯᠤᠰ᠎ᠤᠨ ᠠᠷᠠᠳ ᠲᠦᠮᠡᠨ᠎ᠤ ᠡᠩᠬᠡ ᠲᠠᠢᠪᠤᠩ ᠠᠮᠢᠳᠤᠷᠠᠯ᠎ᠢ ᠬᠠᠮᠠᠭᠠᠯᠠᠵᠤ᠂ ᠰᠣᠯᠣᠩᠭᠤᠰ ᠬᠤᠢᠭ᠎ᠤᠨ ᠪᠠᠢᠳᠠᠯ᠎ᠢ ᠲᠣᠭ᠍ᠲᠠᠪᠤᠷᠢᠵᠢᠭᠤᠯᠤᠨ᠂ ᠠᠽᠢᠶ᠎ᠠ ᠲᠢᠪ ᠪᠣᠯᠤᠨ ᠳᠡᠯᠡᠬᠡᠢ᠎ᠶ᠋ᠢᠨ ᠡᠩᠬᠡ ᠲᠠᠢᠪᠤᠩ᠎ᠢ ᠬᠠᠮᠠᠭᠠᠯᠠᠪᠠ᠃ 70 ᠵᠢᠯ᠎ᠤᠨ ᠡᠮᠦᠨᠡᠬᠢ ᠠᠮᠧᠷᠢᠺᠠ᠎ᠶ᠋ᠢ ᠡᠰᠡᠷᠭᠦᠴᠡᠵᠥ᠍ ᠰᠣᠯᠣᠩᠭᠤᠰ᠎ᠢ ᠲᠤᠰᠠᠯᠠᠬ᠍ᠰᠠᠨ ᠠᠭᠤᠤ ᠶᠡᠭᠡ ᠳᠠᠢᠨ᠎ᠢ ᠡᠷᠭᠢᠴᠡᠭᠦᠯᠵᠥ᠍᠂ ᠠᠯᠢ ᠣᠯᠠᠨ ᠱᠢᠨ᠎ᠡ ᠲᠡᠤᠬᠡᠨ ᠣᠨᠴᠠᠯᠢᠭ ᠪᠦᠬᠦᠢ ᠠᠭᠤᠤ ᠶᠡᠭᠡ ᠲᠡᠮᠡᠴᠡᠯ ᠬᠢᠵᠦ᠍᠂ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢᠨ ᠭᠡᠭᠡᠨ ᠰᠠᠷᠠᠭᠤᠯ ᠢᠷᠡᠭᠡᠳᠦᠶ᠎ᠶ᠋ᠢ ᠪᠠᠷᠠᠯᠠᠬᠤ᠎ᠪᠠᠷ ᠪᠢᠳᠡ ᠬᠢᠵᠠᠭᠠᠯᠠᠰᠢ ᠦᠭᠡᠢ ᠡᠷᠡᠰ ᠪᠠᠳᠤ ᠢᠲᠡᠭᠡᠯ᠎ᠲᠠᠢ ᠪᠠᠢᠨ᠎ᠠ᠃ ᠪᠢᠳᠡ ᠠᠮᠧᠷᠢᠺᠠ᠎ᠶ᠋ᠢ ᠡᠰᠡᠷᠭᠦᠴᠡᠵᠥ᠍ ᠰᠣᠯᠣᠩᠭᠤᠰ᠎ᠢ ᠲᠤᠰᠠᠯᠠᠬᠤ ᠳᠠᠢᠨ᠎ᠤ ᠪᠡᠷᠬᠡ ᠬᠠᠳᠠᠭᠤᠵᠢᠯᠳᠠᠢ ᠥᠩᠭᠡᠷᠡᠯᠲᠡ ᠪᠤᠯᠤᠨ ᠠᠭᠤᠤ ᠶᠡᠭᠡ ᠢᠯᠠᠯᠲᠠ᠎ᠶ᠋ᠢ ᠪᠠᠲᠤ ᠴᠡᠭᠡᠵᠢᠯᠡᠵᠦ᠍᠂ ᠠᠮᠧᠷᠢᠺᠠ᠎ᠶ᠋ᠢ ᠡᠰᠡᠷᠭᠦᠴᠡᠵᠥ᠍ ᠰᠣᠯᠣᠩᠭᠤᠰ᠎ᠢ ᠲᠤᠰᠠᠯᠠᠬᠤ ᠠᠭᠤᠤ ᠶᠡᠭᠡ ᠵᠣᠷᠢᠭ ᠰᠠᠨᠠᠭ᠎ᠠ᠎ᠶ᠋ᠢ ᠪᠠᠳᠠᠷᠠᠭᠤᠯᠤᠨ᠂ ᠴᠤᠬ ᠵᠢᠪᠬᠤᠭ᠎ᠠ ᠳᠡᠭᠦᠯᠳᠡᠷ᠎ᠢᠶᠠᠷ ᠨᠡᠢᠭᠡᠮ ᠵᠢᠷᠤᠮ᠎ᠤᠨ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠱᠢᠨ᠎ᠡ ᠠᠶᠠᠨ ᠵᠦᠭ᠂ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢᠨ ᠳᠤᠮᠳᠠᠳᠤ᠎ᠶ᠋ᠢᠨ ᠵᠡᠭᠦᠳᠦ᠎ᠶ᠋ᠢ ᠪᠡᠶᠡᠯᠡᠭᠦᠯᠬᠦ᠌ ᠲᠡᠢᠰᠢ ᠦᠷᠭᠦᠯᠵᠢᠯᠡᠨ ᠡᠷᠡᠯᠬᠡᠭ᠌ᠯᠡᠨ ᠤᠷᠤᠭ᠍ᠰᠢᠯᠠᠵᠠᠭᠠᠶ᠎ᠠ ᠬᠡᠵᠤ ᠴᠢᠬᠤᠯᠠᠴᠢᠯᠠᠪᠠ᠃


downLoad-20201024090747.jpg


10 ᠰᠠᠷ᠎ᠠ᠎ᠶ᠋ᠢᠨ 23 ᠎ᠤ ᠡᠳᠤᠷ᠂ ᠳᠤᠮᠳᠠᠳᠤ ᠤᠯᠤᠰ᠎ᠤᠨ ᠠᠷᠠᠳ᠎ᠤᠨ ᠰᠠᠢᠨ ᠳᠤᠷ᠎ᠠ᠎ᠶ᠋ᠢᠨ ᠴᠡᠷᠢᠭ᠎ᠤᠨ ᠠᠮᠧᠷᠢᠺᠠ᠎ᠶ᠋ᠢ ᠡᠰᠡᠷᠬᠦᠴᠡᠵᠥ᠍ ᠰᠤᠯᠤᠩᠭᠤᠰ᠎ᠢ ᠳᠤᠰᠠᠯᠠᠬᠤ᠎ᠪᠠᠷ ᠭᠠᠳᠠᠭᠠᠳᠤ᠎ᠳᠤ ᠭᠠᠷᠴᠤ᠌ ᠳᠠᠢᠨ ᠬᠢᠭ᠌ᠰᠡᠨ 70 ᠵᠢᠯ᠎ᠤᠨ ᠤᠢ᠎ᠶ᠋ᠢ ᠳᠤᠷᠠᠰᠭᠠᠬᠤ ᠶᠡᠭᠡ ᠬᠤᠷᠠᠯ ᠪᠡᠬᠡᠵᠢᠩ᠎ᠤᠨ ᠠᠷᠠᠳ᠎ᠤᠨ ᠶᠡᠭᠡ ᠬᠤᠷᠠᠯ᠎ᠤᠨ ᠳᠠᠩᠬᠢᠮ᠎ᠳᠤ ᠦᠪᠡᠳᠡᠭ᠌ᠰᠢ ᠶᠡᠭᠡ᠎ᠪᠠᠷ ᠶᠠᠪᠤᠬ᠍ᠳᠠᠵᠠᠢ᠃ ᠨᠠᠮ᠎ᠤᠨ ᠳᠦᠪ ᠬᠤᠷᠢᠶᠠᠨ᠎ᠤ ᠶᠡᠷᠦᠩᠬᠡᠢ ᠱᠦᠵᠢ᠂ ᠤᠯᠤᠰ᠎ᠤᠨ ᠳᠡᠷᠢᠬᠦᠯᠡᠭ᠌ᠴᠢ᠂ ᠳᠦᠪ᠎ᠤᠨ ᠴᠡᠷᠢᠭ᠎ᠤᠨ ᠶᠠᠪᠤᠳᠠᠯ᠎ᠤᠨ ᠬᠤᠷᠢᠶᠠᠨ᠎ᠤ ᠳᠡᠷᠢᠬᠦᠯᠡᠭ᠌ᠴᠢ ᠰᠢ᠎ᠶ᠋ᠢᠨ ᠫᠢᠩ ᠶᠡᠭᠡ ᠬᠤᠷᠠᠯ ᠲᠠᠬᠡᠷ᠎ᠠ ᠴᠢᠬᠤᠯᠠ ᠶᠠᠷᠢᠶ᠎ᠠ ᠳᠠᠯᠪᠢᠪᠠ᠃ 

                 ᠱᠢᠨᠬᠤᠸᠠ ᠬᠤᠷᠢᠶᠠᠨ᠎ᠤ ᠰᠤᠷᠪᠤᠯᠵᠢᠯᠠᠭ᠍ᠴᠢ ᠯᠢᠤ ᠸᠧᠢ ᠪᠢᠩ ᠰᠡᠬᠦᠳᠡᠷᠯᠡᠪᠡ


ᠯᠢ ᠺᠧ ᠴᠢᠶᠠᠩ᠂ ᠯᠢ ᠵᠠᠨ ᠱᠤ᠌᠂ ᠸᠠᠩ ᠶᠠᠩ᠂ ᠸᠠᠩ ᠬᠤ᠌ ᠨᠢᠩ᠂ ᠵᠤᠤ ᠯᠧ ᠵᠶ᠋ᠢ᠂ ᠬᠠᠨ ᠵᠧᠩ᠂ ᠸᠠᠩ ᠴᠢ ᠱᠠᠨ ᠶᠡᠭᠡ ᠬᠤᠷᠠᠯ᠎ᠳᠤ ᠣᠷᠣᠯᠴᠠᠪᠠ᠃

ᠠᠷᠠᠳ᠎ᠤᠨ ᠶᠡᠭᠡ ᠬᠤᠷᠠᠯ᠎ᠤᠨ ᠲᠠᠩᠬᠢᠮ᠎ᠤᠨ ᠶᠣᠰᠣᠯᠠᠯ᠎ᠤᠨ ᠲᠠᠩᠬᠢᠮ ᠲᠥᠪ ᠬᠢᠴᠢᠶᠡᠩᠭᠦᠢ ᠪᠥᠭᠡᠳ ᠬᠦᠷ ᠬᠥᠭ᠌ᠵᠢᠶᠡᠨᠳᠤ ᠠᠭᠤᠷ ᠠᠮᠢᠰᠭᠤᠯ᠎ᠢᠶᠠᠷ ᠪᠢᠯᠬᠠᠨ᠎ᠠ᠃ ᠲᠡᠷᠢᠭᠦᠯᠡᠭ᠌ᠴᠢ᠎ᠶ᠋ᠢᠨ ᠲᠠᠢᠰᠠᠨ᠎ᠤ ᠳᠡᠭᠡᠷ᠎ᠡ ᠲᠠᠯ᠎ᠠ᠎ᠳᠤ 《ᠳᠤᠮᠳᠠᠳᠤ ᠤᠯᠤᠰ᠎ᠤᠨ ᠠᠷᠠᠳ᠎ᠤᠨ ᠰᠠᠢᠨ ᠳᠤᠷ᠎ᠠ᠎ᠶ᠋ᠢᠨ ᠴᠡᠷᠢᠭ᠎ᠤᠨ ᠠᠮᠧᠷᠢᠺᠠ᠎ᠶ᠋ᠢ ᠡᠰᠡᠷᠭᠦᠴᠡᠵᠥ᠍ ᠰᠣᠯᠣᠩᠭᠤᠰ᠎ᠢ ᠲᠤᠰᠠᠯᠠᠬᠤ᠎ᠪᠠᠷ ᠭᠠᠳᠠᠭᠠᠳᠤ᠎ᠳᠤ ᠭᠠᠷᠴᠤ᠌ ᠳᠠᠢᠨ ᠬᠢᠭ᠌ᠰᠡᠨ 70 ᠵᠢᠯ᠎ᠤᠨ ᠣᠶ᠎ᠶ᠋ᠢ ᠳᠤᠷᠠᠰᠭᠠᠬᠤ ᠶᠡᠭᠡ ᠬᠤᠷᠠᠯ》 ᠎ᠤᠨ ᠬᠤᠷᠠᠯ᠎ᠤᠨ ᠲᠡᠮᠳᠡᠭ᠎ᠢ ᠡᠯᠭᠦᠵᠤ᠂ ᠠᠷᠤ ᠬᠥᠱᠢᠭᠡ᠎ᠶ᠋ᠢᠨ ᠭᠤᠣᠯ ᠳᠤᠮᠳᠠ᠎ᠳᠤ ᠤᠯᠤᠰ᠎ᠤᠨ ᠰᠦᠯᠳᠡ᠎ᠶ᠋ᠢ ᠡᠯᠭᠦᠨ᠂ ᠤᠯᠤᠰ᠎ᠤᠨ ᠰᠦᠯᠳᠡ᠎ᠶ᠋ᠢᠨ ᠳᠤᠤᠷ᠎ᠠ ᠳᠠᠯ᠎ᠠ᠎ᠳᠤ 《1950 — 2020》 ᠭᠡᠬᠦ᠌ ᠴᠠᠭᠠᠨ ᠦᠩᠭᠡ᠎ᠶ᠋ᠢᠨ ᠦᠰᠦᠭ ᠲᠤᠷᠠᠢᠵᠤ᠂ 10 ᠤᠯᠠᠭᠠᠨ ᠳᠤᠬ᠎ᠢ ᠬᠤᠶᠠᠷ ᠭᠠᠷᠯᠠᠨ ᠵᠢᠬ᠍ᠰᠠᠭᠠᠵᠠᠢ᠃ ᠶᠣᠰᠣᠯᠠᠯ᠎ᠤᠨ ᠲᠠᠩᠬᠢᠮ᠎ᠤᠨ ᠬᠤᠶᠠᠳᠤᠭᠠᠷ ᠳᠠᠪᠬᠤᠷᠯᠢᠭ᠎ᠤᠨ ᠪᠠᠷᠠᠯᠠᠬᠤ ᠲᠠᠢᠰᠠᠨ᠎ᠳᠤ᠄ 《ᠰᠢ᠎ᠶ᠋ᠢᠨ ᠫᠢᠩ ᠨᠥᠬᠦᠷ᠎ᠢᠶᠠᠷ ᠭᠤᠣᠯ ᠪᠣᠯᠭᠠᠭ᠍ᠰᠠᠨ ᠨᠠᠮ᠎ᠤᠨ ᠲᠥᠪ ᠬᠤᠷᠢᠶᠠᠨ᠎ᠤ ᠲᠣᠭᠤᠷᠢᠨ᠎ᠳᠤ ᠨᠢᠭ᠍ᠲᠠᠷᠠᠨ ᠪᠦᠯᠬᠦᠮᠳᠡᠵᠦ᠍᠂ ᠠᠮᠧᠷᠢᠺᠠ᠎ᠶ᠋ᠢ ᠡᠰᠡᠷᠭᠦᠴᠡᠵᠥ᠍ ᠰᠣᠯᠣᠩᠭᠤᠰ᠎ᠢ ᠲᠤᠰᠠᠯᠠᠬᠤ ᠠᠭᠤᠤ ᠶᠡᠭᠡ ᠵᠣᠷᠢᠭ ᠰᠠᠨᠠᠭ᠎ᠠ᠎ᠶ᠋ᠢ ᠪᠠᠳᠠᠷᠠᠭᠤᠯᠤᠨ᠂ ᠤᠭ ᠰᠠᠨᠠᠭ᠎ᠠ᠎ᠪᠠᠨ ᠦᠯᠦ᠍ ᠮᠠᠷᠲᠠᠵᠤ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠨ ᠡᠭᠦᠷᠢᠳᠡ ᠲᠡᠮᠡᠴᠡᠵᠦ᠍᠂ ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠡᠶᠡᠯᠡᠭᠦᠯᠬᠦ᠌ ᠱᠢᠢᠳᠪᠦᠷᠢᠲᠦ ᠢᠯᠠᠯᠲᠠ᠎ᠶ᠋ᠢ ᠤᠯᠬᠤ᠂ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠠᠭᠤᠤ ᠶᠡᠭᠡ ᠢᠯᠠᠯᠲᠠ᠎ᠶ᠋ᠢ ᠲᠡᠮᠡᠴᠡᠨ ᠤᠯᠬᠤ᠎ᠶ᠋ᠢᠨ ᠲᠥᠯᠥᠭᠡ ᠴᠥᠬᠦᠷᠡᠰᠢ ᠦᠭᠡᠢ ᠲᠡᠮᠡᠴᠡᠵᠡᠭᠡᠶ᠎ᠡ!》 ᠬᠡᠰᠡᠨ ᠤᠷᠢᠶ᠎ᠠ ᠯᠤᠽᠦᠩ ᠡᠯᠬᠦᠵᠡᠢ᠃

ᠦᠳᠡ᠎ᠶ᠋ᠢᠨ ᠡᠮᠦᠨᠡᠬᠢ 10 ᠴᠠᠭ᠎ᠲᠤ ᠶᠡᠭᠡ ᠬᠤᠷᠠᠯ ᠡᠬᠢᠯᠡᠪᠡ᠃ ᠪᠦᠭᠦᠳᠡᠭᠡᠷ᠎ᠢᠶᠠᠨ ᠪᠣᠰᠴᠤ᠌ ᠵᠣᠭ᠍ᠰᠣᠨ ᠤᠯᠤᠰ᠎ᠤᠨ ᠰᠦᠯᠳᠡ ᠳᠠᠭᠤᠤ᠎ᠶ᠋ᠢ ᠬᠠᠩᠭᠢᠨᠠᠲᠠᠯ᠎ᠠ ᠳᠠᠭᠤᠯᠠᠵᠠᠭᠠᠪᠠ᠃ ᠤᠯᠤᠰ᠎ᠤᠨ ᠰᠦᠯᠳᠡ ᠳᠠᠭᠤᠤ᠎ᠪᠠᠨ ᠳᠠᠭᠤᠯᠠᠵᠤ ᠪᠠᠷᠠᠭ᠍ᠰᠠᠨ᠎ᠤ ᠲᠠᠷᠠᠭ᠎ᠠ ᠲᠠᠯᠠᠪᠠᠢ ᠳᠠᠶᠠᠭᠠᠷ᠎ᠢᠶᠠᠨ ᠲᠥᠪ ᠵᠣᠭ᠍ᠰᠣᠵᠤ᠂ ᠠᠮᠧᠷᠢᠺᠠ᠎ᠶ᠋ᠢ ᠡᠰᠡᠷᠭᠦᠴᠡᠵᠥ᠍ ᠰᠣᠯᠣᠩᠭᠤᠰ᠎ᠢ ᠲᠤᠰᠠᠯᠠᠬᠤ ᠲᠠᠢᠨ᠎ᠤ ᠳᠤᠮᠳᠠ ᠪᠠᠭᠠᠲᠤᠷᠯᠢᠭ᠎ᠢᠶᠠᠷ ᠪᠡᠶ᠎ᠡ ᠦᠷᠡᠭ᠌ᠳᠡᠭ᠌ᠰᠡᠨ ᠪᠠᠭᠠᠲᠤᠷᠴᠤᠳ᠎ᠢᠶᠠᠨ ᠨᠠᠮᠠᠨᠴᠢᠯᠠᠨ ᠭᠠᠱᠢᠭᠤᠳᠠᠪᠠ᠃

ᠬᠠᠯᠠᠭᠤᠨ ᠠᠯᠠᠭ᠎ᠠ ᠲᠠᠱᠢᠯᠳᠠ᠎ᠶ᠋ᠢᠨ ᠳᠤᠮᠳᠠ ᠰᠢ᠎ᠶ᠋ᠢᠨ ᠫᠢᠩ ᠴᠢᠬᠤᠯᠠ ᠶᠠᠷᠢᠶ᠎ᠠ ᠲᠠᠯᠪᠢᠪᠠ᠃ ᠲᠡᠷᠡ᠂ 70 ᠵᠢᠯ᠎ᠤᠨ ᠡᠮᠦᠨ᠎ᠡ ᠳᠤᠮᠳᠠᠳᠤ᠎ᠶ᠋ᠢᠨ ᠱᠢᠯᠢᠳᠡᠭ ᠬᠦᠪᠡᠭᠦᠳ ᠦᠬᠢᠳ᠎ᠢᠶᠠᠷ ᠪᠦᠷᠢᠯᠳᠦᠭ᠌ᠰᠡᠨ ᠳᠤᠮᠳᠠᠳᠤ ᠤᠯᠤᠰ᠎ᠤᠨ ᠠᠷᠠᠳ᠎ᠤᠨ ᠰᠠᠢᠨ ᠳᠤᠷ᠎ᠠ᠎ᠶ᠋ᠢᠨ ᠴᠡᠷᠢᠭ ᠠᠷᠠᠳ ᠲᠦᠮᠡᠨ᠎ᠤ ᠬᠦᠨᠳᠦ ᠨᠠᠢᠳᠠᠯᠭ᠎ᠠ᠂ ᠦᠨᠳᠦᠰᠦᠲᠡᠨ᠎ᠤ ᠬᠦᠰᠡᠯ ᠡᠷᠡᠮᠡᠯᠵᠡᠯ᠎ᠢ ᠡᠭᠦᠷᠭᠡᠯᠡᠨ᠂ ᠡᠩᠬᠡ ᠲᠠᠢᠪᠤᠩ᠎ᠢ ᠬᠠᠮᠠᠭᠠᠯᠠᠬᠤ᠂ ᠲᠦᠷᠢᠮᠡᠬᠡᠢᠯᠡᠯ᠎ᠢ ᠡᠰᠡᠷᠭᠦᠴᠡᠬᠦ᠌ ᠱᠢᠳᠤᠷᠭᠤ ᠶᠣᠰᠣᠨ᠎ᠤ ᠲᠤᠭ᠎ᠢ ᠥᠨᠳᠥᠷ ᠮᠠᠨᠳᠤᠭᠤᠯᠵᠥ᠍᠂ ᠴᠤᠬ ᠵᠢᠪᠬᠤᠭ᠎ᠠ ᠲᠡᠭᠦᠯᠳᠡᠷ᠎ᠢᠶᠠᠷ ᠶᠠᠯᠤᠵᠢᠶᠠᠩ ᠮᠥᠷᠡᠨ᠎ᠢ ᠭᠡᠲᠦᠯᠤᠨ᠂ ᠠᠭᠤᠤ ᠶᠡᠭᠡ ᠤᠯᠤᠰ᠎ᠢᠶᠠᠨ ᠬᠠᠢᠷᠠᠯᠠᠬᠤ ᠦᠵᠡᠯ᠎ᠤᠨ ᠵᠣᠷᠢᠭ ᠰᠠᠨᠠᠭ᠎ᠠ ᠪᠣᠯᠤᠨ ᠬᠤᠪᠢᠰᠭᠠᠯᠲᠤ ᠪᠠᠭᠠᠲᠤᠷᠯᠢᠭ ᠦᠵᠡᠯ᠎ᠤᠨ ᠵᠣᠷᠢᠭ ᠰᠠᠨᠠᠭ᠎ᠠ᠎ᠶ᠋ᠢ ᠪᠠᠳᠠᠷᠠᠭᠤᠯᠵᠤ᠂ ᠰᠣᠯᠣᠩᠭᠤᠰ᠎ᠤᠨ ᠠᠷᠠᠳ ᠲᠦᠮᠡᠨ ᠪᠣᠯᠤᠨ ᠴᠡᠷᠢᠭ ᠠᠩᠭᠢ᠎ᠲᠠᠢ ᠬᠠᠮᠲᠤ᠎ᠪᠠᠷ ᠬᠤᠶᠠᠷ ᠵᠢᠯ᠎ᠤᠨ ᠭᠠᠳᠠᠨ᠎ᠠ 9 ᠰᠠᠷ᠎ᠠ ᠱᠢᠷᠭᠠᠭᠤ ᠬᠠᠲᠠᠭᠤᠵᠢᠯᠲᠠᠶ ᠴᠢᠰᠦᠨ ᠪᠠᠢᠯᠳᠤᠭᠠᠨ ᠬᠢᠵᠦ᠍᠂ ᠠᠮᠧᠷᠢᠺᠠ᠎ᠶ᠋ᠢ ᠡᠰᠡᠷᠭᠦᠴᠡᠵᠥ᠍ ᠰᠣᠯᠣᠩᠭᠤᠰ᠎ᠢ ᠲᠤᠰᠠᠯᠠᠬᠤ ᠲᠠᠢᠨ᠎ᠤ ᠠᠭᠤᠤ ᠶᠡᠭᠡ ᠢᠯᠠᠯᠲᠠ᠎ᠶ᠋ᠢ ᠤᠯᠵᠠᠢ᠃ ᠠᠮᠧᠷᠢᠺᠠ᠎ᠶ᠋ᠢ ᠡᠰᠡᠷᠭᠦᠴᠡᠵᠥ᠍ ᠰᠣᠯᠣᠩᠭᠤᠰ᠎ᠢ ᠲᠤᠰᠠᠯᠠᠬᠤ ᠳᠠᠢᠨ᠎ᠤ ᠠᠭᠤᠤ ᠶᠡᠭᠡ ᠢᠯᠠᠯᠲᠠ᠎ᠨᠢ ᠳᠤᠮᠳᠠᠳᠤ᠎ᠶ᠋ᠢᠨ ᠦᠨᠳᠦᠰᠦᠲᠡᠨ᠎ᠤ ᠲᠡᠤᠬᠡᠨ ᠬᠠᠭᠤᠳᠠᠰᠤᠨ᠎ᠠ ᠡᠭᠦᠷᠢᠳᠡ ᠲᠡᠮᠳᠡᠭ᠌ᠯᠡᠭ᠌ᠳᠡᠵᠦ᠍᠂ ᠬᠥᠮᠦᠨ ᠲᠥᠷᠥᠯᠬᠢᠲᠡᠨ᠎ᠤ ᠡᠩᠬᠡ ᠲᠠᠢᠪᠤᠩ᠂ ᠬᠥᠭ᠌ᠵᠢᠯᠲᠡ᠂ ᠲᠠᠪᠱᠢᠯᠳᠠ᠎ᠶ᠋ᠢᠨ ᠲᠡᠤᠬᠡᠨ ᠬᠠᠭᠤᠳᠠᠰᠤᠨ᠎ᠠ ᠡᠭᠦᠷᠢᠳᠡ ᠲᠡᠮᠳᠡᠭ᠌ᠯᠡᠭ᠌ᠳᠡᠬᠦ᠌ ᠶᠤᠮ ᠬᠡᠵᠥ᠍ ᠢᠯᠡᠳᠭᠡᠪᠡ᠃


downLoad-20201024090717.jpg


10 ᠰᠠᠷ᠎ᠠ᠎ᠶ᠋ᠢᠨ 23 ᠎ᠤ ᠡᠳᠤᠷ᠂ ᠳᠤᠮᠳᠠᠳᠤ ᠤᠯᠤᠰ᠎ᠤᠨ ᠠᠷᠠᠳ᠎ᠤᠨ ᠰᠠᠢᠨ ᠳᠤᠷ᠎ᠠ᠎ᠶ᠋ᠢᠨ ᠴᠡᠷᠢᠭ᠎ᠤᠨ ᠠᠮᠧᠷᠢᠺᠠ᠎ᠶ᠋ᠢ ᠡᠰᠡᠷᠬᠦᠴᠡᠵᠥ᠍ ᠰᠤᠯᠤᠩᠭᠤᠰ᠎ᠢ ᠳᠤᠰᠠᠯᠠᠬᠤ᠎ᠪᠠᠷ ᠭᠠᠳᠠᠭᠠᠳᠤ᠎ᠳᠤ ᠭᠠᠷᠴᠤ᠌ ᠳᠠᠢᠨ ᠬᠢᠭ᠌ᠰᠡᠨ 70 ᠵᠢᠯ᠎ᠤᠨ ᠤᠢ᠎ᠶ᠋ᠢ ᠳᠤᠷᠠᠰᠭᠠᠬᠤ ᠶᠡᠭᠡ ᠬᠤᠷᠠᠯ ᠪᠡᠬᠡᠵᠢᠩ᠎ᠤᠨ ᠠᠷᠠᠳ᠎ᠤᠨ ᠶᠡᠭᠡ ᠬᠤᠷᠠᠯ᠎ᠤᠨ ᠳᠠᠩᠬᠢᠮ᠎ᠳᠤ ᠦᠪᠡᠳᠡᠭ᠌ᠰᠢ ᠶᠡᠭᠡ᠎ᠪᠠᠷ ᠶᠠᠪᠤᠬ᠍ᠳᠠᠵᠠᠢ᠃ ᠰᠢ᠎ᠶ᠋ᠢᠨ ᠫᠢᠩ᠂ ᠯᠢ ᠺᠧ ᠴᠢᠶᠠᠩ᠂ ᠯᠢ ᠵᠠᠨ ᠱᠦ᠍᠂ ᠸᠠᠩ ᠶᠠᠩ᠂ ᠸᠠᠩ ᠬᠤ᠌ ᠨᠢᠩ᠂ ᠵᠤᠤ ᠯᠧ ᠵᠶ᠋ᠢ᠂ ᠬᠠᠨ ᠵᠧᠩ᠂ ᠸᠠᠩ ᠴᠢ ᠱᠠᠨ ᠨᠠᠷ ᠶᠡᠭᠡ ᠬᠤᠷᠠᠯ᠎ᠳᠤ ᠤᠷᠤᠯᠴᠠᠪᠠ᠃

                 ᠱᠢᠨᠬᠤᠸᠠ ᠬᠤᠷᠢᠶᠠᠨ᠎ᠤ ᠰᠤᠷᠪᠤᠯᠵᠢᠯᠠᠭ᠍ᠴᠢ ᠱᠢᠶᠧ ᠬᠤᠸᠠᠨ ᠊ᠤᠤᠢ ᠰᠡᠬᠦᠳᠡᠷᠯᠡᠪᠡ


ᠰᠢ᠎ᠶ᠋ᠢᠨ ᠫᠢᠩ᠂ 70 ᠵᠢᠯ᠎ᠤᠨ ᠲᠤᠷᠰᠢ᠂ ᠪᠢᠳᠡ ᠠᠬᠠᠮᠠᠳ ᠨᠢᠭᠡ ᠦᠶ᠎ᠡ᠎ᠶ᠋ᠢᠨ ᠬᠤᠪᠢᠰᠭᠠᠯᠴᠢᠳ᠎ᠤᠨ ᠳᠡᠯᠡᠬᠡᠶ᠎ᠶ᠋ᠢᠨ ᠱᠢᠳᠤᠷᠭᠤ ᠶᠣᠰᠣ᠎ᠶ᠋ᠢ ᠬᠠᠮᠠᠭᠠᠯᠠᠬᠤ᠂ ᠳᠡᠯᠡᠬᠡᠶ᠎ᠶ᠋ᠢᠨ ᠡᠩᠭᠡ ᠲᠠᠢᠪᠤᠩ᠎ᠢ ᠬᠠᠮᠠᠭᠠᠯᠠᠬᠤ᠂ ᠱᠢᠨ᠎ᠡ᠎ᠪᠠᠷ ᠮᠡᠨᠳᠦᠯᠡᠭ᠌ᠰᠡᠨ ᠪᠥᠬᠦᠳᠡ ᠨᠠᠢᠷᠠᠮᠳᠠᠬᠤ ᠤᠯᠤᠰ᠎ᠢ ᠬᠠᠮᠠᠭᠠᠯᠠᠬᠤ᠎ᠶ᠋ᠢᠨ ᠲᠥᠯᠥᠭᠡ ᠪᠠᠢᠭᠤᠯᠤᠭ᠍ᠰᠠᠨ ᠪᠠᠯᠠᠷᠠᠰᠢ ᠦᠭᠡᠢ ᠭᠠᠪᠢᠶ᠎ᠠ ᠵᠢᠳᠬᠦᠯ᠎ᠢ ᠶᠡᠷᠦ᠎ᠠᠴᠠ ᠮᠠᠷᠳᠠᠭ᠎ᠠ ᠦᠬᠡᠢ᠂ ᠰᠦᠷ ᠵᠢᠪᠬᠤᠯᠠᠩᠲᠤ ᠪᠠᠭᠠᠲᠤᠷᠴᠤᠳ᠎ᠤᠨ ᠮᠠᠭ᠍ᠲᠠᠭᠠᠯ ᠳᠠᠭᠤᠤ᠎ᠶ᠋ᠢ ᠪᠢᠴᠢᠭ᠌ᠯᠡᠭ᠌ᠰᠡᠨ ᠳᠤᠮᠳᠠᠳᠤ ᠤᠯᠤᠰ᠎ᠤᠨ ᠠᠷᠠᠳ᠎ᠤᠨ ᠰᠠᠢᠨ ᠳᠤᠷ᠎ᠠ᠎ᠶ᠋ᠢᠨ ᠴᠡᠷᠢᠭ᠎ᠤᠨ ᠳᠠᠷᠤᠭ᠎ᠠ ᠪᠠᠢᠯᠳᠤᠭ᠍ᠴᠢᠳ ᠵᠢᠴᠢ ᠡᠨᠡ ᠤᠳᠠᠭ᠎ᠠ᠎ᠶ᠋ᠢᠨ ᠲᠠᠢᠨ᠎ᠤ ᠢᠯᠠᠯᠲᠠ᠎ᠳᠤ ᠬᠤᠪᠢ ᠨᠡᠮᠡᠷᠢ ᠦᠵᠡᠭᠦᠯᠦᠭ᠌ᠰᠡᠨ ᠪᠤᠢ ᠪᠦᠬᠦᠢ ᠬᠦᠮᠦᠨ᠎ᠢ ᠶᠠᠷᠤ᠎ᠠᠴᠠ ᠮᠠᠷᠳᠠᠭ᠎ᠠ ᠦᠬᠡᠢ᠂ ᠠᠮᠧᠷᠢᠺᠠ᠎ᠶ᠋ᠢ ᠡᠰᠡᠷᠭᠦᠴᠡᠵᠥ᠍ ᠰᠣᠯᠣᠩᠭᠤᠰ᠎ᠢ ᠲᠤᠰᠠᠯᠠᠬᠤ ᠳᠠᠢᠨ᠎ᠤ ᠳᠤᠮᠳᠠ ᠪᠠᠭᠠᠲᠤᠷᠯᠢᠭ᠎ᠢᠶᠠᠷ ᠪᠡᠶ᠎ᠡ ᠦᠷᠡᠭ᠌ᠳᠡᠭ᠌ᠰᠡᠨ ᠪᠠᠭᠠᠲᠤᠷᠴᠤᠳ᠎ᠢᠶᠠᠨ ᠶᠡᠷᠦ᠎ᠠᠴᠠ ᠮᠠᠷᠲᠠᠭ᠎ᠠ ᠦᠭᠡᠢ᠂ ᠦᠷᠡᠭ᠌ᠳᠡᠭ᠌ᠰᠡᠨ ᠪᠠᠭᠠᠲᠤᠷᠴᠤᠳ᠎ᠤᠨ ᠭᠠᠪᠢᠶ᠎ᠠ ᠵᠢᠳᠬᠦᠯ ᠡᠭᠦᠷᠢᠳᠡ ᠳᠠᠭᠤᠷᠢᠰᠴᠤ᠌᠂ ᠦᠷᠡᠭ᠌ᠳᠡᠭ᠌ᠰᠡᠨ ᠪᠠᠭᠠᠲᠤᠷᠴᠤᠳ᠎ᠤᠨ ᠨᠡᠷ᠎ᠠ ᠠᠯᠳᠠᠷ ᠦᠨᠢᠳᠡ ᠪᠠᠯᠠᠷᠠᠰᠢ ᠦᠭᠡᠢ ᠶᠤᠮ ᠭᠡᠵᠥ᠍ ᠴᠢᠬᠤᠯᠠᠴᠢᠯᠠᠪᠠ᠃ ᠰᠢ᠎ᠶ᠋ᠢᠨ ᠫᠢᠩ ᠨᠠᠮ᠎ᠤᠨ ᠲᠥᠪ ᠬᠤᠷᠢᠶ᠎ᠠ᠂ ᠲᠥᠷᠥ᠎ᠶ᠋ᠢᠨ ᠶᠠᠪᠤᠳᠠᠯ᠎ᠤᠨ ᠬᠤᠷᠢᠶ᠎ᠠ ᠪᠤᠯᠤᠨ ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶ᠎ᠠ᠎ᠶ᠋ᠢᠨ ᠡᠮᠤᠨ᠎ᠡ᠎ᠠᠴᠠ ᠠᠮᠢᠳᠤ ᠰᠡᠷᠡᠭᠦᠨ ᠪᠠᠢᠭ᠎ᠠ ᠳᠤᠮᠳᠠᠳᠤ ᠤᠯᠤᠰ᠎ᠤᠨ ᠠᠷᠠᠳ᠎ᠤᠨ ᠰᠠᠢᠨ ᠳᠤᠷ᠎ᠠ᠎ᠶ᠋ᠢᠨ ᠴᠡᠷᠢᠭ᠎ᠤᠨ ᠪᠦᠬᠦ᠌ ᠠᠬᠠᠮᠠᠳ ᠪᠠᠢᠯᠳᠤᠭ᠍ᠴᠢ᠂ ᠠᠬᠠᠮᠠᠳ ᠨᠥᠬᠦᠳ᠂ ᠵᠡᠮᠳᠡᠭ ᠠᠯᠳᠠᠷ ᠬᠦᠨᠳᠤᠳᠤ ᠴᠡᠷᠢᠭ᠎ᠲᠤ᠌᠂ ᠲᠤᠬᠠᠶ᠎ᠶ᠋ᠢᠨ ᠵᠢᠯ ᠠᠮᠧᠷᠢᠺᠠ᠎ᠶ᠋ᠢ ᠡᠰᠡᠷᠭᠦᠴᠡᠵᠥ᠍ ᠰᠣᠯᠣᠩᠭᠤᠰ᠎ᠢ ᠲᠤᠰᠠᠯᠠᠬᠤ ᠳᠠᠢᠨ᠎ᠢ ᠳᠡᠮᠵᠢᠭ᠌ᠰᠡᠨ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠂ ᠢᠯᠠᠩᠭᠤᠶ᠎ᠠ ᠳᠠᠢᠨ᠎ᠳᠤ ᠣᠷᠣᠯᠴᠠᠵᠤ ᠡᠮᠦᠨ᠎ᠡ ᠹᠷᠣᠨᠲ᠎ᠢ ᠳᠡᠮᠵᠢᠭ᠌ᠰᠡᠨ ᠬᠥᠮᠦᠰ᠎ᠲᠤ᠌᠂ ᠳᠤᠮᠳᠠᠳᠤ ᠤᠯᠤᠰ᠎ᠤᠨ ᠠᠷᠠᠳ᠎ᠤᠨ ᠰᠠᠢᠨ ᠳᠤᠷ᠎ᠠ᠎ᠶ᠋ᠢᠨ ᠴᠡᠷᠢᠭ᠎ᠤᠨ ᠦᠷᠡᠭ᠌ᠳᠡᠭ᠌ᠰᠡᠨ ᠪᠠᠭᠠᠲᠤᠷᠴᠤᠳ᠎ᠤᠨ ᠭᠡᠷ ᠪᠦᠯᠢ᠂ ᠴᠡᠷᠢᠭ᠎ᠤᠨ ᠭᠡᠷ ᠪᠦᠯᠢ᠎ᠶ᠋ᠢᠨ᠎ᠬᠢᠨ ᠴᠢᠩ ᠰᠡᠳᠭᠢᠯ᠎ᠤᠨ ᠮᠡᠨᠳᠦᠴᠢᠯᠡᠯ ᠳᠡᠪᠱᠢᠭᠦᠯᠪᠠ᠃

ᠰᠢ᠎ᠶ᠋ᠢᠨ ᠫᠢᠩ᠂ ᠠᠮᠧᠷᠢᠺᠠ᠎ᠶ᠋ᠢ ᠡᠰᠡᠷᠭᠦᠴᠡᠵᠤ ᠰᠣᠯᠣᠩᠭᠤᠰ᠎ᠢ ᠲᠤᠰᠠᠯᠠᠬᠤ ᠳᠠᠢᠨ᠎ᠳᠤ ᠰᠣᠯᠣᠩᠭᠤᠰ᠎ᠤᠨ ᠨᠠᠮ᠂ ᠵᠠᠰᠠᠭ᠎ᠤᠨ ᠣᠷᠳᠣᠨ᠂ ᠠᠷᠠᠳ ᠲᠦᠮᠡᠨ ᠳᠤᠮᠳᠠᠳᠤ ᠤᠯᠤᠰ᠎ᠤᠨ ᠠᠷᠠᠳ᠎ᠤᠨ ᠰᠠᠢᠨ ᠳᠤᠷ᠎ᠠ᠎ᠶ᠋ᠢᠨ ᠴᠡᠷᠢᠭ᠎ᠢ ᠬᠠᠯᠠᠮᠵᠢᠯᠠᠵᠤ ᠬᠠᠢᠷᠠᠯᠠᠨ ᠳᠠᠮᠵᠢᠵᠤ᠂ ᠳᠤᠮᠳᠠᠳᠤ ᠰᠣᠯᠣᠩᠭᠤᠰ ᠬᠤᠶᠠᠷ ᠤᠯᠤᠰ᠎ᠤᠨ ᠠᠷᠠᠳ ᠲᠦᠮᠡᠨ ᠪᠣᠯᠤᠨ ᠴᠡᠷᠢᠭ ᠠᠩᠭᠢ ᠵᠢᠷᠭᠠᠯ ᠵᠣᠪᠠᠯᠠᠩ᠎ᠢᠶᠠᠨ ᠬᠠᠮᠳᠤᠳᠭᠠᠨ᠂ ᠦᠬᠦᠵᠦ᠍ ᠰᠡᠬᠡᠬᠦ᠌᠎ᠪᠠᠨ ᠬᠠᠮᠲᠤᠳᠭᠠᠵᠤ᠂ ᠠᠷᠢᠭᠤᠨ ᠴᠢᠰᠤ᠎ᠪᠠᠷ᠎ᠢᠶᠠᠨ ᠠᠭᠤᠤ ᠶᠡᠭᠡ ᠳᠠᠢᠴᠢᠨ ᠨᠥᠬᠦᠷᠯᠡᠯ᠎ᠢ ᠪᠠᠢᠭᠤᠯᠵᠠᠢ᠃ ᠳᠡᠯᠡᠬᠡᠶ ᠳᠡᠭᠡᠷᠡᠬᠢ ᠠᠯᠢᠪᠠ ᠡᠩᠬᠡ ᠲᠠᠢᠪᠤᠩ᠎ᠢ ᠡᠷᠬᠢᠮᠯᠡᠳᠡᠭ ᠤᠯᠤᠰ ᠪᠠ ᠠᠷᠠᠳ ᠲᠦᠮᠡᠨ᠂ ᠨᠥᠬᠦᠷᠰᠡᠭ ᠵᠣᠬᠢᠶᠠᠨ ᠪᠠᠢᠭᠤᠯᠤᠯᠲᠠ ᠪᠠ ᠨᠥᠬᠦᠷᠰᠡᠭ ᠬᠥᠮᠦᠰ ᠴᠦᠮ ᠳᠤᠮᠳᠠᠳᠤ ᠤᠯᠤᠰ᠎ᠤᠨ ᠠᠷᠠᠳ᠎ᠤᠨ ᠰᠠᠢᠨ ᠳᠤᠷ᠎ᠠ᠎ᠶ᠋ᠢᠨ ᠴᠡᠷᠢᠭ᠎ᠤᠨ ᠰᠣᠯᠣᠩᠭᠤᠰ᠎ᠲᠤ ᠣᠷᠣᠵᠤ ᠪᠠᠢᠯᠳᠤᠭᠠᠨ ᠬᠢᠭ᠌ᠰᠡᠨ᠎ᠳᠤ ᠬᠦᠴᠦᠲᠡᠶ ᠲᠤᠰᠠᠯᠠᠮᠵᠢ ᠪᠠ ᠳᠡᠮᠵᠢᠯᠭᠡ ᠦᠵᠡᠭᠦᠯᠦᠭ᠌ᠰᠡᠨ ᠪᠠᠢᠨ᠎ᠠ ᠭᠡᠵᠤ ᠢᠯᠡᠳᠭᠡᠪᠡ᠃ ᠰᠢ᠎ᠶ᠋ᠢᠨ ᠫᠢᠩ ᠳᠤᠮᠳᠠᠳᠤ ᠤᠯᠤᠰ᠎ᠤᠨ ᠨᠠᠮ᠂ ᠵᠠᠰᠠᠭ᠎ᠤᠨ ᠣᠷᠳᠣᠨ᠂ ᠴᠡᠷᠢᠭ ᠠᠩᠭᠢ᠎ᠶ᠋ᠢᠨ ᠡᠮᠦᠨ᠎ᠡ᠎ᠠᠴᠠ ᠲᠡᠳᠡᠨ᠎ᠳᠤ ᠴᠢᠩ ᠰᠡᠳᠭᠢᠯ᠎ᠤᠨ ᠲᠠᠯᠠᠷᠬᠠᠯ᠎ᠢᠶᠠᠨ ᠳᠡᠪᠱᠢᠭᠦᠯᠪᠡ᠃

ᠰᠢ᠎ᠶ᠋ᠢᠨ ᠫᠢᠩ᠂ ᠳᠤᠮᠳᠠᠳᠤ᠎ᠶ᠋ᠢᠨ ᠦᠨᠳᠦᠰᠦᠲᠡᠨ ᠪᠣᠯ ᠡᠩᠬᠡ ᠲᠠᠢᠪᠤᠩ᠎ᠢ ᠡᠷᠬᠢᠮᠯᠡᠳᠡᠭ ᠦᠨᠳᠦᠰᠦᠲᠡᠨ ᠮᠥᠨ᠂ ᠳᠤᠮᠳᠠᠳᠤ ᠤᠯᠤᠰ᠎ᠤᠨ ᠠᠷᠠᠳ ᠲᠦᠮᠡᠨ ᠪᠣᠯ ᠡᠩᠬᠡ ᠲᠠᠢᠪᠤᠩ᠎ᠢ ᠡᠷᠬᠢᠮᠯᠡᠳᠡᠭ ᠠᠷᠠᠳ ᠲᠦᠮᠡᠨ ᠮᠥᠨ᠃ ᠣᠷᠴᠢᠨ ᠦᠶ᠎ᠡ᠎ᠠᠴᠠ ᠨᠠᠭᠠᠰᠢ᠂ ᠳᠤᠮᠳᠠᠳᠤ ᠤᠯᠤᠰ᠎ᠤᠨ ᠠᠷᠠᠳ ᠲᠦᠮᠡᠨ ᠬᠦᠴᠦᠷᠬᠡᠭ ᠤᠯᠤᠰ᠎ᠤᠨ ᠲᠦᠷᠢᠮᠡᠬᠡᠢᠯᠡᠯ ᠳᠠᠷᠤᠯᠠᠯ᠎ᠢ ᠬᠠᠨᠤᠳᠠᠯ᠎ᠠ ᠠᠮᠰᠠᠵᠤ᠂ ᠳᠠᠢᠨ ᠳᠠᠵᠢᠨ᠎ᠤ ᠬᠠᠯᠠ ᠵᠤᠪᠠᠯᠠᠩ᠎ᠢ ᠬᠠᠨᠤᠳᠠᠯ᠎ᠠ ᠠᠮᠰᠠᠵᠤ᠂ ᠳᠠᠢᠨ ᠪᠠᠢᠯᠳᠤᠭᠠᠨ᠎ᠤ ᠬᠠᠷᠠᠰᠠᠯᠳᠤ ᠪᠠᠢᠳᠠᠯ ᠬᠢᠭᠡᠳ ᠡᠩᠬᠡ ᠲᠠᠢᠪᠤᠩ᠎ᠤᠨ ᠡᠷᠬᠢᠮ ᠨᠠᠨᠳᠢᠨ᠎ᠢ ᠭᠦᠨ ᠣᠢᠯᠠᠭᠠᠨ᠎ᠠ᠃ ᠱᠢᠨ᠎ᠡ ᠳᠤᠮᠳᠠᠳᠤ ᠤᠯᠤᠰ ᠪᠠᠢᠭᠤᠯᠤᠭ᠍ᠳᠠᠭ᠍ᠰᠠᠨ ᠡᠬᠢᠨ᠎ᠤ ᠣᠢᠶ᠎ᠠ᠎ᠳᠤ ᠬᠥᠭ᠌ᠵᠢᠭᠦᠯᠬᠦ᠌ ᠴᠢᠬᠤᠯᠠ᠎ᠲᠠᠢ ᠵᠦᠢᠯ᠂ ᠬᠢᠬᠦ᠌ ᠴᠢᠬᠤᠯᠠ᠎ᠲᠠᠢ ᠠᠵᠢᠯ ᠵᠠᠬ᠎ᠠ᠎ᠠᠴᠠ ᠤᠯᠠᠨ ᠪᠠᠢᠵᠤ᠂ ᠳᠤᠮᠳᠠᠳᠤ ᠤᠯᠤᠰ᠎ᠤᠨ ᠠᠷᠠᠳ ᠲᠦᠮᠡᠨ ᠡᠩᠬᠡ ᠲᠠᠢᠪᠤᠩ ᠠᠮᠤᠷ ᠠᠮᠤᠭᠤᠯᠠᠩ᠎ᠢ ᠬᠢᠵᠠᠭᠠᠯᠠᠰᠢ ᠦᠭᠡᠢ ᠬᠦᠰᠡᠨ ᠡᠷᠡᠮᠡᠯᠵᠡᠵᠦ᠍ ᠪᠠᠢᠪᠠ᠃ ᠭᠡᠳᠡᠯ᠎ᠠ ᠳᠤᠮᠳᠠᠳᠤ ᠤᠯᠤᠰ᠎ᠤᠨ ᠠᠷᠠᠳ ᠲᠦᠮᠡᠨ᠎ᠤ ᠡᠨᠡ ᠬᠦ᠌ ᠬᠦᠰᠡᠯ ᠡᠷᠡᠮᠡᠯᠵᠡᠯ᠎ᠨᠢ ᠬᠠᠷᠬᠢᠰ ᠪᠦᠳᠦᠭᠦᠯᠢᠭ ᠥᠷᠢᠰᠥᠯᠳᠦᠭᠡᠨ᠎ᠳᠤ ᠤᠴᠠᠷᠠᠵᠤ᠂ ᠡᠵᠡᠷᠬᠡᠭ ᠲᠦᠷᠢᠮᠡᠭᠡᠢᠳᠡᠤᠨ ᠲᠠᠢᠨ ᠳᠠᠵᠢᠨ᠎ᠢ ᠳᠤᠮᠳᠠᠳᠤ ᠤᠯᠤᠰ᠎ᠤᠨ ᠠᠷᠠᠳ ᠲᠦᠮᠡᠨ᠎ᠳᠤ ᠠᠯᠪᠠ᠎ᠪᠠᠷ ᠲᠤᠯᠭᠠᠵᠠᠢ᠃ ᠠᠮᠧᠷᠢᠺᠠ᠎ᠶ᠋ᠢ ᠡᠰᠡᠷᠭᠦᠴᠡᠵᠤ ᠰᠣᠯᠣᠩᠭᠤᠰ᠎ᠢ ᠲᠤᠰᠠᠯᠠᠬᠤ ᠲᠠᠢᠨ ᠪᠣᠯ ᠬᠤᠶᠠᠷ ᠲᠠᠯ᠎ᠠ᠎ᠶ᠋ᠢᠨ ᠬᠦᠴᠦᠨ ᠲᠦᠢᠯ᠎ᠤᠨ ᠶᠡᠭᠡ ᠵᠥᠷᠢᠶ᠎ᠡ᠎ᠲᠠᠢ ᠪᠠᠢᠭ᠍ᠰᠠᠨ ᠨᠥᠬᠦᠴᠡᠯ ᠪᠠᠢᠳᠠᠯ ᠳᠣᠤᠷ᠎ᠠ ᠶᠠᠪᠤᠭ᠍ᠳᠠᠭ᠍ᠰᠠᠨ ᠨᠢᠭᠡ ᠤᠳᠠᠭ᠎ᠠ᠎ᠶ᠋ᠢᠨ ᠣᠳᠣᠬᠢᠴᠢᠯᠠᠭ᠍ᠰᠠᠨ ᠲᠠᠢᠨ ᠮᠥᠨ᠃ ᠲᠡᠷᠡ ᠬᠦ᠌ ᠲᠦᠢᠯ᠎ᠤᠨ ᠲᠡᠩᠴᠡᠭᠦᠷᠢ ᠦᠭᠡᠢ᠂ ᠲᠦᠢᠯ᠎ᠤᠨ ᠬᠠᠳᠠᠭᠤ ᠪᠡᠷᠬᠡᠱᠢᠶᠡᠯ᠎ᠲᠠᠢ ᠨᠦᠬᠦᠴᠡᠯ ᠪᠠᠢᠳᠠᠯ ᠳᠣᠣᠷ᠎ᠠ᠂ ᠳᠤᠮᠳᠠᠳᠤ ᠤᠯᠤᠰ᠎ᠤᠨ ᠠᠷᠠᠳ᠎ᠤᠨ ᠰᠠᠢᠨ ᠳᠤᠷ᠎ᠠ᠎ᠶ᠋ᠢᠨ ᠴᠡᠷᠢᠭ ᠰᠣᠯᠣᠩᠭᠤᠰ᠎ᠤᠨ ᠴᠡᠷᠢᠭ ᠠᠷᠠᠳ᠎ᠲᠠᠢ ᠨᠢᠭ᠍ᠲᠠ ᠬᠠᠮᠵᠢᠯᠴᠠᠨ᠂ ᠱᠢᠷᠭᠠᠭᠤ ᠬᠠᠲᠠᠭᠤᠵᠢᠯᠲᠠᠶ ᠪᠠᠢᠯᠳᠤᠭᠠᠨ᠎ᠢ ᠥᠩᠭᠡᠷᠡᠭᠦᠯᠵᠤ᠂ ᠦᠪᠴᠢ ᠵᠡᠪᠰᠡᠭ᠌ᠯᠡᠭ᠌ᠰᠡᠨ ᠳᠠᠢᠰᠦᠨ᠎ᠢ ᠢᠯᠠᠭ᠍ᠰᠠᠨ ᠪᠠᠢᠨ᠎ᠠ᠃ ᠠᠮᠧᠷᠢᠺᠠ᠎ᠶ᠋ᠢ ᠡᠰᠡᠷᠭᠦᠴᠡᠵᠤ ᠰᠣᠯᠣᠩᠭᠤᠰ᠎ᠢ ᠲᠤᠰᠠᠯᠠᠬᠤ ᠳᠠᠢᠨ᠎ᠤ ᠠᠭᠤᠤ ᠶᠡᠭᠡ ᠢᠯᠠᠯᠲᠠ ᠪᠤᠯ ᠳᠤᠮᠳᠠᠳᠤ ᠤᠯᠤᠰ᠎ᠤᠨ ᠠᠷᠠᠳ ᠲᠦᠮᠡᠨ ᠪᠣᠰᠴᠤ᠌ ᠵᠤᠭ᠍ᠰᠤᠭ᠍ᠰᠠᠨ᠎ᠤ ᠳᠠᠷᠠᠭ᠎ᠠ ᠳᠡᠯᠡᠬᠡᠶ᠎ᠶ᠋ᠢᠨ ᠳᠣᠷᠣᠨᠠᠳᠠᠬᠢᠨ᠎ᠳᠤ ᠰᠡᠬᠦ᠋ᠢᠨ ᠰᠦᠨᠳᠡᠷᠯᠡᠭ᠌ᠰᠡᠨ᠎ᠤ ᠲᠤᠩᠬᠠᠭ ᠪᠢᠴᠢᠭ ᠮᠦᠨ᠂ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ ᠲᠡᠢᠰᠢ ᠤᠷᠤᠭ᠍ᠰᠢᠯᠠᠭ᠍ᠰᠠᠨ ᠴᠢᠬᠤᠯᠠ ᠬᠦᠱᠢᠶ᠎ᠠ ᠲᠡᠮᠳᠡᠭ ᠮᠦᠨ᠂ ᠳᠤᠮᠳᠠᠳᠤ ᠤᠯᠤᠰ ᠪᠠ ᠳᠡᠯᠡᠬᠡᠶ ᠳ᠋ᠠᠬᠢᠨ᠎ᠳᠤ ᠴᠥᠮ ᠴᠢᠬᠤᠯᠠ ᠶᠡᠭᠡ ᠪᠥᠭᠡᠳ ᠠᠯᠤᠰ ᠬᠡᠳᠤ᠎ᠶ᠋ᠢᠨ ᠠᠴᠢ ᠬᠤᠯᠪᠣᠭ᠍ᠳᠠᠯ᠎ᠲᠠᠢ ᠶᠤᠮ ᠭᠡᠵᠤ ᠵᠢᠭᠠᠵᠤ ᠭᠠᠷᠭᠠᠪᠠ᠃

ᠰᠢ᠎ᠶ᠋ᠢᠨ ᠫᠢᠩ᠂ ᠡᠨᠡ ᠳᠠᠢᠨ᠎ᠢᠶᠠᠷ ᠳᠠᠮᠵᠢᠨ ᠳᠤᠮᠳᠠᠳᠤ ᠤᠯᠤᠰ᠎ᠤᠨ ᠠᠷᠠᠳ ᠲᠦᠮᠡᠨ ᠤᠯᠤᠰ᠎ᠤᠨ ᠡᠭᠦᠳᠡᠨ᠎ᠳᠤᠨᠢ ᠴᠡᠷᠢᠭ᠎ᠢᠶᠠᠨ ᠪᠠᠢᠷᠢᠯᠠᠭᠤᠯᠬᠤ᠂ ᠴᠢᠨᠠᠭ᠍ᠰᠢᠯᠠᠨ ᠱᠢᠨ᠎ᠡ ᠳᠤᠮᠳᠠᠳᠤ ᠤᠯᠤᠰ᠎ᠢ ᠥᠯᠥᠭᠡᠶ᠎ᠳᠤᠨᠢ ᠪᠣᠭᠤᠮᠢᠯᠠᠬᠤ ᠭᠡᠰᠡᠨ ᠲᠦᠷᠢᠮᠡᠬᠡᠢᠯᠡᠭ᠌ᠴᠢᠳ᠎ᠤᠨ ᠭᠤᠷᠢᠳᠠᠯᠭ᠎ᠠ᠎ᠶ᠋ᠢ ᠪᠤᠲᠠ ᠨᠢᠷᠭᠡᠵᠦ᠍᠂ ᠱᠢᠨ᠎ᠡ ᠳᠤᠮᠳᠠᠳᠤ ᠤᠯᠤᠰ ᠵᠢᠩᠭᠢᠨᠢ᠎ᠪᠠᠷ ᠬᠦᠯ ᠲᠣᠭ᠍ᠲᠠᠵᠤ ᠴᠢᠳᠠᠪᠠ; ᠳᠤᠮᠳᠠᠳᠤ ᠤᠯᠤᠰ᠎ᠤᠨ ᠠᠷᠠᠳ ᠲᠦᠮᠡᠨ ᠤᠷᠴᠢᠨ ᠦᠶ᠎ᠡ᠎ᠠᠴᠠ ᠨᠠᠭᠠᠱᠢᠬᠢ ᠬᠥᠮᠦᠨ ᠪᠦᠬᠦᠨ᠎ᠳᠤ ᠳᠠᠷᠤᠯᠠᠭ᠍ᠳᠠᠵᠤ᠂ ᠬᠦᠮᠦᠨ᠎ᠤ ᠴᠢᠷᠠᠢ᠎ᠶ᠋ᠢ ᠬᠠᠷᠠᠭ᠍ᠰᠠᠨ ᠵᠠᠭᠤᠨ ᠵᠢᠯ᠎ᠤᠨ ᠢᠴᠢᠭᠦᠷᠢ ᠭᠤᠳᠤᠮᠱᠢᠭ᠎ᠢᠶᠠᠨ ᠲᠦᠢᠯᠪᠤᠷᠢᠲᠠᠶ ᠠᠷᠢᠯᠭᠠᠵᠤ᠂ 《ᠳᠤᠷᠤᠨᠠᠳᠤ ᠠᠽᠢᠶ᠎ᠠ᠎ᠶ᠋ᠢᠨ ᠡᠪᠡᠳᠴᠢᠲᠡᠨ》 ᠭᠡᠬᠦ᠌ ᠮᠠᠯᠠᠭᠠᠶ᠎ᠶ᠋ᠢ ᠲᠦᠢᠯᠪᠤᠷᠢᠲᠠᠶ ᠳᠠᠶᠠᠭ᠍ᠳᠠᠨ᠂ ᠳᠤᠮᠳᠠᠳᠤ ᠤᠯᠤᠰ᠎ᠤᠨ ᠠᠷᠠᠳ ᠲᠦᠮᠡᠨ ᠦᠨᠡᠨ ᠬᠦ᠌ ᠰᠡᠳᠭᠢᠯ ᠠᠭᠤᠵᠢᠷᠠᠵᠤ ᠪᠠᠶᠠᠷ᠎ᠤᠨ ᠮᠠᠩᠨᠠᠢ ᠲᠡᠨᠢᠪᠠ; ᠳᠤᠮᠳᠠᠳᠤ ᠤᠯᠤᠰ᠎ᠤᠨ ᠠᠷᠠᠳ ᠲᠦᠮᠡᠨ ᠲᠦᠷᠢᠮᠡᠬᠡᠢᠯᠡᠭ᠌ᠴᠢᠳ᠎ᠢ ᠢᠯᠠᠭ᠍ᠰᠠᠨ᠎ᠨᠢ ᠳᠡᠯᠡᠬᠡᠢ ᠳ᠋ᠠᠬᠢᠨ᠎ᠢ ᠳᠣᠩᠰᠣᠯᠭᠠᠵᠤ᠂ ᠱᠢᠨ᠎ᠡ ᠳᠤᠮᠳᠠᠳᠤ ᠤᠯᠤᠰ᠎ᠤᠨ ᠠᠽᠢᠶ᠎ᠠ ᠲᠢᠪ ᠪᠣᠯᠤᠨ ᠤᠯᠠᠨ ᠤᠯᠤᠰ᠎ᠤᠨ ᠬᠡᠷᠡᠭ ᠶᠠᠪᠤᠳᠠᠯ᠎ᠳᠠᠬᠢ ᠴᠢᠬᠤᠯᠠ ᠪᠠᠢᠷᠢ ᠰᠠᠭᠤᠷᠢ᠎ᠶ᠋ᠢ ᠲᠠᠯᠪᠢᠵᠤ᠂ ᠱᠢᠨ᠎ᠡ ᠳᠤᠮᠳᠠᠳᠤ ᠤᠯᠤᠰ᠎ᠤᠨ ᠲᠤᠮᠤ ᠤᠯᠤᠰ᠎ᠤᠨ ᠪᠠᠢᠷᠢ ᠰᠠᠭᠤᠷᠢ᠎ᠶ᠋ᠢ ᠢᠯᠡᠷᠡᠭᠦᠯᠪᠡ; ᠠᠷᠠᠳ᠎ᠤᠨ ᠴᠡᠷᠢᠭ ᠠᠩᠬᠢ ᠲᠡᠢᠠ᠎ᠤ ᠳᠤᠮᠳᠠ ᠲᠡᠢᠠ ᠬᠢᠬᠦ᠌᠎ᠶ᠋ᠢ ᠰᠤᠷᠦᠯᠴᠡᠵᠤ᠂ ᠳᠠᠩ ᠭᠠᠭ᠍ᠴᠠ ᠲᠦᠷᠦᠯ᠎ᠤᠨ ᠴᠡᠷᠢᠭ᠎ᠠᠴᠠ ᠤᠯᠠᠨ ᠲᠦᠷᠦᠯ᠎ᠤᠨ ᠴᠡᠷᠢᠭ ᠠᠩᠭᠢ ᠪᠦᠷ ᠪᠠᠢᠬᠤ ᠬᠤᠪᠢᠷᠠᠯᠳᠠ᠎ᠶ᠋ᠢ ᠪᠡᠶᠡᠯᠡᠭᠦᠯᠵᠦ᠍᠂ ᠤᠯᠤᠰ᠎ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ᠎ᠶ᠋ᠢᠨ ᠣᠳᠣᠬᠢᠴᠢᠯᠠᠯᠲᠠ᠎ᠶ᠋ᠢ ᠲᠦᠢᠯ᠎ᠤᠨ ᠶᠡᠭᠡ᠎ᠪᠠᠷ ᠠᠬᠢᠭᠤᠯᠪᠠ; ᠳᠡᠯᠡᠬᠡᠶ᠎ᠶ᠋ᠢᠨ ᠬᠤᠶᠠᠳᠤᠭᠠᠷ ᠳᠠᠢᠨ ᠳᠠᠭᠤᠰᠤᠭ᠍ᠰᠠᠨ᠎ᠤ ᠳᠠᠷᠠᠭ᠎ᠠ ᠠᠽᠢᠶ᠎ᠠ ᠲᠢᠪ᠂ ᠴᠢᠨᠠᠭ᠍ᠰᠢᠯᠠᠪᠠᠯ ᠳᠡᠯᠡᠬᠡᠶ ᠳ᠋ᠠᠬᠢᠨ᠎ᠤ ᠪᠠᠢᠯᠳᠤᠬᠤ ᠪᠣᠳᠣᠯᠭ᠎ᠠ᠎ᠶ᠋ᠢᠨ ᠪᠠᠢᠷᠢᠱᠢᠯ ᠭᠦᠨᠵᠡᠭᠡᠶ ᠴᠤᠭ᠍ᠴᠠᠯᠠᠭ᠍ᠳᠠᠵᠤ᠂ ᠪᠦᠬᠦ᠌ ᠳᠡᠯᠡᠬᠡᠶ᠎ᠶ᠋ᠢᠨ ᠳᠠᠷᠤᠯᠠᠭ᠍ᠳᠠᠵᠤ ᠪᠠᠢᠭ᠍ᠰᠠᠨ ᠦᠨᠳᠦᠰᠦᠲᠡᠨ ᠪᠠ ᠠᠷᠠᠳ ᠲᠦᠮᠡᠨ᠎ᠤ ᠦᠨᠳᠦᠰᠦᠲᠡᠨ᠎ᠤ ᠲᠤᠰᠠᠭᠠᠷ ᠲᠣᠭ᠍ᠲᠠᠨᠢᠯ ᠪᠣᠯᠤᠨ ᠠᠷᠠᠳ ᠲᠦᠮᠡᠨ᠎ᠤ ᠴᠢᠯᠥᠭᠡᠯᠡᠯᠲᠡ᠎ᠪᠠᠨ ᠲᠡᠮᠡᠴᠡᠨ ᠤᠯᠬᠤ ᠱᠢᠳᠤᠷᠭᠤ ᠶᠣᠰᠣᠨ᠎ᠤ ᠦᠶᠯᠡᠰ ᠲᠦᠢᠯ᠎ᠤᠨ ᠶᠡᠭᠡ ᠵᠣᠷᠢᠭ᠍ᠵᠢᠭᠤᠯᠤᠯ ᠤᠯᠵᠤ᠂ ᠳᠡᠯᠡᠬᠡᠶ᠎ᠶ᠋ᠢᠨ ᠡᠩᠭᠡ ᠲᠠᠢᠪᠤᠩ ᠪᠣᠯᠤᠨ ᠬᠥᠮᠦᠨ ᠲᠥᠷᠥᠯᠬᠢᠲᠡᠨ᠎ᠤ ᠳᠠᠪᠱᠢᠯᠳᠠ᠎ᠶ᠋ᠢᠨ ᠦᠶᠯᠡᠰ᠎ᠢ ᠬᠦᠴᠦᠲᠡᠶ ᠠᠬᠢᠭᠤᠯᠵᠠᠢ᠃ ᠡᠨᠡ ᠳᠠᠢᠨ᠎ᠢᠶᠠᠷ ᠨᠤᠳᠤᠭ ᠳᠡᠪᠢᠰᠭᠡᠷ᠎ᠢᠶᠠᠨ ᠬᠠᠮᠠᠭᠠᠯᠠᠨ ᠤᠯᠤᠰ ᠤᠷᠤᠨ᠎ᠤ ᠠᠮᠦᠷ ᠲᠠᠢᠪᠤᠩ᠎ᠢᠶᠠᠨ ᠬᠠᠮᠠᠭᠠᠯᠠᠵᠤ᠂ ᠳᠤᠮᠳᠠᠳᠤ ᠤᠯᠤᠰ᠎ᠤᠨ ᠠᠷᠠᠳ ᠲᠦᠮᠡᠨ᠎ᠤ ᠬᠦᠴᠦᠷᠬᠡᠭ ᠳᠠᠢᠰᠦᠨ᠎ᠠᠴᠠ ᠦᠯᠦ᠍ ᠰᠦᠷᠳᠡᠬᠦ᠌ ᠡᠷᠡᠰ ᠬᠠᠳᠠᠨ ᠵᠤᠷᠢᠭ ᠰᠠᠨᠠᠭ᠎ᠠ᠎ᠶ᠋ᠢ ᠭᠦᠢᠴᠡᠳ ᠬᠠᠷᠠᠭᠤᠯᠪᠠ᠃ ᠡᠨᠡ ᠳᠠᠢᠨ᠎ᠢᠶᠠᠷ ᠳᠤᠮᠳᠠᠳᠤ ᠤᠯᠤᠰ᠎ᠤᠨ ᠠᠷᠠᠳ ᠲᠦᠮᠡᠨ᠎ᠤ ᠴᠤᠭ ᠰᠦᠯᠳᠡ ᠪᠠᠳᠠᠷᠠᠵᠤ᠂ ᠳᠤᠮᠳᠠᠳᠤ ᠤᠯᠤᠰ᠎ᠤᠨ ᠠᠷᠠᠳ ᠲᠦᠮᠡᠨ᠎ᠤ ᠲᠦᠮᠡᠨ ᠤᠯᠠᠨ᠎ᠢᠶᠠᠷ᠎ᠢᠶᠠᠨ ᠰᠡᠳᠭᠢᠯ ᠨᠢᠭᠡᠳᠦᠨ ᠡᠷᠡᠯᠬᠡᠭ᠌ᠯᠡᠨ ᠲᠡᠮᠡᠴᠡᠬᠦ᠌ ᠡᠷᠡᠰ ᠬᠠᠳᠠᠭᠤ ᠵᠠᠩ ᠰᠤᠷᠲᠠᠯ᠎ᠢ ᠭᠦᠢᠴᠡᠳ ᠬᠠᠷᠠᠭᠤᠯᠪᠠ᠃ ᠡᠨᠡ ᠳᠠᠢᠨ᠎ᠢᠶᠠᠷ ᠳᠡᠯᠡᠬᠡᠢ ᠳ᠋ᠠᠬᠢᠨ᠎ᠢᠶᠠᠷ᠎ᠢᠶᠠᠨ ᠳᠤᠮᠳᠠᠳᠤ ᠤᠯᠤᠰ᠎ᠢ ᠭᠠᠢᠬᠠᠨ ᠪᠢᠱᠢᠷᠡᠬᠦ᠌ ᠪᠤᠯᠵᠤ᠂ ᠳᠤᠮᠳᠠᠳᠤ ᠤᠯᠤᠰ᠎ᠤᠨ ᠠᠷᠠᠳ ᠲᠦᠮᠡᠨ᠎ᠤ ᠳᠡᠯᠡᠬᠡᠢ᠎ᠶ᠋ᠢᠨ ᠡᠩᠬᠡ ᠲᠠᠢᠪᠤᠩ᠎ᠢ ᠬᠠᠮᠠᠭᠠᠯᠠᠬᠤ ᠡᠷᠡᠰ ᠪᠠᠳᠤ ᠱᠢᠢᠳᠮᠡᠭ ᠵᠣᠷᠢᠭ᠎ᠢ ᠭᠦᠢᠴᠡᠳ ᠬᠠᠷᠠᠭᠤᠯᠪᠠ᠃ ᠡᠨᠡ ᠳᠠᠢᠨ᠎ᠢᠶᠠᠷ ᠠᠷᠠᠳ᠎ᠤᠨ ᠴᠡᠷᠢᠭ ᠠᠩᠬᠢ᠎ᠶ᠋ᠢᠨ ᠲᠠᠢᠴᠢᠨ ᠬᠦᠴᠦᠨ ᠳᠡᠯᠡᠬᠡᠢ ᠳ᠋ᠠᠬᠢᠨ᠎ᠢ ᠳᠣᠩᠰᠣᠯᠭᠠᠵᠤ᠂ ᠵᠣᠷᠢᠭ᠍ᠲᠠᠢ᠎ᠪᠠᠷ ᠪᠠᠢᠯᠳᠤᠵᠤ ᠵᠠᠪᠠᠯ ᠢᠯᠠᠯᠳᠠ ᠤᠯᠬᠤ ᠡᠷᠡᠯᠬᠡᠭ ᠪᠠᠭᠠᠳᠤᠷᠯᠢᠭ ᠤᠮᠤᠭ ᠵᠤᠷᠢᠭ᠎ᠢ ᠭᠦᠢᠴᠡᠳ ᠬᠠᠷᠠᠭᠤᠯᠪᠠ᠃ ᠡᠨᠡ ᠳᠠᠢᠨ᠎ᠨᠢ ᠱᠢᠳᠤᠷᠭᠤ ᠶᠣᠰᠣ ᠯᠠᠪᠲᠠᠶ ᠬᠦᠴᠦᠷᠬᠡᠭ᠌ᠯᠡᠯ᠎ᠢ ᠢᠯᠠᠵᠤ᠂ ᠡᠩᠭᠡ ᠲᠠᠢᠪᠤᠩ ᠬᠥᠭ᠌ᠵᠢᠯᠲᠡ ᠪᠣᠯ ᠬᠤᠷᠢᠡᠡᠯᠠᠭ᠍ᠳᠠᠰᠢ ᠦᠭᠡᠢ ᠲᠡᠤᠬᠡ᠎ᠶ᠋ᠢᠨ ᠤᠷᠤᠰᠭᠠᠯ ᠪᠣᠯᠬᠤ᠎ᠶ᠋ᠢ ᠳᠠᠬᠢᠨᠲᠠ ᠭᠡᠷᠡᠴᠢᠯᠡᠪᠡ ᠭᠡᠵᠤ ᠴᠢᠬᠤᠯᠠᠴᠢᠯᠠᠪᠠ᠃

ᠰᠢ᠎ᠶ᠋ᠢᠨ ᠫᠢᠩ᠂ ᠠᠮᠧᠷᠢᠺᠠ᠎ᠶ᠋ᠢ ᠡᠰᠡᠷᠭᠦᠴᠡᠵᠤ ᠰᠣᠯᠣᠩᠭᠤᠰ᠎ᠢ ᠲᠤᠰᠠᠯᠠᠬᠤ ᠰᠦᠷ ᠳᠠᠯᠠᠢᠴᠠᠲᠠᠢ ᠲᠠᠢᠨ᠎ᠤ ᠳᠤᠮᠳᠠ ᠡᠷᠡᠯᠬᠡᠭ ᠪᠠᠭᠠᠲᠤᠷᠯᠢᠭ ᠳᠤᠮᠳᠠᠳᠤ ᠤᠯᠤᠰ᠎ᠤᠨ ᠠᠷᠠᠳ᠎ᠤᠨ ᠰᠠᠢᠨ ᠳᠤᠷ᠎ᠠ᠎ᠶ᠋ᠢᠨ ᠴᠡᠷᠢᠭ ᠠᠮᠧᠷᠢᠺᠠ᠎ᠶ᠋ᠢ ᠡᠰᠡᠷᠭᠦᠴᠡᠵᠤ ᠰᠣᠯᠣᠩᠭᠤᠰ᠎ᠢ ᠲᠤᠰᠠᠯᠠᠬᠤ ᠠᠭᠤᠤ ᠶᠡᠭᠡ ᠵᠣᠷᠢᠭ ᠰᠠᠨᠠᠭ᠎ᠠ᠎ᠶ᠋ᠢ ᠳᠠᠪᠲᠠᠨ ᠪᠣᠯᠪᠠᠰᠤᠷᠠᠭᠤᠯᠵᠠᠢ᠃ ᠠᠮᠧᠷᠢᠺᠠ᠎ᠶ᠋ᠢ ᠡᠰᠡᠷᠭᠦᠴᠡᠵᠤ ᠰᠣᠯᠣᠩᠭᠤᠰ᠎ᠢ ᠲᠤᠰᠠᠯᠠᠬᠤ ᠠᠭᠤᠤ ᠶᠡᠭᠡ ᠵᠣᠷᠢᠭ ᠰᠠᠨᠠᠭ᠎ᠠ ᠴᠠᠭ ᠬᠤᠭᠤᠴᠠᠭ᠎ᠠ ᠣᠷᠣᠨ ᠵᠠᠢ᠎ᠶ᠋ᠢ ᠳᠠᠪᠠᠵᠤ᠂ ᠶᠠᠪᠤᠬᠤ ᠳᠤᠳᠤᠮ ᠱᠢᠨᠡᠳᠴᠦ᠍ ᠪᠠᠢᠨ᠎ᠠ᠂ ᠡᠷᠬᠡᠪᠰᠢ ᠡᠭᠦᠷᠢᠳᠡ ᠤᠯᠠᠮᠵᠢᠯᠠᠨ ᠦᠶ᠎ᠡ᠎ᠶ᠋ᠢᠨ ᠦᠶ᠎ᠠ᠎ᠳᠤ ᠵᠠᠯᠭᠠᠮᠵᠢᠯᠠᠨ ᠪᠠᠳᠠᠷᠠᠭᠤᠯᠬᠤ ᠬᠡᠷᠡᠭ᠌ᠲᠡᠢ᠃ ᠴᠠᠭ ᠦᠶ᠎ᠡ ᠬᠡᠷᠬᠢᠨ ᠬᠥᠭ᠌ᠵᠢᠭ᠌ᠰᠡᠨ ᠴᠦ᠍ ᠪᠢᠳᠡ ᠪᠦᠷ ᠬᠠᠷᠬᠢᠰ ᠬᠦᠴᠦᠨ᠎ᠠᠴᠠ ᠦᠯᠦ᠍ ᠰᠦᠷᠳᠡᠬᠦ᠂ ᠬᠦᠴᠦᠷᠬᠡᠭ᠌ᠯᠡᠯ᠎ᠢ ᠡᠷᠡᠰ ᠡᠰᠡᠷᠭᠦᠴᠡᠬᠦ᠌ ᠦᠨᠳᠦᠰᠦᠲᠡᠨ᠎ᠤ ᠵᠠᠩ ᠰᠤᠷᠲᠠᠯ᠎ᠢᠶᠠᠨ ᠪᠠᠷᠢᠮᠳᠠᠯᠠᠬᠤ ᠬᠡᠷᠡᠭ᠌ᠲᠡᠢ᠃ ᠴᠠᠭ ᠦᠶ᠎ᠡ ᠬᠡᠷᠬᠢᠨ ᠬᠥᠭ᠌ᠵᠢᠭ᠌ᠰᠡᠨ ᠴᠦ᠍ ᠪᠢᠳᠡ ᠪᠦᠷ ᠲᠦᠮᠡᠨ ᠤᠯᠠᠨ᠎ᠢᠶᠠᠷ᠎ᠢᠶᠠᠨ ᠰᠡᠳᠭᠢᠯ ᠨᠢᠭᠡᠳᠦᠨ ᠬᠦᠴᠦ᠎ᠪᠠᠨ ᠬᠠᠮᠳᠤᠳᠭᠠᠬᠤ ᠦᠨᠳᠦᠰᠦᠲᠡᠨ᠎ᠤ ᠬᠦᠴᠦᠨ᠎ᠢ ᠨᠢᠭ᠍ᠲᠠᠷᠠᠭᠤᠯᠬᠤ ᠬᠡᠷᠡᠭ᠌ᠲᠡᠶ᠃ ᠴᠠᠭ ᠦᠶ᠎ᠡ ᠬᠡᠷᠬᠢᠨ ᠬᠥᠭ᠌ᠵᠢᠭ᠌ᠰᠡᠨ ᠴᠦ᠍ ᠪᠢᠳᠡ ᠪᠦᠷ ᠦᠬᠦᠵᠤ ᠰᠡᠭᠡᠬᠦ᠌᠎ᠶ᠋ᠢ ᠦᠯᠦ᠍ ᠬᠠᠢᠬᠤᠷᠤᠨ᠂ ᠦᠬᠦᠵᠤ ᠰᠡᠭᠡᠬᠦ᠌᠎ᠶ᠋ᠢᠨ ᠲᠡᠮᠡᠴᠡᠯ ᠬᠢᠬᠦ᠌ ᠦᠨᠳᠦᠰᠦᠲᠡᠨ᠎ᠤ ᠬᠠᠳᠠᠨ ᠵᠤᠷᠢᠭ᠎ᠢᠶᠠᠨ ᠳᠠᠪᠲᠠᠨ ᠪᠣᠯᠪᠠᠰᠤᠷᠠᠭᠤᠯᠬᠤ ᠬᠡᠷᠡᠭ᠌ᠲᠡᠶ᠃ ᠴᠠᠭ ᠦᠶ᠎ᠡ ᠬᠡᠷᠬᠢᠨ ᠬᠥᠭ᠌ᠵᠢᠭ᠌ᠰᠡᠨ ᠴᠦ᠍ ᠪᠢᠳᠡ ᠪᠦᠷ ᠲᠥᠪ ᠶᠣᠰᠣ᠎ᠶ᠋ᠢ ᠪᠠᠷᠢᠮᠲᠠᠯᠠᠨ ᠱᠢᠨ᠎ᠡ᠎ᠶ᠋ᠢ ᠡᠭᠦᠳᠬᠦ᠂ ᠡᠷᠡᠯᠬᠡᠭ᠌ᠯᠡᠨ ᠤᠷᠤᠭ᠍ᠰᠢᠯᠠᠬᠤ ᠦᠨᠳᠦᠰᠦᠲᠡᠨ᠎ᠤ ᠤᠶᠤᠨ ᠤᠬᠠᠭᠠᠨ᠎ᠢ ᠪᠠᠳᠠᠷᠠᠭᠤᠯᠤᠨ ᠬᠦᠭ᠌ᠵᠢᠭᠡᠬᠦ᠌ ᠬᠡᠷᠡᠭ᠌ᠲᠡᠢ ᠭᠡᠵᠤ ᠵᠢᠭᠠᠵᠤ ᠭᠠᠷᠭᠠᠪᠠ᠃

ᠰᠢ᠎ᠶ᠋ᠢᠨ ᠫᠢᠩ᠂ ᠠᠮᠧᠷᠢᠺᠠ᠎ᠶ᠋ᠢ ᠡᠰᠡᠷᠭᠦᠴᠡᠵᠤ ᠰᠣᠯᠣᠩᠭᠤᠰ᠎ᠢ ᠲᠤᠰᠠᠯᠠᠬᠤ ᠳᠠᠢᠨ ᠢᠯᠠᠯᠲᠠ ᠣᠯᠤᠭ᠍ᠰᠠᠨ 60 ᠭᠠᠷᠤᠶ ᠵᠢᠯ᠎ᠤᠨ ᠲᠤᠷᠰᠢ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠳᠤᠮᠳᠠᠳᠤ ᠤᠯᠤᠰ᠎ᠲᠤ ᠤᠷᠢᠳ ᠡᠮᠦᠨ᠎ᠡ ᠪᠠᠢᠭ᠎ᠠ ᠦᠭᠡᠢ ᠯᠤᠲᠤ ᠶᠡᠭᠡ ᠲᠡᠦᠬᠡᠨ ᠬᠤᠪᠢᠷᠠᠯᠲᠠ ᠭᠠᠷᠴᠤ᠌᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ ᠱᠢᠨ᠎ᠡ ᠴᠠᠭ ᠦᠶ᠎ᠡ᠎ᠳᠤ ᠣᠷᠣᠵᠤ᠂ ᠳᠤᠮᠳᠠᠳᠤ᠎ᠶ᠋ᠢᠨ ᠦᠨᠳᠦᠰᠦᠲᠡᠨ ᠪᠣᠰᠴᠤ᠌ ᠵᠣᠭ᠍ᠰᠣᠭ᠍ᠰᠠᠨ᠂ ᠪᠠᠶᠠᠵᠢᠭ᠍ᠰᠠᠨ᠎ᠠᠴᠠ ᠬᠦᠴᠦᠷᠬᠡᠭ᠌ᠵᠢᠭ᠌ᠰᠡᠨ ᠠᠭᠤᠤ ᠶᠡᠭᠡ ᠦᠰᠦᠷᠦᠯᠲᠡ᠎ᠶ᠋ᠢ ᠤᠭ᠍ᠲᠤᠨ ᠠᠪᠴᠠᠢ᠃ ᠡᠳᠦᠭᠡ ᠪᠢᠳᠡ ᠶᠠᠭ 《ᠬᠤᠤᠰ ᠵᠠᠭᠤᠨ ᠵᠢᠯ》 ᠎ᠤᠨ ᠲᠡᠮᠡᠴᠡᠬᠦ᠌ ᠬᠠᠷᠠᠯᠲᠠ᠎ᠶ᠋ᠢ ᠪᠡᠶᠡᠯᠡᠭᠦᠯᠬᠦ᠌ ᠲᠡᠤᠬᠡᠨ ᠠᠭᠤᠯᠵᠠᠷ ᠳᠡᠭᠡᠷ᠎ᠡ ᠵᠣᠭ᠍ᠰᠣᠵᠤ᠂ ᠴᠢᠨᠡᠭᠡᠯᠢᠭ ᠨᠡᠢᠭᠡᠮ᠎ᠢ ᠪᠥᠬᠦ᠌ ᠲᠠᠯ᠎ᠠ᠎ᠪᠠᠷ ᠪᠡᠶᠡᠯᠡᠭᠦᠯᠬᠦ᠌ ᠢᠯᠠᠯᠲᠠ ᠨᠢᠳᠦᠨ ᠡᠮᠦᠨ᠎ᠠ ᠢᠷᠡᠵᠤ᠂ ᠨᠡᠢᠭᠡᠮ ᠵᠢᠷᠤᠮ᠎ᠤᠨ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠲᠦᠭᠡᠨ ᠪᠠᠢᠭᠤᠯᠬᠤ ᠢᠷᠡᠭᠡᠳᠦᠶ ᠭᠡᠭᠡᠨ ᠰᠠᠷᠠᠭᠤᠯ ᠪᠠᠢᠨ᠎ᠠ᠃ ᠠᠭᠤᠤ ᠶᠡᠭᠡ ᠢᠯᠠᠯᠲᠠ᠎ᠶ᠋ᠢ ᠪᠠᠲᠤ ᠴᠡᠭᠡᠵᠢᠯᠡᠵᠦ᠍᠂ ᠠᠭᠤᠤ ᠶᠡᠭᠡ ᠦᠢᠯᠡᠰ᠎ᠢ ᠠᠬᠢᠭᠤᠯᠬᠤ᠎ᠳᠤ ᠡᠷᠬᠡᠪᠰᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ᠎ᠶ᠋ᠢ ᠪᠠᠷᠢᠮᠲᠠᠯᠠᠨ᠂ ᠨᠠᠮ᠎ᠢᠶᠠᠨ ᠨᠡᠩ ᠪᠠᠲᠤ ᠴᠢᠩᠭ᠎ᠠ ᠬᠦᠴᠦᠨ᠎ᠲᠠᠢ ᠪᠣᠯᠭᠠᠨ ᠳᠠᠪᠲᠠᠨ ᠪᠣᠯᠪᠠᠰᠤᠷᠠᠭᠤᠯᠬᠤ ᠬᠡᠷᠡᠭ᠌ᠲᠡᠢ; ᠡᠷᠬᠡᠪᠰᠢ ᠠᠷᠠᠳ ᠲᠦᠮᠡᠨ᠎ᠢᠶᠠᠷ ᠭᠤᠤᠯ ᠪᠣᠯᠭᠠᠬᠤ᠎ᠶ᠋ᠢ ᠪᠠᠷᠢᠮᠲᠠᠯᠠᠨ᠂ ᠠᠯᠢᠪᠠ ᠪᠦᠬᠦᠨ ᠠᠷᠠᠳ ᠲᠦᠮᠡᠨ᠎ᠤ ᠲᠥᠯᠥᠭᠡ ᠪᠠᠢᠵᠤ᠂ ᠠᠯᠢᠪᠠ ᠪᠦᠬᠦᠨ᠎ᠳᠤ ᠠᠷᠠᠳ ᠲᠦᠮᠡᠨ᠎ᠢ ᠲᠦᠱᠢᠭ᠌ᠯᠡᠬᠦ᠌ ᠬᠡᠷᠡᠭ᠌ᠲᠡᠶ; ᠡᠷᠬᠡᠪᠰᠢ ᠠᠵᠤ ᠠᠬᠤᠶ ᠨᠡᠢᠭᠡᠮ᠎ᠤᠨ ᠬᠥᠭ᠌ᠵᠢᠯᠲᠡ᠎ᠶ᠋ᠢ ᠠᠬᠢᠭᠤᠯᠬᠤ᠎ᠶ᠋ᠢ ᠪᠠᠷᠢᠮᠲᠠᠯᠠᠨ᠂ ᠮᠠᠨ᠎ᠤ ᠤᠯᠤᠰ᠎ᠤᠨ ᠶᠡᠷᠦᠩᠬᠡᠶ ᠪᠤᠳᠠᠳᠤ ᠬᠦᠴᠦᠨ᠎ᠢᠶᠠᠨ ᠲᠠᠰᠤᠷᠠᠯᠲᠠ ᠦᠭᠡᠢ ᠪᠤᠵᠠᠭᠠᠢᠷᠠᠭᠤᠯᠬᠤ ᠬᠡᠷᠡᠭ᠌ᠲᠡᠶ; ᠡᠷᠬᠡᠪᠰᠢ ᠤᠯᠤᠰ᠎ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠬᠢ᠎ᠶ᠋ᠢᠨ ᠤᠳᠤᠬᠢᠴᠢᠯᠠᠯᠳᠠ᠎ᠶ᠋ᠢ ᠲᠦᠷᠭᠡᠳᠭᠡᠨ ᠠᠬᠢᠭᠤᠯᠵᠤ᠂ ᠠᠷᠠᠳ᠎ᠤᠨ ᠴᠡᠷᠢᠭ ᠠᠩᠬᠢ᠎ᠶ᠋ᠢ ᠳᠡᠯᠡᠬᠡᠶ᠎ᠶ᠋ᠢᠨ ᠲᠡᠷᠢᠭᠦᠨ᠎ᠤ ᠴᠡᠷᠢᠭ ᠠᠩᠬᠢ ᠪᠣᠯᠭᠠᠨ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠬᠡᠷᠡᠭ᠌ᠲᠡᠶ; ᠡᠷᠬᠡᠪᠰᠢ ᠳᠡᠯᠡᠬᠡᠢ᠎ᠶ᠋ᠢᠨ ᠡᠩᠬᠡ ᠲᠠᠢᠪᠤᠩ ᠪᠠ ᠱᠢᠳᠤᠷᠭᠤ ᠶᠣᠰᠣ᠎ᠶ᠋ᠢ ᠬᠠᠮᠠᠭᠠᠯᠠᠵᠤ᠂ ᠬᠥᠮᠦᠨ ᠲᠥᠷᠥᠯᠬᠢᠲᠡᠨ᠎ᠤ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠶ᠋ᠢᠨ ᠪᠠᠢᠭᠤᠯᠤᠯᠳᠠ᠎ᠶ᠋ᠢ ᠠᠬᠢᠭᠤᠯᠬᠤ ᠬᠡᠷᠡᠭ᠌ᠲᠡᠢ ᠭᠡᠵᠦ᠍ ᠴᠢᠬᠤᠯᠠᠴᠢᠯᠠᠪᠠ᠃

ᠰᠢ᠎ᠶ᠋ᠢᠨ ᠫᠢᠩ᠂ ᠳᠡᠯᠡᠬᠡᠢ ᠶᠢᠷᠲᠢᠨᠴᠦ᠍ ᠪᠣᠯ ᠡᠯ᠎ᠡ ᠤᠯᠤᠰ᠎ᠤᠨ ᠠᠷᠠᠳ ᠲᠦᠮᠡᠨ᠎ᠤ ᠳᠡᠯᠡᠬᠡᠢ ᠶᠢᠷᠲᠢᠨᠴᠦ᠍ ᠮᠥᠨ᠂ ᠳᠡᠯᠡᠬᠡᠢ ᠳ᠋ᠠᠬᠢᠨ᠎ᠳᠤ ᠲᠤᠯᠭᠠᠷᠠᠵᠤ ᠪᠠᠢᠭ᠎ᠠ ᠬᠦᠴᠢᠷᠳᠡᠯ ᠪᠠ ᠦᠷᠢᠰᠦᠯᠳᠦᠭᠡᠨ᠎ᠢ ᠡᠯ᠎ᠡ ᠤᠯᠤᠰ᠎ᠤᠨ ᠠᠷᠠᠳ ᠲᠦᠮᠠᠠ ᠬᠤᠪᠢ ᠵᠠᠶᠠᠭ᠎ᠠ᠎ᠪᠠᠨ ᠨᠢᠭᠡᠳᠭᠡᠨ ᠬᠦᠴᠢᠷ ᠪᠡᠷᠬᠡᠱᠢᠶᠡᠯ᠎ᠢ ᠬᠠᠮᠲᠤ᠎ᠪᠠᠷ ᠲᠤᠭᠤᠯᠵᠤ᠂ ᠭᠠᠷ ᠬᠤᠯᠪᠣᠨ ᠠᠷᠭᠠᠴᠠᠭᠠᠬᠤ ᠴᠢᠬᠤᠯᠠᠲᠠᠢ ᠶᠤᠮ᠂ ᠡᠩᠬᠡ ᠲᠠᠢᠪᠤᠩ ᠬᠥᠭ᠌ᠵᠢᠯᠲᠡ᠂ ᠬᠠᠮᠲᠤᠷᠠᠯᠴᠠᠵᠤ ᠬᠠᠮᠲᠤ᠎ᠪᠠᠷ ᠠᠱᠢᠭ ᠬᠦᠷᠳᠡᠬᠦ᠌᠎ᠨᠢ ᠰᠠᠶᠢ ᠬᠥᠮᠦᠨ᠎ᠤ ᠶᠢᠷᠲᠢᠨᠴᠦ᠎ᠶ᠋ᠢᠨ ᠲᠦᠪ ᠶᠤᠰᠤ ᠮᠥᠨ᠃ ᠣᠳᠣᠬᠠᠨ᠎ᠤ ᠳᠡᠯᠡᠬᠡᠢ ᠶᠢᠷᠲᠢᠨᠴᠦ᠎ᠳᠤ ᠶᠠᠮᠠᠷᠪᠠ ᠭᠠᠭ᠍ᠴᠠ ᠲᠠᠯᠠᠲᠤ ᠦᠵᠡᠯ᠂ ᠬᠠᠮᠠᠭᠠᠯᠠᠬᠤ ᠦᠵᠡᠯ᠂ ᠬᠡᠲᠦᠷᠡᠮᠡᠬᠡᠢ ᠬᠤᠪᠢᠨᠴᠢᠷ ᠦᠵᠡᠯ ᠪᠦᠷ ᠶᠠᠪᠤᠭ᠍ᠳᠠᠵᠤ ᠳᠡᠢᠯᠬᠦ᠌ ᠦᠭᠡᠢ ᠶᠤᠮ᠃ ᠶᠠᠮᠠᠷᠪᠠ ᠬᠢᠬᠠᠬᠤ᠂ ᠪᠢᠲᠡᠭᠦᠮᠵᠢᠯᠡᠬᠦ᠂ ᠲᠦᠢᠯ᠎ᠤᠨ ᠶᠡᠭᠡ ᠳᠠᠷᠤᠯᠲᠠ ᠥᠭ᠌ᠬᠦ ᠠᠷᠭ᠎ᠠ ᠬᠡᠯᠪᠡᠷᠢ ᠪᠦᠷ ᠶᠠᠪᠤᠭ᠍ᠳᠠᠵᠤ ᠳᠡᠢᠯᠬᠦ᠌ ᠦᠭᠡᠢ ᠶᠤᠮ᠃ ᠶᠠᠮᠠᠷᠪᠠ ᠵᠢᠯᠤᠭᠤ ᠵᠤᠳᠤᠭ ᠦᠭᠡᠢ ᠶᠠᠪᠤᠳᠠᠯ᠂ ᠪᠢ ᠬᠡᠮᠡᠨ ᠭᠡᠬᠦ᠌ ᠠᠵᠢᠯᠯᠠᠭ᠎ᠠ᠂ ᠶᠠᠮᠠᠷᠪᠠ ᠡᠵᠡᠷᠬᠡᠬᠦ᠌ ᠦᠵᠡᠯ ᠬᠠᠷᠬᠢᠰ ᠶᠤᠰᠤ ᠬᠡᠷᠴᠡᠬᠡᠢ ᠠᠵᠢᠯᠯᠠᠭ᠎ᠠ ᠪᠦᠷ ᠶᠠᠪᠤᠭ᠍ᠳᠠᠵᠤ ᠳᠡᠢᠯᠬᠦ᠌ ᠦᠭᠡᠢ ᠶᠤᠮ᠃ ᠶᠠᠪᠤᠭ᠍ᠳᠠᠵᠤ ᠳᠡᠢᠯᠬᠦ᠌ ᠦᠭᠡᠢ ᠮᠥᠷᠲᠡᠭᠡᠨ ᠡᠴᠦᠰ᠎ᠲᠡᠭᠡᠨ ᠵᠠᠢᠯᠠᠰᠢ ᠦᠭᠡᠢ ᠮᠦᠬᠦᠯ᠎ᠤᠨ ᠵᠠᠮ᠎ᠳᠤ ᠤᠷᠤᠬᠤ ᠪᠣᠯᠤᠨ᠎ᠠ ᠭᠡᠵᠦ᠍ ᠵᠢᠭᠠᠵᠦ᠍ ᠭᠠᠷᠭᠠᠪᠠ᠃

ᠰᠢ᠎ᠶ᠋ᠢᠨ ᠫᠢᠩ᠂ ᠳᠤᠮᠳᠠᠳᠤ ᠤᠯᠤᠰ ᠰᠡᠷᠭᠡᠢᠯᠡᠯᠲᠡ᠎ᠶ᠋ᠢᠨ ᠴᠢᠨᠠᠷᠲᠠᠶ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠲᠦᠷᠦ᠎ᠶ᠋ᠢᠨ ᠪᠤᠳᠤᠯᠭ᠎ᠠ᠎ᠶ᠋ᠢ ᠪᠠᠷᠢᠮᠳᠠᠯᠠᠭ᠍ᠰᠠᠭᠠᠷ ᠢᠷᠡᠵᠠᠢ᠂ ᠳᠤᠮᠳᠠᠳᠤ ᠤᠯᠤᠰ᠎ᠤᠨ ᠴᠡᠷᠢᠭ ᠠᠩᠬᠢ ᠪᠤᠯ ᠢᠮᠠᠭ᠍ᠳᠠ ᠳᠡᠯᠡᠬᠡᠶ᠎ᠶ᠋ᠢᠨ ᠡᠩᠭᠡ ᠲᠠᠢᠪᠤᠩ᠎ᠢ ᠬᠠᠮᠠᠭᠠᠯᠠᠬᠤ ᠡᠷᠡᠰ ᠪᠠᠲᠤ ᠬᠦᠴᠦᠨ ᠪᠤᠯᠬᠤ ᠶᠤᠮ᠃ ᠳᠤᠮᠳᠠᠳᠤ ᠤᠯᠤᠰ ᠬᠡᠵᠢᠶᠡᠳᠡ ᠡᠵᠡᠷᠬᠡᠭ᠌ᠴᠢ ᠪᠣᠯᠬᠤ ᠦᠭᠡᠢ᠂ ᠭᠠᠳᠠᠭ᠍ᠰᠢ᠎ᠪᠠᠨ ᠥᠷᠭᠡᠳᠭᠡᠬᠦ᠌ ᠦᠭᠡᠢ ᠪᠠᠢᠵᠤ᠂ ᠡᠵᠡᠷᠬᠡᠬᠦ᠌ ᠦᠵᠡᠯ ᠪᠠ ᠬᠦᠴᠦᠷᠬᠡᠭ᠌ᠯᠡᠯ᠎ᠤᠨ ᠤᠯᠤᠰ ᠲᠦᠷᠦ᠎ᠶ᠋ᠢ ᠡᠷᠡᠰ ᠡᠰᠡᠷᠭᠦᠴᠡᠨ᠎ᠡ᠃ ᠪᠢᠳᠡ ᠤᠯᠤᠰ᠎ᠤᠨ ᠡᠷᠬᠡ ᠮᠡᠳᠡᠯ᠂ ᠠᠮᠤᠷ ᠲᠦᠪᠱᠢᠨ᠂ ᠬᠥᠭ᠌ᠵᠢᠯᠲᠡ᠎ᠶ᠋ᠢᠨ ᠠᠱᠢᠭ ᠲᠤᠰᠠ ᠬᠤᠬᠢᠷᠠᠯ᠎ᠳᠤ ᠤᠴᠠᠷᠠᠬᠤ᠎ᠶ᠋ᠢ ᠶᠠᠭᠠᠬᠢᠭ᠍ᠰᠠᠨ ᠴᠦ᠍ ᠦᠯᠦ᠍ ᠬᠠᠢᠬᠤᠷᠤᠨ ᠬᠠᠷᠠᠵᠤ ᠰᠠᠭᠤᠵᠤ ᠦᠭᠡᠢ᠂ ᠶᠠᠮᠠᠷᠪᠠ ᠬᠥᠮᠦᠨ ᠶᠠᠮᠠᠷᠪᠠ ᠬᠦᠴᠦ᠎ᠶ᠋ᠢᠨ ᠪᠢᠳᠡᠨ᠎ᠤ ᠡᠬᠡ ᠤᠯᠤᠰ᠎ᠤᠨ ᠲᠠᠷᠬᠠᠨ ᠨᠤᠲᠤᠭ ᠳᠡᠪᠢᠰᠭᠡᠷ᠎ᠲᠤ ᠬᠠᠯᠳᠠᠬᠤ ᠪᠠ ᠬᠠᠭᠠᠴᠠᠭᠤᠯᠭ᠎ᠠ ᠬᠢᠬᠦ᠌᠎ᠶ᠋ᠢ ᠶᠠᠭᠠᠬᠢᠭ᠍ᠰᠠᠨ ᠴᠦ᠍ ᠵᠥᠪᠱᠢᠶᠡᠷᠡᠬᠦ᠌ ᠦᠭᠡᠢ ᠶᠤᠮ᠃ ᠡᠢᠮᠦᠷᠭᠦᠦ ᠬᠦᠨᠳᠦ ᠨᠣᠴᠢᠲᠠᠶ ᠪᠠᠢᠳᠠᠯ ᠭᠠᠷᠬᠤ᠎ᠳᠤ ᠬᠦᠷᠪᠡᠯ ᠳᠤᠮᠳᠠᠳᠤ ᠤᠯᠤᠰ᠎ᠤᠨ ᠠᠷᠠᠳ ᠲᠦᠮᠡᠨ ᠯᠠᠪᠲᠠᠶ ᠠᠰ ᠲᠤᠯᠵᠤ ᠠᠪᠤᠨ ᠬᠠᠷᠢᠭᠤᠴᠠᠬᠤ ᠶᠤᠮ ᠭᠡᠵᠦ᠍ ᠴᠢᠬᠤᠯᠠᠴᠢᠯᠠᠪᠠ᠃

ᠯᠢ ᠺᠧ ᠴᠢᠶᠠᠩ ᠶᠡᠭᠡ ᠬᠤᠷᠠᠯ᠎ᠢ ᠡᠷᠬᠢᠯᠡᠬᠦ᠌᠎ᠳᠡᠭᠡᠨ᠂ ᠶᠡᠷᠦᠩᠬᠡᠶ ᠱᠦᠵᠢ ᠰᠢ᠎ᠶ᠋ᠢᠨ ᠫᠢᠩ᠎ᠤᠨ ᠴᠢᠬᠤᠯᠠ ᠶᠠᠷᠢᠶ᠎ᠠ᠎ᠨᠢ ᠠᠮᠧᠷᠢᠺᠠ᠎ᠶ᠋ᠢ ᠡᠰᠡᠷᠭᠦᠴᠡᠵᠦ᠍ ᠰᠣᠯᠣᠩᠭᠤᠰ᠎ᠢ ᠲᠤᠰᠠᠯᠠᠬᠤ ᠳᠠᠢᠨ᠎ᠤ ᠠᠭᠤᠤ ᠶᠡᠭᠡ ᠢᠯᠠᠯᠲᠠ ᠪᠤᠯᠤᠨ ᠯᠤᠲᠤ ᠶᠡᠭᠡ ᠬᠤᠪᠢ ᠨᠡᠮᠡᠷᠢ᠎ᠶ᠋ᠢ ᠪᠦᠬᠦ᠌ ᠲᠠᠯ᠎ᠠ᠎ᠪᠠᠷ ᠡᠷᠭᠢᠴᠡᠭᠦᠯᠦᠨ ᠳ᠋ᠦᠩᠨᠡᠵᠦ᠍᠂ ᠠᠮᠧᠷᠢᠺᠠ᠎ᠶ᠋ᠢ ᠡᠰᠡᠷᠭᠦᠴᠡᠵᠦ᠍ ᠰᠣᠯᠣᠩᠭᠤᠰ᠎ᠢ ᠲᠤᠰᠠᠯᠠᠬᠤ ᠵᠣᠷᠢᠭ ᠰᠠᠨᠠᠭᠠᠨ᠎ᠤ ᠲᠡᠤᠬᠡᠲᠦ ᠠᠴᠢ ᠬᠤᠯᠪᠣᠭ᠍ᠳᠠᠯ ᠪᠤᠯᠤᠨ ᠴᠠᠭ ᠦᠶ᠎ᠡ᠎ᠶ᠋ᠢᠨ ᠦᠷᠲᠡᠭ᠎ᠢ ᠭᠦᠨᠵᠡᠭᠡᠶ ᠲᠣᠳᠣᠷᠬᠠᠢᠯᠠᠨ ᠦᠭᠦᠯᠡᠵᠦ᠍᠂ ᠠᠮᠧᠷᠢᠺᠠ᠎ᠶ᠋ᠢ ᠡᠰᠡᠷᠭᠦᠴᠡᠵᠦ᠍ ᠰᠣᠯᠣᠩᠭᠤᠰ᠎ᠢ ᠲᠤᠰᠠᠯᠠᠬᠤ ᠳᠠᠢᠨ᠎ᠤ ᠲᠡᠤᠬᠡᠨ ᠰᠡᠩᠬᠡᠷᠡᠭᠦᠯᠦᠯ᠎ᠢ ᠨᠡᠪᠳᠡᠷᠬᠡᠢ ᠦᠭᠦᠯᠡᠨ᠂ ᠤᠯᠤᠰ᠎ᠤᠨ ᠨᠤᠲᠤᠭ ᠳᠡᠪᠢᠰᠭᠡᠷ᠎ᠤᠨ ᠡᠷᠬᠡ ᠮᠡᠳᠡᠯ ᠪᠠ ᠨᠢᠭᠡᠳᠦᠯ᠎ᠢ ᠬᠠᠮᠠᠭᠠᠯᠠᠬᠤ᠂ ᠭᠠᠵᠠᠷ ᠣᠷᠣᠨ ᠪᠣᠯᠤᠨ ᠳᠡᠯᠡᠬᠡᠶ᠎ᠶ᠋ᠢᠨ ᠡᠩᠬᠡ ᠲᠠᠢᠪᠤᠩ ᠲᠣᠭ᠍ᠲᠠᠭᠤᠨ᠎ᠢ ᠬᠠᠮᠠᠭᠠᠯᠠᠬᠤ᠂ ᠬᠥᠮᠦᠨ ᠲᠥᠷᠥᠯᠬᠢᠲᠡᠨ᠎ᠤ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠶ᠋ᠢᠨ ᠪᠠᠢᠭᠤᠯᠤᠯᠳᠠ᠎ᠶ᠋ᠢ ᠠᠬᠢᠭᠤᠯᠬᠤ ᠡᠷᠡᠰ ᠪᠠᠲᠤ ᠵᠣᠭ᠍ᠰᠣᠯᠲᠠ ᠪᠠ ᠡᠷᠴᠢ ᠵᠣᠷᠢᠭ᠎ᠢᠶᠠᠨ ᠲᠥᠪ ᠴᠢᠩᠭ᠎ᠠ ᠢᠯᠡᠷᠬᠡᠢᠯᠡᠭ᠌ᠰᠡᠨ ᠪᠦᠬᠡᠳ ᠠᠭᠤᠤ ᠶᠡᠭᠡ ᠢᠯᠠᠯᠲᠠ᠎ᠶ᠋ᠢ ᠪᠠᠲᠤ ᠴᠡᠭᠡᠵᠢᠯᠡᠨ᠂ ᠵᠣᠷᠢᠭ᠍ᠲᠠᠶ᠎ᠪᠠᠷ ᠲᠡᠮᠡᠴᠡᠨ ᠴᠢᠳᠠᠮᠠᠭᠠᠶ᠎ᠪᠠᠷ ᠲᠡᠮᠡᠴᠡᠵᠦ᠍᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠠᠭᠤᠤ ᠶᠡᠭᠡ ᠦᠶᠯᠡᠰ᠎ᠢ ᠲᠠᠰᠤᠷᠠᠯᠲᠠ ᠦᠭᠡᠢ ᠤᠷᠤᠭ᠍ᠰᠢ ᠠᠬᠢᠭᠤᠯᠬᠤ᠎ᠶ᠋ᠢ ᠴᠢᠬᠤᠯᠠᠴᠢᠯᠠᠵᠠᠢ᠃ ᠣᠯᠠᠨ᠎ᠢᠶᠠᠷ᠎ᠢᠶᠠᠨ ᠨᠠᠷᠢᠨ ᠬᠢᠨᠠᠮᠠᠭᠠᠶ ᠰᠤᠷᠤᠯᠴᠠᠨ ᠣᠢᠯᠠᠭᠠᠵᠤ᠂ ᠡᠷᠡᠰ ᠲᠤᠭᠤᠱᠢᠯᠠᠭᠤᠯᠤᠨ ᠨᠠᠢᠳᠠᠪᠤᠷᠢᠵᠢᠭᠤᠯᠵᠦ᠍᠂ ᠰᠢ᠎ᠶ᠋ᠢᠨ ᠫᠢᠩ ᠨᠥᠬᠦᠷ᠎ᠢᠶᠠᠷ ᠭᠤᠣᠯ ᠪᠣᠯᠭᠠᠭ᠍ᠰᠠᠨ ᠨᠠᠮ᠎ᠤᠨ ᠲᠥᠪ ᠬᠤᠷᠢᠶᠠᠨ᠎ᠤ ᠲᠣᠭᠤᠷᠢᠨ᠎ᠳᠤ ᠨᠡᠩ ᠨᠢᠭ᠍ᠲᠠᠷᠠᠨ ᠪᠦᠯᠬᠦᠮᠳᠡᠵᠦ᠍᠂ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠨ᠂ 《ᠳᠥᠷᠪᠡᠨ ᠤᠬᠠᠮᠰᠠᠷ》 ᠎ᠢᠶᠠᠨ ᠴᠢᠩᠭᠠᠳᠭᠠᠨ 《ᠳᠥᠷᠪᠡᠨ ᠢᠲᠡᠭᠡᠯ》 ᠎ᠢᠶᠠᠨ ᠪᠠᠲᠤᠳᠭᠠᠵᠤ 《ᠬᠤᠶᠠᠷ᠎ᠢ ᠬᠠᠮᠠᠭᠠᠯᠠᠬᠤ》 ᠎ᠶ᠋ᠢ ᠪᠡᠶᠡᠯᠡᠭᠦᠯᠵᠦ᠍᠂ ᠠᠮᠧᠷᠢᠺᠠ᠎ᠶ᠋ᠢ ᠡᠰᠡᠷᠭᠦᠴᠡᠵᠦ᠍ ᠰᠣᠯᠣᠩᠭᠤᠰ᠎ᠢ ᠲᠤᠰᠠᠯᠠᠬᠤ ᠠᠭᠤᠤ ᠶᠡᠭᠡ ᠵᠣᠷᠢᠭ ᠰᠠᠨᠠᠭ᠎ᠠ᠎ᠶ᠋ᠢ ᠪᠠᠳᠠᠷᠠᠭᠤᠯᠵᠤ᠂ ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠡᠶᠡᠯᠡᠭᠦᠯᠬᠦ᠌ ᠱᠢᠢᠳᠪᠦᠷᠢᠲᠦ ᠢᠯᠠᠯᠲᠠ᠎ᠶ᠋ᠢ ᠤᠯᠬᠤ᠂ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢᠨ ᠳᠤᠮᠳᠠᠳᠤ᠎ᠶ᠋ᠢᠨ ᠵᠡᠭᠦᠳᠦ᠎ᠶ᠋ᠢ ᠲᠡᠷᠭᠡᠯᠱᠢᠭᠦᠯᠬᠦ᠌᠎ᠶ᠋ᠢᠨ ᠲᠥᠯᠥᠭᠡ ᠴᠥᠬᠦᠷᠡᠰᠢ ᠦᠭᠡᠢ ᠴᠢᠷᠮᠠᠢᠬᠤ ᠬᠡᠷᠡᠭ᠌ᠲᠡᠢ ᠭᠡᠵᠦ᠍ ᠵᠢᠭᠠᠵᠦ᠍ ᠭᠠᠷᠭᠠᠪᠠ᠃

ᠬᠤᠷᠠᠯ᠎ᠤᠨ ᠡᠴᠦᠰ᠎ᠲᠤ ᠲᠠᠯᠠᠪᠠᠢ ᠳᠠᠶᠠᠭᠠᠷ᠎ᠢᠶᠠᠨ 《ᠡᠬᠡ ᠤᠯᠤᠰ᠎ᠢᠶᠠᠨ ᠮᠠᠭ᠍ᠲᠠᠨ ᠳᠠᠭᠤᠯᠠᠶ᠎ᠠ》 ᠭᠡᠬᠦ᠌ ᠳᠠᠭᠤᠤ᠎ᠶ᠋ᠢ ᠬᠠᠩᠭᠢᠨᠠᠲᠠᠯ᠎ᠠ ᠳᠠᠭᠤᠯᠠᠵᠤ᠂ ᠶᠡᠭᠡ ᠬᠤᠷᠠᠯ ᠡᠷᠴᠢ ᠵᠤᠷᠢᠭ ᠪᠠᠳᠠᠷᠠᠩᠭᠤᠢ ᠤᠯᠤᠰ᠎ᠤᠨ ᠰᠦᠯᠲᠠ ᠳᠠᠭᠤᠤ᠎ᠶ᠋ᠢᠨ ᠳᠤᠮᠳᠠ ᠲᠡᠭᠦᠰᠴᠠᠢ᠃

ᠬᠤᠷᠠᠯ᠎ᠠᠴᠠ ᠡᠮᠦᠨ᠎ᠡ᠂ ᠰᠢ᠎ᠶ᠋ᠢᠨ ᠫᠢᠩ ᠵᠡᠷᠭᠡ ᠤᠳᠤᠷᠢᠳᠭᠤ ᠨᠥᠬᠦᠳ 《ᠳᠤᠮᠳᠠᠳᠤ ᠤᠯᠤᠰ᠎ᠤᠨ ᠠᠷᠠᠳ᠎ᠤᠨ ᠰᠠᠢᠨ ᠳᠤᠷ᠎ᠠ᠎ᠶ᠋ᠢᠨ ᠴᠡᠷᠢᠭ᠎ᠤᠨ ᠠᠮᠧᠷᠢᠺᠠ᠎ᠶ᠋ᠢ ᠡᠰᠡᠷᠭᠦᠴᠡᠵᠦ᠍ ᠰᠣᠯᠣᠩᠭᠤᠰ᠎ᠢ ᠲᠤᠰᠠᠯᠠᠬᠤ᠎ᠪᠠᠷ ᠭᠠᠳᠠᠭᠠᠳᠤ᠎ᠳᠤ ᠭᠠᠷᠴᠤ᠌ ᠳᠠᠢᠨ ᠬᠢᠭ᠌ᠰᠡᠨ 70 ᠵᠢᠯ᠎ᠤᠨ ᠤᠢ》 ᠎ᠶ᠋ᠢᠨ ᠳᠤᠷᠠᠰᠭᠠᠯ᠎ᠤᠨ ᠲᠡᠮᠳᠡᠭ ᠬᠦᠷᠳᠡᠭ᠌ᠰᠡᠳ᠎ᠤᠨ ᠲᠥᠯᠥᠭᠡᠯᠡᠭ᠌ᠴᠢᠳ᠎ᠲᠠᠢ ᠠᠭᠤᠯᠵᠠᠭ᠍ᠰᠠᠨ ᠪᠥᠭᠡᠳ ᠤᠯᠠᠨ᠎ᠲᠠᠢ ᠬᠠᠮᠲᠤ ᠭᠡᠷᠡᠯ ᠵᠢᠷᠤᠭ ᠲᠠᠲᠠᠭᠤᠯᠵᠤ ᠳᠤᠷᠠᠰᠭᠠᠯ ᠦᠯᠡᠳᠡᠭᠡᠭ᠌ᠰᠡᠨ ᠪᠠᠢᠨ᠎ᠠ᠃

ᠪᠡᠭᠡᠵᠢᠩ᠎ᠳᠤ ᠪᠠᠢᠶᠭ᠎ᠠ ᠨᠠᠮ᠎ᠤᠨ ᠲᠥᠪ ᠬᠤᠷᠢᠶᠠᠨ᠎ᠤ ᠤᠯᠤᠰ ᠲᠥᠷᠥ᠎ᠶ᠋ᠢᠨ ᠲᠣᠪᠴᠢᠶᠠᠨ᠎ᠤ ᠭᠡᠱᠢᠭᠦᠨ᠂ ᠲᠥᠪ᠎ᠤᠨ ᠱᠦᠵᠢ ᠨᠡᠷ᠎ᠤᠨ ᠭᠠᠵᠠᠷ᠎ᠤᠨ ᠱᠦᠵᠢ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶᠠᠨ᠎ᠤ ᠳᠡᠳ᠋ ᠬᠤᠷᠢᠶᠠᠨ ᠳᠠᠷᠤᠭ᠎ᠠ᠂ ᠲᠦᠷᠦ᠎ᠶ᠋ᠢᠨ ᠶᠠᠪᠤᠳᠠᠯ᠎ᠤᠨ ᠭᠡᠱᠢᠭᠦᠨ᠂ ᠠᠷᠠᠳ᠎ᠤᠨ ᠳᠡᠭᠡᠳᠦ ᠱᠢᠭᠦᠬᠦ᠌ ᠬᠤᠷᠢᠶᠠᠨ᠎ᠤ ᠳᠠᠷᠤᠭ᠎ᠠ᠂ ᠠᠷᠠᠳ᠎ᠤᠨ ᠳᠡᠭᠡᠳᠦ ᠪᠠᠢᠴᠠᠭᠠᠬᠤ ᠬᠤᠷᠢᠶᠠᠨ᠎ᠤ ᠪᠠᠢᠴᠠᠭᠠᠬᠤ ᠳᠠᠷᠤᠭ᠎ᠠ᠂ ᠪᠦᠬᠦ᠌ ᠤᠯᠤᠰ᠎ᠤᠨ ᠤᠯᠤᠰ ᠲᠦᠷᠦ᠎ᠶ᠋ᠢᠨ ᠵᠥᠪᠯᠡᠯᠭᠡᠨ᠎ᠤ ᠳᠡᠳ᠋ ᠲᠡᠷᠢᠭᠦᠯᠡᠭ᠌ᠴᠢ ᠵᠢᠴᠢ ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶᠠᠨ᠎ᠤ ᠭᠡᠱᠢᠭᠦᠳ ᠶᠡᠭᠡ ᠬᠤᠷᠠᠯ᠎ᠳᠤ ᠣᠷᠣᠯᠴᠠᠵᠠᠢ᠃

ᠰᠠᠢᠨ ᠳᠤᠷ᠎ᠠ᠎ᠶ᠋ᠢᠨ ᠴᠡᠷᠢᠭ᠎ᠤᠨ ᠠᠬᠠᠮᠠᠳ ᠪᠠᠢᠯᠳᠤᠭ᠍ᠴᠢ᠂ ᠠᠬᠠᠮᠠᠳ ᠨᠥᠬᠦᠳ᠂ ᠦᠷᠡᠭ᠌ᠳᠡᠭ᠌ᠰᠡᠨ ᠪᠠᠭᠠᠲᠤᠷᠴᠤᠳ᠎ᠤᠨ ᠭᠡᠷ ᠪᠦᠯᠢ ᠵᠡᠷᠭᠡ᠎ᠶ᠋ᠢᠨ ᠲᠥᠯᠥᠭᠡᠯᠡᠭ᠌ᠴᠢᠳ᠂ ᠲᠥᠪ᠎ᠤᠨ ᠨᠠᠮ ᠵᠠᠰᠠᠭ ᠴᠡᠷᠢᠭ ᠣᠯᠠᠨ ᠲᠦᠮᠡᠨ᠎ᠤ ᠪᠦᠯᠬᠦᠮ᠎ᠤᠨ ᠡᠯ᠎ᠡ ᠰᠠᠯᠠᠭ᠎ᠠ ᠮᠥᠴᠢᠷ ᠪᠣᠯᠤᠨ ᠪᠡᠭᠡᠵᠢᠩ ᠬᠤᠲᠠ᠎ᠶ᠋ᠢᠨ ᠭᠤᠣᠯ ᠬᠠᠷᠢᠭᠤᠴᠠᠯᠭᠠᠲᠠᠨ ᠨᠥᠬᠦᠳ᠂ ᠡᠯ᠎ᠡ ᠠᠷᠠᠳᠴᠢᠯᠠᠭ᠍ᠰᠠᠨ ᠨᠠᠮ ᠪᠦᠯᠦᠭ᠎ᠤᠨ ᠲᠥᠪ ᠬᠤᠷᠢᠶ᠎ᠠ᠂ ᠪᠦᠬᠦ᠌ ᠤᠯᠤᠰ᠎ᠤᠨ ᠦᠢᠯᠡᠳᠪᠦᠷᠢ ᠬᠤᠳᠠᠯᠳᠤᠭᠠᠨ᠎ᠤ ᠬᠤᠯᠪᠣᠭᠠᠨ᠎ᠤ ᠬᠠᠷᠢᠭᠤᠴᠠᠯᠭᠠᠲᠠᠨ ᠪᠣᠯᠤᠨ ᠨᠠᠮ ᠪᠦᠯᠦᠭ᠎ᠤᠨ ᠪᠤᠰᠤ ᠬᠥᠮᠦᠰ᠎ᠤᠨ ᠲᠥᠯᠥᠭᠡᠯᠡᠭ᠌ᠴᠢᠳ᠂ ᠴᠢᠯᠥᠭᠡᠯᠡᠬᠦ᠌ ᠴᠡᠷᠢᠭ ᠪᠣᠯᠤᠨ ᠵᠡᠪᠰᠡᠭ᠌ᠲᠦ ᠴᠠᠭ᠍ᠳᠠᠭᠠᠨ᠎ᠤ ᠴᠡᠷᠢᠭ ᠠᠩᠭᠢ᠎ᠶ᠋ᠢᠨ ᠳᠠᠷᠤᠭ᠎ᠠ ᠪᠠᠢᠯᠳᠤᠭ᠍ᠴᠢᠳ᠎ᠤᠨ ᠲᠥᠯᠥᠭᠡᠯᠡᠭ᠌ᠴᠢᠳ᠂ ᠨᠡᠢᠰᠯᠡᠯ᠎ᠤᠨ ᠡᠯ᠎ᠡ ᠡᠲᠡᠭᠡᠳ᠎ᠤᠨ ᠤᠯᠠᠨ ᠲᠦᠮᠡᠨ᠎ᠤ ᠲᠥᠯᠥᠭᠡᠯᠡᠭ᠌ᠴᠢᠳ ᠵᠡᠷᠭᠡ ᠶᠡᠭᠡ ᠬᠤᠷᠠᠯ᠎ᠳᠤ ᠣᠷᠣᠯᠴᠠᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠼᠠᠢ ᠬᠤᠩ
ᠱᠢᠨᠬᠤᠸᠠ ᠬᠤᠷᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号