ᠥᠪᠥᠷ ᠮᠣᠩᠭᠤᠯ᠎ᠤᠨ ᠴᠡᠷᠢᠭ᠎ᠤᠨ ᠲᠣᠭᠤᠷᠢᠭ ᠠᠮᠧᠷᠢᠺᠠ᠎ᠶ᠋ᠢ ᠡᠰᠡᠷᠭᠦᠴᠡᠵᠦ᠍ ᠰᠣᠯᠣᠩᠭᠤᠰ᠎ᠢ ᠲᠤᠰᠠᠯᠠᠬᠤ᠎ᠪᠠᠷ ᠭᠠᠳᠠᠭᠠᠳᠤ᠎ᠳᠤ ᠭᠠᠷᠴᠤ᠌ ᠳᠠᠢᠨ ᠬᠢᠭ᠌ᠰᠡᠨ ᠠᠬᠠᠮᠠᠳ ᠪᠠᠢᠯᠳᠤᠭ᠍ᠴᠢ ᠠᠬᠠᠮᠠᠳ ᠨᠥᠬᠦᠳ᠎ᠢ ᠪᠣᠯᠭᠤᠭᠠᠨ ᠲᠣᠬᠤᠨᠢᠭᠤᠯᠬᠤ ᠠᠵᠢᠯᠯᠠᠭ᠎ᠠ ᠶᠠᠪᠤᠭᠤᠯᠵᠠᠢ
2020-10-24 09:25:46
ᠵᠣᠬᠢᠶᠠᠭ᠍ᠴᠢ᠄
ᠰᠦᠩ ᠱᠤᠸᠠᠩ
ᠣᠩᠱᠢᠭ᠍ᠰᠠᠨ ᠣᠳᠠᠭ᠎ᠠ᠄
★★★☆☆

    ᠮᠠ ᠴᠢᠩ ᠯᠸᠢ ᠶᠠᠩ ᠱᠢᠶᠤᠤ ᠺᠠᠩ ᠠᠵᠢᠯᠯᠠᠭ᠎ᠠ᠎ᠳᠤ ᠣᠷᠣᠯᠴᠠᠪᠠ

ᠳᠤᠮᠳᠠᠳᠤ ᠤᠯᠤᠰ᠎ᠤᠨ ᠠᠷᠠᠳ᠎ᠤᠨ ᠰᠠᠢᠨ ᠳᠤᠷ᠎ᠠ᠎ᠶ᠋ᠢᠨ ᠴᠡᠷᠢᠭ᠎ᠤᠨ ᠠᠮᠧᠷᠢᠺᠠ᠎ᠶ᠋ᠢ ᠡᠰᠡᠷᠭᠦᠴᠡᠵᠥ᠍ ᠰᠣᠯᠣᠩᠭᠤᠰ᠎ᠢ ᠲᠤᠰᠠᠯᠠᠬᠤ᠎ᠪᠠᠷ ᠭᠠᠳᠠᠭᠠᠳᠤ᠎ᠳᠤ ᠭᠠᠷᠴᠤ᠌ ᠳᠠᠢᠨ ᠬᠢᠭ᠌ᠰᠡᠨ 70 ᠵᠢᠯ᠎ᠤᠨ ᠤᠢ᠎ᠶ᠋ᠢ ᠳᠤᠷᠠᠰᠭᠠᠬᠤ ᠲᠠᠱᠢᠷᠠᠮ᠎ᠢᠶᠠᠷ᠂ 10 ᠰᠠᠷ᠎ᠠ᠎ᠶ᠋ᠢᠨ 23 ᠎ᠤ ᠡᠳᠦᠷ᠂ ᠥᠪᠥᠷ ᠮᠣᠩᠭᠤᠯ᠎ᠤᠨ ᠴᠡᠷᠢᠭ᠎ᠤᠨ ᠲᠣᠭᠤᠷᠢᠭ ᠠᠮᠧᠷᠢᠺᠠ᠎ᠶ᠋ᠢ ᠡᠰᠡᠷᠭᠦᠴᠡᠵᠥ᠍ ᠰᠣᠯᠣᠩᠭᠤᠰ᠎ᠢ ᠲᠤᠰᠠᠯᠠᠬᠤ᠎ᠪᠠᠷ ᠭᠠᠳᠠᠭᠠᠳᠤ᠎ᠳᠤ ᠭᠠᠷᠴᠤ᠌ ᠳᠠᠢᠨ ᠬᠢᠭ᠌ᠰᠡᠨ ᠠᠬᠠᠮᠠᠳ ᠪᠠᠢᠯᠳᠤᠭ᠍ᠴᠢ ᠠᠬᠠᠮᠠᠳ ᠨᠥᠬᠦᠳ᠎ᠢ ᠪᠣᠯᠭᠤᠭᠠᠨ ᠳᠤᠬᠤᠨᠢᠭᠤᠯᠬᠤ ᠠᠵᠢᠯᠯᠠᠭ᠎ᠠ ᠶᠠᠪᠤᠭᠤᠯᠪᠠ᠃

ᠥᠪᠥᠷ ᠮᠣᠩᠭᠤᠯ᠎ᠤᠨ ᠴᠡᠷᠢᠭ᠎ᠤᠨ ᠲᠣᠭᠤᠷᠢᠭ᠎ᠤᠨ ᠺᠣᠮᠠᠨᠳ᠋ᠯᠠᠭ᠍ᠴᠢ ᠮᠠ ᠴᠢᠩ ᠯᠸᠢ᠂ ᠺᠤᠮᠢᠰᠰᠠᠷ ᠶᠠᠩ ᠱᠢᠶᠤᠤ ᠺᠠᠩ ᠬᠥᠬᠡᠬᠤᠲᠠ᠎ᠶ᠋ᠢᠨ ᠲᠤᠱᠢᠶᠠᠯ᠎ᠠᠴᠠ᠎ᠪᠠᠨ ᠪᠠᠭᠤᠬ᠍ᠰᠠᠨ ᠺᠠᠳ᠋ᠷ᠎ᠤᠨ ᠬᠤᠶᠠᠳᠤᠭᠠᠷ ᠠᠮᠠᠷᠠᠯᠳᠠ᠎ᠶ᠋ᠢᠨ ᠭᠠᠵᠠᠷ᠎ᠲᠤ ᠬᠦᠷᠴᠦ᠍᠂ ᠠᠮᠧᠷᠢᠺᠠ᠎ᠶ᠋ᠢ ᠡᠰᠡᠷᠭᠦᠴᠡᠵᠥ᠍ ᠰᠣᠯᠣᠩᠭᠤᠰ᠎ᠢ ᠲᠤᠰᠠᠯᠠᠬᠤ᠎ᠪᠠᠷ ᠭᠠᠳᠠᠭᠠᠳᠤ᠎ᠳᠤ ᠭᠠᠷᠴᠤ᠌ ᠳᠠᠢᠨ ᠬᠢᠭ᠌ᠰᠡᠨ ᠶᠠᠩ ᠪᠢᠩ ᠢᠦᠶ᠂ ᠯᠢᠶᠠᠩ ᠢᠦᠶ ᠱᠢᠤ᠂ ᠪᠠᠶ ᠽᠧᠩ ᠱᠢᠤ᠂ ᠲᠠᠩ ᡁᠢ ᠵᠢᠶᠠᠨ ᠵᠡᠷᠭᠡ 9 ᠠᠬᠠᠮᠠᠳ ᠪᠠᠢᠯᠳᠤᠭ᠍ᠴᠢ ᠠᠬᠠᠮᠠᠳ ᠨᠥᠬᠦᠳ᠎ᠢ ᠪᠣᠯᠭᠤᠭᠠᠨ ᠦᠵᠡᠭ᠌ᠰᠡᠨ ᠪᠦᠬᠡᠳ ᠥᠪᠥᠷ ᠮᠣᠩᠭᠤᠯ᠎ᠤᠨ ᠴᠡᠷᠢᠭ᠎ᠤᠨ ᠲᠣᠭᠤᠷᠢᠭ᠎ᠤᠨ ᠪᠦᠬᠦ᠌ ᠳᠠᠷᠤᠭ᠎ᠠ ᠪᠠᠢᠯᠳᠤᠭ᠍ᠴᠢ᠎ᠶ᠋ᠢ ᠲᠥᠯᠥᠭᠡᠯᠡᠨ ᠲᠡᠳᠡᠨ᠎ᠳᠤ ᠡᠷᠬᠢᠮ ᠳᠡᠭᠡᠳᠦ ᠬᠦᠨᠳᠦᠳᠭᠡᠯ ᠪᠠ ᠳᠣᠲᠣᠨᠣ ᠮᠡᠨᠳᠤᠴᠢᠯᠡᠯ ᠲᠠᠪᠱᠢᠬᠦᠯᠵᠠᠢ᠃

ᠠᠮᠧᠷᠢᠺᠠ᠎ᠶ᠋ᠢ ᠡᠰᠡᠷᠭᠦᠴᠡᠵᠥ᠍ ᠰᠣᠯᠣᠩᠭᠤᠰ᠎ᠢ ᠲᠤᠰᠠᠯᠠᠬᠤ ᠳᠠᠢᠨ᠎ᠳᠤ ᠳᠤᠮᠳᠠᠳᠤ ᠤᠯᠤᠰ᠎ᠤᠨ ᠠᠷᠠᠳ᠎ᠤᠨ ᠰᠠᠢᠨ ᠳᠤᠷ᠎ᠠ᠎ᠶ᠋ᠢᠨ ᠴᠡᠷᠢᠭ ᠠᠭᠤᠤ ᠶᠡᠭᠡ ᠤᠯᠤᠰ᠎ᠢᠶᠠᠨ ᠬᠠᠢᠷᠠᠯᠠᠬᠤ ᠦᠵᠡᠯ᠎ᠤᠨ ᠵᠣᠷᠢᠭ ᠰᠠᠨᠠᠭ᠎ᠠ ᠪᠣᠯᠤᠨ ᠬᠤᠪᠢᠰᠭᠠᠯᠲᠤ ᠪᠠᠭᠠᠲᠤᠷᠯᠢᠭ ᠦᠵᠡᠯ᠎ᠤᠨ ᠵᠣᠷᠢᠭ ᠰᠠᠨᠠᠭ᠎ᠠ᠎ᠶ᠋ᠢ ᠪᠠᠳᠠᠷᠠᠭᠤᠯᠤᠨ᠂ ᠡᠷᠡᠯᠬᠡᠭ᠌ᠯᠡᠨ ᠤᠷᠤᠭ᠍ᠰᠢᠯᠠᠵᠤ᠂ ᠴᠢᠰᠤᠳᠤ ᠪᠠᠢᠯᠳᠤᠭᠠᠨ ᠬᠢᠵᠥ᠍᠂ ᠡᠬᠡ ᠣᠷᠣᠨ᠎ᠢᠶᠠᠨ ᠬᠠᠮᠠᠭᠠᠯᠠᠬᠤ᠎ᠳᠤ ᠴᠢᠬᠤᠯᠠ ᠬᠤᠪᠢ ᠨᠡᠮᠡᠷᠢ ᠦᠵᠡᠭᠦᠯᠵᠡᠶ᠃ ᠥᠪᠥᠷ ᠮᠣᠩᠭᠤᠯ᠎ᠤᠨ ᠴᠡᠷᠢᠭ᠎ᠤᠨ ᠲᠣᠭᠤᠷᠢᠭ᠎ᠠᠴᠠ᠂ ᠪᠦᠬᠦ᠌ ᠣᠷᠣᠨ᠎ᠤ ᠳᠠᠷᠤᠭ᠎ᠠ ᠪᠠᠢᠯᠳᠤᠭ᠍ᠴᠢᠳ ᠠᠮᠧᠷᠢᠺᠠ᠎ᠶ᠋ᠢ ᠡᠰᠡᠷᠭᠦᠴᠡᠵᠥ᠍ ᠰᠣᠯᠣᠩᠭᠤᠰ᠎ᠢ ᠲᠤᠰᠠᠯᠠᠬᠤ ᠳᠠᠢᠨ᠎ᠤ ᠬᠠᠲᠠᠭᠤ ᠪᠡᠷᠬᠡᠱᠢᠶᠡᠯᠲᠦ ᠥᠩᠭᠡᠷᠡᠯᠲᠡ ᠪᠣᠯᠤᠨ ᠠᠭᠤᠤ ᠶᠡᠭᠡ ᠢᠯᠠᠯᠲᠠ᠎ᠶ᠋ᠢ ᠪᠠᠲᠤ ᠴᠡᠭᠡᠵᠢᠯᠡᠵᠦ᠍᠂ ᠳᠤᠮᠳᠠᠳᠤ ᠤᠯᠤᠰ᠎ᠤᠨ ᠠᠷᠠᠳ᠎ᠤᠨ ᠰᠠᠢᠨ ᠳᠤᠷ᠎ᠠ᠎ᠶ᠋ᠢᠨ ᠴᠡᠷᠢᠭ᠎ᠤᠨ ᠪᠠᠭᠠᠲᠤᠷᠯᠢᠭ ᠦᠢᠯᠡ ᠠᠵᠢᠯᠯᠠᠭ᠎ᠠ ᠪᠣᠯᠤᠨ ᠬᠤᠪᠢᠰᠭᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ᠂ ᠨᠠᠮ᠎ᠤᠨ ᠲᠡᠤᠬᠡ᠂ ᠱᠢᠨ᠎ᠡ ᠳᠤᠮᠳᠠᠳᠤ ᠤᠯᠤᠰ᠎ᠤᠨ ᠲᠡᠤᠬᠡ᠂ ᠥᠭᠡᠷᠡᠴᠢᠯᠡᠯᠲᠡ ᠨᠡᠭᠡᠭᠡᠯᠲᠡ᠎ᠶ᠋ᠢᠨ ᠲᠡᠤᠬᠡ᠂ ᠨᠡᠢᠭᠡᠮ ᠵᠢᠷᠤᠮ᠎ᠤᠨ ᠬᠥᠭ᠌ᠵᠢᠯᠲᠡ᠎ᠶ᠋ᠢᠨ ᠲᠡᠤᠬᠡ᠎ᠶ᠋ᠢ ᠰᠠᠢᠲᠤᠷ ᠰᠤᠷᠤᠯᠴᠠᠵᠤ᠂ ᠬᠤᠪᠢᠰᠭᠠᠯ᠎ᠤᠨ ᠤᠳᠤᠮᠱᠢᠯ᠎ᠢ ᠵᠠᠯᠭᠠᠮᠵᠢᠯᠠᠨ ᠬᠤᠪᠢᠰᠭᠠᠯ᠎ᠤᠨ ᠤᠯᠠᠮᠵᠢᠯᠠᠭ᠍ᠴᠢ ᠪᠣᠯᠬᠤ ᠬᠡᠷᠡᠭ᠌ᠲᠡᠢ; ᠰᠢ᠎ᠶ᠋ᠢᠨ ᠫᠢᠩ ᠨᠥᠬᠦᠷ᠎ᠢᠶᠠᠷ ᠭᠤᠣᠯ ᠪᠣᠯᠭᠠᠭ᠍ᠰᠠᠨ ᠨᠠᠮ᠎ᠤᠨ ᠲᠥᠪ ᠬᠤᠷᠢᠶᠠᠨ᠎ᠤ ᠲᠣᠭᠤᠷᠢᠨ᠎ᠳᠤ ᠨᠠᠩ ᠨᠢᠭ᠍ᠲᠠᠷᠠᠨ ᠪᠦᠯᠬᠦᠮᠳᠡᠵᠦ᠍᠂ 《ᠳᠥᠷᠪᠡᠨ ᠤᠬᠠᠮᠰᠠᠷ》 ᠎ᠢᠶᠠᠨ ᠴᠢᠩᠭᠠᠳᠭᠠᠨ 《ᠳᠥᠷᠪᠡᠨ ᠢᠲᠡᠭᠡᠯ》 ᠎ᠢᠶᠠᠨ ᠪᠠᠲᠤᠳᠭᠠᠵᠤ 《ᠬᠤᠶᠠᠷ᠎ᠢ ᠬᠠᠮᠠᠭᠠᠯᠠᠬᠤ》 ᠎ᠶ᠋ᠢ ᠪᠡᠶᠡᠯᠡᠭᠦᠯᠵᠦ᠍᠂ ᠴᠡᠷᠢᠭ᠎ᠤᠨ ᠶᠠᠪᠤᠳᠠᠯ᠎ᠤᠨ ᠬᠤᠷᠢᠶᠠᠨ᠎ᠤ ᠲᠡᠷᠢᠭᠦᠯᠡᠭ᠌ᠴᠢ ᠬᠠᠷᠢᠭᠤᠴᠠᠬᠤ ᠳᠦᠷᠢᠮ᠎ᠢ ᠲᠤᠭᠤᠱᠢᠯᠠᠭᠤᠯᠤᠨ᠂ ᠤᠭ ᠰᠠᠨᠠᠭ᠎ᠠ᠎ᠪᠠᠨ ᠦᠯᠦ᠍ ᠮᠠᠷᠲᠠᠵᠤ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠨ ᠡᠭᠦᠷᠢᠳᠡ ᠲᠡᠮᠡᠴᠡᠵᠦ᠍᠂ ᠡᠬᠡ ᠤᠯᠤᠰ᠎ᠤᠨ ᠤᠮᠠᠷᠠᠲᠤ ᠬᠢᠯᠢ᠎ᠶ᠋ᠢᠨ ᠠᠮᠤᠷ ᠲᠦᠪᠱᠢᠨ ᠲᠣᠭ᠍ᠲᠠᠭᠤᠨ᠎ᠤ ᠬᠠᠯᠬᠠᠪᠴᠢ᠎ᠶ᠋ᠢ ᠪᠠᠲᠤ ᠴᠣᠭ᠍ᠴᠠᠯᠠᠬᠤ᠎ᠳᠤ ᠨᠡᠩ ᠶᠡᠭᠡ ᠱᠢᠨ᠎ᠡ ᠬᠤᠪᠢ ᠨᠡᠮᠡᠷᠢ ᠦᠵᠡᠭᠦᠯᠬᠦ᠌ ᠬᠡᠷᠡᠭ᠌ᠲᠡᠢ ᠬᠡᠵᠥ᠍ ᠱᠠᠭᠠᠷᠳᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠼᠠᠢ ᠬᠤᠩ
ᠦᠪᠦᠷ ᠮᠤᠩᠭᠤᠯ᠎ᠤᠨ ᠡᠳᠦᠷ᠎ᠤᠨ ᠰᠤᠨᠢᠨ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号