ᠳᠤᠮᠳᠠᠳᠤ ᠤᠯᠤᠰ᠎ᠤᠨ ᠠᠷᠠᠳ᠎ᠤᠨ ᠰᠠᠢᠨ ᠳᠤᠷ᠎ᠠ᠎ᠶ᠋ᠢᠨ ᠴᠡᠷᠢᠭ᠎ᠤᠨ ᠠᠮᠧᠷᠢᠺᠠ᠎ᠶ᠋ᠢ ᠡᠰᠡᠷᠭᠦᠴᠡᠵᠥ᠍ ᠰᠣᠯᠣᠩᠭᠤᠰ᠎ᠢ ᠲᠤᠰᠠᠯᠠᠬᠤ᠎ᠪᠠᠷ ᠭᠠᠳᠠᠭᠠᠳᠤ᠎ᠳᠤ ᠭᠠᠷᠴᠤ᠌ ᠲᠠᠢᠨ ᠬᠢᠭ᠌ᠰᠡᠨ 70 ᠵᠢᠯ᠎ᠤᠨ ᠤᠢ᠎ᠶ᠋ᠢ ᠳᠤᠷᠠᠰᠭᠠᠬᠤ ᠴᠡᠴᠡᠭ᠌ᠲᠦ ᠰᠠᠭ᠍ᠰᠤ ᠬᠦᠷᠭᠡᠬᠦ᠌ ᠶᠣᠰᠣᠯᠠᠯ ᠦᠪᠡᠳᠡᠭ᠌ᠰᠢ ᠶᠡᠭᠡ᠎ᠪᠠᠷ ᠶᠠᠪᠤᠭ᠍ᠳᠠᠪᠠ
2020-10-24 09:28:15
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

10 ᠰᠠᠷ᠎ᠠ᠎ᠶ᠋ᠢᠨ 23 ᠎ᠤ ᠡᠳᠦᠷ᠂ ᠳᠤᠮᠳᠠᠳᠤ ᠤᠯᠤᠰ᠎ᠤᠨ ᠠᠷᠠᠳ᠎ᠤᠨ ᠰᠠᠢᠨ ᠳᠤᠷ᠎ᠠ᠎ᠶ᠋ᠢᠨ ᠴᠡᠷᠢᠭ᠎ᠤᠨ ᠠᠮᠧᠷᠢᠺᠠ᠎ᠶ᠋ᠢ ᠡᠰᠡᠷᠭᠦᠴᠡᠵᠦ᠍ ᠰᠣᠯᠣᠩᠭᠤᠰ᠎ᠢ ᠲᠤᠰᠠᠯᠠᠬᠤ᠎ᠪᠠᠷ ᠭᠠᠳᠠᠭᠠᠳᠤ᠎ᠳᠤ ᠭᠠᠷᠴᠤ᠌ ᠳᠠᠢᠨ ᠬᠢᠭ᠌ᠰᠡᠨ 70 ᠵᠢᠯ᠎ᠤᠨ ᠣᠶ᠎ᠶ᠋ᠢ ᠳᠤᠷᠠᠰᠭᠠᠬᠤ ᠶᠡᠭᠡ ᠬᠤᠷᠠᠯ ᠬᠤᠷᠠᠯᠳᠤᠬᠤ᠎ᠠᠴᠠ ᠡᠮᠦᠨ᠎ᠡ᠂ ᠨᠠᠮ᠎ᠤᠨ ᠲᠥᠪ ᠬᠤᠷᠢᠶᠠᠨ᠎ᠤ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭ᠌ᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶᠠᠨ᠎ᠤ ᠲᠡᠷᠢᠭᠦᠯᠡᠭ᠌ᠴᠢ ᠰᠢ᠎ᠶ᠋ᠢᠨ ᠫᠢᠩ᠎ᠤᠨ ᠨᠡᠷ᠎ᠡ᠎ᠪᠠᠷ ᠴᠡᠴᠡᠭ᠌ᠲᠦ ᠰᠠᠭ᠍ᠰᠤ ᠬᠦᠷᠭᠡᠬᠦ᠌ ᠶᠣᠰᠣᠯᠠᠯ ᠯᠢᠶᠣᠤᠨᠢᠩ᠎ᠤᠨ ᠮᠦᠭ᠌ᠳᠡᠨ᠎ᠳᠠᠬᠢ ᠠᠮᠧᠷᠢᠺᠠ᠎ᠶ᠋ᠢ ᠡᠰᠡᠷᠭᠦᠴᠡᠵᠦ᠍ ᠰᠣᠯᠣᠩᠭᠤᠰ᠎ᠢ ᠲᠤᠰᠠᠯᠠᠬᠤ᠎ᠳᠤ ᠦᠷᠡᠭ᠌ᠳᠡᠭ᠌ᠰᠡᠨ ᠪᠠᠭᠠᠲᠤᠷᠴᠤᠳ᠎ᠤᠨ ᠪᠤᠩᠬᠤᠨ᠎ᠤ ᠬᠦᠷᠢᠶᠡᠯᠡᠩ᠂ ᠳ᠋ᠠᠨᠳᠦ᠋ᠩ᠎ᠳᠠᠬᠢ ᠠᠮᠧᠷᠢᠺᠠ᠎ᠶ᠋ᠢ ᠡᠰᠡᠷᠭᠦᠴᠡᠵᠦ᠍ ᠰᠣᠯᠣᠩᠭᠤᠰ᠎ᠢ ᠲᠤᠰᠠᠯᠠᠭ᠍ᠰᠠᠨ ᠳᠤᠷᠠᠰᠭᠠᠯ᠎ᠤᠨ ᠰᠤᠪᠤᠷᠭ᠎ᠠ ᠪᠠ ᠰᠣᠯᠣᠩᠭᠤᠰ᠎ᠤᠨ ᠫᠢᠩᠷᠠᠩ᠎ᠳᠠᠬᠢ ᠳᠤᠮᠳᠠᠳᠤ ᠰᠣᠯᠣᠩᠭᠤᠰ᠎ᠤᠨ ᠨᠥᠬᠦᠷᠯᠡᠯ᠎ᠤᠨ ᠰᠤᠪᠤᠷᠭ᠎ᠠ᠂ ᠾᠦᠢᠼᠠᠩ᠎ᠳᠠᠬᠢ ᠳᠤᠮᠳᠠᠳᠤ ᠤᠯᠤᠰ᠎ᠤᠨ ᠠᠷᠠᠳ᠎ᠤᠨ ᠰᠠᠢᠨ ᠳᠤᠷ᠎ᠠ᠎ᠶ᠋ᠢᠨ ᠴᠡᠷᠢᠭ᠎ᠤᠨ ᠦᠷᠡᠭ᠌ᠳᠡᠭ᠌ᠰᠡᠨ ᠪᠠᠭᠠᠲᠤᠷᠴᠤᠳ᠎ᠤᠨ ᠪᠤᠩᠬᠤᠨ᠎ᠤ ᠬᠦᠷᠢᠶᠡᠯᠡᠩ ᠵᠡᠷᠭᠡ ᠲᠦᠷᠪᠡᠨ ᠭᠠᠵᠠᠷ᠎ᠲᠤ ᠦᠪᠡᠳᠡᠭ᠌ᠰᠢ ᠶᠡᠭᠡ᠎ᠪᠠᠷ ᠶᠠᠪᠤᠭ᠍ᠳᠠᠪᠠ᠃

23 ᠎ᠤ ᠦᠳᠡ᠎ᠶ᠋ᠢᠨ ᠡᠮᠦᠨᠡᠬᠢ 8 ᠴᠠᠭ 45 ᠮᠢᠨᠦ᠋ᠲ᠎ᠲᠤ᠌᠂ ᠯᠢᠶᠣᠤᠨᠢᠩ᠎ᠤᠨ ᠮᠦᠭ᠌ᠳᠡᠨ᠎ᠳᠠᠬᠢ ᠠᠮᠧᠷᠢᠺᠠ᠎ᠶ᠋ᠢ ᠡᠰᠡᠷᠭᠦᠴᠡᠵᠦ᠍ ᠰᠣᠯᠣᠩᠭᠤᠰ᠎ᠢ ᠲᠤᠰᠠᠯᠠᠬᠤ᠎ᠳᠤ ᠦᠷᠡᠭ᠌ᠳᠡᠭ᠌ᠰᠡᠨ ᠪᠠᠭᠠᠲᠤᠷᠴᠤᠳ᠎ᠤᠨ ᠪᠤᠩᠬᠤᠨ᠎ᠤ ᠬᠦᠷᠢᠶᠡᠯᠡᠩ᠎ᠤᠨ ᠴᠡᠴᠡᠭ᠌ᠲᠦ ᠰᠠᠭ᠍ᠰᠤ ᠬᠦᠷᠭᠡᠬᠦ᠌ ᠶᠣᠰᠣᠯᠠᠯ ᠵᠢᠩᠬᠢᠨᠢ᠎ᠪᠠᠷ ᠡᠬᠢᠯᠡᠪᠡ᠃ ᠨᠠᠮ᠎ᠤᠨ ᠲᠥᠪ ᠬᠤᠷᠢᠶᠠᠨ᠎ᠤ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭ᠌ᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶᠠᠨ᠎ᠤ ᠲᠡᠷᠢᠭᠦᠯᠡᠭ᠌ᠴᠢ ᠰᠢ᠎ᠶ᠋ᠢᠨ ᠫᠢᠩ᠎ᠤᠨ ᠨᠡᠷ᠎ᠡ᠎ᠪᠠᠷ ᠬᠦᠷᠭᠡᠭ᠌ᠰᠡᠨ ᠴᠡᠴᠡᠭ᠌ᠲᠦ ᠰᠠᠭ᠍ᠰᠤ᠎ᠶ᠋ᠢ ᠦᠷᠡᠭ᠌ᠳᠡᠭ᠌ᠰᠡᠨ ᠪᠠᠭᠠᠲᠤᠷᠴᠤᠳ᠎ᠤᠨ ᠳᠤᠷᠠᠰᠭᠠᠯ᠎ᠤᠨ ᠬᠥᠰᠢ᠊ ᠡᠶ᠎ᠡ᠎ᠶ᠋ᠢᠨ ᠭᠤᠣᠯ ᠡᠮᠦᠨ᠎ᠡ ᠲᠠᠯᠪᠢᠪᠠ᠃ ᠴᠡᠴᠡᠭ᠌ᠲᠦ ᠰᠠᠭ᠍ᠰᠤ᠎ᠶ᠋ᠢᠨ ᠤᠯᠠᠭᠠᠨ ᠲᠣᠷᠭᠠᠨ ᠪᠦᠴᠡ ᠳᠡᠭᠡᠷ᠎ᠠ 《ᠳᠤᠮᠳᠠᠳᠤ ᠤᠯᠤᠰ᠎ᠤᠨ ᠠᠷᠠᠳ᠎ᠤᠨ ᠰᠠᠢᠨ ᠳᠤᠷ᠎ᠠ᠎ᠶ᠋ᠢᠨ ᠴᠡᠷᠢᠭ᠎ᠤᠨ ᠦᠷᠡᠭ᠌ᠳᠡᠭ᠌ᠰᠡᠨ ᠪᠠᠭᠠᠲᠤᠷᠴᠤᠳ ᠥᠨᠢᠳᠡ ᠪᠠᠯᠠᠷᠠᠰᠢ ᠦᠭᠡᠢ》 ᠬᠡᠵᠥ᠍ ᠪᠢᠴᠢᠵᠤ ᠪᠠᠢᠯ᠎ᠠ᠃

ᠨᠠᠮ᠎ᠤᠨ ᠲᠥᠪ ᠬᠤᠷᠢᠶᠠᠨ᠎ᠤ ᠤᠯᠤᠰ ᠲᠥᠷᠥ᠎ᠶ᠋ᠢᠨ ᠲᠣᠪᠴᠢᠶᠠᠨ᠎ᠤ ᠭᠡᠱᠢᠭᠦᠨ᠂ ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶᠠᠨ᠎ᠤ ᠳᠡᠳ᠋ ᠲᠡᠷᠢᠭᠦᠯᠡᠭ᠌ᠴᠢ ᠵᠠᠩ ᠶᠢᠦ ᠱᠢᠶᠠ᠂ ᠲᠥᠪ᠎ᠤᠨ ᠨᠠᠮ ᠵᠠᠰᠠᠭ ᠴᠡᠷᠢᠭ᠎ᠤᠨ ᠬᠠᠮᠢᠶ᠎ᠠ ᠪᠦᠬᠦᠢ ᠰᠠᠯᠠᠭ᠎ᠠ ᠮᠥᠴᠢᠷ᠂ ᠯᠢᠶᠣᠤᠨᠢᠩ ᠮᠤᠵᠢ᠎ᠶ᠋ᠢᠨ ᠨᠠᠮ᠎ᠤᠨ ᠬᠤᠷᠢᠶ᠎ᠠ ᠪᠣᠯᠤᠨ ᠮᠤᠵᠢ᠎ᠶ᠋ᠢᠨ ᠵᠠᠰᠠᠭ᠎ᠤᠨ ᠣᠷᠳᠣᠨ᠂ ᠮᠦᠭ᠌ᠳᠡᠨ᠎ᠳᠤ ᠰᠠᠭᠤᠭ᠎ᠠ ᠴᠢᠯᠥᠭᠡᠯᠡᠬᠦ᠌ ᠴᠡᠷᠢᠭ ᠪᠣᠯᠤᠨ ᠵᠡᠪᠰᠡᠭ᠌ᠲᠦ ᠴᠠᠭ᠍ᠳᠠᠭᠠᠨ᠎ᠤ ᠴᠡᠷᠢᠭ ᠠᠩᠭᠢ᠎ᠶ᠋ᠢᠨ ᠬᠠᠷᠢᠭᠤᠴᠠᠯᠭᠠᠲᠠᠨ ᠨᠥᠬᠦᠳ᠂ ᠠᠮᠧᠷᠢᠺᠠ᠎ᠶ᠋ᠢ ᠡᠰᠡᠷᠭᠦᠴᠡᠵᠥ᠍ ᠰᠣᠯᠣᠩᠭᠤᠰ᠎ᠢ ᠲᠤᠰᠠᠯᠠᠬᠤ᠎ᠳᠤ ᠣᠷᠣᠯᠴᠠᠭ᠍ᠰᠠᠨ ᠰᠠᠢᠨ ᠳᠤᠷ᠎ᠠ᠎ᠶ᠋ᠢᠨ ᠴᠡᠷᠢᠭ᠎ᠤᠨ ᠠᠬᠠᠮᠠᠳ ᠪᠠᠢᠯᠳᠤᠭ᠍ᠴᠢ᠂ ᠠᠬᠠᠮᠠᠳ ᠨᠥᠬᠦᠳ᠎ᠤᠨ ᠲᠥᠯᠥᠭᠡᠯᠡᠭ᠌ᠴᠢ ᠪᠠ ᠦᠷᠡᠭ᠌ᠳᠡᠭ᠌ᠰᠡᠨ ᠪᠠᠭᠠᠲᠤᠷᠴᠤᠳ᠎ᠤᠨ ᠭᠡᠷ ᠪᠦᠯᠢ᠎ᠶ᠋ᠢᠨ ᠲᠥᠯᠥᠭᠡᠯᠡᠭ᠌ᠴᠢ᠂ ᠴᠢᠯᠥᠭᠡᠯᠡᠬᠦ᠌ ᠴᠡᠷᠢᠭ ᠪᠣᠯᠤᠨ ᠵᠡᠪᠰᠡᠭ᠌ᠲᠦ ᠴᠠᠭ᠍ᠳᠠᠭᠠᠨ᠎ᠤ ᠴᠡᠷᠢᠭ ᠠᠩᠭᠢ᠎ᠶ᠋ᠢᠨ ᠳᠠᠷᠤᠭ᠎ᠠ ᠪᠠᠢᠯᠳᠤᠭ᠍ᠴᠢᠳ᠎ᠤᠨ ᠲᠥᠯᠥᠭᠡᠯᠡᠭ᠌ᠴᠢ᠂ ᠲᠥᠷᠥ᠎ᠶ᠋ᠢᠨ ᠪᠠᠢᠭᠤᠯᠭ᠎ᠠ᠎ᠶ᠋ᠢᠨ ᠠᠵᠢᠯᠲᠠᠨ᠂ ᠡᠯ᠎ᠡ ᠡᠲᠡᠭᠡᠳ᠎ᠤᠨ ᠤᠯᠠᠨ ᠲᠦᠮᠡᠨ᠎ᠤ ᠲᠥᠯᠥᠭᠡᠯᠡᠭ᠌ᠴᠢ ᠵᠡᠷᠭᠡ ᠦᠷᠡᠭ᠌ᠳᠡᠭ᠌ᠰᠡᠨ ᠪᠠᠭᠠᠲᠤᠷᠴᠤᠳ᠎ᠤᠨ ᠳᠤᠷᠠᠰᠭᠠᠯ᠎ᠤᠨ ᠬᠥᠱᠢᠶ᠎ᠡ᠎ᠳᠤ ᠬᠠᠨᠳᠤᠨ ᠲᠥᠪ ᠵᠣᠭ᠍ᠰᠣᠵᠤ᠂ ᠳᠤᠮᠳᠠᠳᠤ ᠤᠯᠤᠰ᠎ᠤᠨ ᠠᠷᠠᠳ᠎ᠤᠨ ᠰᠠᠢᠨ ᠳᠤᠷ᠎ᠠ᠎ᠶ᠋ᠢᠨ ᠴᠡᠷᠢᠭ᠎ᠤᠨ ᠦᠷᠡᠭ᠌ᠳᠡᠭ᠌ᠰᠡᠨ ᠪᠠᠭᠠᠲᠤᠷᠴᠤᠳ᠎ᠢ ᠭᠦᠨ ᠳᠤᠷᠠᠰᠤᠨ ᠰᠠᠨᠠᠭᠠᠯᠵᠠᠵᠤ ᠪᠠᠢᠬᠤ ᠰᠡᠳᠭᠢᠯᠭᠡ ᠪᠠ ᠡᠷᠬᠢᠮ ᠳᠡᠭᠡᠳᠦ ᠬᠦᠨᠳᠦᠳᠭᠡᠯ᠎ᠢᠶᠠᠨ ᠲᠡᠪᠱᠢᠭᠦᠯᠦᠭ᠌ᠰᠡᠡ ᠪᠠᠢᠨ᠎ᠠ᠃ ᠲᠠᠷᠠᠭ᠎ᠠ᠎ᠨᠢ᠂ ᠲᠤᠬᠠᠢ᠎ᠶ᠋ᠢᠨ ᠲᠠᠯᠠᠪᠠᠢ᠎ᠶ᠋ᠢᠨ ᠪᠦᠬᠦ᠌ ᠬᠥᠮᠦᠰ ᠦᠷᠡᠭ᠌ᠳᠡᠭ᠌ᠰᠡᠨ ᠪᠠᠭᠠᠲᠤᠷᠴᠤᠳ᠎ᠤᠨ ᠳᠤᠷᠠᠰᠭᠠᠯ᠎ᠤᠨ ᠬᠥᠰᠢ᠊ ᠡᠶ᠎ᠡ᠎ᠶ᠋ᠢ ᠪᠠᠷᠠᠯᠠᠬᠤ᠎ᠶ᠋ᠢᠨ ᠬᠠᠮᠲᠤ ᠲᠠᠪᠤᠨ ᠶᠡᠭᠡ ᠦᠷᠡᠭ᠌ᠳᠡᠭ᠌ᠰᠡᠨ ᠪᠠᠭᠠᠲᠤᠷᠴᠤᠳ᠎ᠤᠨ ᠪᠤᠩᠬᠤᠨ᠎ᠳᠤ ᠰᠣᠷᠭᠤᠭ ᠴᠡᠴᠡᠭ ᠬᠦᠷᠭᠡᠪᠡ᠃

ᠲᠤᠰ ᠡᠳᠦᠷ᠎ᠤᠨ 9 ᠴᠠᠭ᠎ᠲᠤ᠌᠂ ᠨᠠᠮ᠎ᠤᠨ ᠲᠥᠪ ᠬᠤᠷᠢᠶᠠᠨ᠎ᠤ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭ᠌ᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶᠠᠨ᠎ᠤ ᠲᠡᠷᠢᠭᠦᠯᠡᠭ᠌ᠴᠢ ᠰᠢ᠎ᠶ᠋ᠢᠨ ᠫᠢᠩ᠎ᠤᠨ ᠨᠡᠷ᠎ᠡ᠎ᠪᠠᠷ ᠳ᠋ᠠᠨᠳᠦ᠋ᠩ᠎ᠳᠠᠬᠢ ᠠᠮᠧᠷᠢᠺᠠ᠎ᠶ᠋ᠢ ᠡᠰᠡᠷᠭᠦᠴᠡᠵᠦ᠍ ᠰᠣᠯᠣᠩᠭᠤᠰ᠎ᠢ ᠲᠤᠰᠠᠯᠠᠭ᠍ᠰᠠᠨ ᠳᠤᠷᠠᠰᠭᠠᠯ᠎ᠤᠨ ᠰᠤᠪᠤᠷᠭ᠎ᠠ᠎ᠳᠤ ᠴᠡᠴᠡᠭ᠌ᠲᠦ ᠰᠠᠭ᠍ᠰᠤ ᠬᠦᠷᠭᠡᠬᠦ᠌ ᠶᠣᠰᠣᠯᠠᠯ ᠦᠪᠡᠳᠡᠭ᠌ᠰᠢ ᠶᠡᠭᠡ᠎ᠪᠠᠷ ᠶᠠᠪᠤᠭ᠍ᠳᠠᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠯᠢᠶᠣᠤᠨᠢᠩ ᠮᠤᠵᠢ᠎ᠶ᠋ᠢᠨ ᠬᠤᠷᠢᠶᠠᠨ᠎ᠤ ᠱᠦᠵᠢ ᠵᠠᠩ ᠭᠦᠸᠧ ᠴᠢᠩ ᠵᠢᠴᠢ ᠲᠥᠪ᠎ᠤᠨ ᠨᠠᠮ ᠵᠠᠰᠠᠭ ᠴᠡᠷᠢᠭ᠎ᠤᠨ ᠬᠠᠮᠢᠶ᠎ᠠ ᠪᠦᠬᠦᠢ ᠰᠠᠯᠠᠭ᠎ᠠ ᠮᠥᠴᠢᠷ᠂ ᠯᠢᠶᠣᠤᠨᠢᠩ ᠮᠤᠵᠢ᠎ᠶ᠋ᠢᠨ ᠨᠠᠮ᠎ᠤᠨ ᠬᠤᠷᠢ᠊ ᠡᠶ᠎ᠡ ᠪᠣᠯᠤᠨ ᠮᠤᠵᠢ᠎ᠶ᠋ᠢᠨ ᠵᠠᠰᠠᠭ᠎ᠤᠨ ᠣᠷᠳᠣᠨ᠂ ᠯᠢᠶᠣᠤᠨᠢᠩ ᠮᠤᠵᠢ᠎ᠶ᠋ᠢᠨ ᠴᠡᠷᠢᠭ᠎ᠤᠨ ᠲᠣᠭᠤᠷᠢᠭ ᠵᠢᠴᠢ ᠳ᠋ᠠᠨᠳᠦ᠋ᠩ᠎ᠳᠤ ᠰᠠᠭᠤᠭ᠎ᠠ ᠴᠡᠷᠢᠭ ᠠᠩᠬᠢ ᠵᠡᠷᠭᠡ ᠬᠤᠯᠪᠤᠭ᠍ᠲᠠᠯ ᠪᠦᠬᠦᠢ ᠨᠥᠬᠦᠳ ᠣᠷᠣᠯᠴᠠᠵᠠᠢ᠃

10 ᠰᠠᠷ᠎ᠠ᠎ᠶ᠋ᠢᠨ 21 ᠎ᠤ ᠡᠳᠦᠷ᠂ ᠨᠠᠮ᠎ᠤᠨ ᠲᠥᠪ ᠬᠤᠷᠢᠶᠠᠨ᠎ᠤ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭ᠌ᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶᠠᠨ᠎ᠤ ᠲᠡᠷᠢᠭᠦᠯᠡᠭ᠌ᠴᠢ ᠰᠢ᠎ᠶ᠋ᠢᠨ ᠫᠢᠩ᠎ᠤᠨ ᠨᠡᠷ᠎ᠡ᠎ᠪᠠᠷ ᠰᠣᠯᠣᠩᠭᠤᠰ᠎ᠤᠨ ᠫᠢᠩᠷᠠᠩ᠎ᠳᠠᠬᠢ ᠳᠤᠮᠳᠠᠳᠤ ᠰᠣᠯᠣᠩᠭᠤᠰ᠎ᠤᠨ ᠨᠥᠬᠦᠷᠯᠡᠯ᠎ᠤᠨ ᠰᠤᠪᠤᠷᠭ᠎ᠠ᠂ ᠾᠦᠢᠼᠠᠩ᠎ᠳᠠᠬᠢ ᠳᠤᠮᠳᠠᠳᠤ ᠤᠯᠤᠰ᠎ᠤᠨ ᠠᠷᠠᠳ᠎ᠤᠨ ᠰᠠᠢᠨ ᠳᠤᠷ᠎ᠠ᠎ᠶ᠋ᠢᠨ ᠴᠡᠷᠢᠭ᠎ᠤᠨ ᠦᠷᠡᠭ᠌ᠳᠡᠭ᠌ᠰᠡᠨ ᠪᠠᠭᠠᠲᠤᠷᠴᠤᠳ᠎ᠤᠨ ᠪᠤᠩᠬᠤᠨ᠎ᠤ ᠬᠦᠷᠢᠶᠡᠯᠡᠩ᠎ᠳᠤ ᠴᠡᠴᠡᠭ᠌ᠲᠦ ᠰᠠᠭ᠍ᠰᠤ ᠬᠦᠷᠭᠡᠬᠦ᠌ ᠶᠣᠰᠣᠯᠠᠯ ᠤᠷᠢᠳ ᠬᠤᠵᠢᠳ ᠶᠠᠪᠤᠭ᠍ᠳᠠᠵᠤ᠂ ᠰᠣᠯᠣᠩᠭᠤᠰ᠎ᠲᠤ ᠰᠠᠭᠤᠭ᠎ᠠ ᠮᠠᠨ᠎ᠤ ᠤᠯᠤᠰ᠎ᠤᠨ ᠡᠯᠴᠢᠨ ᠰᠠᠢᠳ ᠯᠢ᠎ᠶ᠋ᠢᠨ ᠵᠢᠶᠦ᠋ᠨ ᠡᠯᠴᠢᠨ ᠰᠠᠢᠳ᠎ᠤᠨ ᠶᠠᠮᠤᠨ᠎ᠤ ᠪᠦᠬᠦ᠌ ᠠᠵᠢᠯᠳᠠᠨ ᠵᠢᠴᠢ ᠰᠣᠯᠣᠩᠭᠤᠰ᠎ᠲᠤ ᠪᠠᠢᠭ᠎ᠠ ᠳᠤᠮᠳᠠᠳᠤ᠎ᠶ᠋ᠢᠨ ᠲᠠᠯ᠎ᠠ᠎ᠶ᠋ᠢᠨ ᠪᠤᠰᠤᠳ ᠲᠥᠯᠥᠭᠡᠯᠡᠭ᠌ᠴᠢ᠎ᠶ᠋ᠢ ᠳᠠᠭᠠᠭᠤᠯᠤᠨ ᠣᠷᠣᠯᠴᠠᠪᠠ᠃

ᠣᠢᠷ᠎ᠠ᠎ᠳᠤ᠂ ᠰᠣᠯᠣᠩᠭᠤᠰ᠎ᠤᠨ᠎ᠬᠢᠨ ᠳᠤᠮᠳᠠᠳᠤ ᠤᠯᠤᠰ᠎ᠤᠨ ᠠᠷᠠᠳ᠎ᠤᠨ ᠰᠠᠢᠨ ᠳᠤᠷ᠎ᠠ᠎ᠶ᠋ᠢᠨ ᠴᠡᠷᠢᠭ᠎ᠤᠨ ᠠᠮᠧᠷᠢᠺᠠ᠎ᠶ᠋ᠢ ᠡᠰᠡᠷᠭᠦᠴᠡᠵᠤ ᠰᠣᠯᠣᠩᠭᠤᠰ᠎ᠢ ᠲᠤᠰᠠᠯᠠᠬᠤ᠎ᠪᠠᠷ ᠭᠠᠳᠠᠭᠠᠳᠤ᠎ᠳᠤ ᠭᠠᠷᠴᠤ᠌ ᠳᠠᠢᠨ ᠬᠢᠭ᠌ᠰᠡᠨ 70 ᠵᠢᠯ᠎ᠤᠨ ᠣᠶ᠎ᠶ᠋ᠢ ᠤᠯᠠᠨ ᠵᠦᠢᠯ᠎ᠤᠨ ᠬᠡᠯᠪᠡᠷᠢ᠎ᠪᠠᠷ ᠦᠪᠡᠳᠡᠭ᠌ᠰᠢ ᠶᠡᠭᠡ᠎ᠪᠠᠷ ᠳᠤᠷᠠᠰᠭᠠᠪᠠ᠃ 10 ᠰᠠᠷ᠎ᠠ᠎ᠶ᠋ᠢᠨ 21 ᠎ᠤ ᠡᠳᠦᠷ᠂ ᠰᠣᠯᠣᠩᠭᠤᠰ᠎ᠤᠨ ᠬᠥᠳᠡᠯᠮᠦᠷᠢᠴᠢᠨ᠎ᠤ ᠨᠠᠮ᠎ᠤᠨ ᠬᠤᠷᠢᠶᠠᠨ ᠳᠠᠷᠤᠭ᠎ᠠ᠂ ᠲᠥᠷᠥ᠎ᠶ᠋ᠢᠨ ᠶᠠᠪᠤᠳᠠᠯ᠎ᠤᠨ ᠬᠤᠷᠢᠶᠠᠨ᠎ᠤ ᠬᠤᠷᠢᠶᠠᠨ ᠳᠠᠷᠤᠭ᠎ᠠ᠎ᠶ᠋ᠢᠨ ᠵᠧᠩ ᠧᠨ ᠾᠦᠢᠼᠠᠩ᠎ᠳᠠᠬᠢ ᠳᠤᠮᠳᠠᠳᠤ ᠤᠯᠤᠰ᠎ᠤᠨ ᠠᠷᠠᠳ᠎ᠤᠨ ᠰᠠᠢᠨ ᠳᠤᠷ᠎ᠠ᠎ᠶ᠋ᠢᠨ ᠴᠡᠷᠢᠭ᠎ᠤᠨ ᠦᠷᠡᠭ᠌ᠳᠡᠭ᠌ᠰᠡᠨ ᠪᠠᠭᠠᠲᠤᠷᠴᠤᠳ᠎ᠤᠨ ᠪᠤᠩᠬᠤᠨ᠎ᠤ ᠬᠦᠷᠢᠶᠡᠯᠡᠩ᠎ᠳᠤ ᠬᠦᠷᠴᠦ᠍ ᠴᠡᠴᠡᠭ᠌ᠲᠦ ᠰᠠᠭ᠍ᠰᠤ ᠬᠦᠷᠭᠡᠪᠡ᠃ ᠲᠤᠰ ᠡᠳᠦᠷ᠂ ᠰᠣᠯᠣᠩᠭᠤᠰ᠎ᠤᠨ ᠲᠠᠯ᠎ᠠ᠎ᠶ᠋ᠢᠨ᠎ᠬᠢᠨ᠎ᠶ᠋ᠢᠨ ᠵᠧᠩ ᠧᠨ᠎ᠤ ᠨᠡᠷ᠎ᠡ᠎ᠪᠠᠷ ᠫᠢᠩᠷᠠᠩ᠎ᠳᠠᠬᠢ ᠳᠤᠮᠳᠠᠳᠤ ᠰᠣᠯᠣᠩᠭᠤᠰ᠎ᠤᠨ ᠨᠥᠬᠦᠷᠯᠡᠯ᠎ᠤᠨ ᠰᠤᠪᠤᠷᠭ᠎ᠠ᠎ᠳᠤ ᠴᠡᠴᠡᠭ᠌ᠲᠦ ᠰᠠᠭ᠍ᠰᠤ ᠬᠦᠷᠭᠡᠭ᠌ᠰᠡᠨ ᠪᠥᠭᠡᠳ 10 ᠰᠠᠷ᠎ᠠ᠎ᠶ᠋ᠢᠨ 22 ᠎ᠤᠨ ᠡᠳᠦᠷ ᠲᠤᠰ ᠲᠤᠰ ᠯᠢᠶᠣᠤᠨᠢᠩ᠎ᠤᠨ ᠮᠦᠭ᠌ᠳᠡᠨ᠎ᠳᠠᠬᠢ ᠠᠮᠧᠷᠢᠺᠠ᠎ᠶ᠋ᠢ ᠡᠰᠡᠷᠭᠦᠴᠡᠵᠤ ᠰᠣᠯᠣᠩᠭᠤᠰ᠎ᠢ ᠲᠤᠰᠠᠯᠠᠬᠤ᠎ᠳᠤ ᠦᠷᠡᠭ᠌ᠳᠡᠭ᠌ᠰᠡᠨ ᠪᠠᠭᠠᠲᠤᠷᠴᠤᠳ᠎ᠤᠨ ᠪᠤᠩᠬᠤᠨ᠎ᠤ ᠬᠦᠷᠢᠶᠡᠯᠡᠩ᠂ ᠳ᠋ᠠᠨᠳᠦ᠋ᠩ᠎ᠳᠠᠬᠢ ᠠᠮᠧᠷᠢᠺᠠ᠎ᠶ᠋ᠢ ᠡᠰᠡᠷᠭᠦᠴᠡᠵᠤ ᠰᠣᠯᠣᠩᠭᠤᠰ᠎ᠢ ᠲᠤᠰᠠᠯᠠᠭ᠍ᠰᠠᠨ ᠳᠤᠷᠠᠰᠭᠠᠯ᠎ᠤᠨ ᠰᠤᠪᠤᠷᠭ᠎ᠠ᠎ᠳᠤ ᠴᠡᠴᠡᠭ᠌ᠲᠦ ᠰᠠᠭ᠍ᠰᠤ ᠬᠦᠷᠭᠡᠪᠡ᠃ ᠰᠣᠯᠣᠩᠭᠤᠰ᠎ᠤᠨ ᠨᠠᠮ ᠵᠠᠰᠠᠭ ᠴᠡᠷᠢᠭ᠎ᠤᠨ ᠬᠠᠮᠢᠶ᠎ᠠ ᠪᠦᠬᠦᠢ ᠪᠠᠢᠭᠤᠯᠤᠮᠵᠢ ᠪᠠᠰᠠ ᠫᠢᠩᠷᠠᠩ᠂ ᠾᠦᠢᠼᠠᠩ᠎ᠳᠠᠬᠢ ᠳᠤᠷᠠᠰᠭᠠᠯ᠎ᠤᠨ ᠭᠠᠵᠠᠷ᠎ᠲᠤ ᠴᠡᠴᠡᠭ᠌ᠲᠦ ᠰᠠᠭ᠍ᠰᠤ ᠬᠦᠷᠭᠡᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠼᠠᠢ ᠬᠤᠩ
ᠱᠢᠨᠬᠤᠸᠠ ᠬᠤᠷᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号