ᠪᠠᠭ᠍ᠠᠷᠬᠠᠯᠳᠣ ᠢᠦ᠋ᠢᠴᠢᠣᠸᠠᠨ᠎ᠤ ᠪᠠᠷᠠᠭ᠍ᠳᠠᠰᠢ ᠦᠭᠡᠢ ᠬᠦᠳᠡᠯᠭᠡᠭ᠌ᠴᠢ ᠬᠦᠴᠦᠨ
2020-10-24 10:32:09
ᠵᠣᠬᠢᠶᠠᠭ᠍ᠴᠢ᠄
ᠰᠦᠨ ᠯᠢ ᠶᠢᠩ
ᠣᠩᠱᠢᠭ᠍ᠰᠠᠨ ᠣᠳᠠᠭ᠎ᠠ᠄
★★★☆☆

— ᠬᠦᠬᠡᠬᠤᠳᠠ᠎ᠶ᠋ᠢᠨ ᠢᠦ᠋ᠢᠴᠢᠤᠸᠠᠨ ᠲᠣᠭᠤᠷᠢᠭ᠎ᠤᠨ ᠦᠨᠳᠦᠰᠦᠨ ᠱᠠᠳᠤᠨ᠎ᠤ ᠨᠠᠮ᠎ᠤᠨ ᠪᠠᠢᠭᠤᠯᠤᠯᠲᠠ᠎ᠶ᠋ᠢᠨ ᠠᠵᠢᠯ᠎ᠢ ᠲᠡᠮᠳᠡᠭ᠌ᠯᠡᠪᠡ 

ᠡᠳᠦᠷ ᠪᠦᠷᠢ᠎ᠶ᠋ᠢᠨ ᠥᠷᠯᠥᠭᠡ᠎ᠶ᠋ᠢᠨ 7 ᠴᠠᠭ᠎ᠲᠤ᠌᠂ ᠳᠠᠯᠠ ᠲᠦᠬᠦᠵᠦ᠍ ᠪᠠᠢᠭ᠎ᠠ ᠬᠦᠬᠡᠬᠤᠳᠠ᠎ᠶ᠋ᠢᠨ ᠢᠦ᠋ᠢᠴᠢᠤᠸᠠᠨ ᠲᠣᠭᠤᠷᠢᠭ᠎ᠤᠨ ᠴᠢᠩ ᠴᠢᠤᠸᠠᠨ ᠵᠡᠭᠡᠯᠢ᠎ᠶ᠋ᠢᠨ ᠨᠡᠢᠭᠡᠮ ᠲᠣᠭᠤᠷᠢᠭ᠎ᠤᠨ ᠨᠠᠮ᠎ᠤᠨ ᠬᠤᠷᠢᠶᠠᠨ᠎ᠤ ᠱᠦᠵᠢ ᠦ᠋ ᠾᠧ ᠱᠢᠶᠠᠩ ᠬᠠᠷᠢᠶ᠎ᠠ ᠣᠷᠣᠨ᠎ᠤ ᠵᠡᠭᠡᠯᠢ ᠭᠤᠳᠤᠮᠵᠢ᠎ᠪᠠᠨ ᠱᠦᠭᠦᠷᠳᠡᠨ ᠴᠡᠪᠡᠷᠯᠡᠬᠦ᠌ ᠠᠵᠢᠯ᠎ᠢ ᠳᠠᠰᠣᠯᠳᠠᠭᠤᠯᠣᠯ ᠦᠭᠡᠢ ᠬᠢᠳᠡᠭ᠃ ᠬᠤᠲᠠ᠎ᠶ᠋ᠢᠨ ᠣᠷᠴᠢᠨ ᠲᠣᠭᠤᠷᠢᠨ᠎ᠢ ᠶᠡᠷᠦᠩᠬᠡᠢᠯᠡᠨ ᠴᠡᠭ᠌ᠴᠡᠯᠡᠨ ᠰᠠᠢᠵᠢᠷᠠᠭᠤᠯᠬᠤ ᠲᠤᠰᠭᠠᠶ ᠠᠵᠢᠯᠯᠠᠭ᠎ᠠ ᠥᠷᠨᠢᠭᠦᠯᠦᠭ᠌ᠰᠡᠨ᠎ᠠᠴᠠ ᠨᠠᠭᠠᠰᠢ᠂ ᠲᠡᠭᠦᠨ᠎ᠤ ᠳᠠᠭᠠᠭᠤᠯᠭ᠎ᠠ᠎ᠪᠠᠷ ᠨᠡᠢᠭᠡᠮ ᠲᠣᠭᠤᠷᠢᠭ᠎ᠤᠨ 1000 ᠭᠠᠷᠤᠶ ᠰᠠᠢᠨ ᠳᠤᠷᠠᠴᠤᠣᠨ᠎ᠨᠢ ᠣᠷᠴᠢᠨ ᠲᠣᠭᠤᠷᠢᠨ᠎ᠢ ᠴᠡᠭ᠌ᠴᠡᠯᠡᠨ ᠰᠠᠢᠵᠢᠷᠠᠭᠤᠯᠬᠤ ᠠᠵᠢᠯ᠎ᠳᠤ ᠢᠳᠡᠪᠬᠢᠯᠡᠨ ᠣᠷᠣᠯᠴᠠᠵᠤ᠂ ᠬᠡᠨ᠎ᠤ ᠳᠡᠯᠭᠡᠭᠦᠷ᠎ᠤᠨ ᠡᠮᠦᠨᠡᠬᠢ ᠠᠷᠢᠭᠤᠨ ᠴᠡᠪᠡᠷ᠎ᠨᠢ ᠪᠠᠷᠢᠮᠵᠢᠶ᠎ᠠ᠎ᠳᠤ ᠬᠦᠷᠦᠭ᠌ᠰᠡᠨ ᠦᠭᠡᠢ᠂ ᠠᠯᠢ ᠨᠢᠭᠡᠨ ᠵᠡᠭᠡᠯᠢ ᠭᠤᠳᠤᠮᠵᠢ᠎ᠶ᠋ᠢ ᠰᠠᠢᠳᠤᠷ ᠴᠡᠪᠡᠷᠯᠡᠭ᠌ᠰᠡᠨ ᠦᠭᠡᠢ ᠪᠤᠯ᠂ ᠰᠠᠨᠠᠭᠤᠯᠭ᠎ᠠ ᠳᠣᠷᠠᠳᠣᠨ ᠱᠢᠢᠳᠪᠦᠷᠢᠯᠡᠭᠦᠯᠳᠡᠭ ᠪᠣᠯᠵᠠᠢ᠃

ᠴᠢᠩ ᠴᠢᠤᠸᠠᠨ ᠵᠡᠭᠡᠯᠢ᠎ᠶ᠋ᠢᠨ ᠨᠡᠢᠭᠡᠮ ᠲᠣᠭᠤᠷᠢᠭ ᠬᠦᠬᠡᠬᠤᠳᠠ᠎ᠶ᠋ᠢᠨ ᠶᠡᠭᠡ ᠵᠤᠤ ᠵᠢᠭᠤᠯᠴᠢᠯᠠᠯ᠎ᠤᠨ ᠦᠵᠡᠮᠵᠢ᠎ᠶ᠋ᠢᠨ ᠣᠷᠣᠨ᠎ᠳᠤ ᠪᠠᠢᠷᠢᠯᠠᠵᠤ᠂ ᠢᠦ᠋ᠢᠴᠢᠤᠸᠠᠨ ᠲᠣᠭᠤᠷᠢᠭ᠎ᠤᠨ ᠱᠢᠩ ᠯᠦᠩ ᠵᠡᠭᠡᠯᠢ ᠭᠤᠳᠤᠮᠵᠢ᠎ᠶ᠋ᠢᠨ ᠬᠡᠷᠡᠭ ᠡᠷᠬᠢᠯᠡᠬᠦ᠌ ᠭᠠᠵᠠᠷ᠎ᠲᠤ ᠬᠠᠷᠢᠶᠠᠯᠠᠭ᠍ᠳᠠᠳᠠᠭ᠃ ᠳᠣᠰ ᠨᠡᠢᠭᠡᠮ᠎ᠤᠨ ᠳᠣᠭᠤᠷᠢᠭ᠎ᠤᠨ ᠲᠠᠯᠠᠪᠠᠢ᠎ᠨᠢ 0.36 ᠲᠡᠭ᠌ᠰᠢ ᠳᠥᠷᠪᠡᠯᠵᠢᠨ ᠺᠢᠯᠣᠮᠧᠲᠷ ᠯᠠ ᠪᠠᠢᠳᠠᠭ ᠴᠦ᠍ ᠬᠠᠷᠢᠶ᠎ᠠ ᠣᠷᠣᠨ᠎ᠳᠤᠨᠢ 15 ᠰᠠᠭᠤᠭᠠᠯᠢ ᠠᠷᠠᠳ᠎ᠤᠨ ᠲᠤᠭᠤᠷᠢᠭ᠂ 48 ᠰᠠᠭᠤᠭᠠᠯᠢ ᠠᠷᠠᠳ᠎ᠤᠨ ᠠᠰᠠᠷ᠂ 2732 ᠡᠷᠦᠬᠡ᠂ 8800 ᠭᠠᠷᠤᠶ ᠰᠠᠭᠤᠭᠠᠯᠢ ᠠᠷᠠᠳ᠎ᠲᠠᠢ᠃ ᠨᠡᠢᠭᠡᠮ ᠲᠣᠭᠤᠷᠢᠭ᠎ᠤᠨ᠎ᠢᠶᠠᠨ ᠠᠵᠢᠯ ᠠᠯᠳᠠᠭ᠍ᠰᠠᠨ ᠬᠥᠮᠦᠨ ᠣᠯᠠᠨ᠂ ᠬᠦᠴᠢᠷᠳᠡᠯᠲᠡᠶ ᠰᠠᠭᠤᠭᠠᠯᠢ ᠠᠷᠠᠳ ᠣᠯᠠᠨ᠂ ᠵᠡᠮᠳᠡᠭ ᠬᠥᠮᠦᠨ ᠣᠯᠠᠨ᠂ ᠰᠠᠭᠤᠷᠢ ᠲᠥᠬᠦᠭᠡᠷᠦᠮᠵᠢ ᠪᠠᠷᠣᠭ᠍ᠳᠠᠢ ᠪᠠᠢᠶᠳᠠᠭ ᠣᠨᠴᠠᠯᠢᠭ᠎ᠲᠤ ᠴᠢᠭ᠌ᠯᠡᠬᠦᠯᠦᠨ᠂ ᠨᠡᠢᠭᠡᠮ ᠲᠣᠭᠤᠷᠢᠭ᠎ᠤᠨ ᠨᠠᠮ᠎ᠤᠨ ᠵᠣᠬᠢᠶᠠᠨ ᠪᠠᠢᠭᠤᠯᠤᠯᠲᠠ᠎ᠨᠢ ᠨᠠᠮ᠎ᠤᠨ ᠬᠤᠷᠢᠶᠠᠨ᠎ᠤ ᠱᠦᠵᠢ ᠡᠤ ᠾᠧ ᠱᠢᠶᠠᠩ᠎ᠤᠨ ᠳᠠᠭᠠᠭᠤᠯᠭ᠎ᠠ᠎ᠪᠠᠷ 《ᠠᠮᠤᠷ ᠲᠦᠪᠱᠢᠨ᠎ᠢᠶᠠᠷ ᠭᠤᠤᠯᠳᠠᠯᠭ᠎ᠠ ᠪᠣᠯᠭᠠᠬᠤ᠂ ᠣᠷᠣᠱᠢᠨ ᠰᠠᠭᠤᠬᠤ᠎ᠪᠠᠷ ᠰᠠᠭᠤᠷᠢ ᠪᠣᠯᠭᠠᠬᠤ᠂ ᠪᠠᠶᠠᠷ ᠪᠠᠭ᠍ᠠᠳᠤᠯ᠎ᠢᠶᠠᠷ ᠲᠡᠷᠢᠭᠦᠨ ᠪᠣᠯᠭᠠᠬᠤ᠂ ᠠᠵᠢᠯ᠎ᠢᠶᠠᠨ ᠪᠣᠳᠠᠲᠠᠶ ᠬᠢᠬᠦ᠌》 ᠲᠦᠷᠪᠡᠨ ᠲᠠᠯ᠎ᠠ᠎ᠠᠴᠠ ᠭᠠᠷᠳᠠᠵᠤ᠂ ᠠᠷᠠᠳ᠎ᠲᠤ ᠲᠥᠬᠦᠮ ᠦᠵᠡᠭᠦᠯᠵᠦ᠍ ᠠᠷᠠᠳ᠎ᠲᠤ ᠠᠱᠢᠭ ᠬᠦᠷᠲᠡᠭᠡᠬᠦ᠌ ᠠᠯᠢ ᠣᠯᠠᠨ  ᠦᠢᠯᠡᠴᠢᠯᠡᠭᠡ ᠥᠷᠨᠢᠭᠦᠯᠵᠦ᠍᠂ ᠨᠡᠢᠭᠡᠮ ᠲᠣᠭᠤᠷᠢᠭ᠎ᠤᠨ ᠦᠢᠯᠡᠴᠢᠯᠡᠭᠡᠨ᠎ᠤ ᠲᠦᠪᠱᠢᠨ᠎ᠢᠶᠠᠨ ᠪᠥᠬᠦ᠌ ᠲᠠᠯ᠎ᠠ᠎ᠪᠠᠷ ᠳᠡᠭᠡᠭ᠌ᠰᠢᠯᠡᠭᠦᠯᠪᠡ᠃ ᠨᠡᠢᠭᠡᠮ ᠲᠣᠭᠤᠷᠢᠭ᠎ᠤᠨ ᠨᠠᠮ᠎ᠤᠨ ᠭᠡᠱᠢᠭᠦᠨ ᠥᠪᠡᠷ᠎ᠢ᠎ᠪᠠᠨ ᠰᠠᠢᠲᠤᠷ ᠬᠠᠮᠢᠶᠠᠷᠬᠤ᠂ ᠬᠦᠴᠢᠷᠳᠡᠯᠲᠡᠶ ᠰᠠᠭᠤᠭᠠᠯᠢ ᠠᠷᠠᠳ᠎ᠲᠠᠢ ᠬᠠᠷᠢᠯᠴᠠᠬᠤ᠂ ᠭᠡᠷ ᠪᠦᠯᠢ᠂ ᠬᠥᠷᠰᠢ ᠵᠡᠷᠭᠡᠯᠡᠳᠡᠭᠡ᠂ ᠵᠡᠭᠡᠯᠢ ᠭᠤᠳᠤᠮᠵᠢ ᠭᠤᠷᠪᠠ᠎ᠶ᠋ᠢ ᠰᠠᠢᠲᠤᠷ ᠲᠠᠢᠴᠢᠯᠠᠬᠤ᠂ ᠨᠠᠮ᠎ᠤᠨ ᠭᠡᠱᠢᠭᠦᠳ᠎ᠢ ᠬᠠᠨᠤᠮᠵᠢᠲᠠᠶ ᠪᠠᠢᠯᠭᠠᠬᠤ᠂ ᠣᠯᠠᠨ ᠲᠦᠮᠡᠨ᠎ᠢ ᠬᠠᠨᠤᠮᠵᠢᠲᠠᠶ ᠪᠠᠢᠯᠭᠠᠬᠤ᠂ ᠥᠪᠡᠷ᠎ᠢ᠎ᠪᠠᠨ ᠬᠠᠨᠤᠮᠵᠢᠲᠠᠶ ᠪᠠᠢᠯᠭᠠᠬᠤ᠂ ᠵᠣᠬᠢᠶᠠᠨ ᠪᠠᠢᠭᠤᠯᠤᠯᠲᠠ᠎ᠶ᠋ᠢ ᠬᠠᠨᠤᠮᠵᠢᠲᠠᠶ ᠪᠠᠢᠯᠭᠠᠬᠤ᠎ᠪᠠᠷ ᠭᠤᠣᠯ ᠠᠭᠤᠯᠭ᠎ᠠ ᠪᠣᠯᠭᠠᠭ᠍ᠰᠠᠨ 《ᠨᠢᠭᠡ᠎ᠶ᠋ᠢ ᠬᠠᠮᠢᠶᠠᠷᠬᠤ᠂ ᠨᠢᠭᠡ᠎ᠲᠠᠢ ᠬᠠᠷᠢᠯᠴᠠᠬᠤ᠂ ᠭᠤᠷᠪᠠ᠎ᠶ᠋ᠢ ᠳᠠᠢᠴᠢᠯᠠᠬᠤ᠂ ᠳᠥᠷᠪᠡ᠎ᠶ᠋ᠢ ᠬᠠᠨᠤᠮᠵᠢᠲᠠᠶ ᠪᠠᠢᠯᠭᠠᠬᠤ》 ᠦᠨᠳᠦᠰᠦᠨ ᠱᠠᠲᠤᠨ᠎ᠤ ᠨᠠᠮ᠎ᠤᠨ ᠪᠠᠢᠭᠤᠯᠤᠯᠲᠠ᠎ᠶ᠋ᠢᠨ ᠠᠵᠢᠯᠯᠠᠭ᠎ᠠ ᠦᠷᠨᠢᠬᠦᠯᠵᠦ᠍᠂ ᠬᠠᠷᠢᠶ᠎ᠠ ᠣᠷᠣᠨ᠂ ᠡᠷᠭᠢᠨ ᠳᠣᠭᠤᠷᠢᠨ ᠵᠢᠴᠢ ᠭᠠᠳᠠᠷ ᠮᠣᠵᠢ ᠬᠤᠲᠠ᠎ᠶ᠋ᠢᠨ᠎ᠬᠢᠨ᠎ᠤ ᠲᠤᠰᠠᠯᠠᠮᠵᠢ ᠬᠦᠰᠡᠭ᠌ᠰᠡᠨ ᠣᠯᠠᠨ ᠲᠦᠮᠡᠨ᠎ᠤ ᠠᠰᠠᠭᠤᠳᠠᠯ᠎ᠢ 3000 ᠭᠠᠷᠤᠢ ᠤᠳᠠᠭ᠎ᠠ  ᠱᠢᠢᠳᠪᠦᠷᠢᠯᠡᠨ ᠦᠭ᠌ᠴᠦ᠂ ᠬᠦᠴᠢᠷᠳᠡᠯᠲᠡᠶ ᠠᠵᠢᠯᠲᠠᠨ ᠠᠵᠢᠯᠴᠢᠨ᠎ᠢ 820 ᠬᠥᠮᠦᠨ ᠤᠳᠠᠭ᠎ᠠ ᠬᠠᠪᠰᠤᠷᠤᠨ ᠲᠡᠮᠵᠢᠵᠦ᠍᠂ 《ᠪᠦᠬᠦ᠌ ᠤᠯᠤᠰ᠎ᠤᠨ ᠡᠶ᠎ᠡ ᠵᠣᠬᠢᠴᠠᠩᠭᠤᠢ ᠨᠡᠢᠭᠡᠮ ᠲᠣᠭᠤᠷᠢᠭ》᠂ 《ᠪᠦᠬᠦ᠌ ᠤᠯᠤᠰ᠎ᠤᠨ ᠬᠠᠯᠠᠭᠤᠨ ᠰᠡᠳᠭᠢᠯᠳᠦ ᠨᠡᠢᠭᠡᠮ ᠲᠣᠭᠤᠷᠢᠭ》 ᠎ᠢᠶᠠᠷ ᠦᠨᠡᠯᠡᠭ᠌ᠳᠡᠵᠦ᠍᠂ ᠦ᠋ ᠾᠧ ᠱᠢᠶᠠᠩ ᠴᠦ᠍ 《ᠪᠥᠬᠦ᠌ ᠤᠯᠤᠰ᠎ᠤᠨ ᠬᠠᠯᠠᠭᠤᠨ ᠰᠡᠳᠭᠢᠯᠳᠦ ᠬᠤᠪᠢ ᠬᠥᠮᠦᠨ》 ᠎ᠤ ᠢᠷᠠᠭᠤ ᠠᠯᠳᠠᠷ᠎ᠢ ᠬᠦᠷᠳᠡᠪᠡ᠃

ᠴᠢᠩ ᠴᠢᠤᠸᠠᠨ ᠵᠡᠭᠡᠯᠢ᠎ᠶ᠋ᠢᠨ ᠨᠡᠢᠭᠡᠮ ᠲᠣᠭᠤᠷᠢᠭ᠎ᠤᠨ ᠨᠠᠮ᠎ᠤᠨ ᠪᠠᠢᠭᠤᠯᠣᠯᠳᠠ᠎ᠶ᠋ᠢ ᠴᠢᠩᠭᠠᠳᠭᠠᠵᠣ ᠨᠡᠢᠭᠡᠮ᠎ᠤᠨ ᠵᠠᠰᠠᠯᠳᠠ᠎ᠶ᠋ᠢ ᠠᠬᠢᠭᠤᠯᠣᠭ᠍ᠰᠠᠨ ᠠᠵᠢᠯ᠎ᠨᠢ ᠢᠦ᠋ᠢᠴᠢᠣᠸᠠᠨ ᠳᠣᠭᠤᠷᠢᠭ᠎ᠤᠨ ᠦᠨᠳᠦᠰᠦᠨ ᠱᠠᠳᠣᠨ᠎ᠤ ᠨᠠᠮ᠎ᠤᠨ ᠪᠠᠢᠭᠤᠯᠣᠯᠳᠠ᠎ᠶ᠋ᠢᠨ ᠠᠵᠢᠯ᠎ᠤᠨ ᠨᠢᠭᠡᠨ ᠴᠤᠮᠬᠠᠳᠭᠠᠯ ᠵᠢᠷᠤᠭ ᠲᠡᠳᠦᠢ᠃

ᠤᠳᠤ ᠪᠤᠯᠳᠠᠯ᠎ᠠ᠂ ᠢᠦ᠋ᠢᠴᠢᠤᠸᠠᠨ ᠲᠣᠭᠤᠷᠢᠭ ᠦᠨᠳᠦᠰᠦᠨ ᠱᠠᠲᠤᠨ᠎ᠤ ᠨᠠᠮ᠎ᠤᠨ ᠪᠠᠢᠭᠤᠯᠤᠯᠲᠠ᠎ᠶ᠋ᠢᠨ ᠠᠵᠢᠯ᠎ᠤᠨ 22 ᠲᠦᠷᠦᠯ ᠲᠡᠮᠳᠡᠭ᠎ᠢ ᠡᠭᠦᠳᠴᠤ᠌᠂ ᠵᠡᠭᠡᠯᠢ ᠭᠤᠳᠤᠮᠵᠢ᠎ᠶ᠋ᠢᠨ 《ᠲᠣᠮᠣ ᠠᠵᠢᠯ᠎ᠤᠨ ᠬᠤᠷᠢᠶ᠎ᠠ》᠂ ᠨᠡᠢᠭᠡᠮ ᠲᠣᠭᠤᠷᠢᠭ᠎ᠤᠨ 《ᠲᠣᠮᠣ ᠨᠠᠮ᠎ᠤᠨ ᠬᠤᠷᠢᠶ᠎ᠠ》 ᠎ᠶ᠋ᠢᠨ ᠵᠠᠭ᠍ᠪᠤᠷ᠎ᠢ ᠪᠠᠢᠭᠤᠯᠬᠤ᠎ᠪᠠᠷ ᠳᠠᠮᠵᠢᠭᠤᠯᠣᠨ᠂ ᠬᠠᠷᠢᠭᠤᠴᠠᠯᠭ᠎ᠠ᠎ᠶ᠋ᠢ ᠬᠠᠮᠲᠤ᠎ᠪᠠᠷ ᠡᠭᠦᠷᠭᠡᠯᠡᠬᠦ᠂ ᠣᠴᠢᠷ ᠶᠠᠪᠤᠳᠠᠯ᠎ᠢ ᠬᠠᠮᠲᠤ᠎ᠪᠠᠷ ᠵᠥᠪᠳᠡᠯᠴᠡᠬᠦ᠂ ᠡᠬᠢ ᠪᠠᠶᠠᠯᠢᠭ᠎ᠢ ᠬᠠᠮᠲᠤ᠎ᠪᠠᠷ ᠡᠳ᠋ᠯᠡᠬᠦ᠂ ᠪᠣᠳᠠᠲᠠᠢ ᠠᠵᠢᠯ᠎ᠢ ᠬᠠᠮᠲᠤ᠎ᠪᠠᠷ ᠭᠦᠢᠴᠡᠳᠭᠡᠬᠦ᠌ ᠠᠵᠢᠯ᠎ᠤᠨ ᠲᠣᠭ᠍ᠲᠠᠴᠠ᠎ᠶ᠋ᠢ ᠪᠠᠢᠭᠤᠯᠤᠨ ᠪᠦᠷᠢᠨᠱᠢᠭᠦᠯᠪᠡ᠃ ᠢᠦ᠋ᠢᠴᠢᠤᠸᠠᠨ ᠲᠣᠭᠤᠷᠢᠭ᠎ᠤᠨ ᠨᠠᠮ᠎ᠤᠨ ᠬᠤᠷᠢᠶᠠᠠ᠎ᠤ ᠵᠣᠬᠢᠶᠠᠨ ᠪᠠᠢᠭᠤᠯᠬᠤ ᠬᠡᠯᠲᠡᠰ ᠳᠣᠭᠤᠷᠢᠭ᠎ᠲᠤᠨᠢ ᠰᠠᠭᠤᠭ᠎ᠠ 186 ᠪᠠᠢᠭᠤᠯᠭ᠎ᠠ ᠨᠢᠭᠡᠴᠢ᠂ 290 ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠂ 6888 ᠲᠠᠩᠰᠠᠯᠠᠭᠤᠯᠤᠬ᠍ᠰᠠᠨ ᠨᠠᠮ᠎ᠤᠨ ᠭᠡᠱᠢᠭᠦᠨ᠎ᠢ ᠨᠢᠭ᠍ᠲᠠᠷᠠᠭᠤᠯᠤᠨ ᠬᠤᠯᠪᠣᠵᠤ᠂ ᠪᠠᠢᠭᠤᠯᠭ᠎ᠠ ᠨᠢᠭᠡᠴᠢ ᠪᠣᠯᠤᠨ ᠨᠡᠢᠭᠡᠮ ᠲᠣᠭᠤᠷᠢᠭ᠎ᠤᠨ ᠨᠠᠮ᠎ᠤᠨ ᠪᠠᠢᠭᠤᠯᠤᠯᠲᠠ᠎ᠶ᠋ᠢᠨ ᠡᠭᠦᠷᠭᠡ᠎ᠶ᠋ᠢᠨ 《ᠬᠤᠶᠠᠷ ᠨᠠᠷᠢᠨ ᠳᠠᠩᠰᠠ᠂ ᠬᠤᠶᠠᠷ᠎ᠢ ᠲᠠᠨᠢᠵᠤ ᠠᠪᠬᠤ》 ᠳᠦᠷᠢᠮ᠎ᠢ ᠬᠡᠷᠡᠭ᠌ᠵᠢᠭᠦᠯᠵᠦ᠍᠂ ᠨᠡᠢᠭᠡᠮ ᠲᠣᠭᠤᠷᠢᠭ ᠪᠠ ᠳᠣᠭᠤᠷᠢᠭ᠎ᠲᠤᠨᠢ ᠰᠠᠭᠤᠭ᠎ᠠ ᠪᠠᠢᠭᠤᠯᠭ᠎ᠠ ᠨᠢᠭᠡᠴᠢ᠎ᠶ᠋ᠢᠨ ᠰᠤᠷᠭᠠᠨ ᠬᠥᠮᠦᠵᠢᠯ᠂ ᠰᠣᠶᠣᠯ ᠵᠡᠷᠭᠡ ᠡᠯ᠎ᠡ ᠲᠥᠷᠥᠯ᠎ᠤᠨ ᠡᠬᠢ ᠪᠠᠶᠠᠯᠢᠭ᠎ᠢ ᠨᠡᠢᠳᠭᠡᠨ ᠨᠡᠢᠭᠡᠮ ᠲᠣᠭᠤᠷᠢᠭ᠎ᠲᠤ ᠦᠢᠯᠡᠴᠢᠯᠡᠭᠦᠯᠵᠦ᠍᠂ ᠬᠤᠯᠪᠣᠭᠠᠯᠠᠨ ᠬᠥᠳᠡᠯᠦᠯᠴᠡᠵᠦ᠍ ᠬᠠᠮᠲᠤ᠎ᠪᠠᠷ ᠪᠠᠢᠭᠤᠯᠬᠤ᠎ᠶ᠋ᠢ ᠪᠡᠶᠡᠯᠡᠭᠦᠯᠪᠡ᠃

ᠦᠨᠳᠦᠰᠦᠨ ᠱᠠᠲᠤ ᠪᠣᠯ ᠨᠠᠮ᠎ᠤᠨ ᠲᠥᠷᠥ᠍ ᠪᠠᠷᠢᠬᠤ ᠰᠠᠭᠤᠷᠢ ᠪᠣᠯᠣᠨ᠎ᠠ᠂ ᠦᠨᠳᠦᠰᠦᠨ ᠱᠠᠲᠤᠨ᠎ᠤ ᠨᠠᠮ᠎ᠤᠨ ᠪᠠᠢᠭᠤᠯᠤᠯᠲᠠ᠎ᠶ᠋ᠢ ᠰᠠᠢᠳᠤᠷ ᠠᠳᠭᠤᠬᠤ᠎ᠳᠤ ᠡᠷᠬᠡᠪᠰᠢ ᠨᠠᠮ᠎ᠤᠨ ᠪᠠᠢᠭᠤᠯᠤᠯᠲᠠ᠎ᠶ᠋ᠢ ᠠᠷᠠᠳ᠎ᠲᠤ ᠠᠱᠢᠭ ᠬᠦᠷᠲᠡᠭᠡᠬᠦ᠌᠎ᠲᠠᠢ ᠤᠶᠠᠯᠳᠤᠭᠤᠯᠵᠤ᠂ ᠠᠷᠠᠳ ᠤᠯᠠᠨ᠎ᠳᠤ ᠨᠠᠮ᠎ᠤᠨ ᠦᠨᠳᠦᠰᠦᠨ ᠱᠠᠲᠤᠨ᠎ᠤ ᠵᠠᠰᠠᠯᠲᠠ᠎ᠶ᠋ᠢᠨ ᠦᠷ᠎ᠡ ᠪᠦᠲᠦᠭᠡᠯ᠎ᠢ ᠡᠳ᠋ᠯᠡᠬᠦᠯᠬᠦ᠌ ᠬᠡᠷᠡᠭ᠌ᠲᠡᠢ᠃

ᠢᠦ᠋ᠢᠴᠢᠤᠸᠠᠨ ᠲᠣᠭᠤᠷᠢᠭ᠎ᠤᠨ ᠱᠢᠩ ᠯᠦᠩ ᠵᠡᠭᠡᠯᠢ ᠭᠤᠳᠤᠮᠵᠢ᠎ᠶ᠋ᠢᠨ ᠰᠧ ᠯᠢ ᠶᠢᠩ ᠪᠠᠷᠠᠭᠤᠨ ᠨᠡᠢᠭᠡᠮ ᠲᠣᠭᠤᠷᠢᠭ᠎ᠤᠨ ᠣᠯᠠᠨ ᠴᠢᠳᠠᠪᠬᠢᠳᠣ ᠠᠵᠢᠯᠯᠠᠭᠠᠨ᠎ᠤ ᠲᠠᠰᠤᠭ᠎ᠲᠤ ᠨᠠᠰᠤᠲᠠᠢᠴᠤᠳ ᠬᠥᠵᠥᠷ ᠲᠣᠭ᠍ᠯᠠᠨ ᠱᠢᠲᠠᠷ᠎ᠠ ᠨᠠᠭᠠᠳᠴᠤ᠌᠂ ᠬᠤᠭᠤᠷᠤᠨᠳᠤ᠎ᠪᠠᠨ ᠵᠤᠭᠤᠭ ᠲᠡᠯᠭᠡᠬᠦ᠌ ᠵᠢᠷᠤᠭ ᠱᠢᠬ ᠰᠠᠢᠬᠠᠨ ᠦᠵᠡᠭ᠌ᠳᠡᠯ ᠬᠦᠮᠦᠰ᠎ᠤᠨ ᠰᠤᠨᠢᠷᠬᠠᠯ᠎ᠢ ᠲᠠᠳᠠᠨ᠎ᠠ᠃

ᠰᠠᠭᠤᠭᠠᠯᠢ ᠠᠷᠠᠳ᠎ᠲᠤ ᠨᠠᠩ ᠰᠠᠢᠳᠤᠷ ᠦᠢᠯᠡᠴᠢᠯᠡᠬᠦ᠌᠎ᠶ᠋ᠢᠨ ᠲᠥᠯᠥᠭᠡ᠂ ᠨᠡᠢᠭᠡᠮ ᠲᠣᠭᠤᠷᠢᠭ᠎ᠠᠴᠠ᠎ᠪᠠᠨ ᠴᠢᠳᠠᠪᠬᠢᠳᠦ ᠲᠠᠰᠤᠭ ᠪᠦᠷᠢ᠎ᠳᠤ ᠨᠢᠭᠡ ᠬᠠᠮᠢᠶᠠᠷᠤᠭ᠍ᠴᠢ ᠲᠣᠬᠢᠷᠠᠭᠤᠯᠵᠤ᠂ ᠠᠷᠤ ᠳᠠᠯ᠎ᠠ᠎ᠶ᠋ᠢᠨ ᠦᠢᠯᠡᠴᠢᠯᠡᠭᠡᠨ᠎ᠤ ᠠᠵᠢᠯ᠎ᠢ ᠰᠠᠢᠲᠤᠷ ᠬᠢᠵᠦ᠍᠂ ᠢᠯᠠᠩᠭᠤᠶ᠎ᠠ ᠬᠦᠳᠡᠯᠵᠦ᠍ ᠪᠠᠷᠢᠬᠤ᠎ᠳᠤ ᠳᠥᠭᠦᠮ ᠦᠭᠡᠢ ᠨᠠᠰᠤᠲᠠᠢᠴᠤᠳ᠎ᠲᠤ ᠤᠨᠴᠠᠭᠠᠢ ᠬᠠᠷᠠᠭᠠᠯᠵᠠᠯ ᠦᠵᠡᠬᠦᠯᠪᠡ᠃ 《ᠣᠳᠣ ᠮᠠᠰᠢ ᠣᠯᠠᠨ ᠰᠠᠭᠤᠭᠠᠯᠢ ᠠᠷᠠᠳ ᠠᠵᠢᠯᠯᠠᠭᠠᠨ᠎ᠤ ᠳᠠᠰᠤᠭ᠎ᠲᠤ ᠢᠷᠡᠵᠦ᠍ ᠡᠯ᠎ᠠ ᠲᠦᠷᠦᠯ᠎ᠤᠨ ᠠᠵᠢᠯᠯᠠᠭ᠎ᠠ᠎ᠳᠤ ᠤᠷᠤᠯᠴᠠᠵᠤ ᠪᠣᠢ᠂ ᠨᠠᠰᠤᠲᠠᠢᠴᠤᠳ ᠬᠡᠤᠬᠡᠳ ᠣᠨᠴᠠᠭᠠᠢ ᠤᠯᠠᠨ ᠪᠠᠢᠨ᠎ᠠ᠂ ᠪᠢᠳᠠ ᠨᠡᠢᠭᠡᠮ ᠲᠣᠭᠤᠷᠢᠭ᠎ᠤᠨ ᠦᠢᠯᠡᠴᠢᠯᠡᠭᠡ᠎ᠳᠤ ᠰᠡᠳᠭᠢᠯ ᠬᠠᠨᠤᠮᠵᠢᠲᠠᠶ ᠪᠠᠢᠨ᠎ᠠ》 ᠭᠡᠵᠦ᠍ ᠵᠠᠩ ᠨᠠᠰᠣᠳᠠᠨ ᠪᠠᠶᠠᠷᠲᠠᠢᠬᠠᠨ ᠬᠡᠯᠡᠨ᠎ᠡ᠃

ᠰᠧ ᠯᠢ ᠶᠢᠩ ᠪᠠᠷᠠᠭᠤᠨ ᠨᠡᠢᠭᠡᠮ ᠲᠣᠭᠤᠷᠢᠭ᠎ᠤᠨ ᠨᠠᠮ᠎ᠤᠨ ᠡᠭᠦᠷ ᠨᠠᠰᠤᠲᠠᠢᠴᠤᠳ᠂ ᠵᠡᠮᠳᠡᠭ᠌ᠴᠦᠳ ᠣᠯᠠᠨ ᠪᠠᠢᠬᠤ ᠪᠣᠳᠠᠳᠣ ᠪᠠᠢᠳᠠᠯ᠎ᠳᠠᠭᠠᠨ ᠴᠢᠭ᠌ᠯᠡᠭᠦᠯᠦᠨ᠂ 《ᠨᠠᠰᠤᠲᠠᠢᠴᠤᠳ ᠵᠡᠮᠳᠡᠭ᠌ᠴᠦᠳ᠎ᠢ ᠲᠤᠰᠠᠯᠠᠵᠤ᠂ ᠬᠠᠯᠠᠭᠤᠨ ᠰᠡᠳᠭᠢᠯ᠎ᠢᠶᠠᠷ ᠦᠢᠯᠡᠴᠢᠯᠡᠬᠦ᠌》 ᠎ᠶ᠋ᠢ ᠪᠠᠷᠢᠮᠳᠠᠯᠠᠵᠦ᠍᠂ ᠨᠡᠢᠭᠡᠮ ᠲᠣᠭᠤᠷᠢᠭ᠎ᠤᠨ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠲᠤᠭᠤᠷᠢᠨ᠎ᠳᠤ 《ᠣᠷᠣᠨ ᠲᠤᠭᠤᠷᠢᠭ᠎ᠢ ᠬᠠᠮᠲᠤ᠎ᠪᠠᠷ ᠪᠠᠢᠭᠤᠯᠤᠨ ᠡᠬᠢ ᠪᠠᠶᠠᠯᠢᠭ᠎ᠢ ᠬᠠᠷᠢᠯᠴᠠᠨ ᠠᠭᠤᠰᠤᠯᠴᠠᠭᠤᠯᠬᠤ; ᠬᠠᠷᠢᠯᠴᠠᠨ ᠬᠠᠮᠵᠢᠯᠴᠠᠨ ᠬᠠᠮᠲᠤ᠎ᠪᠠᠷ ᠪᠠᠢᠭᠤᠯᠤᠨ ᠦᠢᠯᠡᠴᠢᠯᠡᠭᠡ᠎ᠶ᠋ᠢ ᠬᠠᠷᠢᠯᠴᠠᠨ ᠠᠭᠤᠰᠤᠯᠴᠠᠭᠤᠯᠬᠤ; ᠨᠠᠮ᠎ᠤᠨ ᠬᠡᠱᠢᠬᠦᠨ ᠪᠠ ᠣᠯᠠᠨ ᠲᠦᠮᠡᠨ ᠬᠠᠮᠲᠤ᠎ᠪᠠᠷ ᠪᠠᠢᠭᠤᠯᠤᠨ ᠬᠤᠯᠪᠣᠭᠠᠯᠠᠨ ᠬᠥᠳᠡᠯᠦᠯᠴᠡᠵᠦ᠍ ᠬᠠᠷᠢᠯᠴᠠᠨ ᠠᠭᠤᠰᠤᠯᠴᠠᠬᠤ》 ᠦᠨᠳᠦᠰᠦᠨ ᠱᠠᠲᠤᠨ᠎ᠤ ᠨᠠᠮ᠎ᠤᠨ ᠪᠠᠢᠭᠤᠯᠤᠯᠲᠠ᠎ᠶ᠋ᠢᠨ ᠱᠢᠨ᠎ᠡ ᠪᠠᠢᠷᠢᠱᠢᠯ᠎ᠢ ᠪᠦᠷᠢᠯᠳᠦᠬᠦᠯᠬᠦ᠌᠎ᠶ᠋ᠢᠨ ᠬᠠᠮᠳᠣ᠂ ᠨᠠᠰᠤᠲᠠᠢᠴᠤᠳ ᠵᠡᠮᠳᠡᠭ᠌ᠴᠦᠳ᠎ᠢ ᠲᠤᠰᠠᠯᠠᠬᠤ 《ᠰᠡᠳᠭᠢᠯ ᠳᠤᠯᠠᠭᠠᠴᠠᠭᠤᠯᠬᠤ ᠢᠨᠵᠧᠨᠧᠷᠢᠩ》᠂ ᠵᠥᠷᠢᠴᠡᠯ᠎ᠢ ᠠᠷᠢᠯᠭᠠᠬᠤ 《ᠠᠷᠠᠳ᠎ᠤᠨ ᠰᠡᠳᠭᠢᠯ᠎ᠤᠨ ᠢᠨᠵᠧᠨᠧᠷᠢᠩ》᠂ ᠰᠠᠢᠨ ᠳᠤᠷ᠎ᠠ᠎ᠶ᠋ᠢᠨ ᠦᠢᠯᠡᠴᠢᠯᠡᠭᠡᠨ᠎ᠤ 《ᠰᠡᠳᠭᠢᠯ ᠨᠢᠭᠡᠲᠡᠶ ᠢᠨᠵᠧᠨᠧᠷᠢᠩ》 ᠎ᠢ ᠬᠡᠷᠡᠭ᠌ᠵᠢᠭᠦᠯᠬᠦ᠌᠎ᠪᠠᠷ ᠳᠠᠮᠵᠢᠭᠤᠯᠤᠨ᠂ ᠨᠡᠢᠭᠡᠮ ᠲᠣᠭᠤᠷᠢᠭ᠎ᠤᠨ ᠣᠴᠢᠷ ᠶᠠᠪᠤᠳᠠᠯ᠎ᠢ ᠵᠡᠷᠭᠡᠡ᠎ᠳᠤᠨᠢ ᠠᠳᠭᠤᠨ ᠬᠠᠮᠲᠤ᠎ᠪᠠᠷ ᠬᠠᠮᠢᠶᠠᠷᠪᠠ᠃ ᠪᠣᠳᠠᠲᠤ ᠶᠠᠪᠤᠳᠠᠯ ᠬᠢᠵᠦ᠍ ᠦᠭ᠌ᠭᠦᠨ 《ᠠᠷᠠᠳ᠎ᠤᠨ ᠲᠥᠯᠥᠭᠡ ᠪᠠᠢᠬᠤ》  ᠦᠢᠯᠡᠴᠢᠯᠡᠭᠡ᠂ ᠳᠠᠬᠢᠨ ᠠᠵᠢᠯ ᠣᠯᠭᠤᠬᠤ᠎ᠶ᠋ᠢ ᠠᠬᠢᠭᠤᠯᠬᠤ 《ᠠᠷᠠᠳ᠎ᠢ ᠲᠤᠰᠠᠯᠠᠬᠤ》  ᠦᠢᠯᠡᠴᠢᠯᠡᠭᠡ᠂ ᠠᠮᠤᠷ ᠠᠮᠤᠭᠤᠯᠠᠩ ᠨᠡᠢᠭᠡᠮ ᠲᠣᠭᠤᠷᠢᠭ᠎ᠢ ᠡᠭᠦᠳᠦᠨ ᠪᠠᠢᠭᠤᠯᠬᠤ 《ᠠᠷᠠᠳ᠎ᠢ ᠠᠮᠤᠷᠵᠢᠭᠤᠯᠬᠤ》  ᠦᠢᠯᠡᠴᠢᠯᠡᠭᠡ᠂ ᠣᠯᠠᠨ ᠲᠦᠮᠡᠨ᠎ᠤ ᠰᠣᠶᠣᠯ ᠲᠠᠮᠢᠷ᠎ᠤᠨ ᠠᠵᠢᠯᠯᠠᠭ᠎ᠠ᠎ᠶ᠋ᠢ ᠪᠠᠶᠠᠯᠢᠭ᠍ᠵᠢᠭᠤᠯᠬᠤ 《ᠠᠷᠠᠳ᠎ᠢ ᠪᠠᠶᠠᠰᠭᠠᠬᠤ》  ᠦᠢᠯᠡᠴᠢᠯᠡᠭᠡ ᠵᠢᠴᠢ 《ᠠᠷᠠᠳ᠎ᠲᠤ ᠳᠥᠭᠦᠮ ᠦᠵᠡᠭᠦᠯᠬᠦ᠌》  ᠦᠢᠯᠡᠴᠢᠯᠡᠭᠡ᠂ 《ᠪᠣᠯᠪᠠᠰᠤᠨ ᠬᠤᠲᠠ᠎ᠶ᠋ᠢᠨ ᠠᠷᠠᠳ᠎ᠢ ᠬᠥᠮᠦᠵᠢᠭᠦᠯᠬᠦ᠌》 ᠦᠢᠯᠡᠴᠢᠯᠡᠭᠡ᠎ᠶ᠋ᠢᠨ ᠠᠵᠢᠯᠯᠠᠭ᠎ᠠ ᠦᠷᠨᠢᠬᠦᠯᠵᠦ᠍᠂ ᠦᠢᠯᠡᠴᠢᠯᠡᠭᠡᠨ᠎ᠤ ᠡᠬᠢ ᠪᠠᠶᠠᠯᠢᠭ᠎ᠢ ᠪᠦᠬᠦ᠌ ᠰᠠᠭᠤᠭᠠᠯᠢ ᠠᠷᠠᠳ ᠬᠠᠮᠲᠤ᠎ᠪᠠᠷ ᠡᠳ᠋ᠯᠡᠬᠦ᠌᠎ᠶ᠋ᠢ ᠪᠡᠶᠡᠯᠡᠭᠦᠯᠵᠠᠢ᠃

ᠭᠤᠸᠠᠨ ᠶᠢᠨ ᠮᠢᠶᠤᠤ ᠨᠡᠢᠭᠡᠮ ᠲᠣᠭᠤᠷᠢᠭ ᠪᠣᠯ ᠬᠠᠭᠤᠴᠢᠨ ᠬᠤᠲᠠ ᠲᠣᠭᠤᠷᠢᠭ᠎ᠢ ᠥᠭᠡᠷᠡᠴᠢᠯᠡᠨ ᠪᠠᠢᠭᠤᠯᠤᠭ᠍ᠰᠠᠨ᠎ᠤ ᠲᠠᠷᠠᠭᠠᠬᠢ ᠱᠢᠨ᠎ᠠ ᠨᠡᠢᠭᠡᠮ ᠲᠣᠭᠤᠷᠢᠭ ᠪᠣᠯᠣᠨ᠎ᠠ᠂ ᠲᠤᠰ ᠨᠡᠢᠭᠡᠮ ᠲᠣᠭᠤᠷᠢᠭ᠎ᠤᠨ ᠨᠠᠮ᠎ᠤᠨ ᠵᠣᠬᠢᠶᠠᠨ ᠪᠠᠢᠭᠤᠯᠤᠯᠲᠠ᠎ᠨᠢ 《159 ᠬᠤᠲᠠ᠎ᠶ᠋ᠢᠨ ᠦᠨᠳᠦᠰᠦᠨ ᠱᠠᠲᠤᠨ᠎ᠤ ᠨᠠᠮ᠎ᠤᠨ ᠪᠠᠢᠭᠤᠯᠤᠯᠲᠠ᠎ᠶ᠋ᠢᠨ ᠠᠵᠢᠯ᠎ᠤᠨ ᠵᠠᠭ᠍ᠪᠤᠷ》 ᠎ᠢ ᠡᠭᠦᠳᠴᠦ᠍᠂ 《ᠨᠢᠭᠡ ᠵᠢᠭ᠍ᠰᠠᠭᠠᠯ᠎ᠤᠨ ᠭᠠᠵᠠᠷ》 ᠎ᠲᠤ ᠰᠡᠳᠭᠢᠯ᠎ᠢᠶᠠᠨ ᠨᠢᠭᠡᠳᠭᠡᠨ ᠬᠦᠴᠦ᠎ᠪᠠᠨ ᠬᠠᠮᠲᠤᠳᠭᠠᠵᠤ᠂ ᠵᠣᠬᠢᠶᠠᠨ ᠪᠠᠢᠭᠤᠯᠤᠯᠲᠠ᠎ᠶ᠋ᠢᠨ ᠲᠣᠭ᠍ᠲᠠᠴᠠ᠂ ᠨᠠᠮ᠎ᠤᠨ ᠪᠠᠢᠭᠤᠯᠤᠯᠲᠠ᠎ᠶ᠋ᠢᠨ ᠬᠠᠷᠢᠭᠤᠴᠠᠯᠭ᠎ᠠ᠎ᠶ᠋ᠢ ᠨᠠᠢᠳᠠᠪᠤᠷᠢᠵᠢᠭᠤᠯᠬᠤ ᠲᠣᠭ᠍ᠲᠠᠴᠠ᠂ ᠰᠠᠭᠤᠷᠢ ᠪᠥᠲᠥᠭᠡᠨ ᠪᠠᠢᠭᠤᠯᠤᠯᠲᠠ᠎ᠶ᠋ᠢᠨ ᠪᠠᠲᠤᠯᠠᠭ᠎ᠠ᠎ᠶ᠋ᠢᠨ ᠲᠣᠭ᠍ᠲᠠᠴᠠ᠂ ᠣᠯᠠᠨ ᠲᠦᠮᠡᠨ᠎ᠳᠤ ᠦᠢᠯᠡᠴᠢᠯᠡᠬᠦ᠌ ᠣᠷᠳᠣ ᠬᠤᠭᠤᠴᠠᠭᠠᠨ᠎ᠤ ᠪᠦᠲᠦᠮᠵᠢᠲᠠᠢ ᠲᠣᠭ᠍ᠲᠠᠴᠠ ᠪᠠ ᠠᠷᠠᠳᠴᠢᠯᠠᠯ᠎ᠢᠶᠠᠷ ᠬᠠᠮᠢᠶᠠᠷᠴᠤ᠌ ᠬᠢᠨᠠᠯᠲᠠ ᠲᠠᠯᠪᠢᠬᠤ ᠲᠣᠭ᠍ᠲᠠᠴᠠ ᠵᠡᠷᠭᠡ 《ᠲᠠᠪᠤᠨ ᠲᠣᠭ᠍ᠲᠠᠴᠠ》 ᠎ᠶ᠋ᠢ ᠦᠢᠯᠡᠳᠦᠯᠭᠡᠵᠢᠬᠦᠯᠬᠦ᠌᠎ᠶ᠋ᠢ ᠨᠡᠢᠭᠡᠮ ᠲᠣᠭᠤᠷᠢᠭ᠎ᠤᠨ ᠵᠠᠰᠠᠯᠲᠠ᠎ᠶ᠋ᠢᠨ ᠪᠦᠬᠦ᠌ ᠶᠠᠪᠤᠴᠠ᠎ᠳᠤ ᠲᠤᠭᠤᠱᠢᠯᠠᠭᠤᠯᠪᠠ᠃ ᠲᠤᠰ ᠨᠡᠢᠭᠡᠮ ᠲᠣᠭᠤᠷᠢᠭ ᠬᠥᠬᠡᠬᠤᠲᠠ᠎ᠶ᠋ᠢᠨ ᠠᠩᠬᠠᠳᠠᠭ᠍ᠴᠢ ᠰᠠᠭᠤᠭᠠᠯᠢ ᠠᠷᠠᠳ᠎ᠤᠨ ᠲᠣᠭᠤᠷᠢᠭ᠎ᠤᠨ ᠨᠠᠮ᠎ᠤᠨ ᠡᠭᠦᠷ᠎ᠢ ᠪᠠᠢᠭᠤᠯᠵᠤ᠂ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠬᠡᠯᠬᠢᠶ᠎ᠠ᠎ᠶ᠋ᠢ ᠨᠡᠢᠭᠡᠮ ᠲᠣᠭᠤᠷᠢᠭ᠎ᠠᠴᠠ ᠰᠠᠭᠤᠭᠠᠯᠢ ᠠᠷᠠᠳ᠎ᠤᠨ ᠲᠣᠭᠤᠷᠢᠭ᠂ ᠰᠠᠭᠤᠭᠠᠯᠢ ᠠᠷᠠᠳ᠎ᠤᠨ ᠠᠰᠠᠷ ᠬᠦᠷᠲᠡᠯ᠎ᠡ ᠤᠷᠲᠤᠳᠭᠠᠵᠤ᠂ ᠰᠠᠭᠤᠭᠠᠯᠢ ᠠᠷᠠᠳ᠎ᠤᠨ ᠵᠥᠪᠯᠡᠯ᠂ ᠥᠮᠴᠢᠲᠡᠨ᠎ᠤ ᠵᠥᠪᠯᠡᠯ᠂ ᠠᠳᠠᠯ ᠠᠬᠤᠢ᠎ᠶ᠋ᠢᠨ ᠺᠣᠮᠫᠠᠨᠢ ᠵᠡᠷᠭᠡ᠎ᠳᠤ ᠲᠦᠱᠢᠭ᠌ᠯᠡᠨ ᠨᠠᠮ᠎ᠤᠨ ᠵᠣᠬᠢᠶᠠᠨ ᠪᠠᠢᠭᠤᠯᠤᠯᠲᠠ ᠪᠠᠢᠭᠤᠯᠵᠤ᠂ ᠨᠡᠢᠭᠡᠮ ᠲᠣᠭᠤᠷᠢᠭ᠎ᠤᠨ ᠨᠠᠮ᠎ᠤᠨ  ᠬᠤᠷᠢᠶ᠎ᠠ (ᠨᠠᠮ᠎ᠤᠨ ᠶᠡᠷᠦᠩᠬᠡᠢ ᠡᠭᠦᠷ)᠂ ᠰᠠᠭᠤᠭᠠᠯᠢ ᠠᠷᠠᠳ᠎ᠤᠨ ᠲᠣᠭᠤᠷᠢᠭ᠎ᠤᠨ ᠨᠠᠮ᠎ᠤᠨ ᠡᠭᠦᠷ᠂ ᠠᠰᠠᠷ᠎ᠤᠨ ᠨᠠᠮ᠎ᠤᠨ ᠳᠤᠭᠤᠢᠯᠠᠩ ᠵᠡᠷᠭᠡ 《ᠭᠤᠷᠪᠠᠨ ᠱᠠᠳᠤᠨ》 ᠎ᠤ ᠵᠣᠬᠢᠶᠠᠨ ᠪᠠᠢᠭᠤᠯᠤᠯᠲᠠ᠎ᠶ᠋ᠢᠨ ᠪᠦᠲᠦᠴᠡ᠎ᠶ᠋ᠢ ᠪᠠᠢᠭᠤᠯᠵᠤ᠂ ᠰᠠᠭᠤᠭᠠᠯᠢ ᠠᠷᠠᠳ᠎ᠤᠨ ᠲᠤᠰᠭᠠᠭ᠍ᠰᠠᠨ ᠬᠠᠯᠠᠮᠱᠢᠯ ᠠᠰᠠᠭᠤᠳᠠᠯ ᠬᠦᠴᠢᠷ ᠠᠰᠠᠭᠤᠳᠠᠯ᠎ᠢ ᠪᠦᠳᠦᠮᠵᠢᠳᠡᠢ ᠱᠢᠢᠳᠪᠦᠷᠢᠯᠡᠪᠡ᠃ ᠰᠡᠳᠭᠢᠯ᠎ᠢ᠎ᠨᠢ ᠳᠤᠯᠠᠭᠠᠴᠠᠭᠤᠯᠬᠤ᠂ ᠰᠡᠳᠭᠢᠯ᠎ᠢ᠎ᠨᠢ ᠠᠭᠤᠵᠢᠷᠠᠭᠤᠯᠬᠤ᠂ ᠰᠡᠳᠭᠢᠯ᠎ᠢ᠎ᠨᠢ ᠪᠠᠶᠠᠰᠭᠠᠬᠤ ᠵᠡᠷᠭᠡ 《ᠶᠢᠰᠦᠨ ᠬᠦᠰᠡᠯ᠎ᠤᠨ ᠪᠢᠴᠢᠬᠠᠨ ᠦᠷᠦᠭᠡ》 ᠪᠠᠢᠭᠤᠯᠣᠨ᠂ ᠨᠡᠢᠭᠡᠮ ᠲᠣᠭᠤᠷᠢᠭ᠎ᠤᠨ ᠨᠠᠮ᠎ᠤᠨ ᠭᠡᠱᠢᠭᠦᠨ ᠤᠯᠠᠨ ᠲᠦᠮᠡᠨ᠎ᠳᠤ ᠤᠨᠴᠠᠯᠢᠬ᠍ᠳᠤ ᠦᠢᠯᠡᠴᠢᠯᠡᠭᠡ ᠬᠠᠩᠭᠠᠵᠤ᠂ 《ᠲᠠᠪᠤᠨ ᠵᠦᠢᠯ᠎ᠤᠨ ᠠᠵᠢᠯ᠎ᠤᠨ ᠲᠣᠭ᠍ᠲᠠᠴᠠ》 ᠎ᠪᠠᠷ ᠲᠤᠮᠤ ᠨᠠᠮ᠎ᠤᠨ ᠪᠠᠢᠭᠤᠯᠤᠯᠲᠠ᠎ᠶ᠋ᠢ ᠨᠠᠷᠢᠯᠢᠬ᠍ᠵᠢᠭᠤᠯᠵᠤ᠂ 《ᠶᠢᠰᠦᠨ ᠬᠦᠰᠡᠯ᠎ᠤᠨ ᠪᠢᠴᠢᠬᠠᠨ ᠦᠷᠦᠭᠡ》 ᠎ᠪᠠᠷ ᠠᠷᠠᠳ᠎ᠤᠨ ᠠᠮᠢᠳᠤᠷᠠᠯ᠎ᠳᠤ ᠦᠢᠯᠡᠴᠢᠯᠡᠬᠦ᠌ ᠦᠨᠳᠦᠰᠦᠨ ᠱᠠᠲᠤᠨ᠎ᠤ ᠨᠠᠮ᠎ᠤᠨ ᠪᠠᠢᠭᠤᠯᠤᠯᠲᠠ᠎ᠶ᠋ᠢᠨ ᠠᠵᠢᠯ᠎ᠤᠨ ᠱᠢᠨ᠎ᠡ ᠪᠠᠢᠳᠠᠯ᠎ᠢ ᠪᠤᠢ ᠪᠤᠯᠭᠠᠪᠠ᠃

ᠨᠠᠮ᠎ᠤᠨ ᠰᠠᠭᠤᠷᠢ᠎ᠨᠢ ᠦᠨᠳᠦᠰᠦᠨ ᠱᠠᠲᠤᠨ᠎ᠳᠤ ᠪᠣᠢ᠂ ᠦᠨᠳᠦᠰᠦᠨ ᠱᠠᠲᠤᠨ᠎ᠤ ᠵᠠᠩᠭᠢᠯᠠᠭ᠎ᠠ᠎ᠨᠢ ᠨᠠᠮ᠎ᠤᠨ ᠡᠭᠦᠷ᠎ᠲᠤ ᠪᠠᠢᠨ᠎ᠠ᠃ ᠢᠦ᠋ᠢᠴᠢᠤᠸᠠᠨ ᠲᠣᠭᠤᠷᠢᠭ ᠨᠠᠮ᠎ᠤᠨ ᠡᠭᠦᠷ᠎ᠤᠨ ᠭᠤᠣᠯ ᠴᠣᠭ᠍ᠴᠠ᠎ᠶ᠋ᠢᠨ ᠦᠢᠯᠡᠳᠦᠯ ᠪᠠ ᠦᠨᠳᠦᠰᠦᠨ ᠴᠢᠳᠠᠮᠵᠢ᠎ᠶ᠋ᠢ ᠬᠦᠢᠴᠡᠳ ᠪᠠᠳᠠᠷᠠᠭᠤᠯᠵᠤ᠂ ᠦᠵᠡᠯ ᠰᠠᠨᠠᠭ᠎ᠠ ᠤᠯᠤᠰ ᠲᠥᠷᠥ᠎ᠶ᠋ᠢᠨ ᠪᠠᠢᠭᠤᠯᠤᠯᠲᠠ᠎ᠶ᠋ᠢ ᠴᠢᠩᠭ᠎ᠠ ᠠᠳᠭᠤᠵᠤ᠂ ᠬᠠᠷᠢᠶ᠎ᠠ ᠣᠷᠣᠨ᠎ᠤ᠎ᠪᠠᠨ ᠨᠠᠮ᠎ᠤᠨ ᠭᠡᠱᠢᠭᠦᠨ ᠣᠯᠠᠨ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ᠂ ᠦᠵᠡᠰᠭᠦᠯᠡᠩᠲᠦ ᠰᠠᠢᠬᠠᠨ ᠭᠡᠷ ᠣᠷᠣᠨ᠎ᠢᠶᠠᠨ ᠪᠦᠲᠦᠭᠡᠨ ᠪᠠᠢᠭᠤᠯᠵᠦ᠍᠂ ᠵᠤᠯ ᠵᠢᠷᠭᠠᠯᠳᠤ ᠠᠮᠢᠳᠤᠷᠠᠯ᠎ᠢᠶᠠᠨ ᠬᠠᠮᠲᠤ᠎ᠪᠠᠷ ᠴᠤᠬ᠍ᠴᠠᠯᠠᠬᠤ ᠠᠶᠠᠨ᠎ᠳᠤ ᠦᠷᠬᠦᠯᠵᠢᠯᠡᠨ ᠢᠳᠡᠷᠡᠬᠦᠨ᠎ᠢᠶᠠᠷ ᠣᠷᠣᠭ᠍ᠰᠢᠯᠠᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠼᠠᠢ ᠬᠤᠩ
ᠦᠪᠦᠷ ᠮᠤᠩᠭᠤᠯ᠎ᠤᠨ ᠡᠳᠦᠷ᠎ᠤᠨ ᠰᠤᠨᠢᠨ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号