ᠮᠠᠨ᠎ᠤ ᠤᠷᠤᠨ᠎ᠤ ᠵᠣᠣ ᠬᠠᠶ ᠫᠢᠩ ᠡᠮᠴᠢ ᠳᠥᠷᠪᠡᠳᠦᠭᠡᠷ ᠬᠤᠭᠤᠴᠠᠭᠠᠨ᠎ᠤ 《ᠪᠧᠲ᠋ᠢᠶᠦ᠋ᠨ ᠮᠠᠶᠢᠭ᠎ᠤᠨ ᠰᠠᠢᠨ ᠡᠮᠴᠢ》 ᠎ᠶ᠋ᠢᠨ ᠱᠠᠩᠨᠠᠯ ᠭᠥᠷᠳᠡᠪᠡ
2020-10-26 17:48:46
ᠵᠣᠬᠢᠶᠠᠭ᠍ᠴᠢ᠄
ᠤᠷᠭᠤᠮᠠᠯ
ᠣᠩᠱᠢᠭ᠍ᠰᠠᠨ ᠣᠳᠠᠭ᠎ᠠ᠄
★★★☆☆

 ᠡᠮᠦᠨᠡᠭᠡᠨ᠂ ᠪᠧᠲ᠋ᠢᠶᠦ᠋ᠨ᠎ᠤ ᠵᠣᠷᠢᠭ ᠰᠠᠨᠠᠭᠠᠨ᠎ᠤ ᠰᠤᠳᠤᠯᠭᠠᠨ᠎ᠤ ᠨᠡᠢᠭᠡᠮᠯᠢᠭ ᠪᠣᠯᠤᠨ ᠳᠤᠮᠳᠠᠳᠤ ᠤᠯᠤᠰ᠎ᠤᠨ ᠡᠮᠴᠢ᠎ᠶ᠋ᠢᠨ ᠨᠡᠢᠭᠡᠮᠯᠢᠭ᠎ᠠᠴᠠ 《ᠪᠧᠲ᠋ᠢᠶᠦ᠋ᠨ ᠮᠠᠶᠢᠭ᠎ᠤᠨ ᠰᠠᠢᠨ ᠡᠮᠴᠢ》᠂ 《ᠪᠧᠲ᠋ᠢᠶᠦ᠋ᠨ ᠮᠠᠶᠢᠭ᠎ᠤᠨ ᠰᠠᠢᠨ ᠡᠮᠴᠢ᠎ᠶ᠋ᠢᠨ ᠨᠡᠷ᠎ᠡ ᠳᠤᠷᠠᠳᠤᠭ᠍ᠰᠠᠨ ᠱᠠᠩᠨᠠᠯ》 ᠬᠦᠷᠳᠡᠭ᠌ᠰᠡᠳ᠎ᠢ ᠨᠡᠢᠭᠡᠮ᠎ᠳᠤ ᠵᠠᠷᠯᠠᠨ ᠰᠠᠢᠱᠢᠶᠠᠵᠠᠢ᠃ ᠥᠪᠥᠷ ᠮᠣᠩᠭᠤᠯ᠎ᠤᠨ ᠬᠠᠪᠤᠳᠠᠷ᠎ᠤᠨ ᠡᠮᠨᠡᠯᠭᠡ᠎ᠶ᠋ᠢᠨ ᠬᠤᠷᠢᠶᠠᠨ᠎ᠤ ᠳᠠᠷᠤᠭ᠎ᠠ ᠵᠣᠣ ᠬᠠᠶ ᠫᠢᠩ ᠡᠮᠴᠢ ᠳᠥᠷᠪᠡᠳᠦᠭᠡᠷ ᠬᠤᠭᠤᠴᠠᠭᠠᠨ᠎ᠤ 《ᠪᠧᠲ᠋ᠢᠶᠦ᠋ᠨ ᠮᠠᠶᠢᠭ᠎ᠤᠨ ᠰᠠᠢᠨ ᠡᠮᠴᠢ》 ᠎ᠶ᠋ᠢᠨ ᠱᠠᠩᠨᠠᠯ᠎ᠢ ᠭᠥᠷᠳᠡᠪᠡ᠃

ᠵᠤᠤ ᠬᠠᠢ ᠫᠢᠩ ᠪᠤᠯ ᠥᠪᠥᠷ ᠮᠣᠩᠭᠤᠯ᠎ᠤᠨ ᠬᠠᠪᠤᠳᠠᠷ᠎ᠤᠨ ᠡᠮᠨᠡᠯᠭᠡ᠎ᠶ᠋ᠢᠨ ᠬᠤᠷᠢᠶᠠᠨ ᠳᠠᠷᠤᠭ᠎ᠠ᠂ ᠥᠪᠥᠷ ᠮᠣᠩᠭᠤᠯ᠎ᠤᠨ ᠬᠠᠪᠤᠳᠠᠷ᠎ᠢ ᠰᠡᠷᠭᠡᠢᠯᠡᠨ ᠵᠠᠰᠠᠬᠤ ᠨᠡᠢᠭᠡᠮᠯᠢᠭ᠎ᠤᠨ ᠳᠠᠷᠤᠭ᠎ᠠ᠂ ᠥᠪᠥᠷ ᠮᠣᠩᠭᠤᠯ᠎ᠤᠨ ᠤᠯᠤᠰ ᠲᠥᠷᠥ᠎ᠶ᠋ᠢᠨ ᠵᠥᠪᠯᠡᠯᠭᠡᠨ᠎ᠤ ᠠᠷᠪᠠᠨ ᠬᠤᠶᠠᠳᠤᠭᠠᠷ ᠬᠤᠭᠤᠴᠠᠭᠠᠨ᠎ᠤ ᠭᠡᠱᠢᠭᠦᠨ ᠪᠤᠯᠬᠤ ᠶᠤᠮ᠃ ᠣᠯᠠᠨ ᠵᠢᠯ᠎ᠤᠨ ᠲᠤᠷᠰᠢ᠂ ᠵᠣᠣ ᠬᠠᠶ ᠫᠢᠩ ᠡᠮᠴᠢ ᠠᠵᠢᠯ᠎ᠤᠨ ᠪᠠᠢᠷᠢ᠎ᠪᠠᠨ ᠪᠠᠳᠦ ᠰᠠᠬᠢᠵᠦ᠍᠂ ᠠᠷᠠᠳ ᠣᠯᠠᠨ᠎ᠤ ᠠᠮᠢ ᠨᠠᠰᠤ ᠪᠤᠯᠤᠨ ᠪᠡᠶ᠎ᠡ ᠮᠠᠬᠠᠪᠣᠳ᠎ᠤᠨ ᠡᠷᠡᠭᠦᠯ ᠮᠡᠨᠳᠦ᠎ᠶ᠋ᠢ ᠬᠠᠮᠠᠭᠠᠯᠠᠬᠤ᠎ᠳᠤ ᠴᠥᠬᠦᠷᠡᠰᠢ ᠦᠭᠡᠶ ᠴᠢᠷᠮᠠᠢᠯᠭ᠎ᠠ ᠭᠠᠷᠭᠠᠵᠤ᠂ ᠡᠮ ᠡᠮᠨᠡᠯᠭᠡ᠎ᠶ᠋ᠢᠨ ᠦᠶᠯᠡᠴᠢᠯᠡᠭᠡᠨ᠎ᠤ ᠠᠵᠢᠯ᠎ᠳᠤ ᠴᠢᠬᠤᠯᠠ ᠲᠣᠪᠤᠢᠮ᠎ᠠ ᠬᠤᠪᠢ ᠨᠡᠮᠡᠷᠢ ᠦᠵᠡᠭᠦᠯᠪᠠ᠃ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠤᠨ ᠬᠢᠵᠢᠭ᠎ᠤᠨ ᠪᠠᠢᠳᠠᠯ ᠡᠭᠦᠰᠦᠭ᠌ᠰᠡᠨ᠎ᠠᠴᠠ ᠨᠠᠭᠠᠰᠢ᠂ ᠥᠪᠥᠷ ᠮᠣᠩᠭᠤᠯ᠎ᠤᠨ ᠬᠠᠪᠤᠳᠠᠷ᠎ᠤᠨ ᠡᠮᠨᠡᠯᠭᠡ᠎ᠶ᠋ᠢᠨ ᠬᠤᠷᠢᠶ᠎ᠠ᠎ᠨᠢ ᠵᠣᠤ ᠬᠠᠶ ᠫᠢᠩ᠎ᠤᠨ ᠳᠠᠭᠠᠭᠤᠯᠭ᠎ᠠ᠎ᠪᠠᠷ ᠡᠯ᠎ᠡ ᠵᠦᠶᠯ᠎ᠤᠨ ᠰᠡᠷᠭᠡᠢᠯᠡᠨ ᠡᠵᠡᠮᠳᠡᠬᠦ᠌ ᠠᠷᠭ᠎ᠠ ᠬᠡᠮᠵᠢᠶ᠎ᠡ᠎ᠶ᠋ᠢ ᠴᠠᠭ ᠲᠤᠬᠠᠶ᠎ᠳᠤᠨᠢ ᠨᠠᠢᠳᠠᠪᠤᠷᠢᠵᠢᠭᠤᠯᠵᠦ᠍᠂ ᠤᠳᠤᠷᠢᠳᠭᠤ ᠳᠤᠭᠤᠢᠯᠠᠩ᠂ ᠡᠮᠴᠢᠯᠡᠭᠡᠨ᠎ᠤ ᠠᠪᠤᠷᠠᠨ ᠵᠠᠰᠠᠬᠤ ᠲᠤᠰᠭᠠᠶ ᠮᠡᠷᠭᠡᠵᠢᠯᠲᠡᠨ᠎ᠤ ᠳᠤᠭᠤᠢᠯᠠᠩ ᠵᠡᠷᠭᠡ᠎ᠶ᠋ᠢ ᠪᠠᠢᠭᠤᠯᠵᠤ᠂ 《ᠥᠪᠥᠷ ᠮᠣᠩᠭᠤᠯ᠎ᠤᠨ ᠬᠠᠪᠤᠳᠠᠷ᠎ᠤᠨ ᠡᠮᠨᠡᠯᠭᠡ᠎ᠶ᠋ᠢᠨ ᠬᠤᠷᠢᠶ᠎ᠠ᠎ᠶ᠋ᠢᠨ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠤᠨ ᠪᠠᠴᠢᠮ ᠪᠠᠢᠳᠠᠯ᠎ᠢ ᠠᠷᠭᠠᠴᠠᠭᠠᠬᠤ ᠪᠡᠯᠡᠳᠭᠡᠯ ᠲᠥᠰᠦᠯ》 ᠎ᠢ ᠲᠣᠭ᠍ᠲᠠᠭᠠᠵᠤ᠂ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠵᠦ᠍ ᠬᠢᠨᠠᠨ ᠵᠢᠯᠣᠭᠤᠳᠭᠤ ᠪᠠ ᠬᠠᠯᠳᠠᠪᠤᠷᠢᠯᠠᠬᠤ᠎ᠶ᠋ᠢᠨ ᠬᠠᠮᠢᠶᠠᠷᠤᠯᠲᠠ᠎ᠶ᠋ᠢᠨ ᠠᠯᠢ ᠤᠯᠠᠨ ᠠᠷᠭ᠎ᠠ ᠬᠡᠮᠵᠢᠶ᠎ᠠ᠎ᠶ᠋ᠢ ᠨᠠᠢᠳᠠᠪᠤᠷᠢᠵᠢᠭᠤᠯᠬᠤ᠎ᠶ᠋ᠢ ᠴᠢᠩᠭᠠᠳᠭᠠᠪᠠ᠃ ᠪᠦᠬᠦ᠌ ᠡᠮᠨᠡᠯᠭᠡ᠎ᠶ᠋ᠢᠨ ᠬᠤᠷᠢᠶ᠎ᠠ᠎ᠶ᠋ᠢᠨ ᠠᠵᠢᠯᠲᠠᠨ ᠠᠵᠢᠯᠴᠢᠨ᠎ᠳᠤ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ ᠪᠣᠯᠪᠠᠰᠤᠷᠠᠯ ᠬᠦᠷᠳᠡᠬᠡᠵᠦ᠍᠂ ᠪᠡᠶ᠎ᠡ᠎ᠶ᠋ᠢᠨ ᠳᠤᠯᠠᠭᠠᠨ᠎ᠢ ᠪᠠᠢᠴᠠᠭᠠᠨ ᠬᠡᠮᠵᠢᠬᠦ᠂ ᠦᠯᠡᠳᠡᠭᠡᠨ ᠦᠵᠡᠭᠦᠯᠬᠦ᠌ ᠡᠪᠡᠳᠴᠢᠲᠡᠨ᠎ᠤ ᠦᠷᠦᠭᠡ᠎ᠶ᠋ᠢ ᠵᠢᠭ᠍ᠰᠠᠭᠠᠨ ᠪᠠᠢᠴᠠᠭᠠᠬᠤ᠂ ᠬᠦᠯᠢᠶᠡᠨ ᠠᠪᠴᠤ᠌ ᠡᠮᠨᠡᠨ ᠵᠠᠰᠠᠬᠤ ᠵᠡᠷᠭᠡ 《321》 ᠳᠦᠷᠢᠮ ᠵᠡᠷᠭᠡ᠎ᠶ᠋ᠢ ᠴᠢᠩᠭ᠎ᠠ ᠨᠠᠢᠳᠠᠪᠤᠷᠢᠵᠢᠭᠤᠯᠪᠠ᠃ 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠱᠢᠨᠡᠴᠡᠴᠡᠭ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号