ᠬᠦᠴᠢᠷᠳᠡᠯ᠎ᠤᠨ ᠲᠤᠮᠳᠠ᠎ᠠᠴᠠ ᠬᠦᠭ᠌ᠵᠢᠯᠳᠡ᠎ᠶ᠋ᠢᠨ ᠲᠤᠬᠢᠶᠠᠯ ᠬᠠᠢᠵᠦ᠍ ᠱᠢᠨ᠎ᠠ ᠬᠠᠭᠤᠳᠠᠰᠤ᠎ᠶ᠋ᠢ ᠪᠢᠴᠢᠭ᠌ᠯᠡᠨ᠎ᠠ — ᠮᠠᠨ᠎ᠤ ᠤᠷᠤᠨ᠎ᠤ ᠱᠢᠨ᠎ᠠ ᠨᠡᠮᠡᠭ᠌ᠳᠡᠯ᠎ᠤᠨ ᠴᠡᠭ᠎ᠢ ᠬᠦᠴᠦᠯᠡᠨ ᠪᠤᠢᠵᠢᠭᠤᠯᠵᠤ ᠪᠠᠢᠬᠤ ᠲᠤᠬᠠᠢ ᠬᠦᠦᠷᠨᠢᠯ ᠱᠢᠬᠦᠮᠵᠢ
2020-10-26 15:44:31
ᠵᠣᠬᠢᠶᠠᠭ᠍ᠴᠢ᠄
​ ᠬᠠᠢ ᠴᠢᠤᠧᠠᠨ
ᠣᠩᠱᠢᠭ᠍ᠰᠠᠨ ᠣᠳᠠᠭ᠎ᠠ᠄
★★★☆☆

ᠱᠢᠨ᠎ᠠ ᠨᠡᠮᠡᠭ᠌ᠳᠡᠯ᠎ᠤᠨ ᠴᠡᠭ᠎ᠢ ᠪᠤᠢᠵᠢᠭᠤᠯᠪᠠᠯ ᠰᠠᠶᠢ ᠦᠷᠢᠰᠦᠯᠳᠦᠬᠡᠨ᠎ᠢ ᠲᠤᠯᠵᠤ ᠠᠷᠭᠠᠴᠠᠭᠠᠨ ᠬᠡᠵᠢᠶᠡᠳᠡ ᠢᠯᠠᠬ᠍ᠳᠠᠰᠢ ᠦᠬᠡᠢ ᠪᠠᠢᠷᠢᠨ᠎ᠳᠤ ᠤᠷᠤᠱᠢᠵᠤ ᠴᠢᠳᠠᠬᠤ ᠶᠤᠮ᠃ ᠬᠢᠵᠢᠭ᠎ᠤᠨ ᠪᠠᠢᠳᠠᠯ ᠮᠠᠨ᠎ᠤ ᠤᠷᠤᠨ᠎ᠳᠤ ᠲᠦᠢᠯ᠎ᠤᠨ ᠶᠡᠭᠡ ᠬᠦᠴᠢᠷᠳᠡᠯ ᠪᠠ ᠦᠷᠢᠰᠦᠯᠳᠦᠬᠡᠨ ᠠᠪᠴᠢᠷᠠᠬᠤ᠎ᠶ᠋ᠢᠨ ᠬᠠᠮᠳᠤ ᠪᠠᠰᠠ ᠦᠢᠯᠡᠳᠪᠦᠷᠢᠯᠡᠯ ᠠᠮᠢᠳᠤᠷᠠᠯ ᠬᠡᠷᠡᠭ᠌ᠯᠡᠭᠡ᠎ᠶ᠋ᠢᠨ ᠠᠷᠭ᠎ᠠ ᠬᠡᠯᠪᠡᠷᠢ᠎ᠳᠤ ᠤᠷᠢᠳ ᠡᠮᠦᠨ᠎ᠠ ᠪᠠᠢᠭ᠎ᠠ ᠦᠬᠡᠢ ᠤᠯᠠᠨ ᠬᠤᠪᠢᠷᠠᠯᠳᠠ ᠭᠠᠷᠭᠠᠵᠦ᠍᠂ ᠱᠢᠨ᠎ᠠ ᠠᠵᠦ᠍ ᠠᠬᠤᠢ᠎ᠶ᠋ᠢᠨ ᠨᠡᠮᠡᠭ᠌ᠳᠡᠯ᠎ᠤᠨ ᠲᠠᠪᠠᠭᠤᠯᠢᠬ ᠪᠠ ᠲᠠᠯᠳᠠ ᠬᠦᠴᠦᠨ᠎ᠢ ᠬᠦᠭ᠌ᠵᠢᠭᠡᠨ ᠪᠠᠳᠠᠷᠠᠭᠠᠯ᠎ᠠ᠃

ᠲᠤᠭᠠᠴᠢᠯᠠᠯᠳᠠ᠎ᠶ᠋ᠢᠨ ᠦᠷ᠎ᠠ ᠠᠱᠢᠬ ᠢᠯᠡᠷᠬᠡᠢᠱᠢᠪᠡ 

ᠦᠬᠠᠢ ᠬᠤᠳᠠ᠎ᠶ᠋ᠢᠨ ᠭᠤᠧᠠᠩ ᠨᠠ ᠪᠦᠯᠦᠭ᠌ᠯᠡᠯ ᠺᠤᠮᠫᠠᠨᠢ ᠪᠤᠯ ᠨᠢᠬᠡᠨ ᠤᠯᠠᠮᠵᠢᠯᠠᠯᠳᠤ ᠦᠢᠯᠡᠳᠬᠦ᠌ ᠦᠢᠯᠡᠰ᠎ᠤᠨ ᠠᠵᠦ᠍ ᠠᠬᠤᠢ᠍ᠢᠯᠠᠯ ᠪᠠᠢᠵᠦ᠍᠂ ᠱᠢᠨ᠎ᠠ ᠲᠢᠳᠢᠮᠯᠢᠭ ᠠᠭᠤᠰᠭᠢᠨ ᠦᠷᠪᠢᠰᠦᠯ᠎ᠤᠨ ᠬᠢᠵᠢᠭ᠎ᠤᠨ ᠪᠠᠢᠳᠠᠯ ᠭᠠᠷᠬᠤ᠎ᠠᠴᠠ ᠡᠮᠦᠨ᠎ᠠ ᠲᠤᠰ ᠺᠤᠮᠫᠠᠨᠢ ᠶᠠᠬ ᠰᠠᠢᠬᠠᠨ ᠦᠢᠯᠡᠳᠪᠦᠷᠢᠯᠡᠯ᠎ᠤᠨ ᠠᠷᠭ᠎ᠠ ᠬᠡᠯᠪᠡᠷᠢ᠎ᠪᠠᠨ ᠬᠤᠪᠢᠷᠠᠭᠤᠯᠬᠤ᠎ᠪᠠᠷ ᠪᠡᠯᠡᠳᠭᠡᠵᠦ᠍ ᠪᠠᠢᠪᠠ᠃ 

ᠠᠱᠢᠬ ᠦᠬᠡᠢ ᠡᠯᠧᠮᠧᠨ᠋ᠲ᠎ᠢ ᠠᠵᠠ ᠲᠤᠬᠢᠶᠠᠯ ᠪᠤᠯᠭᠠᠨ ᠬᠤᠪᠢᠷᠠᠭᠤᠯᠵᠦ᠍᠂ ᠪᠤᠬᠢᠷᠳᠤᠯ ᠦᠬᠡᠢ ᠠᠭᠤᠷᠬᠠᠢ᠂ ᠤᠶᠤᠨᠴᠢ ᠠᠭᠤᠷᠬᠠᠢ᠎ᠶ᠋ᠢ ᠪᠦᠲᠦᠬᠡᠨ ᠪᠠᠢᠭᠤᠯᠵᠦ᠍ ᠴᠢᠨᠠᠷ ᠰᠠᠢᠳᠠᠢ ᠬᠦᠭ᠌ᠵᠢᠯᠳᠡ᠎ᠶ᠋ᠢ ᠠᠬᠢᠭᠤᠯᠬᠤ᠎ᠪᠠᠷ᠂ ᠡᠨᠡ ᠵᠢᠯ᠎ᠤᠨ 7 ᠰᠠᠷ᠎ᠠ᠎ᠳᠤ ᠭᠤᠸᠠᠩ ᠨᠠ ᠪᠦᠯᠦᠭ᠌ᠯᠡᠯ ᠺᠤᠮᠫᠠᠨᠢ ᠮᠡᠳᠡᠭᠡ ᠵᠠᠩᠬᠢ ᠬᠢᠬᠡᠳ ᠴᠢᠮᠡᠭᠡ ᠬᠤᠯᠪᠤᠭᠠᠨ᠎ᠤ ᠰᠠᠭᠤᠷᠢ ᠲᠦᠬᠦᠬᠡᠷᠦᠮᠵᠢ ᠪᠠ ᠤᠶᠤᠨᠴᠢ ᠲᠦᠬᠦᠬᠡᠷᠦᠮᠵᠢ ᠬᠠᠩᠭᠠᠬᠤ ᠲᠠᠯ᠎ᠠ᠎ᠪᠠᠷ ᠪᠦᠬᠦ᠌ ᠲᠡᠯᠡᠬᠡᠢ᠎ᠳᠤ ᠤᠷᠦ᠋ᠢᠯᠠᠵᠦ᠍ ᠪᠠᠢᠭ᠎ᠠ ᠬᠤᠧᠠ ᠸᠧᠢ ᠺᠤᠮᠫᠠᠨᠢ᠎ᠯᠤᠭ᠎ᠠ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠤᠶᠤᠨᠴᠢ ᠬᠠᠮᠳᠤᠷᠠᠯᠴᠠᠭᠠᠨ᠎ᠤ ᠲᠦᠷᠦᠯ ᠵᠦᠢᠯ᠎ᠢ ᠡᠬᠢᠯᠡᠬᠦᠯᠦᠭ᠌ᠰᠡᠨ ᠪᠦᠬᠡᠳ ᠪᠠᠰᠠ ᠽᠢ ᠭᠤᠧᠠᠩ ᠺᠤᠮᠫᠠᠨᠢ᠎ᠲᠠᠢ ᠡᠬᠦᠯᠡᠨ ᠬᠦᠳᠡᠯᠬᠡᠬᠦᠷ᠎ᠤᠨ 《5G + ᠠᠵᠦ᠍ ᠦᠢᠯᠡᠳᠪᠦᠷᠢ᠎ᠶ᠋ᠢᠨ ᠢᠨᠲ᠋ᠧᠷ ᠰᠦᠯᠵᠢᠶᠡᠨ᠎ᠤ ᠬᠠᠮᠳᠤᠷᠠᠯᠴᠠᠭᠠᠨ᠎ᠤ ᠲᠦᠷᠦᠯ ᠵᠦᠢᠯ》 ᠎ᠢ ᠡᠬᠢᠯᠡᠬᠦᠯᠦᠭ᠌ᠰᠡᠨ᠎ᠠᠴᠠ ᠤᠶᠤᠨᠴᠢ ᠦᠢᠯᠡᠳᠭᠡᠯ᠎ᠤᠨ ᠱᠢᠨ᠎ᠠ ᠵᠠᠮ᠎ᠳᠠᠭᠠᠨ ᠤᠷᠤᠯ᠎ᠠ᠃ 

ᠦᠢᠯᠡᠳᠬᠦ᠌ ᠦᠢᠯᠡᠰ ᠪᠤᠯ ᠮᠠᠨ᠎ᠤ ᠤᠷᠤᠨ᠎ᠤ ᠠᠵᠦ᠍ ᠦᠢᠯᠡᠳᠪᠦᠷᠢ᠎ᠶ᠋ᠢᠨ ᠠᠵᠦ᠍ ᠠᠬᠤᠢ᠎ᠶ᠋ᠢᠨ ᠴᠢᠬᠤᠯᠠ ᠪᠦᠷᠢᠯᠳᠦᠬᠦᠨ ᠬᠡᠰᠡᠭ ᠪᠠᠢᠵᠦ᠍᠂ ᠠᠵᠦ᠍ ᠠᠬᠤᠢ᠎ᠶ᠋ᠢᠨ ᠬᠦᠭ᠌ᠵᠢᠯᠳᠡ᠎ᠳᠤ ᠤᠮᠳᠤᠭᠠᠢᠯᠠᠵᠦ᠍ ᠪᠤᠯᠤᠰᠢ ᠦᠬᠡᠢ ᠪᠠᠢᠷᠢ ᠰᠠᠭᠤᠷᠢ᠎ᠲᠠᠢ ᠪᠢᠯᠡ᠃ ᠡᠨᠡ ᠵᠢᠯ᠎ᠠᠴᠠ ᠨᠠᠭᠠᠰᠢ᠂ ᠮᠠᠨ᠎ᠤ ᠤᠷᠤᠨ ᠦᠢᠯᠡᠳᠬᠦ᠌ ᠦᠢᠯᠡᠰ᠎ᠢ ᠤᠶᠤᠨᠴᠢᠯᠠᠬᠤ ᠪᠠ ᠲᠤᠭᠠᠴᠢᠯᠠᠬᠤ᠎ᠶ᠋ᠢ ᠦᠷᠬᠦᠯᠵᠢᠯᠡᠨ ᠠᠬᠢᠭᠤᠯᠬᠤ᠎ᠪᠠᠷ ᠲᠠᠮᠵᠢᠨ ᠦᠢᠯᠡᠳᠬᠦ᠌ ᠦᠢᠯᠡᠰ᠎ᠤᠨ ᠶᠡᠷᠦᠩᠬᠡᠢᠯᠡᠭ᠌ᠰᠡᠨ ᠦᠷᠢᠰᠦᠯᠳᠦᠬᠦ᠌ ᠬᠦᠴᠦᠨ᠎ᠢ ᠲᠠᠰᠤᠷᠠᠯᠳᠠ ᠦᠬᠡᠢ ᠴᠢᠩᠭᠠᠷᠠᠭᠤᠯᠵᠦ᠍᠂ ᠠᠵᠦ᠍ ᠠᠬᠤᠢ᠍ᠢᠯᠠᠯ᠎ᠤᠨ ᠤᠶᠤᠨᠴᠢ ᠦᠢᠯᠡᠳᠪᠦᠷᠢ᠎ᠶ᠋ᠢ ᠪᠦᠲᠦᠬᠡᠨ ᠪᠠᠢᠭᠤᠯᠬᠤ᠂ ᠪᠤᠬᠢᠷᠳᠤᠯ ᠦᠬᠡᠢ ᠦᠬᠡᠷᠡᠴᠢᠯᠡᠯᠳᠠ ᠪᠠᠢᠭᠤᠯᠤᠯᠳᠠ ᠬᠢᠬᠦ᠂ ᠲᠤᠭᠠᠴᠢᠯᠠᠬ᠍ᠰᠠᠨ ᠠᠵᠦ᠍ ᠠᠬᠤᠢ᠍ᠢᠯᠠᠯ᠎ᠢ ᠪᠦᠲᠦᠬᠡᠨ ᠪᠠᠢᠭᠤᠯᠬᠤ᠎ᠶ᠋ᠢ ᠲᠡᠳᠬᠦᠨ ᠲᠡᠮᠵᠢᠬᠦ᠌᠎ᠶ᠋ᠢᠨ ᠬᠠᠮᠳᠤ ᠦᠢᠯᠡᠳᠬᠦ᠌ ᠶᠠᠪᠤᠴᠠ᠎ᠶ᠋ᠢ ᠮᠡᠳᠡᠭᠡ ᠵᠠᠩᠬᠢᠴᠢᠯᠠᠬᠤ ᠲᠦᠪᠱᠢᠨ᠎ᠢ ᠲᠡᠭᠡᠭ᠌ᠰᠢᠯᠡᠬᠦᠯᠦᠭ᠌ᠰᠡᠨ ᠪᠠᠢᠨ᠎ᠠ᠃ ᠴᠢᠷᠮᠠᠢᠯᠭ᠎ᠠ ᠲᠠᠯᠠᠭᠠᠷᠳᠠᠳᠠᠬ ᠦᠬᠡᠢ ᠬᠡᠳᠡᠭ᠌ᠴᠢᠯᠡᠨ᠂ ᠡᠨᠡ ᠵᠢᠯ᠎ᠤᠨ ᠲᠦᠷᠦᠬᠦᠦ 8 ᠰᠠᠷ᠎ᠠ᠎ᠳᠤ ᠪᠦᠬᠦ᠌ ᠤᠷᠤᠨ᠎ᠤ ᠦᠢᠯᠡᠳᠬᠦ᠌ ᠦᠢᠯᠡᠰ᠎ᠤᠨ ᠨᠡᠮᠡᠭ᠌ᠳᠡᠯ ᠦᠷᠳᠡᠭ ᠨᠢᠳᠤᠨᠤᠨ᠎ᠤ ᠠᠳᠠᠯᠢ ᠬᠤᠭᠤᠴᠠᠭ᠎ᠠ᠎ᠶ᠋ᠢᠨ᠎ᠬᠢ᠎ᠠᠴᠠ 6% ᠎ᠪᠠᠷ ᠨᠡᠮᠡᠭ᠌ᠳᠡᠭ᠌ᠰᠡᠨ ᠠᠵᠢ᠃ 

ᠲᠠᠯᠠᠳ ᠬᠤᠱᠢᠭᠤᠨ᠎ᠳᠠᠬᠢ ᠳ᠋ᠠ ᠲᠠᠩ ᠪᠦ᠍ᠯᠦᠭ᠌ᠯᠡᠯ ᠺᠤᠮᠫᠠᠨᠢ᠎ᠶ᠋ᠢᠨ ᠪᠤᠤ ᠯᠢ ᠠᠭᠤᠷᠬᠠᠢ᠎ᠶ᠋ᠢᠨ ᠲᠤᠭᠤᠷᠢᠬ᠎ᠤᠨ᠎ᠬᠢᠨ 《5G + ᠵᠢᠯᠤᠭᠤᠴᠢ ᠦᠬᠡᠢ ᠠᠭᠤᠷᠬᠠᠢ᠎ᠶ᠋ᠢᠨ ᠮᠠᠱᠢᠨ ᠲᠡᠷᠬᠡ》 ᠎ᠶ᠋ᠢᠨ ᠮᠡᠷᠬᠡᠵᠢᠯ᠎ᠢ ᠠᠱᠢᠬ᠍ᠯᠠᠯᠳᠠ᠎ᠳᠤ ᠤᠷᠤᠭᠤᠯᠵᠤ᠂ ᠬᠢᠵᠢᠭ᠎ᠤᠨ ᠪᠠᠢᠳᠠᠯ᠎ᠤᠨ ᠬᠤᠭᠤᠴᠠᠭᠠᠨ᠎ᠳᠤ ᠵᠢᠯᠤᠭᠤᠴᠢ ᠲᠤᠳᠠᠭ᠍ᠳᠠᠬᠤ ᠠᠰᠠᠭᠤᠳᠠᠯ᠎ᠢ ᠪᠦᠲᠦᠮᠵᠢᠳᠡᠢ ᠱᠢᠢᠳᠪᠦᠷᠢᠯᠡᠭ᠌ᠰᠡᠨ ᠪᠦᠬᠡᠳ ᠬᠦᠳᠡᠯᠮᠦᠷᠢ ᠬᠦᠴᠤ᠌ ᠬᠡᠷᠡᠭ᠌ᠯᠡᠬᠦ᠌ ᠦᠪᠡᠷ᠎ᠤᠨ ᠦᠷᠳᠡᠭ᠎ᠢᠶᠠᠨ ᠴᠤ᠌ ᠠᠷᠪᠢᠯᠠᠵᠠᠢ᠃ ᠡᠨᠡ ᠵᠢᠯ᠎ᠠᠴᠠ ᠨᠠᠭᠠᠰᠢ᠂ ᠮᠨᠨ᠎ᠤ ᠤᠷᠤᠨ 5G ᠮᠡᠷᠬᠡᠵᠢᠯ᠎ᠢᠶᠠᠷ ᠭᠤᠤᠯ ᠪᠤᠯᠭᠠᠬ᠍ᠰᠠᠨ ᠲᠤᠮᠤ ᠳ᠋ᠠᠢᠲ᠋ᠠ᠎ᠶ᠋ᠢᠨ ᠬᠡᠷᠡᠭ᠌ᠯᠡᠯᠳᠡ᠎ᠶ᠋ᠢ ᠲᠦᠬᠡᠮᠡᠯᠵᠢᠬᠦᠯᠬᠦ᠌᠎ᠶ᠋ᠢᠨ ᠬᠠᠮᠳᠤ 5G ᠮᠡᠷᠬᠡᠵᠢᠯ᠎ᠢ ᠠᠱᠢᠬ᠍ᠯᠠᠨ ᠤᠯᠠᠭᠠᠨ᠎ᠤ ᠭᠠᠳᠠᠨᠠᠬᠢ ᠲᠤᠶᠠᠭ᠎ᠠ᠎ᠪᠠᠷ ᠪᠡᠶ᠎ᠠ᠎ᠶ᠋ᠢᠨ ᠬᠠᠯᠠᠭᠤᠨ᠎ᠢ ᠬᠡᠮᠵᠢᠬᠦ᠌ ᠵᠡᠷᠬᠡ ᠠᠵᠢᠯ᠎ᠢ ᠢᠳᠡᠪᠬᠢᠳᠡᠢ ᠠᠬᠢᠭᠤᠯᠵᠦ᠍᠂ ᠠᠵᠤ ᠠᠬᠤᠢ᠍ᠢᠯᠠᠯ ᠪᠠ ᠠᠵᠢᠯ ᠲᠦᠷᠦᠯ᠎ᠤᠨ᠎ᠬᠢᠨ᠎ᠤ ᠠᠵᠢᠯ ᠦᠢᠯᠡᠳᠪᠦᠷᠢᠯᠡᠯ᠎ᠢᠶᠠᠨ ᠰᠡᠷᠬᠦᠬᠡᠬᠦ᠌᠎ᠳᠤ ᠬᠦᠴᠦᠳᠡᠢ ᠪᠠᠳᠤᠯᠠᠭ᠎ᠠ ᠬᠠᠩᠭᠠᠪᠠ᠃ ᠮᠠᠨ᠎ᠤ ᠤᠷᠤᠨ ᠪᠠᠰᠠ ᠲᠤᠮᠤ ᠳ᠋ᠠᠢᠲ᠋ᠠ᠎ᠶ᠋ᠢᠨ ᠮᠡᠷᠬᠡᠵᠢᠯ᠎ᠢ ᠤᠶᠤᠨᠳᠤ ᠬᠤᠳᠠ᠎ᠶ᠋ᠢᠨ ᠪᠦᠳᠦᠬᠡᠨ ᠪᠠᠢᠭᠤᠯᠤᠯᠳᠠ᠎ᠳᠤ ᠠᠱᠢᠬ᠍ᠯᠠᠵᠤ᠂ ᠬᠢᠵᠢᠭ᠎ᠤᠨ ᠬᠤᠭᠤᠴᠠᠭᠠᠨ᠎ᠳᠤ 《ᠮᠧᠩ ᠰᠦ᠋ᠪᠠᠨ》 APP ᠲᠠᠪᠴᠠᠩ᠎ᠢ ᠴᠤᠭ᠍ᠴᠠᠯᠠᠨ ᠰᠠᠭᠤᠭᠠᠯᠢ ᠠᠷᠠᠳ᠎ᠤᠨ ᠡᠷᠡᠬᠦᠯ ᠮᠡᠨᠳᠤ᠎ᠶ᠋ᠢᠨ ᠡᠯᠧᠺᠲᠷᠤᠨ ᠺᠠᠷᠲ᠂ ᠨᠡᠢᠬᠡᠮ᠎ᠤᠨ ᠪᠠᠳᠤᠯᠠᠭ᠎ᠠ᠎ᠶ᠋ᠢᠨ ᠺᠠᠷᠲ ᠵᠡᠷᠬᠡ 8 ᠵᠦᠢᠯ᠎ᠤᠨ  ᠡᠯᠧᠺᠲᠷᠤᠨ  ᠦᠨᠡᠮᠯᠡᠯ᠎ᠤᠨ ᠴᠢᠳᠠᠮᠵᠢ᠎ᠶ᠋ᠢ ᠨᠢᠬᠡ ᠴᠤᠬ᠍ᠴᠠᠵᠢᠭᠤᠯᠵᠦ᠍᠂ ᠠᠷᠠᠳ ᠤᠯᠠᠨ᠎ᠳᠤ ᠲᠦᠢᠯ᠎ᠤᠨ ᠲᠦᠬᠦᠮ ᠦᠵᠡᠬᠦᠯᠦᠭ᠌ᠰᠡᠨ ᠪᠠᠢᠨ᠎ᠠ᠃

ᠡᠨᠡ ᠵᠢᠯ᠎ᠠᠴᠠ ᠨᠠᠭᠠᠰᠢ᠂ ᠮᠠᠨ᠎ᠤ ᠤᠷᠤᠨ ᠠᠷᠠᠯᠵᠢᠶ᠎ᠠ ᠬᠤᠳᠠᠯᠳᠤᠭ᠎ᠠ ᠪᠠ ᠬᠦᠢᠯᠬᠡᠬᠡ᠎ᠶ᠋ᠢᠨ ᠬᠦᠷᠢᠶ᠎ᠠ ᠴᠠᠷᠠᠭ᠎ᠠ᠎ᠶ᠋ᠢᠨ ᠠᠵᠦ᠍ ᠠᠬᠤᠢ᠍ᠢᠯᠠᠯ᠎ᠤᠨ ᠡᠵᠡᠩᠨᠡᠯᠳᠡ᠎ᠶ᠋ᠢᠨ ᠵᠠᠬ᠍ᠪᠤᠷ᠎ᠤᠨ ᠱᠢᠨ᠎ᠠ᠎ᠶ᠋ᠢ ᠡᠬᠦᠳᠴᠤ᠌᠂ ᠡᠯᠧᠺᠲᠷᠤᠨ ᠬᠤᠳᠠᠯᠳᠤᠭ᠎ᠠ᠎ᠳᠤ ᠲᠦᠱᠢᠭ᠌ᠯᠡᠨ ᠪᠠᠷᠠᠭ᠎ᠠ ᠲᠤᠬᠢᠷᠠᠭᠤᠯᠤᠨ ᠬᠦᠷᠬᠡᠬᠦ᠌᠎ᠶ᠋ᠢ ᠲᠡᠯᠬᠡᠷᠡᠬᠦᠯᠦᠨ ᠲᠦᠬᠡᠮᠡᠯᠵᠢᠬᠦᠯᠵᠦ᠍᠂ ᠠᠵᠦ᠍ ᠠᠬᠤᠢ᠍ᠢᠯᠠᠯ᠎ᠤᠨ ᠰᠦᠯᠵᠢᠶᠡᠨ ᠲᠡᠬᠡᠷ᠎ᠠ ᠡᠵᠡᠩᠨᠡᠵᠦ᠍ ᠦᠢᠯᠡᠴᠢᠯᠡᠭᠡ ᠬᠠᠩᠭᠠᠬᠤ᠎ᠶ᠋ᠢ ᠢᠳᠡᠪᠬᠢᠳᠡᠢ ᠠᠬᠢᠭᠤᠯᠵᠠᠢ᠃ ᠦᠪᠦᠷ ᠮᠤᠩᠭᠤᠯ᠎ᠤᠨ ᠸᠧᠢ ᠳ᠋ᠦᠸᠧ ᠯᠢ ᠪᠦᠯᠦᠭ᠌ᠯᠡᠯ ᠺᠤᠮᠫᠠᠨᠢ᠂ ᠦᠪᠦᠷ ᠮᠤᠩᠭᠤᠯ᠎ᠤᠨ ᠦᠨᠳᠦᠰᠦᠳᠡᠨ᠎ᠤ ᠪᠦᠯᠦᠭ᠌ᠯᠡᠯ ᠺᠤᠮᠫᠠᠨᠢ ᠵᠡᠷᠬᠡ ᠮᠠᠨ᠎ᠤ ᠤᠷᠤᠨ᠎ᠤ ᠠᠷᠠᠯᠵᠢᠶ᠎ᠠ ᠬᠤᠳᠠᠯᠳᠤᠭᠠᠨ᠎ᠤ 13 ᠲᠤᠮᠤ ᠠᠵᠤ ᠠᠬᠤᠢ᠍ᠢᠯᠠᠯ ᠤᠷᠢᠳ ᠬᠤᠵᠢᠳ ᠬᠠᠩᠭᠠᠯᠭ᠎ᠠ᠎ᠶ᠋ᠢ ᠪᠠᠳᠤᠯᠠᠵᠦ᠍ ᠪᠤᠷᠤᠯᠠᠭᠤᠯᠤᠯᠳᠠ᠎ᠶ᠋ᠢ ᠠᠬᠢᠭᠤᠯᠬᠤ ᠠᠵᠢᠯᠯᠠᠭᠠᠨ ᠦᠷᠨᠢᠬᠦᠯᠵᠦ᠍᠂ ᠰᠦᠯᠵᠢᠶᠡᠨ ᠲᠡᠬᠡᠷᠡᠬᠢ ᠵᠠᠬᠢᠶᠠᠯᠠᠭ᠎ᠠ᠎ᠶ᠋ᠢᠨ ᠬᠠᠭᠤᠳᠠᠰᠤ᠎ᠶ᠋ᠢ ᠨᠡᠢᠳᠡ 18.4 ᠲᠦᠮᠡ ᠭᠠᠷᠤᠢ ᠲᠤᠰᠴᠤ᠌᠂ ᠠᠷᠠᠯᠵᠢᠶ᠎ᠠ ᠪᠦᠲᠦᠭ᠌ᠰᠡᠨ ᠵᠤᠭᠤᠰ᠎ᠤᠨ ᠲᠤᠭ᠎ᠠ 1982 ᠲᠦᠮᠡᠨ ᠲᠦᠬᠦᠷᠢᠭ᠎ᠲᠤ ᠬᠦᠷᠦᠭ᠌ᠰᠡᠨ ᠪᠢᠯᠡ᠃ 

ᠴᠢᠬᠤᠯᠠ ᠶᠡᠭᠡ ᠲᠦᠷᠦᠯ ᠵᠦᠢᠯ ᠪᠠᠳᠤᠳᠠᠢ ᠠᠬᠢᠪᠠ

ᠬᠠᠪᠤᠷ ᠵᠤᠨ᠎ᠤ ᠤᠯᠠᠷᠢᠯ ᠪᠤᠯ ᠲᠦᠷᠦᠯ ᠵᠦᠢᠯ᠎ᠤᠨ ᠪᠠᠷᠢᠯᠭ᠎ᠠ᠎ᠶ᠋ᠢᠨ ᠠᠵᠢᠯ᠎ᠢ ᠶᠠᠪᠤᠭ᠍ᠳᠠᠭᠤᠯᠬᠤ ᠱᠢᠵᠢᠷ ᠠᠯᠳᠠᠨ ᠤᠯᠠᠷᠢᠯ ᠮᠦᠨ᠃ ᠬᠠᠪᠤᠷ᠎ᠠᠴᠠ ᠨᠠᠭᠠᠰᠢ ᠮᠠᠨ᠎ᠤ ᠤᠷᠤᠨ ᠴᠢᠬᠤᠯᠠ ᠶᠡᠭᠡ ᠲᠦᠷᠦᠯ ᠵᠦᠢᠯ᠎ᠤᠨ ᠪᠦᠲᠦᠬᠡᠨ ᠪᠠᠢᠭᠤᠯᠤᠯᠳᠠ᠎ᠶ᠋ᠢ ᠢᠳᠡᠪᠬᠢᠳᠡᠢ ᠠᠬᠢᠭᠤᠯᠵᠦ᠍᠂ ᠤᠳᠤᠬᠠᠨ᠎ᠳᠤ ᠡᠯ᠎ᠠ ᠭᠠᠵᠠᠷ ᠤᠷᠤᠨ᠎ᠳᠤ ᠴᠢᠬᠤᠯᠠ ᠶᠡᠭᠡ ᠲᠦᠷᠦᠯ ᠵᠦᠢᠯ᠎ᠤᠨ ᠪᠦᠲᠦᠬᠡᠨ ᠪᠠᠢᠭᠤᠯᠤᠯᠳᠠ ᠢᠳᠡ ᠬᠦᠭ᠎ᠲᠠᠢ ᠶᠠᠪᠤᠬ᠍ᠳᠠᠵᠤ ᠪᠠᠢᠨ᠎ᠠ᠃

5 ᠰᠠᠷ᠎ᠠ᠎ᠶ᠋ᠢᠨ 30 ᠎ᠤ ᠡᠳᠦᠷ᠂ ᠪᠡᠬᠡᠵᠢᠩ — ᠬᠠᠷᠪᠢᠨ ᠲᠦᠷᠬᠡᠨ᠎ᠤ ᠲᠡᠮᠦᠷ ᠵᠠᠮ᠎ᠤᠨ ᠰᠠᠯᠪᠤᠷᠢ ᠱᠤᠭᠤᠮ ᠪᠤᠯᠬᠤ ᠤᠯᠠᠭᠠᠠᠨᠬ᠍ᠳᠠ — ᠯᠢᠶᠤᠤᠨᠢᠩ᠎ᠤᠨ ᠬᠠᠷᠠᠴᠢᠨ ᠵᠡᠬᠦᠨ ᠭᠠᠷᠤᠨ ᠮᠤᠩᠭᠤᠯ ᠦᠨᠳᠦᠰᠦᠳᠡᠨ᠎ᠤ ᠦᠪᠡᠷᠳᠡᠭᠡᠨ ᠵᠠᠰᠠᠬᠤ ᠱᠢᠶᠠᠨ ᠬᠦᠷᠬᠦ᠌ ᠲᠦᠷᠬᠡᠨ᠎ᠤ ᠲᠡᠮᠦᠷ ᠵᠠᠮ᠎ᠳᠤ ᠭᠠᠯᠳᠤ ᠲᠡᠷᠬᠡ᠎ᠶ᠋ᠢ ᠲᠤᠷᠱᠢᠨ ᠨᠡᠪᠲᠡᠷᠡᠬᠦᠯᠦᠭ᠌ᠰᠡᠨ᠎ᠠᠴᠠ ᠤᠯᠠᠭᠠᠨᠬᠠᠳᠠ ᠪᠠ ᠮᠦᠭ᠌ᠳᠡᠨ᠎ᠤ ᠬᠤᠭᠤᠷᠤᠨᠳᠤᠬᠢ ᠭᠠᠯᠳᠤ ᠲᠡᠷᠬᠡ᠎ᠶ᠋ᠢᠨ ᠠᠶᠠᠯᠠᠯ 7 ᠴᠠᠬ ᠪᠤᠯᠵᠦ᠍ ᠪᠤᠭᠤᠨᠢᠰᠴᠠᠢ᠃

6 ᠰᠠᠷ᠎ᠠ᠎ᠶ᠋ᠢᠨ 6 ᠎ᠤ ᠡᠳᠦᠷ᠂ 100 ᠳ᠋ᠦᠩᠱᠢᠭᠤᠷ ᠲᠦᠬᠦᠷᠢᠭ᠎ᠤᠨ ᠪᠡᠯᠡ ᠤᠷᠤᠭᠤᠯᠤᠯᠳᠠ᠎ᠲᠠᠢ ᠪᠤᠱᠢᠭᠤ ᠭᠠᠷ ᠢᠨᠲ᠋ᠧᠷ ᠰᠦᠯᠵᠢᠶᠡᠨ᠎ᠤ ᠳ᠋ᠠᠢᠲ᠋ᠠ᠎ᠶ᠋ᠢᠨ ᠲᠦᠪ᠎ᠤᠨ ᠲᠦᠷᠦᠯ ᠵᠦᠢᠯ ᠮᠠᠨ᠎ᠤ ᠤᠷᠤᠨ᠎ᠳᠤ ᠨᠤᠳᠤᠬ᠍ᠰᠢᠵᠤ᠂ ᠲᠤᠮᠤ ᠳ᠋ᠠᠢᠲ᠋ᠠ᠂ ᠡᠬᠦᠯᠡᠨ ᠪᠤᠳᠤᠯᠳᠠ᠎ᠶ᠋ᠢᠨ ᠠᠵᠦ᠍ ᠦᠢᠯᠡᠰ᠎ᠲᠤ ᠲᠤᠯᠭᠠᠭᠤᠷᠢᠯᠠᠬ᠍ᠰᠠᠨ ᠲᠠᠯ᠎ᠠ ᠨᠤᠳᠤᠬ᠎ᠤᠨ ᠡᠬᠦᠯᠡᠨ ᠬᠦᠨᠳᠡᠢ᠎ᠶ᠋ᠢᠨ ᠪᠦᠲᠦᠬᠡᠨ ᠪᠠᠢᠭᠤᠯᠤᠯᠳᠠ ᠪᠠᠰᠠ ᠨᠢᠬᠡ ᠶᠡᠭᠡ ᠠᠯᠬᠤᠮ ᠠᠬᠢᠵᠠᠢ᠃

ᠶᠡᠷᠦᠩᠬᠡᠢ ᠪᠡᠯᠡ ᠤᠷᠤᠭᠤᠯᠤᠯᠳᠠ᠎ᠨᠢ 252 ᠳ᠋ᠦᠩᠱᠢᠭᠤᠷ ᠲᠦᠬᠦᠷᠢᠭ᠎ᠲᠤ ᠬᠦᠷᠬᠦ᠌ ᠴᠤᠤᠯ ᠭᠤᠤᠯ᠎ᠤᠨ ᠤᠰᠤ᠎ᠶ᠋ᠢ ᠯᠢᠶᠤᠤ ᠾᠧ ᠭᠤᠤᠯ᠎ᠳᠤ ᠲᠠᠳᠠᠬᠤ ᠤᠰᠤᠨ ᠠᠱᠢᠬ᠍ᠯᠠᠯᠳᠠ᠎ᠶ᠋ᠢᠨ ᠬᠦᠢᠰᠤ ᠪᠠᠷᠢᠯᠭ᠎ᠠ᠎ᠶ᠋ᠢᠨ ᠲᠦᠷᠦᠯ ᠵᠦᠢᠯ ᠪᠠᠷᠢᠯᠭ᠎ᠠ᠎ᠶ᠋ᠢᠨ ᠠᠵᠢᠯ᠎ᠢᠶᠠᠨ ᠨᠢᠬᠡᠨᠳᠡ ᠪᠦᠬᠦ᠌ ᠲᠠᠯ᠎ᠠ᠎ᠪᠠᠷ ᠰᠡᠷᠬᠦᠬᠡᠵᠦ᠍᠂ ᠮᠠᠨ᠎ᠤ ᠤᠷᠤᠨ᠎ᠤ ᠤᠮᠠᠷᠠᠳᠤ᠎ᠶ᠋ᠢᠨ ᠠᠮᠢ ᠠᠬᠤᠢ᠎ᠶ᠋ᠢᠨ ᠠᠮᠤᠷ ᠲᠦᠪᠱᠢᠨ᠎ᠤ ᠴᠢᠬᠤᠯᠠ ᠬᠠᠯᠬᠠᠪᠴᠢ᠎ᠶ᠋ᠢ ᠪᠦᠲᠦᠬᠡᠨ ᠪᠠᠢᠭᠤᠯᠬᠤ ᠠᠯᠬᠤᠴᠠ ᠲᠠᠰᠤᠷᠠᠯᠳᠠ ᠦᠬᠡᠢ ᠲᠦᠷᠬᠡᠳᠴᠦ᠍ ᠪᠠᠢᠨ᠎ᠠ᠃

᠁ 

ᠴᠢᠬᠤᠯᠠ ᠶᠡᠭᠡ ᠲᠦᠷᠦᠯ ᠵᠦᠢᠯ᠎ᠤᠨ ᠪᠦᠲᠦᠬᠡᠨ ᠪᠠᠢᠭᠤᠯᠤᠯᠳᠠ᠎ᠶ᠋ᠢ ᠠᠬᠢᠭᠤᠯᠬᠤ ᠪᠤᠯ ᠲᠠᠷᠤᠢ ᠠᠵᠦ᠍ ᠠᠬᠤᠢ᠎ᠶ᠋ᠢᠨ ᠨᠡᠮᠡᠭ᠌ᠳᠡᠯ᠎ᠢ ᠠᠬᠢᠭᠤᠯᠤᠨ ᠵᠠᠬ᠎ᠠ ᠲᠡᠯᠬᠡᠬᠦᠷ᠎ᠤᠨ ᠢᠳᠡᠬᠡᠯ᠎ᠢ ᠨᠡᠮᠡᠭ᠌ᠳᠡᠬᠦᠯᠵᠦ᠍᠂ ᠴᠢᠨᠠᠷ ᠰᠠᠢᠳᠠᠢ ᠬᠦᠭ᠌ᠵᠢᠯᠳᠡ᠎ᠳᠤ ᠴᠢᠬᠤᠯᠠ ᠲᠤᠯᠭᠠᠭᠤᠷᠢᠯᠠᠯ ᠬᠠᠩᠭᠠᠬ᠍ᠰᠠᠨ ᠶᠠᠪᠤᠳᠠᠯ ᠪᠤᠯᠬᠤ ᠶᠤᠮ᠃ ᠡᠨᠡ ᠵᠢᠯ ᠮᠠᠨ᠎ᠤ ᠤᠷᠤᠨ 3109 ᠴᠢᠬᠤᠯᠠ ᠶᠡᠭᠡ ᠲᠦᠷᠦᠯ ᠵᠦᠢᠯ᠎ᠢ ᠬᠡᠷᠡᠭ᠌ᠵᠢᠬᠦᠯᠬᠦ᠌᠎ᠪᠠᠷ ᠲᠦᠯᠦᠪᠯᠡᠵᠦ᠍᠂ ᠶᠡᠷᠦᠩᠬᠡᠢ ᠪᠡᠯᠡ ᠤᠷᠤᠭᠤᠯᠤᠯᠳᠠ᠎ᠨᠢ 25790 ᠳ᠋ᠦᠩᠱᠢᠭᠤᠷ ᠲᠦᠬᠦᠷᠢᠭ᠎ᠲᠤ ᠬᠦᠷᠴᠤ᠌᠂ ᠲᠤᠰ ᠵᠢᠯ᠎ᠳᠡᠭᠡᠨ 5059 ᠳ᠋ᠦᠩᠱᠢᠭᠤᠷ ᠲᠦᠬᠦᠷᠢᠭ ᠪᠡᠯᠡ ᠤᠷᠤᠭᠤᠯᠬᠤ᠎ᠪᠠᠷ ᠲᠦᠯᠦᠪᠯᠡᠵᠦ᠍ ᠪᠠᠢᠨ᠎ᠠ᠃ ᠡᠳᠡᠬᠡᠷ ᠴᠢᠬᠤᠯᠠ ᠶᠡᠭᠡ ᠲᠦᠷᠦᠯ ᠵᠦᠢᠯ᠎ᠤᠳ ᠲᠠᠷᠠᠭᠠᠴᠢ᠎ᠪᠠᠷ ᠮᠨᠨ᠎ᠤ ᠤᠷᠤᠨ᠎ᠤ ᠲᠤᠳᠠᠭᠤᠳᠠᠯ᠎ᠢ ᠨᠦᠬᠦᠪᠦᠷᠢᠯᠡᠬᠦ᠂ ᠪᠠᠭᠤᠷᠠᠢ ᠲᠠᠯ᠎ᠠ᠎ᠶ᠋ᠢ ᠴᠢᠩᠭᠠᠳᠭᠠᠬᠤ᠂ ᠰᠠᠭᠤᠷᠢ᠎ᠶ᠋ᠢ ᠴᠤᠬ᠍ᠴᠠᠯᠠᠬᠤ ᠪᠠ ᠨᠡᠮᠡᠭ᠌ᠳᠡᠯ᠎ᠤᠨ ᠬᠦᠳᠡᠯᠬᠡᠬᠦ᠌ ᠴᠢᠳᠠᠪᠤᠷᠢ᠎ᠶ᠋ᠢ ᠲᠡᠭᠡᠭ᠌ᠰᠢᠯᠡᠬᠦᠯᠬᠦ᠌᠎ᠳᠤ ᠴᠦᠮ ᠴᠢᠬᠤᠯᠠ ᠦᠢᠯᠡᠳᠦᠯ ᠦᠵᠡᠬᠦᠯᠬᠦ᠌᠎ᠨᠢ ᠯᠠᠪᠳᠠᠢ᠃

ᠬᠢᠵᠢᠭ᠎ᠤᠨ ᠪᠠᠢᠳᠠᠯ᠎ᠤᠨ ᠨᠦᠯᠦᠬᠡ᠎ᠪᠠᠷ ᠮᠠᠨ᠎ᠤ ᠤᠷᠤᠨ᠎ᠤ ᠴᠢᠬᠤᠯᠠ ᠶᠡᠭᠡ ᠲᠦᠷᠦᠯ ᠵᠦᠢᠯ᠎ᠤᠨ ᠪᠦᠲᠦᠬᠡᠨ ᠪᠠᠢᠭᠤᠯᠤᠯᠳᠠ ᠮᠠᠰᠢ ᠶᠡᠭᠡ ᠬᠦᠴᠢᠷᠳᠡᠯ᠎ᠳᠤ ᠲᠤᠯᠭᠠᠷᠠᠬ᠍ᠰᠠᠨ ᠪᠠᠢᠳᠠᠯ ᠲᠤᠤᠷ᠎ᠠ᠂ ᠡᠯ᠎ᠠ ᠭᠠᠵᠠᠷ᠎ᠤᠨ᠎ᠬᠢᠨ ᠤᠨᠤᠴᠠᠳᠠᠢ ᠪᠦᠬᠡᠳ ᠡᠮᠬᠢ ᠵᠢᠷᠤᠮ᠎ᠲᠠᠢ᠎ᠪᠠᠷ ᠠᠬᠢᠭᠤᠯᠬᠤ᠂ ᠡᠯᠧᠮᠧᠨ᠋ᠲ᠎ᠤᠨ ᠪᠠᠳᠤᠯᠠᠭ᠎ᠠ᠎ᠶ᠋ᠢ ᠴᠢᠩᠭᠠᠳᠭᠠᠬᠤ᠂ ᠬᠠᠮᠢᠶᠠᠷᠤᠯᠳᠠ ᠦᠢᠯᠡᠴᠢᠯᠡᠭᠡ᠎ᠶ᠋ᠢᠨ ᠠᠷᠭ᠎ᠠ ᠬᠡᠯᠪᠡᠷᠢ᠎ᠶ᠋ᠢᠨ ᠱᠢᠨ᠎ᠠ᠎ᠶ᠋ᠢ ᠡᠬᠦᠳᠬᠦ᠌᠎ᠪᠠᠷ ᠲᠠᠮᠵᠢᠨ ᠴᠢᠬᠤᠯᠠ ᠶᠡᠭᠡ ᠲᠦᠷᠦᠯ ᠵᠦᠢᠯ᠎ᠤᠨ ᠪᠦᠲᠦᠬᠡᠨ ᠪᠠᠢᠭᠤᠯᠤᠯᠳᠠ᠎ᠶ᠋ᠢᠨ ᠠᠬᠢᠴᠠ᠎ᠶ᠋ᠢ ᠲᠦᠷᠬᠡᠳᠭᠡᠵᠦ᠍᠂ ᠱᠢᠨ᠎ᠠ᠎ᠪᠠᠷ ᠪᠦᠲᠦᠬᠡᠨ ᠪᠠᠢᠭᠤᠯᠵᠦ᠍ ᠪᠠᠢᠭ᠎ᠠ ᠲᠦᠷᠦᠯ ᠵᠦᠢᠯ᠎ᠤᠨ ᠪᠠᠷᠢᠯᠭ᠎ᠠ᠎ᠶ᠋ᠢᠨ ᠠᠵᠢᠯ᠎ᠢᠶᠠᠨ ᠡᠬᠢᠯᠡᠬᠦᠯᠦᠭ᠌ᠰᠡᠨ ᠨᠤᠷᠮ᠎ᠠ ᠢᠯᠡᠷᠬᠡᠢ ᠲᠡᠭᠡᠭ᠌ᠰᠢᠯᠡᠵᠦ᠍᠂ ᠶᠠᠬ ᠪᠦᠲᠦᠬᠡᠨ ᠪᠠᠢᠭᠤᠯᠵᠦ᠍ ᠪᠠᠢᠭ᠎ᠠ ᠲᠦᠷᠦᠯ ᠵᠦᠢᠯ᠎ᠤᠨ ᠪᠠᠷᠢᠯᠭ᠎ᠠ᠎ᠶ᠋ᠢᠨ ᠠᠵᠢᠯ ᠢᠳᠡ ᠬᠦᠭ᠎ᠲᠠᠢ ᠶᠠᠪᠤᠭ᠍ᠳᠠᠵᠤ᠂ ᠴᠢᠬᠤᠯᠠ ᠶᠡᠭᠡ ᠲᠦᠷᠦᠯ ᠵᠦᠢᠯ᠎ᠤᠨ ᠪᠦᠲᠦᠬᠡᠨ ᠪᠠᠢᠭᠤᠯᠤᠯᠳᠠ᠎ᠳᠤ ᠱᠠᠳᠤᠴᠢ ᠴᠢᠨᠠᠷᠳᠠᠢ ᠴᠢᠬᠤᠯᠠ ᠦᠷ᠎ᠠ ᠪᠦᠲᠦᠮᠵᠢ ᠤᠯᠪᠠ᠃ 7 ᠰᠠᠷ᠎ᠠ᠎ᠶ᠋ᠢᠨ ᠰᠡᠬᠦᠯᠴᠢ ᠪᠤᠯᠳᠠᠯ᠎ᠠ᠂ ᠮᠠᠨ᠎ᠤ ᠤᠷᠤᠨ᠎ᠤ 2591 ᠴᠢᠬᠤᠯᠠ ᠶᠡᠭᠡ ᠲᠦᠷᠦᠯ ᠵᠦᠢᠯ ᠨᠢᠬᠡᠨᠳᠡ ᠪᠠᠷᠢᠯᠭ᠎ᠠ᠎ᠶ᠋ᠢᠨ ᠠᠵᠢᠯ᠎ᠢᠶᠠᠨ ᠡᠬᠢᠯᠡᠬᠦᠯᠦᠭ᠌ᠰᠡᠨ ᠪᠤᠶᠤ ᠰᠡᠷᠬᠦᠬᠡᠵᠦ᠍᠂ ᠪᠠᠷᠢᠯᠭ᠎ᠠ᠎ᠶ᠋ᠢᠨ ᠠᠵᠢᠯ᠎ᠢᠶᠠᠨ ᠡᠬᠢᠯᠡᠬᠦᠯᠵᠤ ᠰᠡᠷᠬᠦᠭᠡᠭ᠌ᠰᠡᠨ ᠨᠤᠷᠮ᠎ᠠ 79.3% ᠎ᠳᠤ ᠬᠦᠷᠴᠡᠢ᠃

ᠬᠡᠷᠡᠭ᠌ᠯᠡᠭᠡ᠎ᠶ᠋ᠢᠨ ᠬᠠᠩᠭᠠᠯᠭ᠎ᠠ᠎ᠶ᠋ᠢᠨ ᠲᠦᠪᠱᠢᠨ ᠢᠯᠡᠷᠬᠡᠢ ᠲᠡᠭᠡᠭ᠌ᠰᠢᠯᠡᠪᠡ 

ᠬᠢᠵᠢᠭ᠎ᠤᠨ ᠪᠠᠢᠳᠠᠯ ᠤᠯᠠᠮᠵᠢᠯᠠᠯᠳᠤ ᠭᠡᠷᠡᠭ᠌ᠯᠡᠬᠡᠨ᠎ᠤ ᠬᠡᠯᠪᠡᠷᠢ ᠪᠠ ᠪᠤᠳᠠᠳᠤ ᠲᠠᠯᠬᠡᠬᠦᠷ᠎ᠤᠨ ᠡᠵᠡᠩᠨᠡᠯᠳᠡ᠎ᠶ᠋ᠢᠨ ᠬᠡᠯᠪᠡᠷᠢ᠎ᠳᠤ ᠬᠦᠨᠳᠤ ᠴᠤᠬᠢᠯᠳᠠ ᠤᠴᠠᠷᠠᠭᠤᠯᠤᠭ᠍ᠰᠠᠨ ᠪᠤᠯᠪᠠᠴᠦ᠍ ᠪᠠᠰᠠ ᠱᠢᠨ᠎ᠠ ᠠᠵᠠ ᠲᠤᠬᠢᠶᠠᠯ ᠠᠪᠴᠢᠷᠠᠬ᠍ᠰᠠᠨ᠎ᠢ ᠦᠬᠡᠢᠰᠭᠡᠵᠤ ᠪᠤᠯᠬᠤ ᠦᠬᠡᠢ᠃ ᠬᠤᠪᠴᠠᠰᠤᠨ᠎ᠤ ᠬᠤᠳᠠᠯᠳᠤᠭ᠎ᠠ ᠡᠷᠬᠢᠯᠡᠭᠡᠳ ᠬᠤᠷᠢᠭᠠᠳ ᠵᠢᠯ᠎ᠤᠨ ᠨᠢᠭᠤᠷ ᠦᠵᠡᠵᠦ᠍ ᠪᠠᠢᠭ᠎ᠠ ᠸᠠᠩ ᠵᠢᠶᠦ᠋ᠨ ᠡᠨᠡ ᠵᠢᠯ᠎ᠤᠨ 4 ᠰᠠᠷ᠎ᠠ᠎ᠳᠤ ᠬᠦᠬᠡᠬᠤᠳᠠ᠎ᠶ᠋ᠢᠨ ᠵᠦᠩᠱᠠᠨ ᠪᠠᠷᠠᠭᠤᠨ ᠵᠠᠮ᠎ᠳᠠᠬᠢ ᠪᠤᠳᠠᠳᠤ ᠲᠠᠯᠬᠡᠬᠦᠷ᠎ᠢᠶᠠᠨ ᠴᠤᠤᠷᠢᠶ᠎ᠠ ᠲᠠᠪᠴᠠᠩ᠎ᠳᠤ 《ᠨᠤᠳᠤᠬ᠍ᠰᠢᠭᠤᠯᠤᠬ᠍ᠰᠠᠨ》 ᠎ᠠᠴᠠ ᠨᠠᠭᠠᠰᠢ ᠨᠢᠬᠡᠨᠳᠡ 2.3 ᠲᠦᠮᠡᠨ ᠪᠠᠭ᠍ᠠᠷᠤᠬ᠍ᠴᠢ᠎ᠲᠠᠢ ᠪᠤᠯᠵᠦ᠍᠂ ᠲᠡᠬᠦᠨ᠎ᠤ ᠬᠡᠷᠡᠭ᠌ᠯᠡᠭ᠌ᠴᠢ ᠪᠡᠬᠡᠵᠢᠩ᠂ ᠱᠠᠩᠬᠠᠢ᠂ ᠭᠤᠧᠠᠩᠵᠧᠤ ᠬᠦᠷᠳᠡᠯ᠎ᠠ ᠲᠦᠬᠡᠵᠡᠢ᠃ ᠬᠢᠵᠢᠭ᠎ᠤᠨ ᠨᠦᠯᠦᠭᠡᠯᠡᠯ᠎ᠢᠶᠠᠷ ᠸᠠᠩ ᠵᠢᠶᠦ᠋ᠨ᠎ᠤ ᠪᠤᠳᠠᠳᠤ ᠲᠠᠯᠬᠡᠬᠦᠷ᠎ᠲᠠᠬᠢ ᠪᠤᠷᠤᠯᠠᠭᠤᠯᠤᠯᠳᠠ᠎ᠶ᠋ᠢᠨ ᠬᠡᠮᠵᠢᠶ᠎ᠠ ᠡᠩ᠎ᠤᠨ ᠵᠢᠯ᠎ᠤᠨ᠎ᠬᠢ᠎ᠠᠴᠠ ᠶᠡᠭᠡ ᠪᠠᠭᠤᠷᠠᠬ᠍ᠰᠠᠨ ᠴᠤ᠌ ᠰᠦᠯᠵᠢᠶᠡᠨ ᠬᠤᠳᠠᠯᠳᠤᠭ᠎ᠠ ᠨᠡᠭᠡᠭᠡᠭ᠌ᠰᠡᠨ᠎ᠠᠴᠠ ᠤᠷᠤᠯᠭ᠎ᠠ᠎ᠨᠢ ᠲᠠᠮᠡᠢ ᠨᠦᠯᠦᠬᠡᠯᠡᠭ᠌ᠳᠡᠭ᠌ᠰᠡᠨ ᠦᠬᠡᠢ᠃ ᠪᠠᠢᠱᠢᠩ᠎ᠤᠨ ᠲᠦᠷᠢᠶᠡᠰᠤᠨ ᠮᠦᠩᠬᠦ᠌᠎ᠶ᠋ᠢ ᠬᠠᠰᠤᠵᠤ ᠬᠡᠯᠳᠦᠷᠢᠬᠦᠯᠬᠦ᠌ ᠵᠡᠷᠬᠡ ᠬᠠᠷᠠᠭᠠᠯᠵᠠᠯ᠎ᠤᠨ ᠲᠦᠷᠤ᠎ᠶ᠋ᠢᠨ ᠪᠤᠳᠤᠯᠭ᠎ᠠ᠎ᠶ᠋ᠢᠨ ᠲᠡᠮᠵᠢᠯᠬᠡ᠎ᠪᠠᠷ ᠸᠠᠩ ᠵᠢᠶᠦ᠋ᠨ᠎ᠤ ᠬᠤᠪᠴᠠᠰᠤᠨ᠎ᠤ ᠬᠤᠳᠠᠯᠳᠤᠭ᠎ᠠ ᠠᠯᠢ ᠬᠡᠳᠦ᠋ᠢᠨ ᠬᠡᠪ᠎ᠤᠨ ᠪᠠᠢᠳᠠᠯ᠎ᠳᠠᠭᠠᠨ ᠤᠷᠤᠭ᠍ᠰᠠᠨ ᠪᠠᠢᠨ᠎ᠠ᠃

ᠰᠦᠯᠵᠢᠶ᠎ᠠ᠎ᠪᠠᠷ ᠲᠠᠮᠵᠢᠨ ᠡᠵᠡᠩᠨᠡᠵᠤ ᠪᠤᠷᠤᠯᠠᠭᠤᠯᠬᠤ ᠪᠠ ᠦᠢᠯᠡᠴᠢᠯᠡᠭᠡ ᠬᠠᠩᠭᠠᠬᠤ᠎ᠨᠢ ᠬᠡᠷᠡᠭ᠌ᠯᠡᠬᠡᠨ᠎ᠤ ᠵᠠᠬ᠎ᠠ ᠲᠡᠯᠬᠡᠬᠦᠷ᠎ᠤᠨ ᠬᠡᠯᠪᠡᠷᠢ᠎ᠪᠠᠨ ᠬᠤᠪᠢᠷᠠᠭᠤᠯᠵᠤ ᠲᠡᠰ ᠲᠡᠪᠱᠢᠬᠦ᠌ ᠪᠠ ᠬᠠᠩᠭᠠᠯᠭ᠎ᠠ᠎ᠶ᠋ᠢᠨ ᠪᠦᠲᠦᠴᠡ᠎ᠪᠠᠨ ᠱᠢᠯᠢᠳᠡᠭ᠌ᠵᠢᠬᠦᠯᠬᠦ᠌᠎ᠶ᠋ᠢ ᠪᠤᠰᠤᠳᠴᠢ᠎ᠪᠠᠷ ᠠᠬᠢᠭᠤᠯᠵᠠᠢ᠃ ᠬᠢᠵᠢᠭ᠎ᠤᠨ ᠪᠠᠢᠳᠠᠯ ᠭᠠᠷᠤᠭ᠍ᠰᠠᠨ᠎ᠤ ᠲᠠᠷᠠᠭ᠎ᠠ᠂ ᠮᠠᠨ᠎ᠤ ᠤᠷᠤᠨ ᠰᠦᠯᠵᠢᠶᠡᠨ ᠪᠤᠷᠤᠯᠠᠭᠤᠯᠭ᠎ᠠ ᠪᠡ ᠦᠢᠯᠡᠴᠢᠯᠡᠭᠡ᠎ᠪᠠᠷ ᠬᠡᠷᠡᠭ᠌ᠯᠡᠬᠡᠨ᠎ᠤ ᠵᠠᠬ᠎ᠠ ᠲᠡᠯᠬᠡᠬᠦᠷ᠎ᠤᠨ ᠬᠡᠯᠪᠡᠷᠢ᠎ᠪᠠᠨ ᠬᠤᠪᠢᠷᠠᠭᠤᠯᠵᠤ ᠲᠡᠰ ᠲᠡᠪᠱᠢᠬᠦᠯᠬᠦ᠌ ᠪᠠ ᠬᠡᠷᠡᠭ᠌ᠯᠡᠬᠡᠨ᠎ᠤ ᠬᠠᠩᠭᠠᠯᠭ᠎ᠠ᠎ᠶ᠋ᠢᠨ ᠪᠦᠲᠦᠴᠡ᠎ᠶ᠋ᠢ ᠱᠢᠯᠢᠳᠡᠭ᠌ᠵᠢᠬᠦᠯᠬᠦ᠂ ᠬᠡᠷᠡᠭ᠌ᠯᠡᠬᠡᠨ᠎ᠤ ᠬᠠᠩᠭᠠᠯᠭ᠎ᠠ᠎ᠶ᠋ᠢᠨ ᠲᠡᠰ ᠲᠦᠪᠱᠢᠨ᠎ᠢ ᠲᠡᠭᠡᠭ᠌ᠰᠢᠯᠡᠬᠦᠯᠬᠦ᠌ ᠠᠯᠬᠤᠭ᠎ᠠ᠎ᠪᠠᠨ ᠲᠠᠰᠤᠷᠠᠯᠳᠠ ᠦᠬᠡᠢ ᠲᠦᠷᠬᠡᠳᠭᠡᠪᠠ᠃ ᠲᠦᠷᠦᠬᠦᠤ ᠭᠤᠷᠪᠠᠨ ᠤᠯᠠᠷᠢᠯ᠎ᠳᠤ᠂ ᠪᠦᠬᠦ᠌ ᠤᠷᠤᠨ᠎ᠤ ᠰᠦᠯᠵᠢᠶ᠎ᠠ᠎ᠪᠠᠷ ᠲᠠᠮᠵᠢᠨ ᠪᠤᠳᠠᠳᠤ ᠲᠠᠸᠠᠷ᠎ᠢ ᠵᠢᠵᠢᠭ᠌ᠯᠡᠨ ᠪᠤᠷᠤᠯᠠᠭᠤᠯᠤᠬ᠍ᠰᠠᠨ ᠵᠤᠭᠤᠰ᠎ᠤᠨ ᠬᠡᠮᠵᠢᠶ᠎ᠠ ᠨᠢᠳᠤᠨᠤᠨ᠎ᠤ ᠠᠳᠠᠯᠢ ᠬᠤᠭᠤᠴᠠᠭᠠᠨ᠎ᠤ᠎ᠬᠢ᠎ᠠᠴᠠ 38.7% ᠎ᠪᠠᠷ ᠨᠡᠮᠡᠭ᠌ᠳᠡᠵᠦ᠍᠂ ᠬᠢᠵᠠᠭᠠᠷᠯᠠᠬ᠍ᠰᠠᠨ ᠲᠤᠭᠠᠨ᠎ᠠᠴᠠ ᠲᠡᠭᠡᠭ᠌ᠰᠢᠬᠢ ᠨᠢᠬᠡᠴᠢ᠎ᠶ᠋ᠢᠨ ᠰᠦᠯᠵᠢᠶ᠎ᠠ᠎ᠪᠠᠷ ᠲᠠᠮᠵᠢᠨ ᠪᠤᠷᠤᠯᠠᠭᠤᠯᠤᠬ᠍ᠰᠠᠨ ᠬᠤᠭᠤᠯᠠᠨ ᠬᠤᠰᠢ᠎ᠶ᠋ᠢᠨ ᠤᠷᠤᠯᠭ᠎ᠠ 38.8% ᠎ᠪᠠᠷ ᠨᠡᠮᠡᠭ᠌ᠳᠡᠪᠡ᠃

ᠬᠢᠵᠢᠭ᠎ᠤᠨ ᠪᠠᠢᠳᠠᠯ᠎ᠤᠨ ᠤᠨᠴᠠᠭᠠᠢ ᠴᠠᠬ ᠬᠤᠭᠤᠴᠠᠭᠠᠨ᠎ᠳᠤ ᠮᠠᠨ᠎ᠤ ᠤᠷᠤᠨ᠎ᠤ ᠲᠦᠷᠬᠡᠨ ᠭᠤᠪᠢᠭᠤᠯᠭ᠎ᠠ᠂ ᠠᠳᠠᠯ ᠠᠬᠤᠢ᠎ᠶ᠋ᠢᠨ ᠬᠠᠮᠢᠶᠠᠷᠤᠯᠳᠠ᠂ ᠬᠦᠮᠦᠷᠭᠡᠯᠡᠵᠦ᠍ ᠨᠦᠬᠡᠴᠡᠯᠡᠬᠦ᠌ ᠦᠢᠯᠡᠰ ᠠᠷᠠᠳ᠎ᠤᠨ ᠠᠮᠢᠳᠤᠷᠠᠯ᠎ᠢ ᠪᠠᠳᠤᠯᠠᠬᠤ ᠪᠠ ᠠᠵᠦ᠍ ᠠᠬᠤᠢ᠎ᠶ᠋ᠢ ᠲᠤᠯᠭᠠᠭᠤᠷᠢᠯᠠᠬᠤ ᠲᠠᠯ᠎ᠠ᠎ᠪᠠᠷ ᠴᠢᠬᠤᠯᠠ ᠦᠢᠯᠡᠳᠤᠯ᠎ᠢᠶᠠᠨ ᠪᠠᠳᠠᠷᠠᠭᠤᠯᠵᠠᠢ᠃ ᠬᠢᠵᠢᠭ᠎ᠤᠨ ᠪᠠᠢᠳᠠᠯ ᠬᠠᠮᠤᠬ᠎ᠤᠨ ᠬᠦᠨᠳᠤ ᠬᠡᠴᠡᠬᠦᠦ ᠪᠠᠢᠬ᠍ᠰᠠᠨ ᠦᠶ᠎ᠠ᠎ᠳᠤ ᠬᠤᠳᠠ ᠵᠡᠬᠡᠯᠢ᠎ᠶ᠋ᠢᠨ ᠲᠤᠮᠳᠠᠭᠤᠷ ᠬᠠᠮᠤᠬ᠎ᠤᠨ ᠶᠠᠭᠠᠷᠠᠯᠳᠠᠢ ᠠᠵᠢᠯᠯᠠᠬ᠍ᠰᠠᠳ᠎ᠤᠨ ᠨᠢᠬᠡ ᠪᠤᠯ ᠲᠦᠷᠬᠡᠨ ᠭᠤᠪᠢᠭᠤᠯᠭ᠎ᠠ᠎ᠶ᠋ᠢᠨ ᠠᠵᠢᠯ ᠲᠦᠷᠦᠯ᠎ᠤᠨ᠎ᠬᠢᠨ ᠪᠠᠢᠵᠦ᠍᠂ ᠲᠡᠳᠡ ᠨᠠᠷ ᠠᠷᠠᠳ᠎ᠤᠨ ᠠᠮᠢᠳᠤᠷᠠᠯ᠎ᠢ ᠪᠠᠳᠤᠯᠠᠬᠤ᠎ᠳᠤ ᠤᠷᠤᠯᠠᠭᠤᠯᠵᠦ᠍ ᠪᠤᠯᠤᠰᠢ ᠦᠬᠡᠢ ᠴᠢᠬᠤᠯᠠ ᠦᠢᠯᠡᠳᠦᠯ ᠦᠵᠡᠬᠦᠯᠦᠭ᠌ᠰᠡᠨ ᠪᠠᠢᠨ᠎ᠠ᠃ ᠪᠦᠷᠢᠳᠭᠡᠯ᠎ᠢᠶᠠᠷ᠂ ᠲᠦᠷᠦᠬᠦᠤ ᠭᠤᠷᠪᠠᠨ ᠤᠯᠠᠷᠢᠯ᠎ᠳᠤ ᠮᠠᠨ᠎ᠤ ᠤᠷᠤᠨ᠎ᠤ ᠱᠢᠤᠳᠠᠨ᠎ᠤ ᠠᠵᠢᠯ᠎ᠤᠨ ᠶᠡᠷᠦᠩᠬᠡᠢ ᠬᠡᠮᠵᠢᠶ᠎ᠠ ᠨᠢᠳᠤᠨᠤᠨ᠎ᠤ ᠠᠳᠠᠯᠢ ᠬᠤᠭᠤᠴᠠᠭ᠎ᠠ᠎ᠶ᠋ᠢᠨ᠎ᠬᠢ᠎ᠠᠴᠠ 22.9% ᠎ᠪᠠᠷ ᠨᠡᠮᠡᠭ᠌ᠳᠡᠭ᠌ᠰᠡᠨ ᠠᠵᠢ᠃





ᠣᠷᠴᠢᠭᠤᠯᠤᠭ᠍ᠴᠢ᠄
ᠨᠠᠢᠷᠠᠭᠤᠯᠤᠭ᠍ᠴᠢ᠄ ᠱᠢᠨᠡᠴᠡᠴᠡᠭ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号