ᠲᠦᠩᠯᠢᠶᠣᠤ ᠬᠣᠲᠠ ᠵᠢᠨ ᠥᠨᠳᠥᠷ ᠥᠷ᠎ᠡ ᠠᠱᠢᠬ᠍ᠳᠤ ᠥᠨᠳᠥᠷ ᠤᠨᠠᠯᠳᠠᠳᠤ ᠥᠨᠳᠥᠷ ᠪᠠᠷᠢᠮᠵᠢᠶᠠᠳᠤ ᠤᠰᠤ ᠠᠷᠪᠢᠯᠠᠬᠤ ᠲᠠᠷᠢᠶ᠎ᠠ 570 ᠲᠦᠮᠡᠨ ᠮᠥ᠍ ᠪᠤᠯᠵᠠᠢ
2020-10-27 10:20:09
ᠵᠣᠬᠢᠶᠠᠭ᠍ᠴᠢ᠄
ᠪᠤᠤ ᠴᠢᠩ ᠱᠧᠩ
ᠣᠩᠱᠢᠭ᠍ᠰᠠᠨ ᠣᠳᠠᠭ᠎ᠠ᠄
★★★☆☆

 ᠲᠦᠩᠯᠢᠶᠣᠤ ᠬᠣᠲᠠ ᠪᠣᠯ ᠮᠠᠯ ᠠᠵᠤ ᠠᠬᠤᠢ᠎ᠲᠠᠷᠢᠶᠠᠯᠠᠩ᠎ᠤᠨ ᠲᠣᠮᠣ ᠬᠣᠲᠠ ᠪᠣᠯᠤᠨ᠎ᠠ᠂ ᠪᠠᠰᠠ ᠨᠡᠢᠲᠡᠯᠢᠭ ᠴᠢᠨᠠᠷᠲᠠᠶ ᠤᠰᠤ ᠳᠤᠲᠠᠭ᠍ᠳᠠᠵᠤ ᠪᠠᠢᠶ᠋ᠭ᠎ᠠ ᠭᠠᠵᠠᠷ ᠣᠷᠣᠨ ᠪᠠᠢᠵᠤ ᠂ ᠲᠠᠷᠢᠶᠠᠯᠠᠩ᠎ᠳᠤ ᠬᠡᠷᠡᠭ᠌ᠯᠡᠬᠦ᠌ ᠤᠰᠤᠨ᠎ᠤ ᠬᠡᠮᠵᠢᠶ᠎ᠡ ᠪᠦᠬᠦ᠌ ᠬᠣᠲᠠ᠎ᠶ᠋ᠢᠨ ᠤᠰᠤ ᠬᠡᠷᠡᠭ᠌ᠯᠡᠬᠦ᠌ ᠶᠡᠷᠦᠩᠬᠡᠶ ᠬᠡᠮᠵᠢᠶ᠎ᠡ᠎ᠶ᠋ᠢᠨ 85%᠎ᠠᠴᠠ ᠳᠡᠭᠡᠭ᠌ᠰᠢᠬᠢ᠎ᠶ᠋ᠢ ᠡᠵᠡᠯᠡᠨ᠂ ᠲᠠᠷᠢᠶᠠᠨ᠎ᠤ ᠤᠰᠤᠯᠠᠯᠲᠠ ᠳ᠋ᠤ ᠶᠡᠬᠡ ᠬᠡᠮᠵᠢᠶᠠᠨ᠎ᠤ ᠭᠠᠵᠠᠷ ᠳᠣᠣᠷᠠᠬᠢ ᠤᠰᠤ ᠵᠢ ᠬᠡᠷᠡᠭ᠌ᠰᠡᠳᠡᠭ᠃ ᠥᠪᠡᠷᠳᠡᠭᠡᠨ ᠵᠠᠰᠠᠬᠤ ᠤᠷᠤᠨ ᠎ᠤ 《ᠤᠰᠤᠨ᠎ᠤ ᠬᠡᠮᠵᠢᠶ᠎ᠡ᠎ᠪᠡᠷ ᠬᠥᠭ᠌ᠵᠢᠭᠥᠯᠬᠥ᠌ 》 ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠶ ᠳᠤᠭᠤᠱᠢᠯᠠᠭᠤᠯᠤᠨ ᠨᠠᠢᠳᠠᠪᠤᠷᠢᠵᠢᠭᠤᠯᠬᠤ ᠎ᠶ᠋ᠢᠨ ᠲᠥᠯᠥᠭᠡ ᠂ 2018 ᠣᠨ᠎ᠠᠴᠠ ᠡᠬᠢᠯᠡᠨ ᠂ ᠲᠦᠩᠯᠢᠶᠣᠤ ᠬᠣᠲᠠ ᠲᠠᠷᠢᠶᠠᠯᠠᠩ ᠎ᠤᠨ ᠥᠨᠳᠥᠷ ᠥᠷ᠎ᠡ ᠠᠱᠢᠬ᠍ᠳᠤ ᠤᠰᠤ ᠠᠷᠪᠢᠯᠠᠬᠤ᠎ᠪᠠᠷ ᠭᠣᠸ᠋ᠯᠳᠠᠯᠭ᠎ᠠ ᠪᠣᠯᠭᠠᠭ᠍ᠰᠠᠨ ᠥᠨᠳᠥᠷ  ᠪᠠᠷᠢᠮᠵᠢᠶᠠᠲᠤ  ᠲᠠᠷᠢᠶᠠᠨ ᠭᠠᠵᠠᠷ᠎ᠤᠨ ᠪᠦᠲᠦᠭᠡᠨ ᠪᠠᠢᠭᠤᠯᠤᠯᠲᠠ᠎ᠶ᠋ᠢᠨ ᠢᠨᠵᠧᠨᠧᠷᠢᠩ᠎ᠢ ᠲᠥᠯᠥᠪᠵᠢᠭᠦᠯᠦᠨ ᠬᠡᠷᠡᠭ᠌ᠵᠢᠭᠦᠯᠪᠡ᠃ ᠤᠳᠤ ᠪᠤᠯᠳᠠᠯ᠎ᠠ ᠨᠡᠢᠲᠡ  60.3 ᠳ᠋ᠦᠩᠱᠢᠭᠤᠷ ᠲᠥᠭᠥᠷᠢᠭ ᠎ᠦᠨ ᠪᠡᠯᠡ ᠣᠷᠣᠭᠤᠯᠵᠤ ᠂ ᠥᠨᠳᠥᠷ ᠦᠷ᠎ᠡ ᠠᠱᠢᠭ᠍ᠲᠤ ᠤᠰᠤ  ᠠᠷᠪᠢᠯᠠᠬᠤ ᠤᠰᠤᠯᠠᠯᠲᠠ ᠎ᠶ᠋ᠢᠨ ᠥᠨᠳᠥᠷ ᠪᠠᠷᠢᠮᠵᠢᠶᠠᠲᠤ  ᠲᠠᠷᠢᠶᠠᠨ ᠭᠠᠵᠠᠷ᠎ᠢ 570 ᠲᠦᠮᠡᠨ ᠮᠦ᠍ ᠪᠥᠲᠥᠭᠡᠨ ᠪᠠᠢᠭᠤᠯᠵᠠᠢ᠃ ᠡᠭᠦᠨ᠎ᠳᠤ ᠂ ᠬᠣᠷᠴᠢᠨ ᠵᠡᠭᠦᠨ ᠭᠠᠷᠤᠨ ᠳᠤᠮᠳᠠᠳᠤ ᠬᠣᠱᠢᠭᠤᠨ᠎ᠤ100 ᠲᠦᠮᠡᠨ ᠮᠦ᠍᠂ ᠺᠠᠢᠯᠦ᠍ ᠱᠢᠶᠠᠨ᠎ᠤ 50 ᠲᠦᠮᠡᠨ ᠮᠦ᠍ ᠂ ᠬᠣᠷᠴᠢᠨ ᠲᠣᠭᠣᠷᠢᠭ ᠎ᠤᠨ 20 ᠲᠦᠮᠡᠨ ᠮᠦ᠍ ᠵᠢᠨ ᠲᠥᠪᠯᠡᠷᠡᠵᠤ ᠬᠡᠰᠡᠭ᠌ᠷᠡᠭ᠌ᠰᠠᠨ ᠵᠢᠱ᠌ᠢᠶ᠎ᠡ ᠦᠵᠡᠭᠦᠯᠬᠦ᠌ ᠣᠷᠣᠨ ᠎ᠢ ᠪᠠᠢᠭᠤᠯᠥᠨ ᠂ ᠵᠢᠯ ᠎ᠤᠨ ᠲᠠᠷᠢᠶᠠᠯᠠᠩ᠎ᠤᠨ ᠤᠰᠤᠯᠠᠯᠲᠠ᠎ᠳᠤ ᠬᠡᠷᠡᠭ᠌ᠯᠡᠬᠦ᠌ ᠤᠰᠤ ᠵᠢ ᠪᠠᠷᠤᠭ 6 ᠳ᠋ᠦᠩᠱᠢᠭᠤᠷ ᠪᠤᠰᠤᠭ᠎ᠠ ᠳᠥᠷᠪᠡᠯᠵᠢᠨ ᠮᠧᠲ᠋ᠷ ᠡᠴᠡ ᠳᠡᠭᠡᠭ᠌ᠰᠢ ᠠᠷᠪᠢᠯᠠᠬᠤ ᠪᠤᠯᠤᠬ᠍ᠰᠠᠨ ᠪᠠᠢᠨ᠎ᠠ᠃

untitled.png

ᠲᠤᠰ ᠢᠨᠵᠧᠨᠧᠷᠢᠩ᠎ᠢ ᠬᠡᠷᠡᠭ᠌ᠵᠢᠭᠦᠯᠬᠦ᠌ ᠶᠠᠪᠤᠴᠠ᠎ᠳᠤ᠂ ᠲᠤᠰ ᠬᠣᠲᠠ ᠬᠣᠱᠢᠭᠤ ᠱᠢᠶᠠᠨ᠎ᠢᠶᠠᠷ ᠨᠢᠭᠡᠴᠢ ᠪᠣᠯᠭᠠᠵᠤ ᠂ ᠬᠥᠳᠡᠭᠡ ᠲᠣᠰᠭᠣᠨ᠎ᠤ ᠵᠠᠭᠠᠭ ᠬᠢᠵᠠᠭᠠᠷ᠎ᠤᠨ ᠰᠠᠭᠠᠳ ᠬᠠᠷᠰᠢ ᠵᠢ ᠪᠥᠲᠥᠮᠵᠢᠲᠠᠢ ᠱᠢᠢᠳᠪᠥᠷᠢᠯᠡᠨ᠂ ᠭᠤᠤᠯᠳᠠᠭᠤ ᠥᠨᠳᠥᠰᠥᠨ ᠲᠠᠷᠢᠶᠠᠨ ᠭᠠᠵᠠᠷ᠂ ᠠᠮᠤ ᠪᠤᠳᠠᠭᠠᠨ ᠎ᠤ ᠦᠢᠯᠡᠳᠪᠦᠷᠢᠯᠡᠯ᠎ᠦᠨ ᠴᠢᠳᠠᠮᠵᠢᠲᠤ ᠣᠷᠣᠨ ᠪᠠ ᠴᠢᠬᠤᠯᠠ ᠲᠠᠷᠢᠶᠠᠯᠠᠩ ᠎ᠤᠨ ᠪᠦᠲᠦᠭᠡᠭ᠌ᠳᠡᠬᠦᠨ ᠎ᠦ ᠦᠢᠯᠡᠳᠪᠦᠷᠢᠯᠡᠯ ᠎ᠦᠨ ᠬᠠᠮᠠᠭᠠᠯᠠᠯᠲᠠ᠎ᠶ᠋ᠢᠨ ᠣᠷᠣᠨ ᠎ᠤ ᠳᠤᠭᠤᠷᠢᠨ ᠳ᠋ᠤ ᠲᠥᠷᠥᠯ ᠵᠥᠢᠯ ᠎ᠤᠨ ᠤᠷᠤᠨ ᠎ᠢ ᠲᠥᠯᠥᠪᠵᠢᠭᠦᠯᠵᠤ᠂ ᠲᠥᠪᠯᠡᠷᠡᠭᠦᠯᠦᠨ ᠬᠡᠰᠡᠭ᠌ᠯᠡᠬᠦ᠌ ᠵᠢ ᠦᠨᠡᠨ ᠬᠦ᠌ ᠪᠠᠲᠤᠯᠠᠪᠠ ᠃《ᠤᠰᠤ ᠂ ᠴᠠᠬᠢᠯᠭᠠᠨ᠂ ᠬᠤᠤᠡᠳᠤᠭ ᠂ ᠵᠠᠮ ᠂ ᠮᠣᠳᠣ ᠂ ᠮᠡᠷᠭᠡᠵᠢᠯ 》 ᠵᠢᠷᠭᠤᠭ᠎ᠠ ᠵᠢ ᠢᠵᠢ ᠪᠦᠷᠢᠳᠦᠭᠦᠯᠬᠦ᠌ ᠪᠠᠷᠢᠮᠵᠢᠶ᠎ᠠ᠎ᠶ᠋ᠢ ᠪᠠᠷᠢᠮᠲᠠᠯᠠᠵᠤ᠂《ᠥᠷ᠎ᠡ ᠰᠤᠩᠭᠤᠬᠤ ᠂ ᠲᠠᠷᠢᠬᠤ ᠂ ᠬᠥᠷᠥᠰᠥ᠍ ᠵᠢ ᠬᠡᠮᠵᠢᠨ ᠪᠣᠷᠳᠣᠭᠤᠷ ᠣᠷᠣᠭᠤᠯᠬᠤ᠂ ᠲᠠᠷᠢᠶᠠᠨ ᠭᠠᠵᠠᠷ ᠎ᠤᠨ ᠬᠠᠮᠢᠶᠠᠷᠤᠯᠲᠠ ᠂ ᠡᠪᠡᠳᠴᠢᠨ ᠬᠣᠷᠣᠬᠠᠶ ᠎ᠶ᠋ᠢᠨ ᠬᠥᠨᠥᠭᠡᠯ ᠎ᠢ ᠰᠡᠷᠭᠡᠢᠯᠡᠨ ᠵᠠᠰᠠᠬᠤ ᠂ ᠮᠠᠱᠢᠨ᠎ᠢᠶᠠᠷ ᠲᠠᠷᠢᠬᠤ᠂ ᠮᠠᠱᠢᠨ᠎ᠢᠶᠠᠷ ᠬᠤᠷᠢᠶᠠᠬᠤ᠂ ᠡᠰᠢ ᠰᠦᠷᠡᠯ ᠎ᠢ ᠲᠠᠷᠢᠶᠠᠨ ᠭᠠᠵᠠᠷ᠎ᠲᠤ ᠪᠤᠴᠠᠭᠠᠬᠤ 》ᠨᠠᠶ᠋ᠮᠠᠨ ᠨᠢᠭᠡᠳᠦᠯᠲᠡᠶ ᠵᠠᠷᠴᠢᠮ ᠶᠤᠰᠤᠭᠠᠷ ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠎ᠢ ᠨᠢᠭᠡ ᠯᠡ ᠳᠡᠭᠡᠷ᠎ᠡ ᠪᠥᠲᠥᠭᠡᠨ ᠪᠠᠢᠭᠤᠯᠵᠤ ᠳᠠᠭᠤᠰᠭᠠᠬᠤ ᠎ᠶ᠋ᠢ ᠦᠨᠡᠨ  ᠬᠦ᠌ ᠪᠠᠳᠤᠯᠠᠵᠠᠢ᠃《ᠨᠢᠭᠡ ᠎ᠶ᠋ᠢ ᠨᠡᠮᠡᠭ᠌ᠳᠡᠭᠦᠯᠵᠦ᠍ ᠳᠥᠷᠪᠡ᠎ᠶ᠋ᠢ ᠥᠭᠡᠷᠡᠴᠢᠯᠡᠬᠦ᠌》 ᠂ 《ᠤᠰᠤ ᠪᠣᠷᠳᠣᠭᠤᠷ ᠎ᠢ ᠨᠢᠭᠡ ᠴᠣᠭ᠍ᠴᠠᠵᠢᠭᠤᠯᠬᠤ》ᠵᠡᠷᠭᠡ ᠪᠠᠷᠢᠮᠵᠢᠶᠠᠵᠢᠭᠤᠯᠤᠭ᠍ᠰᠠᠨ ᠦᠢᠯᠡᠳᠪᠦᠷᠢᠯᠡᠯ ᠎ᠦᠨ ᠮᠡᠷᠭᠡᠵᠢᠯ ᠎ᠢ ᠪᠦᠬᠦ᠌ ᠲᠠᠯ᠎ᠠ᠎ᠪᠠᠷ ᠬᠡᠷᠡᠭ᠌ᠵᠢᠭᠦᠯᠵᠦ᠍᠂ ᠤᠷᠲᠤ ᠬᠤᠭᠤᠴᠠᠭᠠᠨ ᠎ᠤ ᠪᠦᠲᠦᠮᠵᠢᠲᠡᠶ ᠠᠵᠢᠯᠯᠠᠭᠠᠨ᠎ᠤ ᠬᠠᠮᠢᠶᠠᠷᠤᠯᠲᠠ᠎ᠶ᠋ᠢᠨ ᠲᠣᠭ᠍ᠲᠠᠴᠠ ᠎ᠶ᠋ᠢ ᠪᠠᠢᠭᠤᠯᠤᠨ ᠪᠦᠷᠢᠨᠱᠢᠭᠦᠯᠬᠥ᠌ ᠵᠢᠨ ᠬᠠᠮᠳᠤ ᠂ ᠲᠠᠷᠢᠶᠠᠯᠠᠩ ᠎ᠤᠨ ᠤᠰᠤᠨ ᠎ᠤ ᠦᠨ᠎ᠡ ᠬᠠᠩᠰᠢ ᠎ᠶ᠋ᠢᠨ ᠶᠡᠷᠦᠩᠬᠡᠶ ᠥᠭᠡᠷᠡᠴᠢᠯᠡᠯᠲᠠ ᠎ᠶ᠋ᠢ ᠠᠬᠢᠭᠤᠯᠵᠤ ᠂ ᠨᠠᠷᠢᠯᠢᠭ ᠣᠨᠣᠴᠠᠲᠠᠢ ᠎ᠬᠡᠮᠵᠢᠬᠦ᠌ ᠲᠥᠬᠥᠭᠡᠷᠦᠮᠵᠢ ᠵᠢ ᠲᠥᠬᠥᠷᠵᠢᠭᠥᠯᠥᠨ᠂ ᠤᠶᠤᠨᠴᠢᠯᠠᠭ᠍ᠰᠠᠨ ᠤᠰᠤ ᠴᠠᠬᠢᠯᠭᠠᠨ ᠎ᠤ ᠬᠣᠣᠰ ᠡᠵᠡᠮᠳᠡᠯ ᠎ᠢ ᠪᠡᠶᠡᠯᠡᠭᠦᠯᠦᠭ᠌ᠰᠡᠨ ᠪᠠᠢᠨ᠎ᠠ᠃ 

ᠲᠤᠰ ᠬᠤᠲᠠ ᠥᠨᠳᠥᠷ ᠥᠷ᠎ᠡ ᠠᠱᠢᠬ᠍ᠳᠤ ᠥᠨᠳᠥᠷ ᠤᠨᠠᠯᠳᠠᠳᠤ ᠥᠨᠳᠥᠷ ᠪᠠᠷᠢᠮᠵᠢᠶᠠᠲᠤ ᠤᠰᠤ ᠠᠷᠪᠢᠯᠠᠬᠤ ᠲᠠᠷᠢᠶᠠᠨ ᠭᠠᠵᠠᠷ ᠎ᠢ ᠪᠦᠲᠦᠭᠡᠨ ᠪᠠᠢᠭᠤᠯᠬᠤ᠎ᠪᠠᠷ ᠳᠠᠮᠵᠢᠭᠤᠯᠤᠨ᠂ ᠲᠠᠷᠢᠶᠠᠯᠠᠩ ᠎ᠤᠨ ᠦᠶ᠋ᠯᠡᠳᠪᠦᠷᠢᠯᠡᠯ ᠎ᠤᠨ 《ᠨᠢᠭᠡ ᠎ᠶ᠋ᠢ ᠳᠡᠭᠡᠭ᠌ᠰᠢᠯᠡᠭᠦᠯᠵᠤ᠂ ᠬᠣᠶᠠᠷ ᠎ᠢ ᠨᠡᠮᠡᠭ᠌ᠳᠡᠭᠦᠯᠥᠨ᠂ ᠭᠤᠷᠪᠠ ᠎ᠶ᠋ᠢ ᠪᠠᠭᠠᠰᠭᠠᠵᠤ ᠂ ᠳᠥᠷᠪᠡ ᠵᠢ ᠠᠷᠪᠢᠯᠠᠨ᠂ ᠲᠠᠪᠤ ᠎ᠶ᠋ᠢ ᠠᠬᠢᠭᠤᠯᠬᠤ 》 ᠶᠡᠷᠦᠩᠬᠡᠶ ᠦᠷ᠎ᠡ ᠠᠱᠢᠭ ᠎ᠢ ᠪᠡᠶᠡᠯᠡᠭᠦᠯᠵᠦ᠍ ᠂ ᠭᠠᠵᠠᠷ ᠳᠣᠸ᠋ᠷᠠᠬᠢ ᠤᠰᠤᠨ ᠎ᠤ ᠲᠥᠪᠱᠢᠨ ᠎ᠤ ᠳᠣᠷᠣᠭ᠍ᠰᠢᠯᠠᠬᠤ ᠬᠠᠨᠳᠤᠰᠢ ᠎ᠶ᠋ᠢ ᠪᠦᠲᠦᠮᠵᠢᠲᠡᠶ ᠨᠠᠮᠳᠠᠭᠤᠯᠥᠨ᠂ ᠪᠦᠬᠦ᠌ ᠬᠣᠲᠠ᠎ᠶ᠋ᠢᠨ ᠠᠮᠢ ᠠᠬᠤᠢ ᠎ᠶ᠋ᠢᠨ ᠣᠷᠴᠢᠨ ᠲᠣᠭᠣᠷᠢᠨ ᠎ᠤ ᠪᠦᠬᠦᠯᠢ ᠴᠣᠭ᠍ᠴᠠ ᠎ᠶ᠋ᠢᠨ ᠰᠠᠢᠵᠢᠷᠠᠯᠲᠠ᠎ᠶ᠋ᠢ ᠳᠠᠢᠴᠢᠯᠠᠵᠤ ᠂ ᠠᠮᠢ ᠠᠬᠤᠢ᠂ ᠠᠵᠤ ᠠᠬᠤᠢ ᠪᠠ ᠨᠡᠢᠭᠡᠮ ᠎ᠦᠨ ᠦᠷ᠎ᠡ ᠠᠱᠢᠭ ᠎ᠤᠨ 《ᠭᠤᠷᠮᠤᠰᠤᠨ ᠠᠱᠢᠬ》 ᠬᠦᠷᠲᠡᠬᠦ᠌ ᠎ᠶ᠋ᠢ ᠪᠡᠶᠡᠯᠡᠭᠦᠯᠥᠨ ᠂ ᠠᠮᠢ ᠠᠬᠤᠢ ᠬᠡᠪᠡᠷᠡᠭ ᠭᠠᠵᠠᠷ ᠣᠷᠣᠨ ᠎ᠤ ᠠᠮᠢ ᠠᠬᠤᠢ᠎ᠶ᠋ᠢ ᠤᠷᠢᠳ᠎ᠢᠶᠠᠷ ᠪᠣᠳᠣᠯᠬᠢᠯᠠᠨ ᠂ ᠪᠣᠬᠢᠷᠲᠤᠯ ᠦᠭᠡᠢ ᠬᠥᠭ᠌ᠵᠢᠯᠲᠡ᠎ᠪᠡᠷ ᠤᠳᠤᠷᠢᠳᠤᠮᠵᠢ ᠪᠣᠯᠭᠠᠭ᠍ᠰᠠᠨ ᠲᠠᠷᠢᠶᠠᠯᠠᠩ ᠎ᠤᠨ ᠴᠢᠨᠠᠷ ᠰᠠᠢᠲᠠᠢ ᠬᠥᠭ᠌ᠵᠢᠯᠲᠡ ᠎ᠶ᠋ᠢᠨ ᠵᠠᠮ᠎ᠢ ᠨᠡᠭᠡᠭᠡᠭ᠌ᠰᠡᠨ ᠪᠠᠢᠨ᠎ᠠ᠃





ᠣᠷᠴᠢᠭᠤᠯᠤᠭ᠍ᠴᠢ᠄
ᠨᠠᠢᠷᠠᠭᠤᠯᠤᠭ᠍ᠴᠢ᠄ ᠱᠢᠨᠡᠴᠡᠴᠡᠭ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号