ᠬᠦᠬᠡᠮᠳᠦᠭ ᠨᠤᠭᠤᠭᠠᠨ ᠠᠭᠤᠯᠠ ᠤᠰᠤᠨ᠎ᠠ ᠴᠤᠤᠷᠢᠶᠠᠳᠤᠭ᠍ᠰᠠᠨ ᠠᠮᠢᠯᠠᠯ᠎ᠤᠨ ᠤᠶᠠᠩᠭ᠎ᠠ — 《ᠠᠷᠪᠠᠨ ᠭᠤᠷᠪᠠᠳᠤᠭᠠᠷ ᠲᠠᠪᠤᠨ ᠵᠢᠯ》 ᠎ᠤᠨ ᠬᠤᠭᠤᠴᠠᠭᠠᠨ᠎ᠳᠠᠬᠢ ᠮᠠᠨ᠎ᠤ ᠤᠷᠤᠨ᠎ᠤ ᠠᠮᠢ ᠠᠬᠤᠢ᠎ᠶ᠋ᠢᠨ ᠪᠤᠯᠪᠠᠰᠤᠨ᠎ᠤ ᠪᠠᠢᠭᠤᠯᠤᠯᠳᠡ᠎ᠶ᠋ᠢᠨ ᠲᠤᠬᠠᠢ ᠬᠦᠦᠷᠨᠢᠯ
2020-10-27 10:20:15
ᠵᠣᠬᠢᠶᠠᠭ᠍ᠴᠢ᠄
​ ᠰᠠᠷᠭᠠᠢ
ᠣᠩᠱᠢᠭ᠍ᠰᠠᠨ ᠣᠳᠠᠭ᠎ᠠ᠄
★★★☆☆

ᠡᠨᠡ ᠵᠢᠯ᠎ᠤᠨ 9 ᠰᠠᠷ᠎ᠠ᠎ᠳᠤ᠂ ᠥᠪᠥᠷ ᠮᠣᠩᠭᠤᠯ ᠠᠩᠬ᠎ᠠ ᠤᠳᠠᠭ᠎ᠠ ᠪᠥᠬᠦ᠌ ᠣᠷᠣᠨ᠎ᠤ ᠠᠮᠢ ᠠᠬᠤᠶ᠎ᠶ᠋ᠢᠨ ᠪᠦᠳᠦᠭᠡᠭ᠌ᠳᠡᠬᠦᠨ᠎ᠤ ᠶᠡᠷᠦᠩᠬᠡᠶ ᠥᠷᠲᠡᠭ᠎ᠢᠶᠠᠨ ᠲᠣᠭᠠᠴᠠᠭ᠎ᠠ ᠬᠢᠭ᠌ᠰᠡᠨ ᠦᠷ᠎ᠡ ᠳ᠋ᠦᠩ᠎ᠢᠶᠠᠨ ᠭᠠᠳᠠᠭ᠍ᠰᠢ ᠨᠡᠢᠳᠡᠯᠡᠪᠡ᠃ 2019 ᠤᠨ᠎ᠳᠤ ᠥᠪᠥᠷ ᠮᠣᠩᠭᠤᠯ᠎ᠤᠨ ᠠᠮᠢ ᠠᠬᠤᠶ᠎ᠶ᠋ᠢᠨ ᠪᠦᠲᠦᠭᠡᠭ᠌ᠳᠡᠬᠦᠨ᠎ᠤ ᠶᠡᠷᠦᠩᠬᠡᠶ ᠥᠷᠲᠡᠭ 44760.75 ᠳ᠋ᠦᠩᠱᠢᠭᠤᠷ ᠲᠥᠭᠦᠷᠢᠭ᠎ᠲᠤ ᠬᠦᠷᠴᠦ᠍᠂ ᠤᠷᠤᠨ ᠨᠤᠳᠤᠭ᠎ᠤᠨ ᠦᠢᠯᠡᠳᠪᠦᠷᠢᠯᠡᠯ᠎ᠤᠨ ᠶᠡᠷᠦᠩᠬᠡᠶ ᠥᠷᠲᠡᠭ᠎ᠤᠨ 2.6 ᠳᠠᠬᠢᠨ ᠪᠠᠢᠵᠤ᠂ ᠠᠮᠢ ᠠᠬᠤᠶ᠎ᠶ᠋ᠢᠨ ᠴᠢᠳᠠᠮᠵᠢ᠎ᠨᠢ ᠦᠢᠯᠡᠳᠪᠦᠷᠢᠯᠡᠯ᠎ᠤᠨ ᠴᠢᠳᠠᠮᠵᠢ᠎ᠠᠴᠠ ᠬᠤᠯᠠ ᠶᠡᠭᠡ ᠪᠤᠯᠵᠡᠢ᠃ 2015 ᠣᠨ᠎ᠠᠴᠠ 2019 ᠣᠨ ᠪᠣᠯᠲᠠᠯ᠎ᠠ᠂ ᠪᠥᠬᠦ᠌ ᠣᠷᠣᠨ᠎ᠤ ᠠᠮᠢ ᠠᠬᠤᠶ᠎ᠶ᠋ᠢᠨ ᠪᠦᠳᠦᠭᠡᠭ᠌ᠳᠡᠬᠦᠨ᠎ᠤ ᠶᠡᠷᠦᠩᠬᠡᠶ ᠥᠷᠲᠡᠭ 5410.1 ᠳ᠋ᠦᠩᠱᠢᠭᠤᠷ ᠲᠥᠭᠦᠷᠢᠭ ᠨᠡᠮᠡᠭ᠌ᠳᠡᠵᠦ᠍᠂ ᠨᠡᠮᠡᠭ᠌ᠳᠡᠯ᠎ᠤᠨ ᠬᠡᠮᠵᠢᠶ᠎ᠡ᠎ᠨᠢ 13.75% ᠎ᠳᠤ ᠬᠦᠷᠦᠭ᠌ᠰᠡᠨ ᠬᠢᠯᠠᠯᠵᠠᠮ᠎ᠠ ᠬᠢᠷᠢ ᠪᠦᠳᠦᠮᠵᠢ᠎ᠶ᠋ᠢ ᠤᠯᠪᠠ᠃

ᠨᠣᠭᠤᠭᠠᠨ ᠥᠩᠭᠡ ᠪᠣᠯ ᠥᠪᠥᠷ ᠮᠣᠩᠭᠤᠯ᠎ᠤᠨ ᠰᠠᠭᠤᠷᠢ ᠥᠩᠭᠡ ᠪᠠ ᠦᠨ᠎ᠡ ᠥᠷᠲᠡᠭ ᠮᠥᠨ᠂ ᠠᠮᠢ ᠠᠬᠤᠶ ᠪᠣᠯ ᠥᠪᠥᠷ ᠮᠣᠩᠭᠤᠯ᠎ᠤᠨ ᠬᠠᠷᠢᠭᠤᠴᠠᠯᠭ᠎ᠠ ᠪᠠ ᠳᠠᠯᠳᠠ ᠬᠦᠴᠦᠨ ᠮᠥᠨ᠃ ᠲᠠᠪᠤᠨ ᠵᠢᠯ᠎ᠤᠨ ᠲᠤᠷᠰᠢ᠂ ᠮᠠᠨ᠎ᠤ ᠤᠷᠤᠨ ᠠᠮᠢ ᠠᠬᠤᠢ᠎ᠶ᠋ᠢᠨ ᠣᠷᠴᠢᠨ ᠲᠣᠭᠤᠷᠢᠨ᠎ᠤ ᠬᠠᠮᠠᠭᠠᠯᠠᠯᠲᠠ᠎ᠶ᠋ᠢᠨ ᠡᠷᠴᠢᠮ᠎ᠢᠶᠠᠨ ᠦᠷᠭᠦᠯᠵᠢᠯᠡᠨ ᠴᠢᠩᠭᠠᠷᠠᠭᠤᠯᠵᠦ᠍᠂ ᠠᠮᠢ ᠠᠬᠤᠢ᠎ᠶ᠋ᠢᠨ ᠪᠣᠯᠪᠠᠰᠤᠨ᠎ᠤ ᠪᠠᠢᠭᠤᠯᠤᠯᠲᠠ᠎ᠶ᠋ᠢᠨ ᠲᠦᠪᠱᠢᠨ᠎ᠢ ᠲᠠᠰᠤᠷᠠᠯᠲᠠ ᠦᠭᠡᠢ ᠳᠡᠭᠡᠭ᠌ᠰᠢᠯᠡᠭᠦᠯᠵᠦ᠍᠂ ᠪᠣᠬᠢᠷᠲᠤᠯ ᠦᠭᠡᠢ ᠬᠦᠭ᠌ᠵᠢᠯᠳᠡ᠎ᠨᠢ ᠨᠢᠭᠡᠨᠲᠡ ᠠᠵᠤ ᠠᠬᠤᠢ ᠨᠡᠢᠭᠡᠮ᠎ᠤᠨ ᠡᠯ᠎ᠡ ᠬᠦᠷᠢᠶᠡᠨ᠎ᠳᠤ ᠠᠭᠤᠰᠤᠨ ᠤᠷᠤᠵᠡᠢ᠃

ᠴᠠᠭ ᠮᠥᠴᠡ᠎ᠶ᠋ᠢ ᠡᠷᠭᠢᠴᠡᠭᠦᠯᠬᠦᠶ᠎ᠠ᠂ ᠮᠠᠨ᠎ᠤ ᠣᠷᠣᠨ᠎ᠤ ᠠᠮᠢ ᠠᠬᠤᠢ᠎ᠶ᠋ᠢᠨ ᠪᠣᠯᠪᠠᠰᠤᠨ᠎ᠤ ᠪᠠᠢᠭᠤᠯᠤᠯᠲᠠ᠎ᠶ᠋ᠢᠨ ᠦᠷ᠎ᠡ ᠪᠦᠲᠦᠮᠵᠢ ᠬᠤᠷᠠᠮᠳᠤᠬ᠍ᠰᠠᠨ᠎ᠨᠢ ᠦᠨᠡᠬᠡᠷ ᠬᠢᠯᠪᠠᠷ ᠪᠤᠰᠤ ᠠᠵᠢ᠃ 《ᠠᠷᠪᠠᠨ ᠭᠤᠷᠪᠠᠳᠤᠭᠠᠷ ᠲᠠᠪᠤᠨ ᠵᠢᠯ》 ᠎ᠤᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠤ᠂ ᠮᠠᠨ᠎ᠤ ᠤᠷᠤᠨ᠎ᠤ ᠵᠢᠯ ᠳᠤᠮᠳᠠᠴᠢ᠎ᠪᠠᠷ ᠣᠢᠵᠢᠭᠤᠯᠵᠤ ᠨᠣᠭᠤᠭᠠᠷᠠᠭᠤᠯᠤᠭ᠍ᠰᠠᠨ ᠲᠠᠯᠠᠪᠠᠶ 1000 ᠲᠦᠮᠡᠨ ᠮᠦ᠍᠎ᠶ᠋ᠢ ᠲᠡᠪᠠᠵᠤ᠂ ᠣᠶ ᠱᠢᠭᠤᠶ᠎ᠶ᠋ᠢᠨ ᠲᠠᠯᠠᠪᠠᠶ ᠪᠣᠯᠤᠨ ᠣᠶ ᠱᠢᠭᠤᠶ᠎ᠶ᠋ᠢᠨ ᠬᠠᠳᠠᠭᠠᠯᠠᠭ᠍ᠳᠠᠴᠡ᠎ᠶ᠋ᠢᠨ ᠬᠤᠤᠰ ᠨᠡᠮᠡᠭ᠌ᠳᠡᠯ᠎ᠢ ᠪᠡᠶᠡᠯᠡᠬᠦᠯᠵᠤ᠂ ᠴᠦᠯᠯᠡᠷᠬᠡᠭ᠌ᠵᠢᠯ ᠪᠦᠬᠦᠯᠢ ᠴᠤᠭ᠍ᠴᠡ᠎ᠪᠠᠷ ᠦᠷᠭᠡᠳᠬᠦ᠌ ᠬᠠᠨᠳᠤᠰᠢ᠎ᠶ᠋ᠢ ᠪᠦᠲᠦᠮᠵᠢᠲᠡᠶ ᠬᠤᠷᠢᠬ᠍ᠯᠠᠪᠠ᠃ 2019 ᠣᠨ᠎ᠳᠤ᠂ ᠪᠥᠬᠦ᠌ ᠣᠷᠣᠨ᠎ᠤ ᠠᠭᠠᠷ᠎ᠤᠨ ᠶᠠᠰᠤ ᠴᠢᠨᠠᠷ᠎ᠤᠨ ᠪᠠᠷᠢᠮᠵᠢᠶ᠎ᠠ᠎ᠳᠤ ᠬᠦᠷᠦᠭ᠌ᠰᠡᠨ ᠡᠳᠦᠷ᠎ᠤᠨ ᠳᠤᠮᠳᠠᠴᠢ ᠲᠣᠭᠠᠨ᠎ᠤ ᠬᠠᠷᠢᠴᠠᠯ 89.6% ᠎ᠳᠤ ᠬᠦᠷᠴᠤ᠌᠂ 《ᠠᠷᠪᠠᠨ ᠭᠤᠷᠪᠠᠳᠤᠭᠠᠷ ᠲᠠᠪᠤᠨ ᠵᠢᠯ》 ᠎ᠤᠨ ᠬᠤᠭᠤᠴᠠᠭᠠᠨ᠎ᠳᠠᠬᠢ ᠬᠦᠬᠦᠷ᠎ᠤᠨ ᠳᠠᠪᠬᠤᠷ ᠢᠰᠦᠯ᠂ ᠱᠢᠪᠲᠦᠷᠲᠦ ᠠᠽᠣᠲ᠎ᠤᠨ ᠭᠠᠳᠠᠭ᠍ᠰᠢᠯᠠᠭᠤᠯᠤᠯᠲᠠ᠎ᠶ᠋ᠢ ᠪᠠᠭᠠᠰᠭᠠᠬᠤ ᠡᠭᠦᠷᠭᠡ᠎ᠶ᠋ᠢ ᠤᠷᠢᠳᠴᠢᠯᠠᠨ ᠪᠡᠶᠡᠯᠡᠭᠦᠯᠵᠦ᠍᠂ ᠲᠡᠭ᠌ᠷᠢ᠎ᠨᠢ ᠴᠡᠯᠮᠡᠭ᠌ᠰᠢᠵᠦ᠍᠂ ᠤᠰᠤ᠎ᠨᠢ ᠲᠤᠩᠭᠠᠯᠠᠬ᠍ᠰᠢᠵᠦ᠍ ᠲᠠᠯ᠎ᠠ᠎ᠨᠢ ᠨᠤᠭᠤᠭᠠᠷᠠᠬ᠍ᠰᠠᠨ ᠭᠠᠩᠭᠠᠩ ᠪᠠᠢᠭᠠᠯᠢ᠎ᠶ᠋ᠢᠨ ᠦᠵᠡᠮᠵᠢ ᠤᠮᠠᠷᠠᠲᠤ ᠬᠢᠯᠢ᠎ᠳᠤ ᠵᠢᠷᠤᠭ᠍ᠯᠠᠭ᠍ᠳᠠᠨ᠎ᠠ᠃

ᠥᠪᠥᠷ ᠮᠣᠩᠭᠤᠯ᠎ᠤᠨ ᠠᠮᠢ ᠠᠬᠤᠶ᠎ᠶ᠋ᠢᠨ ᠣᠷᠴᠢᠨ ᠲᠣᠭᠤᠷᠢᠨ ᠬᠡᠪᠡᠷᠡᠭ ᠪᠠᠢᠵᠤ᠂ ᠪᠦᠬᠦ᠌ ᠤᠷᠤᠨ᠎ᠤ ᠬᠠᠷᠢᠶᠠᠨ᠎ᠳᠤ ᠳᠥᠷᠪᠡᠨ ᠶᠡᠭᠡ ᠡᠯᠡᠰᠦᠨ ᠴᠥᠯ ᠪᠠ ᠳᠥᠷᠪᠡᠨ ᠶᠡᠭᠡ ᠡᠯᠡᠰᠦᠷᠬᠡᠭ ᠭᠠᠵᠠᠷ ᠲᠠᠷᠬᠠᠵᠤ᠂ ᠪᠥᠬᠦ᠌ ᠤᠯᠤᠰ᠎ᠤᠨ ᠴᠦᠯᠯᠡᠷᠭᠡᠭ᠌ᠵᠢᠭ᠌ᠰᠡᠨ ᠪᠠ ᠡᠯᠡᠰᠦᠷᠬᠡᠭ᠌ᠵᠢᠭ᠌ᠰᠡᠨ ᠭᠠᠵᠠᠷ ᠱᠢᠷᠣᠶ᠎ᠶ᠋ᠢᠨ ᠶᠡᠷᠦᠩᠬᠡᠶ ᠲᠠᠯᠠᠪᠠᠶ᠎ᠶ᠋ᠢᠨ 20% ᠎ᠶ᠋ᠢ ᠡᠵᠡᠯᠡᠨ᠎ᠠ᠃ ᠣᠨᠴᠠᠭᠠᠶ ᠭᠠᠵᠠᠷ ᠵᠦᠶ᠎ᠶ᠋ᠢᠨ ᠪᠠᠢᠷᠢᠱᠢᠯ ᠪᠠ ᠪᠠᠢᠭᠠᠯᠢ᠎ᠶ᠋ᠢᠨ ᠨᠥᠬᠦᠴᠡᠯ᠎ᠨᠢ ᠮᠠᠨ᠎ᠤ ᠤᠷᠤᠨ᠎ᠤ ᠠᠮᠢ ᠠᠬᠤᠢ᠎ᠶ᠋ᠢᠨ ᠪᠣᠯᠪᠠᠰᠤᠨ᠎ᠤ ᠪᠠᠢᠭᠤᠯᠤᠯᠲᠠ᠎ᠶ᠋ᠢ ᠲᠤᠭ᠍ᠳᠠᠭᠠᠵᠤ᠂ ᠪᠦᠬᠦ᠌ ᠣᠷᠣᠨ᠎ᠤ ᠠᠵᠤ ᠠᠬᠤᠶ ᠨᠡᠢᠭᠡᠮ᠎ᠤᠨ ᠦᠷᠭᠦᠯᠵᠢᠯᠡᠬᠦ᠌ ᠬᠥᠭ᠌ᠵᠢᠯᠲᠡ᠎ᠲᠠᠢ ᠬᠤᠯᠪᠤᠭ᠍ᠳᠠᠬᠤ᠎ᠪᠠᠷ ᠪᠠᠷᠠᠬᠤ ᠦᠬᠡᠢ᠂ ᠵᠡᠭᠦᠨ ᠬᠤᠢᠲᠤ ᠣᠷᠣᠨ᠂ ᠤᠮᠠᠷᠠᠲᠤ ᠣᠷᠣᠨ᠂ ᠪᠠᠷᠠᠭᠤᠨ ᠬᠤᠢᠲᠤ ᠣᠷᠣᠨ ᠴᠢᠨᠠᠭ᠍ᠰᠢᠯᠠᠪᠠᠯ ᠪᠦᠬᠦ᠌ ᠤᠯᠤᠰ᠎ᠤᠨ ᠠᠮᠢ ᠠᠬᠤᠶ᠎ᠶ᠋ᠢᠨ ᠠᠮᠤᠷ ᠲᠦᠪᠱᠢᠨ᠎ᠲᠠᠢ ᠴᠤ᠌ ᠬᠤᠯᠪᠤᠭᠠᠳᠡᠢ᠂ ᠠᠮᠢ ᠠᠬᠤᠢ᠎ᠶ᠋ᠢᠨ ᠬᠤᠷᠢᠭ᠎ᠠ ᠱᠤᠭᠤᠮ᠎ᠢ ᠪᠠᠳᠤ ᠰᠠᠬᠢᠬᠤ ᠳᠠᠷᠬᠠᠨ ᠡᠬᠦᠷᠬᠡ ᠡᠬᠦᠷᠬᠡᠯᠡᠭ᠌ᠰᠡᠨ ᠦᠪᠤᠷ ᠮᠤᠩᠭᠤᠯᠴᠤᠳ ᠡᠯᠡᠰᠦ᠎ᠲᠠᠢ ᠲᠠᠢᠯᠠᠯᠳᠤᠬᠤ ᠲᠡᠮᠡᠴᠡᠯ᠎ᠢᠶᠠᠨ ᠦᠷᠬᠦᠯᠵᠢᠯᠡᠬᠦᠯᠦᠭ᠌ᠰᠡᠬᠡᠷ ᠪᠠᠢᠯ᠎ᠠ᠃

《ᠡᠯᠡᠰᠦ᠎ᠶ᠋ᠢ ᠵᠠᠰᠠᠵᠤ ᠴᠢᠳᠠᠬᠤ ᠦᠬᠡᠢ ᠠᠵᠤ ᠠᠬᠤᠢ᠍ᠢᠯᠡᠯ᠎ᠢ ᠪᠦᠬᠦᠨ᠎ᠢ ᠤᠷᠤᠭᠤᠯᠬᠤ ᠦᠬᠡᠢ》 ᠡᠨᠡ ᠪᠤᠯ ᠪᠠᠶᠠᠨᠨᠠᠭᠤᠷ ᠬᠤᠳᠠ᠎ᠶ᠋ᠢᠨ ᠳ᠋ᠧᠩᠺᠧᠤ ᠱᠢᠶᠠᠨ᠎ᠤ ᠠᠵᠤ ᠤᠢ᠍ᠢᠯᠡᠳᠪᠤᠷᠢ᠎ᠶ᠋ᠢᠨ ᠬᠦᠷᠢᠶᠡᠯᠡᠩ᠎ᠤᠨ ᠬᠠᠷᠢᠭᠤᠴᠠᠯᠭᠠᠳᠡᠨ᠎ᠤ ᠡᠷᠡᠰ ᠲᠠᠰᠤᠷᠬᠠᠢ ᠢᠯᠡᠷᠬᠡᠢᠯᠡᠯᠳᠡ ᠪᠠᠢᠯ᠎ᠠ᠃ ᠰᠠᠯᠬᠢ᠎ᠶ᠋ᠢ ᠰᠡᠷᠬᠡᠢᠯᠡᠵᠤ ᠡᠯᠡᠰᠦ᠎ᠶ᠋ᠢ ᠲᠤᠭ᠍ᠳᠠᠪᠤᠷᠢᠵᠢᠭᠤᠯᠬᠤ᠎ᠶ᠋ᠢ ᠳ᠋ᠧᠩᠺᠧᠤ ᠱᠢᠶᠠᠨ ᠲᠡᠷᠢᠬᠦᠨ ᠴᠢᠬᠤᠯᠠ ᠡᠬᠦᠷᠭᠡ ᠪᠤᠯᠭᠠᠵᠠᠢ᠃ ᠪᠠᠶᠠᠨᠨᠠᠭᠤᠷ ᠬᠤᠲᠠ 1951 ᠤᠨ᠎ᠠᠴᠠ ᠤᠯᠠᠭᠠᠨᠪᠤᠬ᠎ᠠ ᠡᠯᠡᠰᠦᠨ ᠴᠥᠯ᠎ᠢ ᠵᠠᠰᠠᠵᠤ ᠡᠬᠢᠯᠡᠭ᠌ᠰᠡᠨ ᠪᠤᠯᠪᠠᠴᠤ᠌ ᠤᠢ᠍ᠢᠷ᠎ᠠ᠎ᠶ᠋ᠢᠨ ᠬᠡᠳᠤᠨ ᠵᠢᠯ᠎ᠠᠴᠠ ᠰᠠᠶᠢ ᠣᠯᠠᠨ ᠠᠷᠠᠯᠵᠢᠶᠡᠴᠢᠨ᠎ᠢ ᠲᠠᠳᠠᠵᠤ ᠪᠡᠯᠡ ᠤᠷᠤᠭᠤᠯᠵᠤ ᠪᠠᠢᠭ᠎ᠠ ᠪᠢᠯᠡ᠃ ᠲᠡᠳᠡ ᠤᠯᠠᠭᠠᠨᠪᠤᠬ᠎ᠠ ᠡᠯᠡᠰᠦ᠎ᠶ᠋ᠢᠨ ᠵᠠᠰᠠᠯᠳᠡ᠎ᠶ᠋ᠢᠨ ᠣᠳᠣᠬᠢ ᠪᠠᠢᠳᠠᠯ᠎ᠢ ᠦᠨᠳᠦᠰᠦᠯᠡᠨ᠂ ᠡᠯᠡᠰᠦᠷᠬᠡᠭ ᠣᠷᠣᠨ᠎ᠢ ᠨᠡᠭᠡᠭᠡᠨ ᠬᠥᠭ᠌ᠵᠢᠭᠦᠯᠬᠦ᠌ ᠣᠷᠣᠨ᠂ ᠨᠡᠭᠡᠭᠡᠨ ᠬᠥᠭ᠌ᠵᠢᠭᠦᠯᠬᠦ᠌᠎ᠶ᠋ᠢ ᠬᠢᠵᠠᠭᠠᠷᠯᠠᠬᠤ ᠣᠷᠣᠨ ᠪᠠ ᠨᠡᠭᠡᠭᠡᠨ ᠬᠥᠭ᠌ᠵᠢᠭᠦᠯᠬᠦ᠌᠎ᠶ᠋ᠢ ᠴᠠᠭᠠᠵᠠᠯᠠᠬᠤ ᠣᠷᠣᠨ ᠭᠡᠵᠦ᠍ ᠬᠤᠪᠢᠶᠠᠪᠠ᠃ ᠡᠭᠦᠨ᠎ᠳᠤ᠂ ᠨᠡᠭᠡᠭᠡᠨ ᠬᠦᠭ᠌ᠵᠢᠬᠦᠯᠬᠦ᠌ ᠤᠷᠤᠨ᠎ᠤ ᠲᠠᠯᠠᠪᠠᠶ 164 ᠲᠦᠮᠡᠨ ᠮᠦ᠍ ᠪᠠᠢᠵᠤ᠂ ᠣᠳᠣᠬᠠᠨ᠎ᠳᠤ ᠡᠯᠡᠰᠦᠷᠬᠡᠭ᠌ᠵᠢᠯ᠎ᠢ ᠵᠠᠰᠠᠬᠤ ᠠᠵᠤ ᠠᠬᠤᠢᠯᠠᠯ᠎ᠨᠢ ᠭᠤᠤᠯᠳᠠᠭᠤ ᠲᠤᠰ ᠣᠷᠣᠨ᠎ᠳᠤ ᠲᠥᠪᠯᠡᠷᠡᠵᠦ᠍ ᠪᠤᠢ᠃ ᠤᠯᠠᠭᠠᠨᠪᠤᠬ᠎ᠠ ᠡᠯᠡᠰᠦᠨ ᠴᠦᠯ᠎ᠤᠨ ᠱᠢᠷᠭᠠᠯ ᠡᠯᠡᠰᠦᠨ ᠲᠡᠭᠡᠷ᠎ᠠ ᠨᠡᠷᠡᠨ᠎ᠤ ᠡᠨᠧᠷᠭᠢ᠎ᠶ᠋ᠢᠨ ᠬᠡᠷᠡᠯᠴᠢ ᠴᠡᠨᠡᠭ᠎ᠤᠨ ᠬᠠᠪᠲᠠᠰᠤ᠎ᠤᠳ ᠬᠢᠯᠠᠯᠵᠠᠨ᠎ᠠ᠃ ᠬᠡᠳᠦᠨ ᠵᠢᠯ᠎ᠤᠨ ᠬᠡᠷᠡᠯᠴᠢ ᠴᠡᠨᠡᠭ᠎ᠢᠶᠠᠷ ᠡᠯᠡᠰᠦ᠎ᠶ᠋ᠢ ᠵᠠᠰᠠᠬᠤ ᠪᠦᠲᠦᠭᠡᠨ ᠪᠠᠢᠭᠤᠯᠤᠯᠲᠠ᠎ᠪᠠᠷ ᠳᠠᠮᠵᠢᠨ᠂ ᠠᠳᠡᠬᠢ ᠡᠯᠡᠰᠦᠨ ᠴᠥᠯ ᠨᠣᠭᠤᠭᠠᠨ ᠨᠦᠮᠦᠷᠭᠡ ᠬᠡᠳᠤᠷᠴᠤ᠌ ᠪᠠᠶᠠᠨ ᠪᠦᠷᠢᠳᠤ ᠪᠤᠯᠵᠡᠢ᠃ 《ᠪᠢ ᠤᠤᠯ᠎ᠨᠢ ᠡᠯᠡᠰᠦ ᠮᠠᠩᠬ᠎ᠠ᠎ᠠᠴᠠ ᠪᠤᠯᠵᠤ ᠲᠠᠷᠢᠶᠠᠨ ᠭᠠᠵᠠᠷ᠎ᠢᠶᠠᠨ ᠠᠯᠳᠠᠵᠠᠢ᠂ ᠣᠳᠣ ᠬᠡᠷᠡᠯᠴᠢ ᠴᠡᠨᠡᠭ᠎ᠤᠨ ᠬᠠᠪᠲᠠᠰᠤᠨ᠎ᠤ ᠤᠢ᠍ᠢᠷᠠᠯᠴᠠᠭᠠᠬᠢ ᠪᠡᠯᠴᠢᠭᠡᠷ᠎ᠢ ᠬᠠᠮᠠᠭᠠᠯᠠᠵᠤ᠂ ᠬᠦᠭ᠌ᠰᠢᠨ᠎ᠲᠠᠢ᠎ᠪᠠᠨ ᠬᠤᠶᠠᠭᠤᠯᠠ ᠨᠢᠭᠡ ᠰᠠᠷ᠎ᠠ᠎ᠳᠤ 5000 ᠲᠥᠭᠦᠷᠢᠭ᠎ᠤᠨ ᠣᠷᠣᠯᠭ᠎ᠠ᠎ᠲᠠᠢ ᠪᠣᠯᠵᠠᠶ》 ᠬᠡᠵᠤ ᠵᠠᠩ ᠶᠣᠣ ᠴᠢᠩ ᠰᠡᠳᠭᠢᠯ ᠬᠠᠨᠤᠮᠵᠢᠳᠠᠢ ᠪᠠᠢᠯ᠎ᠠ᠃

ᠤᠯᠠᠭᠠᠨᠪᠤᠬ᠎ᠠ ᠡᠯᠡᠰᠦᠨ ᠴᠥᠯ ᠳᠡᠳᠦᠢ ᠦᠬᠡᠢ᠂ 118 ᠲᠦᠮᠡᠨ ᠲᠡᠭ᠌ᠰᠢ ᠳᠥᠷᠪᠡᠯᠵᠢᠨ ᠺᠢᠯᠣᠮᠧᠲᠷ᠎ᠤᠨ ᠥᠪᠥᠷ ᠮᠣᠩᠭᠤᠯ᠎ᠤᠨ ᠡᠬᠡ ᠭᠠᠵᠠᠷ᠎ᠲᠤ ᠦᠨᠳᠦᠰᠦᠲᠡᠨ᠎ᠨᠦᠭᠦᠳ᠎ᠤᠨ ᠺᠠᠳ᠋ᠷ ᠣᠯᠠᠨ ᠲᠦᠮᠡᠨ ᠪᠤᠬᠢᠷᠳᠤᠯ ᠦᠬᠡᠢ ᠬᠥᠭ᠌ᠵᠢᠯᠲᠡ᠎ᠶ᠋ᠢᠨ ᠰᠠᠭᠤᠷᠢ᠎ᠶ᠋ᠢ ᠪᠠᠬᠢᠵᠢᠭᠦᠯᠵᠦ᠍᠂ ᠮᠠᠨ᠎ᠤ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠢ᠎ᠶ᠋ᠢᠨ ᠠᠮᠤᠷ ᠲᠦᠪᠱᠢᠨ᠎ᠤ ᠬᠠᠯᠬᠠᠪᠴᠢ᠎ᠶ᠋ᠢ ᠪᠠᠲᠤ ᠴᠣᠭ᠍ᠴᠠᠯᠠᠬ᠍ᠰᠠᠭᠠᠷ ᠢᠷᠡᠯ᠎ᠠ᠃ 《ᠠᠷᠪᠠᠨ ᠭᠤᠷᠪᠠᠳᠤᠭᠠᠷ ᠲᠠᠪᠤᠨ ᠵᠢᠯ᠎ᠤᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠤ᠂ ᠮᠠᠨ᠎ᠤ ᠣᠷᠣᠨ 《ᠤᠮᠠᠷᠠᠳᠤ᠎ᠶ᠋ᠢᠨ ᠭᠤᠷᠪᠠᠨ ᠤᠷᠤᠨ》 ᠎ᠤ ᠬᠠᠯᠬᠠᠪᠴᠢ ᠣᠶ᠎ᠶ᠋ᠢᠨ ᠱᠢᠰᠲ᠋ᠧᠮ᠎ᠤᠨ ᠪᠦ᠍ᠳᠦᠭᠡᠨ ᠪᠠᠢᠭᠤᠯᠤᠯᠲᠠ᠂ ᠪᠡᠭᠡᠵᠢᠩ ᠲᠢᠶᠠᠨᠵᠢᠨ᠎ᠤ ᠡᠷᠬᠢᠨ ᠲᠤᠭᠤᠷᠢᠨ᠎ᠤ ᠡᠯᠡᠰᠦ ᠪᠠ ᠰᠠᠯᠬᠢᠨ᠎ᠤ ᠡᠬᠢ᠎ᠶ᠋ᠢ ᠵᠠᠰᠠᠬᠤ᠂ ᠪᠠᠢᠭᠠᠯᠢ᠎ᠶ᠋ᠢᠨ ᠣᠶ᠎ᠶ᠋ᠢᠨ ᠡᠬᠢ ᠪᠠᠶᠠᠯᠢᠭ᠎ᠢ ᠬᠠᠮᠠᠭᠠᠯᠠᠬᠤ᠂ ᠲᠠᠷᠢᠶᠠᠯᠠᠬᠤ᠎ᠶ᠋ᠢ ᠵᠣᠭ᠍ᠰᠣᠭᠠᠵᠤ ᠡᠪᠡᠰᠤ ᠮᠤᠳᠤ ᠲᠠᠷᠢᠬᠤ᠂ ᠨᠤᠲᠤᠭ ᠪᠡᠯᠴᠢᠭᠡᠷ᠎ᠤᠨ ᠠᠮᠢ ᠠᠬᠤᠶ᠎ᠶ᠋ᠢ ᠬᠠᠮᠠᠭᠠᠯᠠᠵᠤ ᠪᠦᠳᠦᠭᠡᠨ ᠪᠠᠢᠭᠤᠯᠬᠤ ᠨᠦᠬᠦᠪᠤᠷᠢ ᠪᠠ ᠱᠠᠩᠨᠠᠯ᠎ᠤᠨ ᠲᠤᠭ᠍ᠳᠠᠴᠡ ᠵᠡᠷᠭᠡ ᠭᠤᠤᠯᠳᠠᠯᠭ᠎ᠠ᠎ᠲᠠᠢ ᠢᠨᠵᠧᠨᠧᠷᠢᠩ᠎ᠢ ᠭᠦᠨᠵᠡᠭᠡᠶ ᠬᠡᠷᠡᠭ᠌ᠵᠢᠭᠦᠯᠵᠦ᠍᠂  ᠲᠣᠮᠣ ᠢᠨᠵᠧᠨᠧᠷᠢᠩ᠎ᠢᠶᠠᠷ ᠶᠡᠭᠡ ᠵᠠᠰᠠᠯᠲᠠ᠎ᠶ᠋ᠢ ᠳᠠᠢᠴᠢᠯᠠᠬᠤ ᠡᠯᠡᠰᠦᠷᠬᠡᠭ᠌ᠵᠢᠯ᠎ᠢ ᠰᠡᠷᠭᠡᠢᠯᠡᠨ ᠵᠠᠰᠠᠬᠤ ᠵᠠᠮ᠎ᠢ ᠨᠡᠭᠡᠭᠡᠪᠡ᠃

ᠮᠠᠨ᠎ᠤ ᠤᠷᠤᠨ ᠠᠮᠢ ᠠᠬᠤᠢ᠎ᠶ᠋ᠢ ᠬᠠᠮᠠᠭᠠᠯᠠᠯᠳᠡ᠎ᠶ᠋ᠢᠨ ᠲᠤᠮᠳᠠ ᠬᠦᠭ᠌ᠵᠢᠬᠦᠯᠵᠤ ᠬᠦᠭ᠌ᠵᠢᠯᠳᠡ᠎ᠶ᠋ᠢᠨ ᠲᠤᠮᠳᠠ ᠬᠠᠮᠠᠭᠠᠯᠠᠵᠤ᠂ ᠠᠯᠢ ᠤᠯᠠᠨ ᠦᠨᠳᠦᠰᠦᠨ ᠴᠢᠨᠠᠷᠳᠡᠢ᠂ ᠨᠡᠭᠡᠭᠡᠯᠳᠡ᠎ᠶ᠋ᠢᠨ ᠴᠢᠨᠠᠷᠳᠡᠢ᠂ ᠤᠷᠳᠤ ᠬᠤᠭᠤᠴᠠᠭᠠᠨ᠎ᠤ ᠴᠢᠨᠠᠷᠳᠡᠢ ᠠᠵᠢᠯ᠎ᠢ ᠦᠷᠨᠢᠬᠦᠯᠵᠤ᠂ ᠠᠮᠢ ᠠᠬᠤᠢ᠎ᠶ᠋ᠢᠨ ᠠᠮᠤᠷ ᠲᠦᠪᠱᠢᠨ᠎ᠤ ᠨᠤᠭᠤᠭᠠᠨ ᠪᠠᠬᠢᠯᠡᠯᠳᠡ᠎ᠶ᠋ᠢ ᠠᠯᠬᠤᠮ ᠠᠯᠬᠤᠮ᠎ᠢᠶᠠᠷ ᠴᠤᠭ᠍ᠴᠠᠯᠠᠬ᠍ᠰᠠᠨ ᠪᠠᠢᠨ᠎ᠠ᠃ ᠭᠤᠣᠯ ᠮᠥᠷᠡᠨ᠎ᠤ ᠳᠠᠷᠤᠭ᠎ᠠ᠎ᠶ᠋ᠢᠨ ᠲᠦᠷᠢᠮ ᠨᠠᠭᠤᠷ ᠴᠥᠭᠦᠷᠥᠮ᠎ᠤᠨ ᠳᠠᠷᠤᠭ᠎ᠠ᠎ᠶ᠋ᠢᠨ ᠲᠦᠷᠢᠮ᠎ᠢ ᠪᠠᠢᠭᠤᠯᠤᠨ ᠲᠡᠭᠦᠯᠳᠡᠷᠵᠢᠭᠦᠯᠵᠦ᠍᠂ ᠭᠤᠣᠯ ᠮᠦᠷᠡᠨ ᠪᠠ ᠨᠠᠭᠤᠷ ᠴᠦᠬᠦᠷᠦᠮ ᠨᠢᠬᠡ ᠪᠦᠷᠢ᠎ᠳᠤ ᠠᠮᠢ ᠠᠬᠤᠢ᠎ᠶ᠋ᠢᠨ 《ᠬᠠᠮᠢᠶᠠᠷᠤᠭ᠍ᠴᠢ》 ᠎ᠲᠠᠢ ᠪᠤᠯᠪᠠ; 10.2 ᠳ᠋ᠦᠩᠱᠢᠭᠤᠷ ᠮᠦ᠍ ᠨᠤᠲᠤᠭ ᠪᠡᠯᠴᠢᠭᠡᠷ᠎ᠢ ᠨᠤᠲᠤᠭ ᠪᠡᠯᠴᠢᠭᠡᠷ᠎ᠤᠨ ᠠᠮᠢ ᠠᠬᠤᠢ᠎ᠶ᠋ᠢ ᠬᠠᠮᠠᠭᠠᠯᠠᠵᠤ ᠪᠦᠳᠦᠭᠡᠨ ᠪᠠᠢᠭᠤᠯᠬᠤ ᠨᠦᠬᠦᠪᠤᠷᠢ ᠪᠠ ᠱᠠᠩᠨᠠᠯ᠎ᠤᠨ ᠲᠤᠭ᠍ᠳᠠᠴᠡ᠎ᠶ᠋ᠢᠨ ᠲᠥᠷᠦ᠎ᠶ᠋ᠢᠨ ᠪᠣᠳᠣᠯᠭ᠎ᠠ᠎ᠳᠤ ᠣᠷᠣᠭᠤᠯᠪᠠ; ᠤᠯᠤᠰ᠎ᠤᠨ ᠨᠤᠲᠤᠭ ᠳᠡᠪᠢᠰᠭᠡᠷ᠎ᠤᠨ ᠣᠷᠣᠨ ᠵᠠᠶ᠎ᠶ᠋ᠢᠨ ᠲᠥᠯᠥᠪᠵᠢᠭᠦᠯᠭᠡ᠎ᠳᠤ 《ᠭᠤᠷᠪᠠᠨ ᠣᠷᠣᠨ ᠭᠤᠷᠪᠠᠨ ᠱᠤᠭᠤᠮ》 ᠎ᠢ ᠵᠠᠭᠠᠭ᠍ᠯᠠᠨ ᠲᠣᠭ᠍ᠲᠠᠭᠠᠭ᠍ᠰᠠᠨ ᠪᠥᠭᠡᠳ ᠴᠢᠩᠭ᠎ᠠ ᠰᠠᠬᠢᠪᠠ᠃ ᠪᠠᠢᠭᠠᠯᠢ᠎ᠶ᠋ᠢᠨ ᠡᠬᠢ ᠪᠠᠶᠠᠯᠢᠭ᠎ᠤᠨ ᠡᠳ᠋ ᠬᠥᠷᠥᠩᠭᠡ᠎ᠶ᠋ᠢᠨ ᠥᠷᠢᠲᠦᠯ᠎ᠤᠨ ᠬᠦᠰᠦᠨᠦᠭ᠌ᠲᠦ᠎ᠶ᠋ᠢ ᠨᠠᠢᠷᠠᠭᠤᠯᠤᠨ ᠵᠤᠬᠢᠶᠠᠵᠤ᠂ ᠤᠳᠤᠷᠢᠳᠭᠤ ᠺᠠᠳ᠋ᠷᠴᠤᠳ᠎ᠲᠤ ᠲᠤᠱᠢᠶᠠᠯ ᠡᠴᠡ᠎ᠪᠠᠨ ᠰᠠᠯᠬᠤ ᠦᠶᠡᠰ ᠪᠠᠢᠭᠠᠯᠢ᠎ᠶ᠋ᠢᠨ ᠡᠬᠢ ᠪᠠᠶᠠᠯᠢᠭ᠎ᠤᠨ ᠡᠳ᠋ ᠬᠥᠷᠥᠩᠭᠡ᠎ᠶ᠋ᠢᠨ ᠬᠢᠨᠠᠨ ᠪᠤᠳᠤᠯᠲᠠ᠎ᠶ᠋ᠢ ᠬᠡᠷᠡᠭ᠌ᠵᠢᠭᠦᠯᠬᠦ᠌ ᠵᠡᠷᠭᠡ ᠡᠯ᠎ᠡ ᠵᠦᠢᠯ᠎ᠤᠨ ᠥᠭᠡᠷᠡᠴᠢᠯᠡᠯᠲᠡ᠎ᠶ᠋ᠢ ᠯᠠᠪᠳᠠᠭᠤᠨ ᠪᠠᠲᠤᠲᠠᠶ ᠠᠬᠢᠭᠤᠯᠪᠠ; ᠤᠯᠤᠰ᠎ᠤᠨ ᠥᠮᠴᠢᠯᠡᠯ᠎ᠤᠨ ᠤᠢ ᠱᠢᠭᠤᠶ᠎ᠶ᠋ᠢᠨ ᠲᠠᠯᠠᠪᠠᠢ᠎ᠶ᠋ᠢᠨ ᠥᠭᠡᠷᠡᠴᠢᠯᠡᠯᠲᠡ᠎ᠶ᠋ᠢᠨ ᠡᠭᠦᠷᠭᠡ᠎ᠶ᠋ᠢ ᠪᠦᠬᠦ᠌ ᠲᠠᠯ᠎ᠠ᠎ᠪᠠᠷ ᠪᠡᠶᠡᠯᠡᠭᠦᠯᠵᠦ᠍᠂ ᠤᠯᠤᠰ᠎ᠤᠨ ᠥᠮᠴᠢᠯᠡᠯ᠎ᠤᠨ 102 ᠤᠢ ᠱᠢᠭᠤᠶ᠎ᠶ᠋ᠢᠨ ᠳᠠᠯᠠᠪᠠᠢ᠎ᠳᠤ ᠪᠠᠢᠭᠠᠯᠢ᠎ᠶ᠋ᠢᠨ ᠤᠢ᠎ᠶ᠋ᠢ ᠬᠤᠳᠠᠯᠳᠤᠭᠠᠨ᠎ᠤ ᠴᠢᠨᠠᠷᠲᠠᠶ᠎ᠪᠠᠷ ᠣᠭ᠍ᠲᠣᠯᠬᠤ᠎ᠶ᠋ᠢ ᠪᠦᠬᠦ᠌ ᠲᠠᠯ᠎ᠠ᠎ᠪᠠᠷ ᠵᠤᠭ᠍ᠰᠤᠭᠠᠪᠠ᠃ ᠠᠮᠢ ᠠᠬᠤᠢ᠎ᠶ᠋ᠢᠨ ᠬᠠᠮᠠᠭᠠᠯᠠᠯᠲᠠ᠎ᠶ᠋ᠢᠨ ᠬᠠᠤᠯᠢ ᠬᠡᠷᠡᠭ᠌ᠵᠢᠭᠦᠯᠬᠦ᠌ ᠬᠢᠨᠠᠯᠲᠠ ᠬᠠᠮᠢᠶᠠᠷᠤᠯᠲᠠ᠎ᠶ᠋ᠢ ᠴᠢᠩᠭᠠᠳᠭᠠᠵᠦ᠍᠂ ᠣᠶ ᠱᠢᠭᠤᠶ᠎ᠶ᠋ᠢ ᠡᠪᠳᠡᠵᠦ᠍ ᠠᠲᠠᠷ ᠬᠠᠭᠠᠯᠪᠤᠷᠢᠯᠠᠬᠤ᠎ᠶ᠋ᠢ ᠲᠤᠰᠭᠠᠶ ᠴᠡᠭ᠌ᠴᠡᠯᠡᠨ ᠵᠠᠰᠠᠬᠤ ᠠᠵᠢᠯᠯᠠᠭ᠎ᠠ᠎ᠶ᠋ᠢ ᠦᠷᠨᠢᠬᠦᠯᠵᠤ᠂ ᠡᠪᠡᠰᠦ ᠪᠡᠯᠴᠢᠭᠡᠷ᠎ᠢ ᠡᠪᠳᠡᠵᠦ᠍ ᠠᠲᠠᠷ ᠬᠠᠭᠠᠯᠪᠤᠷᠢᠯᠠᠬᠤ᠎ᠶ᠋ᠢ ᠲᠤᠰᠭᠠᠶ ᠴᠡᠭ᠌ᠴᠡᠯᠡᠨ ᠵᠠᠰᠠᠬᠤ ᠠᠵᠢᠯ᠎ᠢ ᠠᠬᠢᠭᠤᠯᠪᠠ; ᠤᠰᠤᠨ᠎ᠤ ᠡᠬᠢ ᠪᠠᠶᠠᠯᠢᠭ᠎ᠤᠨ ᠬᠠᠮᠢᠶᠠᠷᠤᠯᠲᠠ᠎ᠶ᠋ᠢᠨ ᠬᠠᠮᠤᠭ᠎ᠤᠨ ᠴᠢᠩᠭ᠎ᠠ ᠲᠦᠷᠢᠮ ᠪᠠ ᠠᠮᠢ ᠠᠬᠤᠶ᠎ᠶ᠋ᠢᠨ ᠣᠷᠴᠢᠨ ᠲᠣᠭᠤᠷᠢᠨ᠎ᠤ ᠬᠤᠬᠢᠷᠠᠯ᠎ᠤᠨ ᠬᠠᠷᠢᠭᠤᠴᠠᠯᠭ᠎ᠠ ᠨᠡᠬᠡᠮᠵᠢᠯᠡᠬᠦ᠌ ᠲᠦᠷᠢᠮ᠎ᠢ ᠨᠠᠢᠳᠠᠪᠤᠷᠢᠵᠢᠭᠤᠯᠪᠠ᠃

ᠡᠨᠡ ᠲᠠᠪᠤᠨ ᠵᠢᠯ ᠪᠣᠯ ᠮᠠᠨ᠎ᠤ ᠣᠷᠣᠨ᠎ᠤ ᠠᠮᠢ ᠠᠬᠤᠶ᠎ᠶ᠋ᠢᠨ ᠪᠣᠯᠪᠠᠰᠤᠨ᠎ᠤ ᠪᠠᠢᠭᠤᠯᠤᠯᠲᠠ᠎ᠶ᠋ᠢᠨ ᠡᠷᠴᠢᠮ ᠬᠠᠮᠤᠭ᠎ᠤᠨ ᠴᠢᠩᠭ᠎ᠠ᠂ ᠠᠷᠭ᠎ᠠ ᠬᠡᠮᠵᠢᠶ᠎ᠡ ᠬᠠᠮᠤᠭ᠎ᠤᠨ ᠪᠣᠳᠠᠲᠠᠶ᠂ ᠠᠬᠢᠭᠤᠯᠤᠯᠳᠡ ᠬᠠᠮᠤᠭ᠎ᠤᠨ ᠲᠦᠷᠭᠡᠨ ᠲᠠᠪᠤᠨ ᠵᠢᠯ ᠪᠣᠯᠬᠤ᠎ᠨᠢ ᠳᠠᠮᠵᠢᠭ ᠥᠬᠡᠶ᠃ ᠦᠵᠤ ᠲᠥᠯᠥᠪᠯᠡᠭᠡ᠎ᠠᠴᠠ ᠪᠦᠬᠦ᠌ ᠲᠠᠯ᠎ᠠ᠎ᠶ᠋ᠢᠨ ᠪᠠᠢᠷᠢᠯᠠᠭᠤᠯᠤᠯᠲᠠ ᠬᠦᠷᠲᠡᠯ᠎ᠡ᠂ ᠬᠠᠮᠤᠭ᠎ᠤᠨ ᠴᠢᠩᠭ᠎ᠠ ᠲᠦᠷᠢᠮ᠎ᠠᠴᠠ ᠨᠡᠩ ᠴᠢᠩᠭ᠎ᠠ ᠬᠠᠤᠯᠢᠵᠢᠯ ᠬᠦᠷᠲᠡᠯ᠎ᠡ᠂ ᠦᠪᠦᠷ ᠮᠤᠩᠭᠤᠯ ᠤᠷᠤᠨ᠎ᠤ ᠠᠮᠢ ᠠᠬᠤᠢ᠎ᠶ᠋ᠢ ᠤᠷᠢᠳ᠎ᠢᠶᠠᠷ ᠪᠤᠳᠤᠯᠬᠢᠯᠠᠵᠤ᠂ ᠪᠣᠬᠢᠷᠲᠤᠯ ᠦᠭᠡᠢ ᠬᠥᠭ᠌ᠵᠢᠯᠲᠡ᠎ᠪᠠᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠢ ᠬᠥᠭ᠌ᠵᠢᠯᠲᠡ᠎ᠶ᠋ᠢᠨ ᠱᠢᠨ᠎ᠡ ᠵᠠᠮ ᠵᠤᠷᠠᠢᠭ᠍ᠰᠠᠭᠠᠷ ᠁

ᠣᠷᠴᠢᠭᠤᠯᠤᠭ᠍ᠴᠢ᠄
ᠨᠠᠢᠷᠠᠭᠤᠯᠤᠭ᠍ᠴᠢ᠄ ᠱᠢᠨᠡᠴᠡᠴᠡᠭ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号