ᠦᠢᠯᠡᠰ᠎ᠤᠨ ᠦᠷᠨᠢᠭᠦᠨ ᠬᠦᠭ᠌ᠵᠢᠯᠲᠡ ᠪᠠᠶᠠᠵᠢᠯ᠎ᠤᠨ ᠠᠯᠲᠠᠨ ᠬᠠᠷᠭᠤᠢ — ᠤᠯᠠᠭᠠᠨᠬᠠᠳᠠ ᠬᠤᠲᠠ᠎ᠶ᠋ᠢᠨ ᠨᠢᠩᠴᠧᠩ ᠱᠢᠶᠠᠨ᠎ᠤ ᠮᠠᠯ ᠠᠵᠤ ᠠᠬᠤᠢ ᠲᠠᠷᠢᠶᠠᠯᠠᠩ᠎ᠤᠨ ᠠᠵᠤ ᠦᠢᠯᠡᠰᠴᠢᠯᠡᠭ᠌ᠰᠡᠨ ᠬᠦᠭ᠌ᠵᠢᠯᠲᠡ᠎ᠶ᠋ᠢᠨ ᠲᠤᠬᠠᠢ ᠪᠠᠢᠴᠠᠭᠠᠯᠲᠠ
2020-10-28 11:41:22
ᠵᠣᠬᠢᠶᠠᠭ᠍ᠴᠢ᠄
ᠠᠭᠤᠯᠠ
ᠣᠩᠱᠢᠭ᠍ᠰᠠᠨ ᠣᠳᠠᠭ᠎ᠠ᠄
★★★☆☆

ᠤᠯᠠᠭᠠᠨᠬᠠᠳᠠ ᠬᠤᠲᠠ᠎ᠶ᠋ᠢᠨ ᠨᠢᠩᠴᠧᠩ ᠱᠢᠶᠠᠨ ᠪᠤᠯ ᠪᠦ᠍ᠬᠦ᠌ ᠤᠯᠤᠰ᠎ᠤᠨ ᠠᠩᠬᠠᠳᠠᠭ᠍ᠴᠢ ᠪᠦᠯᠦᠭ᠎ᠤᠨ ᠤᠯᠤᠰ᠎ᠤᠨ ᠲᠡᠰ᠎ᠤᠨ ᠬᠤᠪᠢᠰᠭᠠᠯ᠎ᠤᠨ ᠬᠠᠭᠤᠴᠢᠨ ᠰᠠᠭᠤᠷᠢᠨ ᠪᠠᠢᠵᠤ᠂ ᠦᠪᠦᠷ ᠮᠤᠩᠭᠤᠯ ᠾᠧᠪᠧᠢ ᠯᠢᠶᠤᠤᠨᠢᠩ ᠭᠤᠷᠪᠠᠨ ᠮᠤᠵᠢ ᠤᠷᠤᠨ᠎ᠤ ᠠᠭᠤᠯᠵᠠᠷ᠎ᠲᠤ ᠪᠠᠢᠷᠢᠯᠠᠵᠤ ᠪᠤᠢ᠃ ᠨᠢᠩᠴᠧᠩ ᠱᠢᠶᠠᠨ᠎ᠤ ᠠᠵᠤ ᠠᠬᠤᠢ᠎ᠶ᠋ᠢᠨ ᠬᠦᠭ᠌ᠵᠢᠯᠲᠡ᠎ᠶ᠋ᠢᠨ ᠰᠠᠭᠤᠷᠢ ᠨᠦᠬᠦᠴᠠᠯ ᠪᠠᠭᠤᠷᠠᠢ᠂ ᠡᠬᠢ ᠰᠤᠷᠪᠤᠯᠵᠢ ᠲᠤᠳᠠᠮᠠᠭ᠂ ᠠᠵᠤ ᠠᠬᠤᠢ᠎ᠶ᠋ᠢᠨ ᠶᠡᠷᠦᠩᠬᠡᠢ ᠬᠡᠮᠵᠢᠶ᠎ᠡ ᠨᠡᠯᠢᠶᠡᠳ ᠲᠤᠤᠷ᠎ᠠ ᠪᠤᠯᠬᠤᠷ 1994 ᠤᠨ᠎ᠳᠤ ᠤᠯᠤᠰ᠎ᠤᠨ ᠲᠡᠰ᠎ᠤᠨ ᠶᠠᠳᠠᠭᠤ᠎ᠶ᠋ᠢ ᠲᠡᠳᠭᠦᠨ ᠨᠡᠭᠡᠭᠡᠨ ᠬᠦᠭ᠌ᠵᠢᠭᠦᠯᠬᠦ᠌ ᠭᠤᠤᠯᠳᠠᠯᠭ᠎ᠠ᠎ᠲᠠᠢ ᠱᠢᠶᠠᠨ᠎ᠳᠤ ᠵᠢᠭ᠍ᠰᠠᠭᠠᠭ᠍ᠳᠠᠪᠠ᠃ 

ᠨᠢᠩᠴᠧᠩ ᠱᠢᠶᠠᠨ᠎ᠤ ᠶᠡᠷᠦᠩᠬᠡᠢ ᠬᠦᠮᠦᠨ ᠠᠮᠠ ᠨᠡᠢᠲᠡ 61.8 ᠲᠦᠮᠡ᠎ᠳᠤ ᠬᠦᠷᠴᠦ᠍᠂ ᠤᠯᠠᠭᠠᠨᠬᠠᠳᠠ ᠬᠤᠲᠠ᠎ᠶ᠋ᠢᠨ ᠬᠠᠮᠤᠬ᠎ᠤᠨ ᠤᠯᠠᠨ ᠬᠦᠮᠦᠨ ᠠᠮᠠ᠎ᠲᠠᠢ ᠱᠢᠶᠠᠨ ᠪᠤᠯᠤᠨ᠎ᠠ᠃ ᠶᠠᠳᠠᠭᠤ᠎ᠠᠴᠠ ᠠᠩᠭᠢᠵᠢᠷᠠᠭᠤᠯᠬᠤ ᠪᠤᠭᠤᠮᠳᠠ ᠱᠢᠪᠳᠤᠯᠬᠤ ᠲᠠᠢᠯᠠᠯᠳᠤᠭᠠᠨ ᠡᠬᠢᠯᠡᠭ᠌ᠰᠡᠨ᠎ᠠᠴᠠ ᠨᠠᠭᠠᠰᠢ ᠪᠦᠬᠦ᠌ ᠱᠢᠶᠠᠨ᠎ᠤ ᠺᠠᠳ᠋ᠷ ᠤᠯᠡᠨ ᠲᠦᠮᠡᠨ ᠶᠡᠷᠦᠩᠬᠡᠢ ᠱᠦᠵᠢ ᠰᠢ᠎ᠶ᠋ᠢᠨ ᠫᠢᠩ᠎ᠤᠨ ᠭᠦᠰᠡᠯ ᠨᠡᠢᠳᠡᠯᠭ᠎ᠠ᠎ᠶ᠋ᠢ ᠴᠠᠭ ᠢᠮᠠᠭ᠍ᠲᠠ ᠪᠠᠳᠤ ᠴᠡᠭᠡᠵᠢᠯᠡᠨ᠂ ᠲᠦᠪ ᠪᠠ ᠦᠪᠡᠷᠳᠡᠭᠡᠨ ᠵᠠᠰᠠᠬᠤ ᠤᠷᠤᠨ᠎ᠤ ᠶᠠᠳᠠᠭᠤ᠎ᠠᠴᠠ ᠠᠩᠭᠢᠵᠢᠷᠠᠭᠤᠯᠬᠤ ᠪᠤᠭᠤᠮᠳᠠ ᠱᠢᠪᠳᠤᠯᠬᠤ ᠴᠢᠬᠤᠯᠠ ᠶᠡᠭᠡ ᠱᠢᠢᠳᠪᠦᠷᠢᠲᠦ ᠪᠤᠳᠤᠯᠭ᠎ᠠ᠎ᠶ᠋ᠢᠨ ᠪᠠᠢᠷᠢᠯᠠᠭᠤᠯᠤᠯᠲᠠ᠎ᠶ᠋ᠢ ᠡᠷᠡᠰ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠭᠠᠵᠠᠷ ᠤᠷᠤᠨ᠎ᠤ ᠪᠠᠢᠳᠠᠯ᠎ᠳᠠᠭᠠᠨ ᠲᠤᠬᠢᠷᠠᠭᠤᠯᠤᠨ᠂ ᠱᠢᠨᠵᠢᠯᠡᠬᠦ᠌ ᠤᠬᠠᠭᠠᠨᠴᠢ᠎ᠪᠠᠷ ᠤᠷᠤᠨ ᠪᠠᠢᠷᠢ᠎ᠪᠠᠨ ᠲᠤᠭ᠍ᠳᠠᠭᠠᠵᠤ᠂ ᠨᠠᠷᠢᠯᠢᠭ ᠤᠨᠤᠪᠴᠢᠳᠠᠢ᠎ᠪᠠᠷ ᠠᠷᠭ᠎ᠠ ᠪᠤᠳᠤᠯᠭ᠎ᠠ ᠬᠡᠷᠡᠭ᠌ᠵᠢᠭᠦᠯᠵᠦ᠍᠂ ᠠᠵᠤ ᠦᠢᠯᠡᠰ᠎ᠢ ᠬᠦᠭ᠌ᠵᠢᠭᠦᠯᠬᠦ᠌᠎ᠶ᠋ᠢ ᠶᠠᠳᠠᠭᠤ᠎ᠠᠴᠠ ᠠᠩᠭᠢᠵᠢᠷᠠᠭᠤᠯᠬᠤ ᠪᠤᠭᠤᠮᠳᠠ ᠱᠢᠪᠳᠤᠯᠬᠤ᠎ᠶ᠋ᠢᠨ ᠦᠨᠳᠦᠰᠦᠨ ᠠᠷᠭ᠎ᠠ ᠪᠤᠳᠤᠯᠭ᠎ᠠ ᠪᠤᠯᠭᠠᠵᠤ᠂ 《ᠲᠡᠭ᠌ᠰᠢᠬᠡᠨ ᠭᠠᠵᠠᠷ ᠨᠤᠭᠤᠭ᠎ᠠ ᠲᠠᠷᠢᠬᠤ᠂ ᠠᠭᠤᠯᠠᠷᠬᠠᠭ ᠭᠠᠵᠠᠷ ᠵᠢᠮᠢᠰ ᠲᠠᠷᠢᠬᠤ᠂ ᠲᠤᠪᠤᠴᠠᠭ ᠭᠠᠵᠠᠷ ᠮᠢᠬᠠᠨ᠎ᠤ ᠦᠬᠡᠷ ᠲᠡᠵᠢᠭᠡᠬᠦ᠌》 ᠠᠵᠤ ᠦᠢᠯᠡᠰ᠎ᠢ ᠪᠤᠵᠠᠭᠠᠢᠷᠠᠭᠤᠯᠬᠤ᠎ᠪᠠᠷ ᠳᠠᠮᠵᠢᠭᠤᠯᠤᠨ ᠶᠠᠳᠠᠭᠤ᠎ᠶ᠋ᠢ ᠲᠡᠳᠭᠦᠬᠦ᠌ ᠵᠠᠮ᠎ᠢᠶᠠᠷ ᠵᠠᠮᠨᠠᠪᠠ᠃ 

ᠲᠦᠬᠦᠭᠡᠷᠦᠮᠵᠢᠲᠦ ᠲᠠᠷᠢᠶᠠᠯᠠᠩ᠄ ᠠᠷᠠᠳ᠎ᠢᠶᠠᠨ ᠪᠠᠶᠠᠵᠢᠭᠤᠯᠬᠤ 《ᠠᠯᠲᠠᠨ ᠬᠦᠭᠦᠷᠭᠡ》 

ᠤᠯᠠᠭᠠᠨᠬᠠᠳᠠ ᠬᠤᠲᠠ᠎ᠶ᠋ᠢᠨ ᠬᠠᠮᠤᠭ᠎ᠤᠨ ᠤᠯᠠᠨ ᠬᠦᠮᠦᠨ ᠠᠮᠠ᠎ᠲᠠᠢ ᠱᠢᠶᠠᠨ ᠪᠤᠯᠤᠭ᠍ᠰᠠᠨ ᠨᠢᠩᠴᠧᠩ ᠱᠢᠶᠠᠨ᠎ᠤ ᠲᠠᠷᠢᠶᠠᠯᠠᠩ᠎ᠤᠨ ᠬᠦᠮᠦᠨ ᠠᠮᠠ 53.5 ᠲᠦᠮᠡ ᠪᠠᠢᠵᠤ᠂ ᠲᠠᠩᠰᠠᠯᠠᠵᠤ ᠺᠠᠷᠲᠯᠠᠭ᠍ᠳᠠᠭ᠍ᠰᠠᠨ ᠶᠠᠳᠠᠭᠤ ᠬᠦᠴᠢᠷᠳᠡᠯᠳᠡᠢ ᠡᠷᠦᠬᠡ 16059᠂ ᠶᠠᠳᠠᠭᠤ ᠭᠦᠴᠢᠷᠳᠡᠯᠳᠡᠢ ᠭᠦᠮᠦᠨ ᠠᠮᠠ 45784 ᠪᠤᠢ᠃ ᠪᠦᠬᠦ᠌ ᠱᠢᠶᠠᠨ᠎ᠤ ᠬᠦᠮᠦᠨ ᠪᠦᠷᠢ᠎ᠳᠤ ᠨᠤᠭ᠍ᠳᠠᠬᠤ ᠲᠤᠮᠳᠠᠴᠢ ᠲᠠᠷᠢᠶᠠᠨ ᠭᠠᠵᠠᠷ᠎ᠤᠨ ᠲᠠᠯᠠᠪᠠᠢ ᠬᠤᠶᠠᠷ ᠮᠦ᠍ ᠴᠦ᠍ ᠬᠦᠷᠬᠦ᠌ ᠦᠭᠡᠢ᠂ ᠬᠠᠷᠢᠶᠠᠳᠤ ᠭᠠᠵᠠᠷ᠎ᠤᠨ ᠶᠡᠭᠡᠨᠭ᠌ᠬᠢ ᠬᠡᠰᠡᠭ᠎ᠨᠢ ᠠᠭᠤᠯᠠᠨ ᠭᠠᠵᠠᠷ ᠪᠠᠢᠵᠤ᠂ ᠤᠯᠠᠩᠬᠢ ᠲᠠᠷᠢᠶᠠᠴᠢᠳ ᠲᠡᠭ᠌ᠷᠢ᠎ᠶ᠋ᠢ ᠲᠦᠱᠢᠵᠦ᠍ ᠠᠵᠤ ᠲᠦᠷᠦᠵᠦ᠍ ᠪᠤᠢ᠃ ᠲᠤᠰ ᠤᠳᠠᠭᠠᠨ᠎ᠤ ᠶᠠᠳᠠᠭᠤ᠎ᠠᠴᠠ ᠠᠩᠭᠢᠵᠢᠷᠠᠭᠤᠯᠬᠤ ᠪᠤᠭᠤᠮᠳᠠ ᠱᠢᠪᠳᠤᠯᠬᠤ ᠬᠠᠳᠠᠭᠤ ᠲᠠᠢᠯᠠᠯᠳᠤᠭᠠᠨ᠎ᠤ ᠢᠯᠠᠯᠲᠠ᠎ᠶ᠋ᠢ ᠲᠡᠮᠡᠴᠡᠨ ᠤᠯᠬᠤ᠎ᠶ᠋ᠢᠨ ᠲᠦᠯᠦᠭᠡ ᠨᠢᠩᠴᠧᠩ ᠱᠢᠶᠠᠨ ᠵᠠᠳᠠᠭᠤ᠎ᠶ᠋ᠢ ᠲᠡᠳᠭᠦᠬᠦ᠌ ᠠᠵᠤ ᠦᠢᠯᠡᠰ᠎ᠤᠨ ᠬᠦᠭ᠌ᠵᠢᠯᠲᠡ᠎ᠶ᠋ᠢᠨ ᠳᠤᠰᠭᠠᠢ ᠲᠦᠯᠦᠪᠵᠢᠭᠦᠯᠭᠡ᠎ᠶ᠋ᠢ ᠨᠠᠢᠷᠠᠭᠤᠯᠤᠨ ᠲᠤᠭ᠍ᠳᠠᠭᠠᠵᠤ᠂ 《ᠲᠦᠬᠦᠭᠡᠷᠦᠮᠵᠢᠲᠦ ᠲᠠᠷᠢᠶᠠᠯᠠᠩ᠎ᠢ ᠬᠦᠭ᠌ᠵᠢᠭᠦᠯᠬᠦ᠂ ᠵᠢᠮᠢᠰ᠎ᠤᠨ ᠮᠤᠳᠤ ᠲᠠᠷᠢᠬᠤ᠂ ᠮᠢᠬᠠᠨ᠎ᠤ ᠦᠬᠡᠷ ᠲᠡᠵᠢᠭᠡᠨ ᠦᠷᠡᠵᠢᠭᠦᠯᠬᠦ᠌》 ᠭᠤᠷᠪᠠᠨ ᠶᠡᠭᠡ ᠠᠵᠤ ᠦᠢᠯᠡᠰ᠎ᠢᠶᠠᠷ ᠶᠠᠳᠠᠭᠤ᠎ᠶ᠋ᠢ ᠲᠡᠳᠭᠦᠬᠦ᠌ ᠪᠠᠢᠷᠢᠯᠠᠭᠤᠯᠤᠯᠲᠠ᠎ᠶ᠋ᠢ ᠲᠤᠭ᠍ᠳᠠᠭᠠᠪᠠ᠃ 

ᠲᠠᠷᠢᠶᠠᠴᠢᠤᠨ᠎ᠢ ᠡᠷᠳᠡ ᠨᠢᠭᠡᠨ ᠡᠳᠦᠷ ᠶᠠᠳᠠᠭᠤ᠎ᠠᠴᠠ ᠠᠩᠭᠢᠵᠢᠷᠠᠭᠤᠯᠬᠤ᠎ᠶ᠋ᠢᠨ ᠲᠦᠯᠦᠭᠡ ᠨᠢᠩᠴᠧᠩ ᠱᠢᠶᠠᠨ ᠤᠯᠠᠨ ᠵᠢᠯ᠎ᠤᠨ ᠲᠤᠷᠰᠢ ᠴᠦᠬᠦᠷᠡᠰᠢ ᠦᠭᠡᠢ ᠴᠢᠷᠮᠠᠢᠨ᠂ ᠲᠦᠬᠦᠭᠡᠷᠦᠮᠵᠢᠲᠦ ᠲᠠᠷᠢᠶᠠᠯᠠᠩ᠎ᠢ ᠬᠦᠴᠦᠯᠡᠨ ᠠᠬᠢᠭᠤᠯᠤᠭ᠍ᠰᠠᠨ᠎ᠠᠴᠠ ᠤᠳᠤᠬᠠᠨ᠎ᠳᠤ ᠲᠦᠬᠦᠭᠡᠷᠦᠮᠵᠢᠲᠦ ᠲᠠᠷᠢᠶᠠᠯᠠᠩ᠎ᠤᠨ ᠬᠦᠭ᠌ᠵᠢᠬᠦᠯᠦᠯᠳᠠ᠎ᠨᠢ ᠪᠦᠬᠦ᠌ ᠬᠤᠲᠠ ᠴᠢᠨᠠᠭ᠍ᠰᠢᠯᠠᠪᠠᠯ ᠪᠦᠬᠦ᠌ ᠤᠷᠤᠨ᠎ᠤ ᠬᠦᠭ᠌ᠵᠢᠯᠳᠠ᠎ᠶ᠋ᠢᠨ ᠵᠠᠭ᠍ᠪᠤᠷ᠎ᠤᠨ ᠨᠡᠷ᠎ᠡ᠎ᠶ᠋ᠢᠨ ᠬᠠᠭᠤᠳᠠᠰᠤ ᠪᠤᠯᠤᠭ᠍ᠰᠠᠨ ᠪᠠᠢᠨ᠎ᠠ᠃ ᠪᠦᠬᠦ᠌ ᠱᠢᠶᠠᠨ᠎ᠤ ᠲᠦᠬᠦᠭᠡᠷᠦᠮᠵᠢᠲᠦ ᠲᠠᠷᠢᠶᠠᠯᠠᠩ᠎ᠤᠨ ᠶᠡᠷᠦᠩᠬᠡᠢ ᠲᠠᠯᠠᠪᠠᠢ 48 ᠲᠦᠮᠡᠨ ᠮᠦ᠍᠎ᠶ᠋ᠢ ᠲᠠᠪᠠᠨ᠂ 16 ᠱᠢᠶᠠᠩ ᠪᠠᠯᠭᠠᠰᠤ᠂ 199 ᠵᠠᠰᠠᠭ ᠵᠠᠬᠢᠷᠭᠠᠨ᠎ᠤ ᠲᠤᠰᠭᠤᠨ᠎ᠢ ᠪᠦᠷᠭᠦᠵᠤ᠂ ᠠᠵᠢᠯ ᠦᠢᠯᠡᠰ ᠡᠷᠬᠢᠯᠡᠵᠦ᠍ ᠪᠠᠢᠭ᠎ᠠ ᠤᠯᠠᠨ ᠲᠦᠮᠡᠨ 7 ᠲᠦᠮᠡ ᠭᠠᠷᠤᠢ ᠡᠷᠦᠬᠡ 17 ᠲᠦᠮᠡᠨ ᠬᠦᠮᠦᠨ᠎ᠢ ᠲᠠᠪᠠᠪᠠ᠃ ᠢᠳᠡᠱᠢᠨ ᠨᠤᠭᠤᠭᠠᠨ᠎ᠤ ᠵᠢᠯ᠎ᠤᠨ ᠤᠨᠠᠯᠲᠠ᠎ᠶ᠋ᠢᠨ ᠬᠡᠮᠵᠢᠶ᠎ᠡ 112 ᠲᠦᠮᠡᠨ ᠲᠤᠨ᠎ᠳᠤ ᠬᠦᠷᠴᠦ᠍᠂ ᠦᠢᠯᠡᠳᠭᠦᠨ᠎ᠤ ᠦᠷᠳᠡᠭ 44 ᠳ᠋ᠦᠡᠭ᠌ᠰᠢᠭᠤᠷ ᠲᠦᠭᠦᠷᠢᠭ᠎ᠢ ᠲᠠᠪᠠᠵᠤ᠂ ᠠᠵᠢᠯ ᠦᠢᠯᠡᠰ ᠡᠷᠬᠢᠯᠡᠵᠦ᠍ ᠪᠠᠢᠭ᠎ᠠ ᠶᠠᠳᠠᠭᠤ ᠬᠦᠴᠢᠷᠳᠡᠯᠳᠡᠢ ᠤᠯᠠᠨ ᠲᠦᠮᠡᠨ᠎ᠢ ᠲᠠᠢᠴᠢᠯᠠᠨ᠂ ᠬᠦᠮᠦᠨ ᠪᠦᠷᠢ᠎ᠶ᠋ᠢᠨ ᠲᠡᠭ᠌ᠰᠢᠳᠭᠡᠭ᠌ᠰᠡᠨ ᠵᠢᠯ᠎ᠤᠨ ᠲᠤᠮᠳᠠᠴᠢ ᠤᠷᠤᠯᠭ᠎ᠠ᠎ᠶ᠋ᠢ 4000 ᠲᠦᠭᠦᠷᠢᠭ ᠨᠡᠮᠡᠭ᠌ᠳᠡᠭᠦᠯᠦᠭ᠌ᠰᠡᠨ ᠪᠠᠢᠨ᠎ᠠ᠃ 

ᠲᠦᠬᠦᠭᠡᠷᠦᠮᠵᠢᠲᠦ ᠲᠠᠷᠢᠶᠠᠯᠠᠩ᠎ᠤᠨ ᠠᠵᠤ ᠦᠢᠯᠡᠰ᠎ᠤᠨ ᠬᠦᠷᠢᠶ᠎ᠡ ᠬᠡᠪᠴᠢᠶ᠎ᠡ᠎ᠶ᠋ᠢ ᠤᠯᠠᠮ ᠴᠢᠨᠠᠬ᠍ᠰᠢᠳᠠ ᠦᠷᠭᠡᠳᠭᠡᠬᠦ᠌᠎ᠶ᠋ᠢᠨ ᠲᠦᠯᠦᠭᠡ ᠪᠦᠭᠦ᠌ ᠱᠢᠶᠡᠨ᠎ᠳᠤ 72 ᠦᠨᠳᠦᠷ ᠪᠠᠷᠢᠮᠵᠢᠶᠠᠨ᠎ᠤ ᠲᠦᠬᠦᠭᠡᠷᠦᠮᠵᠢᠲᠦ ᠲᠠᠷᠢᠶᠠᠯᠠᠩ᠎ᠤᠨ ᠠᠵᠤ ᠦᠢᠯᠡᠰ᠎ᠤᠨ ᠬᠦᠷᠢᠶᠡᠯᠡᠩ ᠲᠤᠭᠤᠷᠢᠭ᠎ᠢ ᠪᠠᠢᠭᠤᠯᠪᠠ᠃ ᠡᠭᠦᠨ᠎ᠢᠶᠠᠷ ᠪᠠᠷᠠᠬᠤ ᠦᠭᠡᠢ ᠪᠤᠬᠢᠷᠳᠤᠯ ᠦᠭᠡᠢ ᠤᠷᠭᠠᠨᠢᠭ ᠲᠦᠬᠦᠭᠡᠷᠦᠮᠵᠢᠲᠦ ᠢᠳᠡᠱᠢᠨ ᠨᠤᠭᠤᠭᠠᠨ᠎ᠤ ᠦᠢᠯᠡᠰ᠎ᠢ ᠬᠦᠭ᠌ᠵᠢᠭᠦᠯᠬᠦ᠌᠎ᠪᠠᠷ ᠲᠠᠮᠵᠢᠨ ᠨᠢᠩᠴᠧᠩ ᠱᠢᠶᠠᠨ ᠪᠤᠬᠢᠷᠳᠤᠯ ᠦᠭᠡᠢ᠎ᠪᠠᠷ ᠵᠦᠪᠱᠢᠶᠡᠷᠡᠭ᠌ᠳᠡᠭ᠌ᠰᠡᠨ 53 ᠤᠷᠭᠠᠨᠢᠭ ᠢᠳᠡᠱᠢᠨ ᠨᠤᠭᠤᠭᠠᠨ᠎ᠤ ᠪᠦᠳᠦᠭᠡᠭ᠌ᠳᠡᠬᠦᠨ᠎ᠲᠠᠢ ᠪᠤᠯᠵᠤ᠂ 《ᠨᠢᠩᠴᠧᠩ᠎ᠤᠨ ᠲᠦᠪᠡᠳ ᠬᠠᠰᠢ》᠂ 《ᠨᠢᠩᠴᠧᠩ᠎ᠤᠨ ᠦᠷᠭᠡᠰᠦᠲᠦ ᠬᠡᠮᠬᠡ》 ᠵᠡᠷᠭᠡ ᠭᠠᠵᠠᠷ ᠵᠦᠢ᠎ᠶ᠋ᠢᠨ ᠢᠯᠡᠷᠭᠡᠢᠯᠡᠯᠳᠤ ᠲᠡᠮᠳᠡᠭ᠎ᠢᠶᠠᠷ ᠭᠡᠷᠡᠴᠢᠯᠡᠭ᠌ᠳᠡᠭ᠌ᠰᠡᠨ 4 ᠲᠠᠸᠠᠷ᠎ᠤᠨ ᠲᠡᠮᠳᠡᠭ ᠲᠠᠩᠰᠠᠯᠠᠵᠤ᠂ ᠤᠷᠢᠳ ᠬᠤᠵᠢᠳ ᠪᠦᠬᠦ᠌ ᠤᠯᠤᠰ᠎ᠤᠨ ᠢᠳᠡᠱᠢᠨ ᠨᠤᠭᠤᠭᠠᠨ᠎ᠤ ᠦᠢᠯᠡᠦᠡᠪᠦᠷᠢᠯᠡᠯ᠎ᠤᠨ ᠰᠠᠭᠤᠷᠢᠨ᠎ᠤ ᠭᠤᠤᠯᠳᠠᠯᠭᠠᠳᠤ ᠱᠢᠶᠠᠨ᠂ ᠪᠤᠬᠢᠷᠳᠤᠯ ᠦᠭᠡᠢ ᠤᠷᠭᠠᠨᠢᠭ ᠢᠳᠡᠱᠢᠨ ᠨᠤᠭᠤᠭᠠᠨ᠎ᠤ ᠦᠢᠯᠡᠳᠪᠦᠷᠢᠯᠡᠯ᠎ᠤᠨ ᠵᠢᠱ᠌ᠢᠶ᠎ᠠ ᠦᠵᠡᠭᠦᠯᠬᠦ᠌ ᠰᠠᠭᠤᠷᠢᠨ ᠵᠡᠷᠭᠡ ᠢᠷᠠᠭᠤ ᠠᠯᠳᠠᠷ᠎ᠢ ᠬᠦᠷᠳᠡᠵᠤ᠂ ᠲᠦᠬᠦᠭᠡᠷᠦᠮᠵᠢᠲᠦ ᠲᠠᠷᠢᠶᠠᠯᠠᠩ᠎ᠤᠨ ᠶᠡᠷᠦᠩᠬᠡᠢ ᠬᠡᠮᠵᠢᠶ᠎ᠡ ᠪᠠᠭ᠎ᠠ᠎ᠠᠴᠠ ᠶᠡᠭᠡ᠂ ᠪᠠᠭᠤᠷᠠᠢ᠎ᠠᠴᠠ ᠬᠦᠴᠦᠷᠬᠡᠭ ᠪᠤᠯᠤᠭ᠍ᠰᠠᠨ ᠴᠢᠬᠤᠯᠠ ᠶᠡᠭᠡ ᠬᠤᠪᠢᠷᠠᠯᠲᠠ᠎ᠶ᠋ᠢ ᠪᠡᠶᠡᠯᠡᠭᠦᠯᠪᠡ᠃

ᠵᠢᠮᠢᠰ᠎ᠤᠨ ᠤᠢ᠄ ᠶᠠᠳᠠᠭᠤ᠎ᠠᠴᠠ ᠠᠩᠭᠢᠵᠢᠷᠠᠬᠤ 《ᠡᠳ᠋᠎ᠤᠨ ᠬᠡᠱᠢᠭ》 

ᠠᠭᠤᠯᠠ ᠲᠤᠪᠤᠴᠠᠭ ᠤᠯᠠᠨᠳᠠᠢ᠂ ᠲᠠᠷᠢᠶᠠᠨ ᠭᠠᠵᠠᠷ ᠪᠠᠭ᠎ᠠ ᠪᠠᠢᠳᠠᠭ᠎ᠨᠢ ᠨᠢᠩᠴᠧᠩ ᠱᠢᠶᠠᠨ᠎ᠤ ᠭᠠᠵᠠᠷ ᠵᠦᠢ᠎ᠶ᠋ᠢᠨ ᠤᠨᠴᠠᠯᠢᠭ᠃ ᠠᠳᠡᠬᠢ᠎ᠶ᠋ᠢᠨ ᠠᠭᠤᠷ ᠠᠮᠢᠰᠭᠤᠯ ᠰᠡᠷᠢᠭᠦᠨ ᠴᠢᠭᠢᠭ᠌ᠯᠢᠭ᠂ ᠨᠠᠷᠠᠨ᠎ᠤ ᠲᠤᠰᠤᠯᠲᠠ ᠭᠦᠢᠴᠡᠳ ᠪᠤᠯᠬᠤᠷ ᠵᠢᠮᠢᠰ᠎ᠤᠨ ᠤᠢ᠎ᠶ᠋ᠢ ᠬᠦᠭ᠌ᠵᠢᠭᠦᠯᠬᠦ᠌ ᠮᠠᠰᠢ ᠰᠠᠢᠨ ᠦᠪᠡᠷᠮᠢᠴᠡ ᠨᠦᠬᠦᠴᠡᠯ᠎ᠢ ᠪᠦᠷᠢᠯᠳᠦᠭᠦᠯᠪᠡ᠃ 

ᠤᠯᠠᠨ ᠲᠦᠮᠡᠨ᠎ᠤ ᠶᠠᠳᠠᠭᠤ᠎ᠠᠴᠠ ᠠᠩᠭᠢᠵᠢᠷᠠᠨ ᠪᠠᠶᠠᠵᠢᠯ᠎ᠤᠨ ᠵᠠᠮ᠎ᠢᠶᠠᠷ ᠵᠠᠮᠨᠠᠬᠤ ᠠᠯᠬᠤᠴᠠ᠎ᠶ᠋ᠢ ᠲᠦᠷᠭᠡᠳᠭᠡᠬᠦ᠌᠎ᠶ᠋ᠢᠨ ᠲᠦᠯᠦᠭᠡ᠂ ᠨᠢᠩᠴᠧᠩ ᠱᠢᠶᠠᠨ ᠠᠭᠤᠯᠠᠷᠬᠠᠭ ᠤᠷᠤᠨ᠂ ᠲᠤᠪᠤᠴᠠᠭ ᠭᠠᠵᠠᠷ᠎ᠲᠤ ᠠᠳᠠᠯᠢ ᠪᠤᠰᠤ ᠡᠭᠦᠯᠳᠡᠷ᠎ᠤᠨ ᠵᠢᠮᠢᠰ᠎ᠤᠨ ᠮᠤᠳᠤ ᠲᠠᠷᠢᠵᠤ᠂ ᠤᠷᠤᠨ ᠪᠦᠰᠡ᠎ᠶ᠋ᠢᠨ ᠪᠠᠢᠷᠢᠯᠠᠭᠤᠯᠤᠯᠲᠠ᠎ᠶ᠋ᠢ ᠦᠨᠳᠦᠰᠦᠯᠡᠨ ᠵᠢᠮᠢᠰ᠎ᠤᠨ ᠤᠢ᠎ᠶ᠋ᠢᠨ ᠬᠡᠪᠴᠢᠶ᠎ᠡ᠎ᠶ᠋ᠢ ᠦᠷᠭᠡᠳᠭᠡᠵᠦ᠍᠂ ᠵᠢᠮᠢᠰ᠎ᠤᠨ ᠤᠢ᠎ᠶ᠋ᠢ ᠲᠠᠷᠠᠬᠠᠢ ᠪᠤᠳᠠᠷᠬᠠᠢ ᠡᠵᠡᠩᠨᠡᠵᠦ᠍ ᠪᠠᠢᠭ᠍ᠰᠠᠨ᠎ᠠᠴᠠ ᠬᠤᠪᠢᠷᠠᠭᠤᠯᠤᠨ ᠵᠠᠯᠭᠠᠯᠳᠤᠭᠤᠯᠤᠨ ᠬᠡᠪᠴᠢᠶᠡᠵᠢᠭᠦᠯᠦᠨ ᠡᠵᠡᠩᠨᠡᠬᠦ᠌ ᠬᠦᠭ᠌ᠵᠢᠯᠲᠡ᠎ᠶ᠋ᠢᠨ ᠬᠡᠯᠪᠡᠷᠢ ᠵᠦᠭ ᠠᠬᠢᠭᠤᠯᠪᠠ᠃ ᠤᠳᠤ ᠪᠦᠭᠦ᠌ ᠱᠢᠶᠡᠨ᠎ᠳᠤ ᠨᠢᠭᠡᠨᠲᠡ ᠲᠦᠮᠡᠨ ᠮᠦ᠍᠎ᠠᠴᠠ ᠲᠡᠭᠡᠭ᠌ᠰᠢᠬᠢ ᠵᠢᠮᠢᠰ᠎ᠤᠨ ᠤᠢ᠎ᠲᠠᠢ ᠱᠢᠶᠠᠩ ᠪᠠᠯᠭᠠᠰᠤ 5 ᠪᠤᠯᠵᠤ᠂ ᠮᠢᠩᠭᠠᠨ ᠮᠦ᠍᠎ᠠᠴᠠ ᠲᠡᠭᠡᠭ᠌ᠰᠢᠬᠢ ᠵᠢᠮᠢᠰ᠎ᠤᠨ ᠤᠢ᠎ᠶ᠋ᠢᠨ ᠰᠠᠭᠤᠷᠢᠨ᠎ᠢ 38 ᠪᠠᠢᠭᠤᠯᠵᠤ᠂ ᠬᠦᠴᠦᠷᠬᠡᠭ᠌ᠵᠢᠨ ᠪᠤᠵᠠᠭᠠᠢᠷᠠᠭ᠍ᠰᠠᠨ ᠵᠢᠮᠢᠰ᠎ᠤᠨ ᠤᠢ᠎ᠶ᠋ᠢᠨ ᠠᠵᠤ ᠦᠢᠯᠡᠰ᠎ᠤᠨ ᠬᠦᠭ᠌ᠵᠢᠯᠲᠡ᠎ᠨᠢ ᠠᠭᠤᠯᠠᠷᠬᠠᠭ ᠭᠠᠵᠠᠷ᠎ᠤᠨ ᠤᠯᠠᠨ ᠲᠦᠮᠡᠨ᠎ᠤ ᠶᠠᠳᠠᠭᠤ᠎ᠠᠴᠠ ᠠᠩᠭᠢᠵᠢᠷᠠᠬᠤ 《ᠡᠳ᠋᠎ᠤᠨ ᠬᠡᠱᠢᠭ》 ᠪᠤᠯᠤᠭ᠍ᠰᠠᠨ ᠪᠠᠢᠨ᠎ᠠ᠃ 

ᠪᠦᠬᠦ᠌ ᠱᠢᠶᠠᠨ᠎ᠤ ᠲᠦᠮᠡᠨ ᠮᠦ᠍᠎ᠠᠴᠠ ᠲᠡᠭᠡᠭ᠌ᠰᠢᠬᠢ ᠵᠢᠮᠢᠰ᠎ᠤᠨ ᠤᠢ᠎ᠲᠠᠢ ᠱᠢᠶᠠᠩ ᠪᠠᠯᠭᠠᠰᠤᠨ᠎ᠤ ᠨᠢᠭᠡ ᠪᠤᠯᠤᠭ᠍ᠰᠠᠨ ᠱᠢᠶᠤᠤ ᠴᠧᠩ ᠽᠢ ᠪᠠᠯᠭᠠᠰᠤ᠎ᠨᠢ ᠵᠢᠮᠢᠰ᠎ᠤᠨ ᠮᠤᠳᠤᠨ᠎ᠤ ᠠᠵᠤ ᠠᠬᠤᠢ᠎ᠶ᠋ᠢᠨ ᠤᠢ᠎ᠶ᠋ᠢ ᠬᠦᠭ᠌ᠵᠢᠭᠦᠯᠬᠦ᠌᠎ᠶ᠋ᠢ ᠪᠠᠯᠭᠠᠰᠤ᠎ᠪᠠᠨ ᠬᠦᠭ᠌ᠵᠢᠭᠦᠯᠦᠨ ᠠᠷᠠᠳ᠎ᠢᠶᠠᠨ ᠪᠠᠶᠠᠵᠢᠭᠤᠯᠬᠤ ᠭᠤᠤᠯᠯᠠᠭ᠍ᠴᠢ ᠠᠵᠤ ᠦᠢᠯᠡᠰ ᠪᠤᠯᠭᠠᠨ ᠠᠳᠭᠤᠭ᠍ᠰᠠᠭᠠᠷ ᠢᠷᠡᠪᠡ᠃ ᠤᠯᠠᠨ ᠵᠢᠯ᠎ᠤᠨ ᠬᠦᠭ᠌ᠵᠢᠯᠲᠡ᠎ᠪᠠᠷ ᠲᠠᠮᠵᠢᠨ ᠪᠦᠬᠦ᠌ ᠪᠠᠯᠭᠠᠰᠤᠨ᠎ᠤ ᠵᠢᠮᠢᠰ᠎ᠤᠨ ᠤᠢ᠎ᠶ᠋ᠢᠨ ᠲᠠᠯᠠᠪᠠᠢ 4.1 ᠲᠦᠮᠡᠨ ᠮᠦ᠍᠎ᠳᠤ ᠬᠦᠷᠴᠦ᠍᠂ ᠵᠢᠯ᠎ᠳᠤ 3.6 ᠲᠦᠮᠡᠨ ᠲᠤᠨ ᠵᠢᠮᠢᠰ᠎ᠤᠨ ᠪᠦᠳᠦᠭᠡᠭ᠌ᠳᠡᠬᠦᠨ ᠦᠢᠯᠡᠳᠪᠦᠷᠢᠯᠡᠵᠦ᠍᠂ ᠦᠢᠯᠡᠳᠭᠦᠨ᠎ᠤ ᠦᠷᠳᠡᠭ᠎ᠨᠢ 1.8 ᠳ᠋ᠦᠡᠭ᠌ᠰᠢᠭᠤᠷ ᠲᠦᠭᠦᠷᠢᠭ᠎ᠢ ᠲᠠᠪᠠᠪᠠ᠃ ᠵᠢᠮᠢᠰ᠎ᠤᠨ ᠮᠤᠳᠤ ᠲᠠᠷᠢᠬᠤ᠎ᠪᠠᠷ ᠲᠠᠮᠵᠢᠨ ᠲᠤᠰ ᠪᠠᠯᠭᠠᠰᠤᠨ᠎ᠤ ᠶᠠᠳᠠᠭᠤ ᠬᠦᠴᠢᠷᠳᠡᠯᠳᠡᠢ ᠡᠷᠦᠬᠡ᠎ᠪᠠᠷ ᠲᠠᠩᠰᠠᠯᠠᠵᠤ ᠺᠠᠷᠲᠯᠠᠭ᠍ᠳᠠᠭ᠍ᠰᠠᠨ 318 ᠡᠷᠦᠬᠡ᠂ 978 ᠬᠦᠮᠦᠨ ᠶᠠᠳᠠᠭᠤ᠎ᠠᠴᠠ ᠠᠩᠭᠢᠵᠢᠷᠠᠵᠤ᠂ ᠵᠢᠮᠢᠰ᠎ᠤᠨ ᠤᠢ᠎ᠶ᠋ᠢᠨ ᠠᠵᠤ ᠦᠢᠯᠡᠰ᠎ᠢ ᠬᠦᠭ᠌ᠵᠢᠭᠦᠯᠬᠦ᠌᠎ᠪᠠᠷ ᠲᠠᠮᠵᠢᠨ ᠶᠠᠳᠠᠭᠤ ᠬᠦᠴᠢᠷᠳᠡᠯᠳᠡᠢ ᠤᠯᠠᠨ ᠲᠦᠮᠡᠨ᠎ᠤ ᠵᠢᠯ᠎ᠤᠨ ᠤᠷᠤᠯᠭ᠎ᠠ 576 ᠲᠦᠮᠡᠨ ᠲᠦᠭᠦᠷᠢᠭ ᠨᠡᠮᠡᠭ᠌ᠳᠡᠵᠦ᠍᠂ ᠬᠦᠮᠦᠨ ᠪᠦᠷᠢ᠎ᠶ᠋ᠢᠨ ᠲᠤᠮᠳᠠᠴᠢ ᠤᠷᠤᠯᠭ᠎ᠠ 4500 ᠲᠦᠭᠦᠷᠢᠭ ᠨᠡᠮᠡᠭ᠌ᠳᠡᠭ᠌ᠰᠡᠨ ᠪᠠᠢᠨ᠎ᠠ᠃ 

ᠤᠳᠤᠬᠠᠨ᠎ᠳᠤ ᠪᠦᠬᠦ᠌ ᠱᠢᠶᠠᠨ᠎ᠤ ᠵᠢᠮᠢᠰ᠎ᠤᠨ ᠮᠤᠳᠤᠨ᠎ᠤ ᠠᠵᠤ ᠠᠬᠤᠢ᠎ᠶ᠋ᠢᠨ ᠤᠢ᠎ᠶ᠋ᠢᠨ ᠲᠠᠯᠠᠪᠠᠢ 25 ᠲᠦᠮᠡᠨ ᠮᠦ᠍᠎ᠶ᠋ᠢ ᠲᠠᠪᠠᠵᠤ᠂ ᠵᠢᠯ᠎ᠳᠤ 13.5 ᠲᠦᠮᠡᠨ ᠲᠤᠨ ᠵᠢᠮᠢᠰ᠎ᠤᠨ ᠪᠦᠳᠦᠭᠡᠭ᠌ᠳᠡᠬᠦᠨ ᠦᠢᠯᠡᠳᠪᠦᠷᠢᠯᠡᠵᠦ᠍᠂ ᠦᠢᠯᠡᠳᠭᠦᠨ᠎ᠤ ᠦᠷᠳᠡᠭ᠎ᠨᠢ 6.8 ᠳ᠋ᠦᠡᠭ᠌ᠰᠢᠭᠤᠷ ᠲᠦᠭᠦᠷᠢᠭ᠎ᠢ ᠲᠠᠪᠠᠵᠤ᠂ ᠵᠢᠮᠢᠰ ᠲᠠᠷᠢᠵᠤ ᠪᠠᠢᠭ᠎ᠠ 5200 ᠡᠷᠦᠬᠡ᠂ 3681 ᠶᠠᠳᠠᠭᠤ ᠬᠦᠴᠢᠷᠳᠡᠯᠳᠡᠢ ᠤᠯᠠᠨ ᠲᠦᠮᠡᠨ᠎ᠢ ᠲᠠᠢᠴᠢᠯᠠᠨ ᠵᠢᠮᠢᠰ᠎ᠤᠨ ᠤᠢ᠎ᠶ᠋ᠢᠨ ᠠᠵᠤ ᠦᠢᠯᠡᠰ ᠡᠷᠬᠢᠯᠡᠭᠦᠯᠵᠦ᠍᠂ ᠬᠦᠮᠦᠨ ᠪᠦᠷᠢ᠎ᠶ᠋ᠢᠨ ᠲᠤᠮᠳᠠᠴᠢ ᠤᠷᠤᠯᠭ᠎ᠠ 5500 ᠲᠦᠭᠦᠷᠢᠭ ᠨᠡᠮᠡᠭ᠌ᠳᠡᠪᠡ᠃ ᠲᠤᠰ ᠱᠢᠶᠠᠨ᠎ᠨᠢ ᠤᠷᠢᠳ ᠬᠤᠵᠢᠳ ᠤᠯᠤᠰ᠎ᠤᠨ ᠠᠵᠤ ᠠᠬᠤᠢ᠎ᠶ᠋ᠢᠨ ᠤᠢ᠎ᠶ᠋ᠢ ᠪᠦᠳᠦᠭᠡᠨ ᠪᠠᠢᠭᠤᠯᠬᠤ ᠵᠢᠱ᠌ᠢᠶ᠎ᠠ ᠦᠵᠡᠭᠦᠯᠬᠦ᠌ ᠱᠢᠶᠠᠨ᠂ ᠮᠧᠩ ᠹᠦ᠋ ᠠᠯᠮᠤᠷᠠᠳ᠎ᠤᠨ ᠪᠠᠷᠢᠮᠵᠢᠶᠠᠵᠢᠭᠤᠯᠤᠭ᠍ᠰᠠᠨ ᠵᠢᠱ᠌ᠢᠶ᠎ᠠ ᠦᠵᠡᠭᠦᠯᠬᠦ᠌ ᠲᠤᠭᠤᠷᠢᠭ ᠵᠡᠷᠭᠡ ᠢᠷᠠᠭᠤ ᠠᠯᠳᠠᠷ᠎ᠢ ᠬᠦᠷᠳᠡᠪᠡ᠃ 

ᠮᠢᠬᠠᠨ᠎ᠤ ᠦᠬᠡᠷ᠄ ᠪᠠᠶᠠᠵᠢᠨ ᠴᠢᠨᠡᠭᠡᠯᠢᠭ᠌ᠵᠢᠬᠦ᠌᠎ᠶ᠋ᠢᠨ 《ᠱᠢᠨ᠎ᠡ ᠬᠠᠷᠭᠤᠢ》 

ᠨᠢᠩᠴᠧᠩ ᠱᠢᠶᠠᠨ᠎ᠨᠢ ᠪᠦᠬᠦ᠌ ᠤᠷᠤᠨ᠎ᠤ ᠲᠠᠷᠢᠶᠠᠯᠠᠩ᠎ᠤᠨ ᠲᠤᠮᠤ ᠱᠢᠶᠠᠨ ᠪᠠᠢᠵᠤ᠂ 154 ᠲᠦᠮᠡᠨ ᠮᠦ᠍ ᠲᠠᠷᠢᠶᠡᠨ ᠭᠠᠵᠡᠷ᠎ᠲᠠᠢ᠂ ᠵᠢᠯ᠎ᠳᠤ 60 ᠲᠦᠮᠡᠨ ᠮᠦ᠍ ᠡᠷᠳᠡᠨᠢ ᠱᠢᠰᠢ᠂ 70 ᠲᠦᠮᠡᠨ ᠮᠦ᠍ ᠡᠰᠢ ᠰᠦᠷᠡᠯ ᠬᠤᠷᠢᠶᠠᠵᠤ ᠪᠤᠢ᠃ ᠲᠤᠰ ᠱᠢᠶᠠᠨ ᠡᠨᠡ ᠬᠦ᠌ ᠡᠬᠢ ᠪᠠᠶᠠᠯᠢᠭ᠎ᠤᠨ ᠲᠠᠪᠠᠭᠤᠯᠢᠭ᠎ᠢᠶᠠᠨ ᠠᠱᠢᠭ᠍ᠯᠠᠨ ᠲᠦᠪᠯᠡᠷᠡᠩᠭᠦᠢ ᠬᠦᠭ᠌ᠵᠢᠭᠦᠯᠬᠦ᠌ ᠰᠡᠳᠭᠢᠴᠡ᠎ᠪᠠᠷ ᠪᠠᠶᠠᠵᠢᠯ᠎ᠤᠨ ᠱᠢᠨ᠎ᠡ ᠵᠠᠮ᠎ᠢ ᠬᠠᠢᠨ ᠰᠦᠪᠡᠭ᠌ᠴᠢᠯᠡᠵᠦ᠍᠂ ᠮᠢᠬᠠᠨ᠎ᠤ ᠦᠬᠡᠷ ᠲᠡᠵᠢᠭᠡᠨ ᠦᠷᠡᠵᠢᠭᠦᠯᠬᠦ᠌ ᠠᠵᠤ ᠦᠢᠯᠡᠰ᠎ᠢ ᠬᠦᠭ᠌ᠵᠢᠭᠦᠯᠪᠡ᠃ ᠤᠤᠯ᠎ᠤᠨ ᠨᠢᠭᠡ ᠨᠢᠭᠡ ᠡᠷᠦᠬᠡ᠎ᠪᠠᠷ ᠲᠠᠷᠬᠠᠢ ᠪᠤᠳᠠᠷᠬᠠᠢ ᠮᠢᠬᠠᠨ᠎ᠤ ᠦᠬᠡᠷ ᠲᠡᠵᠢᠭᠡᠵᠦ᠍ ᠪᠠᠢᠭ᠍ᠰᠠᠨ ᠠᠷᠭ᠎ᠠ ᠬᠡᠯᠪᠡᠷᠢ᠎ᠶ᠋ᠢ ᠬᠤᠪᠢᠷᠠᠭᠤᠯᠤᠨ᠂ ᠡᠯ᠎ᠡ ᠲᠦᠷᠦᠯ᠎ᠤᠨ ᠪᠡᠯᠡ ᠮᠦᠡᠭ᠌ᠭᠦ᠎ᠶ᠋ᠢ ᠨᠡᠢᠯᠡᠭᠦᠯᠵᠦ᠍᠂ ᠪᠠᠷᠢᠮᠵᠢᠶᠠᠵᠢᠭ᠍ᠰᠠᠨ ᠲᠡᠵᠢᠭᠡᠨ ᠦᠷᠡᠵᠢᠭᠦᠯᠬᠦ᠌ ᠲᠠᠯᠠᠪᠠᠢ᠂ ᠬᠡᠪᠴᠢᠶᠡᠵᠢᠭᠦᠯᠦᠨ ᠲᠦᠪᠯᠡᠷᠡᠭᠦᠯᠦᠨ ᠲᠡᠵᠢᠭᠡᠬᠦ᠌ ᠲᠤᠭᠤᠷᠢᠭ ᠪᠠᠢᠭᠤᠯᠬᠤ᠎ᠳᠤ ᠪᠡᠯᠡ ᠤᠷᠤᠭᠤᠯᠵᠤ᠂ ᠨᠡᠢᠳᠡ 9 ᠮᠢᠬᠠᠨ᠎ᠤ ᠦᠬᠡᠷ ᠲᠡᠵᠢᠭᠡᠨ ᠦᠷᠡᠵᠢᠭᠦᠯᠬᠦ᠌ ᠶᠠᠳᠠᠭᠤ᠎ᠶ᠋ᠢ ᠲᠡᠳᠭᠦᠬᠦ᠌ ᠠᠵᠤ ᠦᠢᠯᠡᠰ᠎ᠤᠨ ᠬᠦᠷᠢᠶᠡᠯᠡᠩ᠂ 178 ᠪᠠᠷᠢᠮᠵᠢᠶᠠᠵᠢᠭ᠍ᠰᠠᠨ ᠮᠢᠬᠠᠨ᠎ᠤ ᠦᠬᠡᠷ ᠲᠡᠵᠢᠭᠡᠨ ᠦᠷᠡᠵᠢᠭᠦᠯᠬᠦ᠌ ᠲᠠᠯᠠᠪᠠᠢ ᠪᠠᠢᠭᠤᠯᠵᠤ᠂ ᠮᠢᠬᠠᠨ᠎ᠤ ᠦᠬᠡᠷ ᠲᠡᠵᠢᠭᠡᠨ ᠦᠷᠡᠵᠢᠭᠦᠯᠬᠦ᠌ ᠦᠷ᠎ᠡ ᠠᠱᠢᠭ᠎ᠢ ᠶᠡᠭᠡ᠎ᠪᠠᠷ ᠨᠡᠮᠡᠭ᠌ᠳᠡᠭᠦᠯᠪᠡ᠃ 

ᠲᠦᠷᠢᠮᠵᠢᠭ᠌ᠰᠡᠨ ᠡᠵᠡᠩᠨᠡᠯᠲᠡ ᠬᠠᠮᠢᠶᠠᠷᠤᠯᠲᠠ᠎ᠶ᠋ᠢ ᠠᠬᠢᠭᠤᠯᠬᠤ ᠶᠠᠪᠤᠴᠠ᠎ᠳᠤ ᠨᠢᠩᠴᠧᠩ ᠱᠢᠶᠠᠨ ᠱᠢᠨ᠎ᠡ ᠮᠠᠶᠢᠭ᠎ᠤᠨ ᠡᠵᠡᠩᠨᠡᠯᠲᠡ᠎ᠶ᠋ᠢᠨ ᠭᠤᠤᠯ ᠴᠤᠭ᠍ᠴᠠ᠎ᠶ᠋ᠢ ᠶᠡᠭᠡ᠎ᠪᠠᠷ ᠪᠤᠢᠵᠢᠭᠤᠯᠵᠤ᠂ ᠮᠠᠯ ᠠᠵᠤ ᠠᠬᠤᠢ ᠲᠠᠷᠢᠶᠡᠯᠠᠩ᠎ᠤᠨ ᠠᠵᠤ ᠦᠢᠯᠡᠰᠵᠢᠯᠳᠠ᠎ᠶ᠋ᠢᠨ ᠭᠤᠤᠯᠳᠠᠯᠭ᠎ᠠ᠎ᠲᠠᠢ ᠲᠠᠭᠠᠭᠤᠯᠤᠭ᠍ᠴᠢ ᠠᠵᠤ ᠠᠬᠤᠢ᠍ᠢᠯᠠᠯ᠎ᠤᠨ ᠲᠠᠢᠴᠢᠯᠠᠬᠤ ᠦᠢᠯᠡᠳᠦᠯ᠎ᠢ ᠭᠦᠢᠴᠡᠳ ᠪᠠᠳᠠᠷᠠᠭᠤᠯᠤᠨ᠂ ᠮᠢᠬᠠᠨ᠎ᠤ ᠦᠬᠡᠷ᠎ᠤᠨ ᠠᠷᠠᠯᠵᠢᠶᠠᠨ᠎ᠤ ᠵᠠᠬ᠎ᠠ ᠲᠡᠯᠭᠡᠭᠦᠷ᠎ᠢ ᠪᠦᠳᠦᠭᠡᠨ ᠪᠠᠢᠭᠤᠯᠵᠤ᠂ ᠦᠢᠯᠡᠳᠪᠦᠷᠢᠯᠡᠯ ᠡᠵᠡᠩᠨᠡᠯᠲᠡ᠎ᠶ᠋ᠢᠨ ᠬᠤᠷᠱᠢᠭ᠍ᠰᠠᠨ ᠵᠤᠬᠢᠶᠠᠨ ᠪᠠᠢᠭᠤᠯᠤᠯᠲᠠ᠎ᠶ᠋ᠢ ᠪᠤᠢᠵᠢᠭᠤᠯᠬᠤ᠎ᠪᠠᠷ ᠲᠠᠮᠵᠢᠭᠤᠯᠤᠨ ᠮᠢᠬᠠᠨ᠎ᠤ ᠦᠬᠡᠷ ᠲᠡᠵᠢᠭᠡᠨ ᠦᠷᠡᠵᠢᠭᠦᠯᠬᠦ᠌ ᠬᠦᠷᠢᠶ᠎ᠡ ᠬᠡᠪᠴᠢᠶ᠎ᠡ᠎ᠶ᠋ᠢ ᠲᠠᠰᠤᠷᠠᠯᠲᠠ ᠦᠭᠡᠢ ᠬᠦᠭ᠌ᠵᠢᠭᠦᠯᠦᠨ ᠪᠤᠵᠠᠭᠠᠢᠷᠠᠭᠤᠯᠪᠠ᠃ ᠤᠳᠤᠬᠠᠨ᠎ᠳᠤ ᠪᠦᠬᠦ᠌ ᠱᠢᠶᠠᠨ᠎ᠤ ᠮᠢᠬᠠᠨ᠎ᠤ ᠦᠬᠡᠷ 43 ᠲᠦᠮᠡ᠎ᠶ᠋ᠢ ᠲᠠᠪᠠᠵᠤ᠂ 17186 ᠶᠠᠳᠠᠭᠤ ᠬᠦᠴᠢᠷᠳᠡᠯᠳᠡᠢ ᠬᠦᠮᠦᠰ ᠮᠢᠬᠠᠨ᠎ᠤ ᠦᠬᠡᠷ ᠲᠡᠵᠢᠭᠡᠨ ᠦᠷᠡᠵᠢᠭᠦᠯᠬᠦ᠌ ᠠᠵᠤ ᠦᠢᠯᠡᠰ ᠡᠷᠬᠢᠯᠡᠬᠦ᠌᠎ᠳᠤ ᠤᠷᠤᠯᠴᠠᠵᠤ᠂ ᠬᠦᠮᠦᠨ ᠪᠦᠷᠢ᠎ᠶ᠋ᠢᠨ ᠲᠤᠮᠳᠠᠴᠢ ᠵᠢᠯ᠎ᠤᠨ ᠤᠷᠤᠯᠭ᠎ᠠ᠎ᠨᠢ 5000 ᠲᠦᠭᠦᠷᠢᠭ ᠨᠡᠮᠡᠭ᠌ᠳᠡᠪᠡ᠃ 

《ᠴᠢᠨᠡᠭᠡᠯᠢᠭ ᠨᠡᠢᠭᠡᠮ᠎ᠤᠨ ᠵᠠᠮ᠎ᠳᠤ ᠨᠢᠭᠡ᠎ᠶ᠋ᠢ ᠴᠦ᠍ ᠤᠷᠬᠢᠭ᠍ᠳᠠᠭᠤᠯᠬᠤ ᠦᠭᠡᠢ》᠃ 《ᠢᠳᠡᠱᠢᠨ ᠨᠤᠭᠤᠭ᠎ᠠ᠂ ᠵᠢᠮᠢᠰ᠂ ᠮᠢᠬᠠᠨ᠎ᠤ ᠦᠬᠡᠷ》 ᠎ᠤᠨ ᠠᠵᠤ ᠦᠢᠯᠡᠰ᠎ᠢ ᠶᠡᠭᠡ᠎ᠪᠠᠷ ᠬᠦᠭ᠌ᠵᠢᠭᠦᠯᠬᠦ᠌᠎ᠪᠠᠷ ᠲᠠᠮᠵᠢᠨ ᠨᠢᠩᠴᠧᠩ ᠱᠢᠶᠠᠨ᠎ᠤ 15778 ᠶᠠᠳᠠᠭᠤ ᠭᠦᠴᠢᠷᠳᠡᠯᠳᠡᠢ ᠡᠷᠦᠬᠡ᠂ 44210 ᠶᠠᠳᠠᠭᠤ ᠬᠦᠴᠢᠷᠳᠡᠯᠳᠡᠢ ᠬᠦᠮᠦᠨ ᠠᠮᠠ ᠲᠤᠭ᠍ᠳᠠᠭᠤᠨ᠎ᠢᠶᠠᠷ ᠶᠠᠳᠠᠭᠤ᠎ᠠᠴᠠ ᠠᠩᠭᠢᠵᠢᠷᠠᠪᠠ᠃ 2019 ᠤᠨ᠎ᠤ 4 ᠰᠠᠷ᠎ᠠ᠎ᠳᠤ᠂ ᠨᠢᠩᠴᠧᠩ ᠱᠢᠶᠠᠨ ᠦᠪᠡᠷᠳᠡᠭᠡᠨ ᠵᠠᠰᠠᠬᠤ ᠤᠷᠤᠨ᠎ᠤ ᠱᠢᠯᠭᠠᠨ ᠦᠨᠡᠯᠡᠯᠳᠠ᠎ᠪᠠᠷ ᠲᠠᠮᠵᠢᠨ ᠵᠢᠩᠬᠢᠨᠢ᠎ᠪᠠᠷ ᠤᠯᠤᠰ᠎ᠤᠨ ᠶᠠᠳᠠᠭᠤ ᠬᠦᠴᠢᠷᠳᠡᠯᠳᠡᠢ ᠱᠢᠶᠠᠨ᠎ᠠᠴᠠ ᠠᠩᠭᠢᠵᠢᠷᠠᠬ᠍ᠰᠡᠨ ᠪᠠᠢᠨ᠎ᠠ᠃ 

ᠠᠵᠢᠯᠴᠢ ᠬᠦᠳᠡᠯᠮᠦᠷᠢᠴᠢ ᠨᠢᠩᠴᠧᠩ᠎ᠤᠨ ᠠᠷᠠᠤᠨ ᠲᠦᠮᠡᠨ ᠤᠭ ᠰᠠᠨᠠᠭ᠎ᠠ᠎ᠪᠠᠨ ᠪᠠᠳᠤ ᠰᠠᠬᠢᠵᠤ᠂ ᠴᠤᠴᠠᠯᠲᠠ ᠦᠭᠡᠢ ᠤᠷᠤᠭ᠍ᠰᠢᠯᠠᠨ᠂ ᠢᠷᠡᠭᠡᠳᠦᠢ᠎ᠶ᠋ᠢᠨ ᠬᠦᠭ᠌ᠵᠢᠯᠲᠡ᠎ᠶ᠋ᠢᠨ ᠠᠶᠠᠨ᠎ᠳᠤ ᠨᠠᠮ᠎ᠤᠨ ᠪᠠᠢᠭᠤᠯᠤᠯᠲᠠ᠎ᠪᠠᠷ ᠠᠵᠤ ᠦᠢᠯᠡᠰ᠎ᠤᠨ ᠬᠦᠭ᠌ᠵᠢᠯᠲᠡ᠎ᠶ᠋ᠢ ᠬᠦᠳᠦᠯᠦᠨ ᠲᠠᠭᠠᠭᠤᠯᠬᠤ᠎ᠶ᠋ᠢ ᠦᠷᠭᠦᠯᠵᠢᠯᠡᠨ ᠴᠢᠩᠭᠠᠳᠭᠠᠵᠤ᠂ ᠬᠦᠳᠡᠭᠡ ᠲᠤᠰᠭᠤᠨ᠎ᠢ ᠬᠦᠭ᠌ᠵᠢᠭᠦᠯᠦᠨ ᠮᠠᠨᠳᠤᠭᠤᠯᠬᠤ ᠠᠯᠬᠤᠴᠠ᠎ᠶ᠋ᠢ ᠲᠦᠷᠭᠡᠳᠭᠡᠬᠦ᠌᠎ᠳᠤ ᠬᠤᠪᠢ ᠨᠡᠮᠡᠷᠢ᠎ᠪᠠᠨ ᠦᠵᠡᠭᠦᠯᠵᠦ᠍᠂ ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠢᠷᠠᠭᠤ ᠬᠠᠭᠤᠳᠠᠰᠤ᠎ᠶ᠋ᠢ ᠪᠢᠴᠢᠭ᠌ᠯᠡᠬᠦ᠌᠎ᠳᠤ ᠬᠦᠴᠦᠨ ᠴᠢᠳᠠᠯ᠎ᠢᠶᠠᠨ ᠡᠷᠭᠦᠭ᠌ᠰᠡᠭᠡᠷ᠃





ᠣᠷᠴᠢᠭᠤᠯᠤᠭ᠍ᠴᠢ᠄
ᠨᠠᠢᠷᠠᠭᠤᠯᠤᠭ᠍ᠴᠢ᠄ ᠱᠢᠨᠡᠴᠡᠴᠡᠭ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号