ᠤᠯᠠᠭᠠᠨᠬᠠᠳᠠ ᠬᠤᠲᠠ᠎ᠶ᠋ᠢᠨ ᠠᠩᠬᠠᠳᠠᠭ᠍ᠴᠢ 《ᠰᠠᠢᠨ ᠬᠡᠷ᠎ᠤᠨ ᠰᠤᠷᠲᠠᠯ᠎ᠤᠨ ᠵᠢᠱ᠌ᠢᠶ᠎ᠡ ᠦᠵᠡᠭᠦᠯᠬᠦ᠌ ᠪᠠᠯᠭᠠᠰᠤ》 ᠎ᠶ᠋ᠢ ᠪᠠᠢᠭᠤᠯᠵᠤ ᠳᠠᠭᠤᠰᠭᠠᠴᠠᠢ
2020-10-28 11:40:37
ᠵᠣᠬᠢᠶᠠᠭ᠍ᠴᠢ᠄
ᠸᠠᠩ ᠲᠠᠨ᠎ᠠ
ᠣᠩᠱᠢᠭ᠍ᠰᠠᠨ ᠣᠳᠠᠭ᠎ᠠ᠄
★★★☆☆

 10 ᠰᠠᠷ᠎ᠠ᠎ᠶ᠋ᠢᠨ 21 ᠎ᠤ ᠡᠳᠦᠷ᠂ ᠨᠢᠩᠴᠧᠩ ᠱᠢᠶᠠᠨ᠎ᠤ ᠡᠮᠡᠭ᠌ᠲᠡᠢᠴᠦᠳ᠎ᠤᠨ ᠬᠤᠯᠪᠣᠭ᠎ᠠ᠎ᠶ᠋ᠢᠨ ᠭᠤᠣᠯᠯᠠᠨ ᠡᠷᠬᠢᠯᠡᠭ᠌ᠰᠡᠨ 《ᠰᠠᠢᠨ ᠭᠡᠷ᠎ᠤᠨ ᠰᠤᠷᠲᠠᠯ᠎ᠤᠨ ᠵᠢᠱ᠌ᠢᠶ᠎ᠠ ᠦᠵᠡᠭᠦᠯᠬᠦ᠌ ᠪᠠᠯᠭᠠᠰᠤ》 ᠎ᠶ᠋ᠢᠨ ᠪᠠᠢᠭᠤᠯᠤᠯᠲᠠ ᠳᠠᠭᠤᠰᠤᠭ᠍ᠰᠠᠨ ᠶᠣᠰᠣᠯᠠᠯ ᠨᠢᠩᠴᠧᠩ ᠱᠢᠶᠠᠨ᠎ᠤ ᠱᠢᠶᠤᠤ ᠴᠧᠩᠽᠢ ᠪᠠᠯᠭᠠᠰᠤᠨ᠎ᠤ ᠬᠡᠷ᠎ᠤᠨ ᠰᠤᠷᠲᠠᠯ ᠭᠡᠷ᠎ᠤᠨ ᠰᠤᠷᠭᠠᠯ᠎ᠤᠨ ᠭᠤᠣᠯ ᠰᠡᠳᠦᠪᠲᠦ ᠠᠭᠤᠳᠠᠮ ᠲᠠᠯᠠᠪᠠᠢ᠎ᠳᠤ ᠶᠠᠪᠤᠭ᠍ᠳᠠᠪᠠ᠂ ᠡᠨᠡ᠎ᠨᠢ ᠮᠥᠨ ᠴᠦ᠍ ᠤᠯᠠᠭᠠᠨᠬᠠᠳᠠ ᠬᠤᠳᠠ᠎ᠶ᠋ᠢᠨ ᠠᠩᠬᠠᠳᠠᠭ᠍ᠴᠢ 《ᠰᠠᠢᠨ ᠭᠡᠷ᠎ᠤᠨ ᠰᠤᠷᠲᠠᠯ᠎ᠤᠨ ᠵᠢᠱ᠌ᠢᠶ᠎ᠡ ᠦᠵᠡᠭᠦᠯᠬᠦ᠌ ᠪᠠᠯᠭᠠᠰᠤ》 ᠪᠣᠯᠤᠨ᠎ᠠ᠃ 

《ᠰᠠᠢᠨ ᠭᠡᠷ᠎ᠤᠨ ᠰᠤᠷᠲᠠᠯ᠎ᠤᠨ ᠵᠢᠱ᠌ᠢᠶ᠎ᠡ ᠦᠵᠡᠭᠦᠯᠬᠦ᠌ ᠪᠠᠯᠭᠠᠰᠤ》 ᠎ᠶ᠋ᠢ ᠪᠦᠲᠦᠭᠡᠨ ᠪᠠᠢᠭᠤᠯᠬᠤ᠎ᠶ᠋ᠢᠨ ᠲᠥᠯᠥᠭᠡ᠂ ᠨᠢᠩᠴᠧᠩ ᠱᠢᠶᠠᠨ᠎ᠤ ᠡᠮᠡᠭ᠌ᠲᠡᠢᠴᠦᠳ᠎ᠤᠨ ᠬᠤᠯᠪᠣᠭ᠎ᠠ ᠳᠡᠭᠡᠳᠦ ᠱᠠᠲᠤᠨ᠎ᠤ ᠡᠳ᠋᠎ᠤᠨ ᠵᠠᠰᠠᠭ᠎ᠠᠴᠠ 20 ᠲᠦᠮᠡᠨ ᠲᠥᠭᠦᠷᠢᠭ᠎ᠤᠨ ᠪᠡᠯᠡ ᠮᠥᠩᠭᠦ᠌ ᠭᠤᠶᠤᠴᠢᠯᠠᠵᠤ᠂ ᠱᠢᠶᠣᠣ ᠴᠧᠩᠽᠢ ᠪᠠᠯᠭᠠᠰᠤᠨ᠎ᠳᠤ ᠭᠡᠷ᠎ᠤᠨ ᠰᠤᠷᠲᠠᠯ ᠭᠡᠷ᠎ᠤᠨ ᠰᠤᠷᠭᠠᠯ᠎ᠤᠨ ᠭᠤᠤᠯ ᠰᠡᠳᠦᠪᠲᠦ ᠠᠭᠤᠳᠠᠮ ᠲᠠᠯᠠᠪᠠᠶ ᠪᠠᠢᠭᠤᠯᠬᠤ᠂ ᠭᠡᠷ᠎ᠤᠨ ᠰᠤᠷᠭᠠᠯ᠎ᠤᠨ ᠰᠠᠢᠨ ᠪᠦᠲᠦᠭᠡᠯ᠎ᠢ ᠵᠤᠬᠢᠶᠠᠬᠤ᠂ 《ᠵᠦᠩ ᠵᠢᠩ᠎ᠤᠨ ᠭᠡᠷ᠎ᠤᠨ ᠰᠤᠷᠲᠠᠯ᠎ᠤᠨ ᠦᠯᠢᠭᠡᠷ》 ᠎ᠢ ᠨᠠᠢᠷᠠᠭᠤᠯᠬᠤ ᠵᠢᠴᠢ ᠬᠠᠷᠢᠶ᠎ᠠ ᠭᠠᠵᠠᠷ᠎ᠤᠨ ᠰᠤᠷᠭᠠᠭᠤᠯᠢ᠎ᠳᠤ ᠭᠡᠷ᠎ᠤᠨ ᠰᠤᠷᠲᠠᠯ ᠭᠡᠷ᠎ᠤᠨ ᠰᠤᠷᠭᠠᠯ᠎ᠤᠨ ᠠᠵᠢᠯᠯᠠᠭ᠎ᠠ ᠥᠷᠨᠢᠭᠦᠯᠬᠦ᠌᠎ᠳᠤ ᠬᠡᠷᠡᠭ᠌ᠯᠡᠨ᠂ ᠭᠡᠷ ᠪᠦᠯᠢ᠂ ᠰᠤᠷᠭᠠᠭᠤᠯᠢ᠂ ᠨᠡᠢᠭᠡᠮ ᠭᠤᠷᠪᠠ᠎ᠶ᠋ᠢ ᠨᠢᠭᠡ ᠴᠣᠭ᠍ᠴᠠᠵᠢᠭᠤᠯᠤᠭ᠍ᠰᠠᠨ ᠭᠡᠷ᠎ᠤᠨ ᠰᠤᠷᠲᠠᠯ᠎ᠤᠨ ᠪᠠᠢᠭᠤᠯᠤᠯᠲᠠ᠎ᠶ᠋ᠢ ᠪᠦᠬᠦ᠌ ᠲᠠᠯ᠎ᠠ᠎ᠪᠠᠷ ᠲᠦᠯᠬᠢᠨ ᠠᠬᠢᠭᠤᠯᠪᠠ᠃ 

ᠨᠢᠩᠴᠧᠩ ᠱᠢᠶᠠᠨ᠎ᠤ ᠡᠮᠡᠭ᠌ᠲᠡᠢᠴᠦᠳ᠎ᠤᠨ ᠬᠤᠯᠪᠣᠭ᠎ᠠ ᠪᠠᠰᠠ 《ᠰᠠᠢᠨ ᠭᠡᠷ᠎ᠤᠨ ᠰᠤᠷᠲᠠᠯ᠎ᠤᠨ ᠵᠢᠱ᠌ᠢᠶ᠎ᠡ ᠦᠵᠡᠭᠦᠯᠬᠦ᠌ ᠪᠠᠯᠭᠠᠰᠤ》 ᠎ᠪᠠᠷ ᠭᠤᠤᠯ ᠴᠣᠭ᠍ᠴᠠ ᠪᠣᠯᠭᠠᠵᠤ᠂ ᠪᠦᠬᠦ᠌ ᠱᠢᠶᠠᠨ᠎ᠤ ᠬᠡᠪᠴᠢᠶᠡᠨ᠎ᠳᠤ 《ᠬᠠᠮᠤᠭ᠎ᠤᠨ ᠰᠠᠢᠨ ᠭᠡᠷ ᠪᠦᠯᠢ》 ᠪᠣᠯᠤᠨ ᠰᠠᠢᠨ ᠭᠡᠷ᠎ᠤᠨ ᠰᠤᠷᠲᠠᠯ᠎ᠤᠨ ᠦᠯᠢᠭᠡᠷ᠎ᠢ 70 ᠬᠤᠪᠢ ᠴᠤᠭ᠍ᠯᠠᠭᠤᠯᠵᠤ᠂ ᠬᠤᠲᠠ ᠱᠢᠶᠠᠨ᠎ᠤ ᠳᠣᠲᠣᠨ᠎ᠠ ᠭᠠᠳᠠᠨᠠᠬᠢ 20 ᠭᠠᠷᠤᠶ ᠬᠥᠮᠦᠨ᠎ᠢ ᠤᠷᠢᠨ ᠪᠢᠴᠢᠭᠦᠯᠵᠦ᠍᠂ ᠳᠠᠬᠢᠨ ᠳᠠᠪᠲᠠᠨ ᠱᠢᠯᠢᠨ ᠰᠣᠩᠭᠤᠬᠤ᠂ ᠬᠢᠨᠠᠨ ᠬᠠᠷᠭᠤᠭᠤᠯᠬᠤ᠎ᠪᠠᠷ ᠳᠠᠮᠵᠢᠨ᠂ 《ᠵᠦᠩ ᠵᠢᠩ ᠭᠡᠷ᠎ᠤᠨ ᠰᠤᠷᠲᠠᠯ᠎ᠤᠨ ᠦᠯᠢᠭᠡᠷ》 ᠎ᠢ ᠨᠠᠢᠷᠠᠭᠤᠯᠤᠨ ᠬᠡᠪᠯᠡᠭᠦᠯᠬᠦ᠌ ᠠᠵᠢᠯ᠎ᠢ ᠪᠡᠶᠡᠯᠡᠭᠦᠯᠵᠦ᠍᠂ ᠵᠠᠭᠤᠴᠢᠯᠠᠭᠤᠷ᠎ᠤᠨ ᠲᠤᠰᠭᠠᠶ ᠪᠤᠯᠤᠩ ᠨᠡᠭᠡᠭᠡᠵᠦ᠍᠂ 《ᠬᠡᠷ᠎ᠤᠨ ᠰᠤᠷᠲᠠᠯ᠎ᠢ ᠰᠠᠢᠲᠤᠷ ᠪᠠᠳᠠᠷᠠᠭᠤᠯᠵᠤ᠂ ᠬᠡᠷ᠎ᠤᠨ ᠰᠤᠷᠭᠠᠯ᠎ᠢ ᠰᠠᠢᠲᠤᠷ ᠤᠯᠠᠮᠵᠢᠯᠠᠨ ᠵᠠᠯᠭᠠᠮᠵᠢᠯᠠᠬᠤ》 ᠎ᠪᠠᠷ ᠭᠤᠤᠯ ᠰᠡᠳᠦᠪ ᠪᠣᠯᠭᠠᠭ᠍ᠰᠠᠨ ᠰᠠᠢᠨ ᠬᠡᠷ᠎ᠤᠨ ᠰᠤᠷᠲᠠᠯ᠎ᠤᠨ ᠪᠢᠴᠢᠯ ᠸᠢᠳᠢᠣ᠋᠎ᠶ᠋ᠢ ᠰᠡᠭᠦᠳᠡᠷᠯᠡᠨ ᠱᠢᠩᠭᠡᠭᠡᠵᠦ᠍ ᠨᠡᠢᠲᠡᠯᠡᠵᠠᠢ᠃ ᠶᠣᠰᠣᠯᠠᠯ᠎ᠤᠨ ᠲᠤᠬᠠᠢ᠎ᠶ᠋ᠢᠨ ᠲᠠᠯᠠᠪᠠᠢ᠎ᠳᠤ᠂ ᠨᠢᠩᠴᠧᠩ ᠱᠢᠶᠠᠨ᠎ᠤ ᠡᠮᠡᠭ᠌ᠲᠡᠢᠴᠦᠳ᠎ᠤᠨ ᠬᠤᠯᠪᠣᠭ᠎ᠠ ᠱᠢᠶᠤᠤ ᠴᠧᠩᠽᠢ ᠪᠠᠯᠭᠠᠰᠤᠨ᠎ᠤ 19 ᠲᠣᠰᠭᠤᠨ᠎ᠳᠤ 4000 ᠤᠷᠠᠨ ᠪᠢᠴᠢᠯᠭᠡ᠎ᠶ᠋ᠢᠨ ᠪᠦᠲᠦᠭᠡᠯ᠎ᠢ ᠪᠡᠯᠡᠭ᠌ᠯᠡᠨ᠂ 《ᠵᠥᠩ ᠵᠢᠩ᠎ᠤᠨ ᠬᠡᠷ᠎ᠤᠨ ᠰᠤᠷᠲᠠᠯ᠎ᠤᠨ ᠥᠯᠢᠭᠡᠷ》 ᠭᠡᠬᠦ᠌ ᠨᠣᠮ᠎ᠢ 200 ᠭᠠᠷᠤᠶ ᠳᠡᠪᠲᠡᠷ ᠬᠦᠷᠭᠡᠪᠡ᠃





ᠣᠷᠴᠢᠭᠤᠯᠤᠭ᠍ᠴᠢ᠄
ᠨᠠᠢᠷᠠᠭᠤᠯᠤᠭ᠍ᠴᠢ᠄ ᠱᠢᠨᠡᠴᠡᠴᠡᠭ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号