ᠰᠤᠷᠪᠤᠯᠵᠢᠯᠠᠬ᠍ᠴᠢ ᠦᠪᠡᠷᠳᠡᠭᠡᠨ ᠵᠠᠰᠠᠬᠤ ᠤᠷᠤᠨ᠎ᠤ ᠡᠪᠯᠡᠯ᠎ᠤᠨ ᠬᠤᠷᠢᠶ᠎ᠠ᠎ᠠᠴᠠ ᠤᠢ᠍ᠢᠯᠠᠭᠠᠬ᠍ᠰᠠᠨ᠎ᠢᠶᠠᠷ᠂ ᠣᠢᠷ᠎ᠠ᠎ᠳᠤ᠂ ᠡᠪ ᠬᠠᠮᠲᠤ ᠵᠠᠯᠠᠭᠤᠴᠤᠳ᠎ᠤᠨ ᠡᠪᠯᠡᠯ᠎ᠤᠨ ᠲᠥᠪ ᠬᠤᠷᠢᠶ᠎ᠠ᠂ ᠳᠤᠮᠳᠠᠳᠤ ᠤᠯᠤᠰ᠎ᠤᠨ ᠵᠠᠯᠠᠭᠤ ᠰᠠᠢᠨ ᠳᠤᠷᠠᠴᠤᠳ᠎ᠤᠨ ᠨᠡᠢᠭᠡᠮᠯᠢᠭ᠎ᠠᠴᠠ 295 ᠬᠥᠮᠦᠨ᠎ᠳᠤ 《ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠤᠨ ᠬᠢᠵᠢᠭ᠎ᠲᠠᠢ ᠲᠠᠮᠠᠴᠡᠭ᠌ᠰᠡᠨ ᠵᠠᠯᠠᠭᠤᠴᠤᠳ᠎ᠤᠨ ᠰᠠᠢᠨ ᠳᠤᠷ᠎ᠠ᠎ᠶ᠋ᠢᠨ ᠦᠶᠯᠡᠴᠢᠯᠡᠭᠡᠨ᠎ᠤ ᠲᠡᠷᠢᠭᠦᠨ᠎ᠤ ᠬᠤᠪᠢ ᠬᠥᠮᠦᠨ》 ᠭᠡᠬᠦ᠌ ᠢᠷᠠᠭᠤ ᠠᠯᠳᠠᠷ᠎ᠢ ᠣᠯᠭᠤᠵᠦ᠍᠂ 149 ᠬᠠᠮᠲᠤ ᠨᠡᠢᠳᠡ᠎ᠳᠤ 《ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠤᠨ ᠬᠢᠵᠢᠭ᠎ᠲᠠᠢ ᠲᠠᠮᠠᠴᠡᠭ᠌ᠰᠡᠨ ᠵᠠᠯᠠᠭᠤ ᠰᠠᠢᠨ ᠳᠤᠷ᠎ᠠ᠎ᠶ᠋ᠢᠨ ᠦᠶᠯᠡᠴᠢᠯᠡᠭᠡᠨ᠎ᠤ ᠲᠡᠷᠢᠭᠦᠨ᠎ᠤ ᠬᠠᠮᠲᠤ ᠨᠢᠭᠡᠴᠢ》 ᠭᠡᠬᠦ᠌ ᠢᠷᠠᠭᠤ ᠠᠯᠳᠠᠷ᠎ᠢ ᠬᠦᠷᠳᠡᠭᠡᠪᠠ᠃
ᠡᠭᠦᠨ᠎ᠳᠤ᠂ ᠮᠠᠨ᠎ᠤ ᠣᠷᠣᠨ᠎ᠤ ᠥᠪᠥᠷ ᠮᠣᠩᠭᠤᠯ᠎ᠤᠨ ᠣᠯᠠᠨ ᠤᠯᠤᠰ᠎ᠤᠨ ᠮᠣᠩᠭᠤᠯ ᠡᠮᠨᠡᠯᠭᠡ᠎ᠶ᠋ᠢᠨ ᠬᠤᠷᠢᠶ᠎ᠠ᠎ᠶ᠋ᠢᠨ ᠸᠧᠨ ᠹᠧᠩ᠂ ᠥᠪᠥᠷ ᠮᠣᠩᠭᠤᠯ᠎ᠤᠨ ᠡᠳ᠋᠎ᠤᠨ ᠵᠠᠰᠠᠭ ᠠᠵᠤ ᠠᠬᠤᠶ᠎ᠶ᠋ᠢᠨ ᠶᠡᠭᠡ ᠰᠤᠷᠭᠠᠭᠤᠯᠢ᠎ᠶ᠋ᠢᠨ ᠯᠢ ᠽᠢ ᠶᠣᠣ᠂ ᠳᠤᠮᠳᠠᠳᠤ ᠤᠯᠤᠰ᠎ᠤᠨ ᠬᠤᠸᠠ ᠨᠧᠩ ᠪᠦᠯᠦᠭ᠌ᠯᠡᠯ᠎ᠤᠨ ᠤᠮᠠᠷᠠᠲᠤ᠎ᠶ᠋ᠢᠨ ᠬᠠᠮᠲᠤᠷᠠᠭ᠍ᠰᠠᠨ ᠴᠠᠬᠢᠯᠭᠠᠨ ᠬᠦᠴᠦᠨ᠎ᠤ ᠬᠢᠵᠠᠭᠠᠷᠲᠤ ᠺᠣᠮᠫᠠᠨᠢ᠎ᠶ᠋ᠢᠨ ᠬᠥᠬᠡᠬᠤᠲᠠ᠎ᠶ᠋ᠢᠨ᠎ᠶ᠋ᠢᠨ ᠴᠢᠶᠣᠤ ᠢᠯᠴᠢ ᠴᠠᠬᠢᠯᠭᠠᠨ᠎ᠤ ᠦᠶᠯᠡᠳᠪᠦᠷᠢ᠎ᠶ᠋ᠢᠨ ᠱᠢᠤᠢ ᠱᠢᠶᠤᠤ ᠭᠠᠩ᠂ ᠮᠠᠯᠴᠢᠨ ᠰᠤᠳᠤ ᠵᠡᠷᠭᠡ 7 ᠬᠥᠮᠦᠨ 《ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠤᠨ ᠬᠢᠵᠢᠭ᠎ᠲᠠᠢ ᠲᠠᠮᠠᠴᠡᠭ᠌ᠰᠡᠨ ᠵᠠᠯᠠᠭᠤᠴᠤᠳ᠎ᠤᠨ ᠰᠠᠢᠨ ᠳᠤᠷ᠎ᠠ᠎ᠶ᠋ᠢᠨ ᠦᠶᠯᠡᠴᠢᠯᠡᠭᠡᠨ᠎ᠤ ᠲᠡᠷᠢᠭᠦᠨ᠎ᠤ ᠬᠤᠪᠢ ᠬᠥᠮᠦᠨ》 ᠭᠡᠬᠦ᠌ ᠢᠷᠠᠭᠤ ᠠᠯᠳᠠᠷ᠎ᠢ ᠤᠯᠵᠤ᠂ ᠢᠯᠢ ᠪᠦᠯᠦᠭ᠌ᠯᠡᠯ᠎ᠤᠨ ᠰᠠᠢᠨ ᠳᠤᠷ᠎ᠠ᠎ᠶ᠋ᠢᠨ ᠦᠶᠯᠡᠴᠢᠯᠡᠭᠡᠨ᠎ᠤ ᠪᠦᠯᠬᠦᠮ᠂ ᠥᠪᠥᠷ ᠮᠣᠩᠭᠤᠯ᠎ᠤᠨ ᠠᠨᠠᠭᠠᠬᠤ ᠤᠬᠠᠭᠠᠨ᠎ᠤ ᠶᠡᠭᠡ ᠰᠤᠷᠭᠠᠭᠤᠯᠢ᠎ᠶ᠋ᠢᠨ ᠵᠠᠯᠠᠭᠤ ᠰᠠᠢᠨ ᠳᠤᠷᠠᠴᠤᠳ᠎ᠤᠨ ᠶᠡᠷᠦᠩᠬᠡᠶ ᠠᠩᠭᠢ᠂ ᠤᠯᠠᠭᠠᠨᠴᠠᠪ᠎ᠤᠨ ᠰᠠᠢᠨ ᠳᠤᠷᠠᠴᠤᠳ᠎ᠤᠨ ᠨᠡᠢᠭᠡᠮᠯᠢᠭ᠂ ᠵᠡᠭᠦᠨᠭᠠᠷ ᠬᠤᠱᠢᠭᠤᠨ᠎ᠤ ᠠᠨᠳᠠ ᠠᠪᠤᠷᠠᠨ ᠲᠤᠰᠠᠯᠠᠬᠤ ᠠᠩᠭᠢ ᠵᠡᠷᠭᠡ 4 ᠬᠠᠮᠳᠤ ᠨᠢᠭᠡᠴᠢ 《ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠤᠨ ᠬᠢᠵᠢᠭ᠎ᠲᠠᠢ ᠲᠠᠮᠠᠴᠡᠭ᠌ᠰᠡᠨ ᠰᠠᠢᠨ ᠳᠤᠷ᠎ᠠ᠎ᠶ᠋ᠢᠨ ᠦᠶᠯᠡᠴᠢᠯᠡᠭᠡᠨ᠎ᠤ ᠲᠡᠷᠢᠭᠦᠨ᠎ᠤ ᠬᠠᠮᠲᠤ ᠨᠢᠭᠡᠴᠢ》 ᠭᠡᠬᠦ᠌ ᠢᠷᠠᠭᠤ ᠠᠯᠳᠠᠷ᠎ᠢ ᠭᠥᠷᠳᠡᠪᠡ᠃
ᠡᠳᠡᠭᠡᠷ ᠬᠦᠬᠢᠬᠦᠯᠦᠯ ᠰᠠᠢᠱᠢᠶᠠᠯ ᠬᠦᠷᠳᠡᠭ᠌ᠰᠡᠨ ᠲᠡᠷᠢᠬᠦᠨ᠎ᠤ ᠬᠤᠪᠢ ᠬᠦᠮᠦᠨ ᠪᠠ ᠬᠠᠮᠳᠤ ᠨᠢᠭᠡᠴᠢ᠎ᠨᠢ ᠨᠡᠢᠭᠡᠮ ᠲᠤᠭᠤᠷᠢᠭ᠎ᠢᠶᠠᠷ ᠭᠦᠨᠵᠡᠭᠡᠢᠷᠡᠨ ᠤᠷᠴᠢᠨ ᠲᠤᠭᠤᠷᠢᠨ᠎ᠢ ᠠᠷᠢᠭᠤᠳᠭᠠᠨ ᠴᠡᠪᠡᠷᠯᠡᠬᠦ᠂ ᠤᠬᠠᠭᠤᠯᠭ᠎ᠠ᠎ᠶ᠋ᠢᠨ ᠮᠠᠲ᠋ᠧᠷᠢᠶᠠᠯ ᠲᠠᠷᠬᠠᠭᠠᠬᠤ᠂ ᠬᠦᠴᠢᠷᠳᠡᠯᠳᠡᠢ ᠤᠯᠠᠨ ᠲᠦᠮᠡᠨ᠎ᠲᠠᠢ ᠬᠠᠪᠰᠤᠷᠤᠯᠴᠠᠭ᠎ᠠ ᠪᠠᠢᠭᠤᠯᠤᠨ ᠲᠠᠮᠵᠢᠯᠭᠡ ᠦᠵᠡᠬᠦᠯᠬᠦ᠌ ᠵᠡᠷᠭᠡ ᠤᠯᠠᠨ ᠵᠦᠢᠯ᠎ᠤᠨ ᠬᠢᠵᠢᠭ᠎ᠲᠠᠢ ᠲᠠᠮᠠᠴᠡᠬᠦ᠌ ᠰᠠᠢᠨ ᠲᠤᠷ᠎ᠠ᠎ᠶ᠋ᠢᠨ ᠦᠢᠯᠡᠴᠢᠯᠡᠭᠡᠨ᠎ᠤ ᠠᠵᠢᠯᠯᠠᠭ᠎ᠠ᠎ᠳᠤ ᠢᠳᠡᠪᠬᠢᠳᠡᠢ ᠤᠷᠤᠯᠴᠠᠵᠤ᠂ ᠮᠠᠨ᠎ᠤ ᠤᠷᠤᠨ᠎ᠤ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ ᠰᠠᠢᠨ ᠲᠤᠷ᠎ᠠ᠎ᠶ᠋ᠢᠨ ᠦᠢᠯᠡᠴᠢᠯᠡᠭᠡᠨ᠎ᠤ ᠠᠵᠢᠯ᠎ᠤᠨ ᠲᠤᠮᠳᠠ ᠴᠤᠯᠭᠤᠷᠠᠨ ᠭᠠᠷᠤᠬ᠍ᠰᠠᠨ ᠨᠡᠢᠳᠡᠯᠢᠭ ᠵᠢᠱ᠌ᠢᠶᠡᠴᠢ ᠲᠦᠯᠦᠭᠡᠯᠡᠭ᠌ᠴᠢ ᠪᠤᠯᠤᠨ᠎ᠠ᠃