ᠬᠢᠯᠪᠠᠷ ᠪᠤᠰᠤ᠎ᠪᠠᠷ ᠤᠯᠤᠭ᠍ᠰᠠᠠ ᠡᠯᠪᠡᠭ ᠬᠤᠷᠢᠶᠠᠯᠲᠠ ᠲᠤᠮᠤ ᠤᠯᠤᠰ᠎ᠤᠨ ᠰᠠᠭᠤᠷᠢ᠎ᠶ᠋ᠢ ᠪᠠᠬᠢᠵᠢᠬᠦᠯᠪᠠ
2020-10-03 11:04:50
ᠵᠣᠬᠢᠶᠠᠭ᠍ᠴᠢ᠄
ᠢᠦᠢ ᠸᠧᠨ ᠵᠢᠩ ᠳ᠋ᠠᠢ ᠱᠢᠶᠤᠤ ᠾᠧ
ᠣᠩᠱᠢᠭ᠍ᠰᠠᠨ ᠣᠳᠠᠭ᠎ᠠ᠄
★★★☆☆

— ᠲᠥᠪ᠎ᠤᠨ ᠬᠥᠳᠡᠭᠡ ᠲᠣᠰᠭᠤᠨ᠎ᠤ ᠠᠵᠢᠯ᠎ᠤᠨ ᠤᠳᠤᠷᠢᠳᠭᠤ ᠲᠤᠭᠤᠢ᠍ᠢᠯᠠᠩ᠎ᠤᠨ ᠠᠯᠪᠠᠨ ᠬᠡᠷ᠎ᠤᠨ ᠡᠷᠬᠢᠯᠡᠭ᠌ᠴᠢ᠂ ᠬᠥᠳᠡᠭᠡ ᠠᠵᠤ ᠠᠬᠤᠶ ᠬᠥᠳᠡᠭᠡ ᠲᠣᠰᠭᠤᠨ᠎ᠤ ᠶᠠᠮᠤᠨ᠎ᠤ ᠰᠠᠢᠳ ᠬᠠᠨ ᠴᠠᠩ ᠹᠦ᠋᠎ᠶ᠋ᠢ ᠰᠤᠷᠪᠤᠯᠵᠢᠯᠠᠭ᠍ᠰᠠᠠ᠎ᠨᠢ

ᠬᠦᠳᠡᠭᠡ ᠠᠵᠤ ᠠᠬᠤᠢ ᠬᠥᠳᠡᠭᠡ ᠲᠣᠰᠭᠤᠨ᠎ᠤ ᠶᠠᠮᠤᠨ᠎ᠤ ᠬᠠᠮᠤᠭ᠎ᠤᠨ ᠱᠢᠨ᠎ᠡ ᠮᠡᠳᠡᠭᠡ᠎ᠶ᠋ᠢ ᠦᠨᠳᠦᠰᠦᠯᠡᠪᠡᠯ᠂ ᠵᠤᠨ᠎ᠤ ᠠᠮᠤ ᠪᠤᠳᠠᠭ᠎ᠠ᠂ ᠡᠷᠲᠡ᠎ᠶ᠋ᠢᠨ ᠲᠤᠲᠤᠷᠭ᠎ᠠ ᠡᠯᠪᠡᠭ ᠬᠤᠷᠢᠶᠠᠯᠲᠠ ᠣᠯᠤᠭ᠍ᠰᠠᠨ᠎ᠤ ᠳᠠᠷᠠᠭ᠎ᠠ᠂ ᠨᠠᠮᠤᠷ᠎ᠤᠨ ᠠᠮᠤ ᠪᠤᠳᠠᠭ᠎ᠠ ᠴᠤ᠌ ᠡᠯᠪᠡᠭ ᠬᠤᠷᠢᠶᠠᠯᠲᠠ ᠣᠯᠬᠤ ᠪᠠᠲᠤᠯᠠᠭ᠎ᠠ᠎ᠲᠠᠢ ᠪᠤᠯᠵᠠᠢ᠃ ᠪᠦᠬᠦ᠌ ᠵᠢᠯ᠎ᠤᠨ ᠠᠮᠤ ᠪᠤᠳᠠᠭᠠᠨ᠎ᠤ ᠤᠨᠠᠯᠲᠠ ᠵᠢᠱ᠌ᠢᠯᠲᠡ᠎ᠪᠠᠷ ᠨᠡᠮᠡᠭ᠌ᠳᠡᠬᠦ᠌ ᠪᠣᠯᠤᠮᠵᠢ᠎ᠲᠠᠢ ᠪᠠᠢᠵᠤ᠂ 6 ᠵᠢᠯ ᠳᠠᠷᠠᠭᠠᠯᠠᠨ 1.3 ᠲᠦᠮᠡᠨ ᠳ᠋ᠦᠩᠱᠢᠭᠤᠷ ᠵᠢᠩ᠎ᠤᠨ ᠬᠡᠮᠵᠢᠶ᠎ᠡ᠎ᠶ᠋ᠢ ᠪᠠᠲᠤᠯᠠᠬᠤ ᠪᠤᠯᠤᠨ᠎ᠠ᠃

ᠡᠨᠡ ᠵᠢᠯ ᠮᠠᠨ᠎ᠤ ᠤᠯᠤᠰ᠎ᠤᠨ ᠠᠮᠤ ᠪᠤᠳᠠᠭᠠᠨ᠎ᠤ ᠦᠢᠯᠡᠳᠪᠦᠷᠢᠯᠡᠯ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠤᠨ ᠬᠢᠵᠢᠭ᠂ ᠡᠮᠦᠨᠡᠲᠦ ᠣᠷᠣᠨ᠎ᠤ ᠦᠶᠡᠷ ᠤᠰᠤᠲᠤᠯ᠂ ᠵᠡᠭᠦᠨ ᠬᠤᠢᠲᠤ ᠣᠷᠣᠨ ᠵᠤᠨ᠎ᠤ ᠹᠦ᠋᠎ᠶ᠋ᠢᠨ ᠬᠠᠯᠠᠭᠤᠨ᠎ᠳᠤ ᠭᠠᠩ ᠬᠠᠭ᠍ᠰᠠᠷᠠᠭᠠᠨ ᠪᠤᠯᠤᠭ᠍ᠰᠠᠠ ᠪᠠ ᠲᠠᠢᠹᠧᠩ ᠰᠠᠯᠬᠢ᠎ᠳᠤ ᠲᠠᠭᠠᠷᠢᠭ᠍ᠲᠠᠭ᠍ᠰᠠᠠ᠂ ᠢᠳᠤᠭᠠᠨ ᠡᠷᠪᠡᠬᠡᠶ᠎ᠶ᠋ᠢᠨ ᠬᠦᠨᠦᠭᠡᠯ᠎ᠳᠤ ᠤᠴᠠᠷᠠᠭ᠍ᠰᠠᠠ ᠵᠡᠷᠭᠡ ᠬᠦᠨᠳᠦ ᠨᠣᠴᠢᠲᠠᠶ ᠪᠠᠢᠭᠠᠯᠢ᠎ᠶ᠋ᠢᠨ ᠭᠠᠮᠱᠢᠭ᠎ᠤᠨ ᠨᠥᠯᠥᠭᠡ᠎ᠶ᠋ᠢ ᠥᠩᠭᠡᠷᠡᠭᠡᠵᠡᠶ᠃ ᠡᠨᠡ ᠵᠢᠯ᠎ᠤᠨ ᠠᠮᠤ ᠪᠤᠲᠠᠭᠠᠨ᠎ᠤ ᠡᠯᠪᠡᠭ ᠬᠤᠷᠢᠶᠠᠯᠲᠠ᠎ᠶ᠋ᠢ ᠦᠨᠡᠬᠡᠷ ᠬᠢᠯᠪᠠᠷ ᠪᠤᠰᠤ᠎ᠪᠠᠷ ᠤᠯᠤᠭ᠍ᠰᠠᠠ ᠪᠠᠢᠨᠠᠮ᠃ ᠡᠨᠡ ᠲᠤᠬᠠᠢ ᠬᠥᠳᠡᠭᠡ ᠠᠵᠤ ᠠᠬᠤᠶ ᠬᠥᠳᠡᠭᠡ ᠲᠣᠰᠭᠤᠨ᠎ᠤ ᠶᠠᠮᠤᠨ᠎ᠤ ᠰᠠᠢᠳ ᠬᠠᠨ ᠴᠠᠩ ᠹᠦ᠋ ᠶᠠᠭᠤ ᠬᠡᠯᠡᠪᠡ?

ᠪᠠᠰᠠ ᠨᠢᠭᠡᠨ ᠡᠯᠪᠡᠭ ᠬᠤᠷᠢᠶᠠᠯᠲᠠ᠎ᠶ᠋ᠢᠨ ᠵᠢᠯ

《ᠪᠦᠬᠦ᠌ ᠵᠢᠯ᠎ᠤᠨ ᠠᠮᠤ ᠪᠤᠳᠠᠭᠠᠨ᠎ᠤ ᠦᠢᠯᠡᠳᠪᠦᠷᠢᠯᠡᠯ᠎ᠤᠨ ᠶᠡᠭᠡ ᠬᠡᠰᠡᠭ᠎ᠨᠢ ᠨᠠᠮᠤᠷ᠎ᠤᠨ ᠠᠮᠤ ᠪᠤᠳᠠᠭ᠎ᠠ᠎ᠳᠤ ᠪᠠᠢᠨ᠎ᠠ᠃ ᠤᠳᠤ ᠨᠠᠮᠤᠷ᠎ᠤᠨ ᠠᠮᠤ ᠪᠤᠲᠠᠭ᠎ᠠ ᠬᠤᠷᠢᠶᠠᠬᠤ ᠪᠤᠯᠤᠯ᠎ᠠ᠂ ᠨᠠᠮᠤᠷ᠎ᠤᠨ ᠠᠮᠤ ᠪᠤᠳᠠᠭ᠎ᠠ ᠡᠯᠪᠡᠭ ᠬᠤᠷᠢᠶᠠᠯᠲᠠ ᠤᠯᠬᠤ ᠡᠷᠡᠮᠡᠯᠵᠡᠯ᠎ᠲᠠᠢ ᠪᠠᠢᠨ᠎ᠠ᠃ ᠦᠵᠡᠬᠦᠯᠡᠷ ᠡᠨᠡ ᠵᠢᠯ ᠪᠠᠰᠠ ᠨᠢᠭᠡᠨ ᠡᠯᠪᠡᠭ ᠬᠤᠷᠢᠶᠠᠯᠲᠠ᠎ᠲᠠᠢ ᠵᠢᠯ ᠪᠤᠯᠬᠤ ᠪᠠᠢᠨ᠎ᠠ! ᠬᠠᠨ ᠴᠠᠩ ᠹᠦ᠋᠎ᠶ᠋ᠢᠨ ᠦᠭᠡᠨ᠎ᠳᠤ ᠪᠠᠭ᠍ᠠᠲᠤᠯ ᠲᠤᠲᠤᠷᠠᠭᠤᠨ ᠪᠠᠢᠨ᠎ᠠ᠃

ᠨᠠᠮᠤᠷ᠎ᠤᠨ ᠠᠮᠤ ᠪᠤᠳᠠᠭ᠎ᠠ ᠬᠠᠷᠠᠬᠠᠨ ᠬᠦᠮᠦᠷᠭᠡ᠎ᠳᠤ ᠣᠷᠣᠭᠠᠳᠤᠶ ᠪᠠᠢᠭ᠍ᠰᠠᠭᠠᠷ᠂ ᠡᠯᠪᠡᠭ ᠬᠤᠷᠢᠶᠠᠯᠲᠠ ᠤᠯᠤᠯ᠎ᠠ ᠭᠡᠵᠤ ᠬᠡᠷᠬᠢᠨ ᠮᠠᠭᠠᠳᠯᠠᠬᠤ ᠪᠤᠢ? ᠬᠠᠨ ᠴᠠᠩ ᠹᠦ᠋ ᠬᠡᠯᠡᠬᠦ᠌᠎ᠳᠡᠭᠡᠨ᠂ ᠭᠤᠤᠯᠳᠠᠭᠤ ᠬᠤᠶᠠᠷ ᠵᠦᠢᠯ᠎ᠳᠤ ᠰᠠᠭᠤᠷᠢᠯᠠᠭ᠍ᠰᠠᠨ ᠶᠤᠮ᠄

ᠨᠢᠭᠡ᠎ᠳᠤ᠂ ᠲᠠᠯᠠᠪᠠᠢ ᠨᠡᠮᠡᠭ᠌ᠳᠡᠪᠡ᠃ ᠡᠨᠡ ᠵᠢᠯ᠎ᠤᠨ ᠨᠠᠮᠤᠷ᠎ᠤᠨ ᠠᠮᠤ ᠲᠠᠷᠢᠶ᠎ᠠ ᠲᠠᠷᠢᠭ᠍ᠰᠠᠠ ᠲᠠᠯᠠᠪᠠᠢ 12.8 ᠳ᠋ᠦᠩᠱᠢᠭᠤᠷ ᠮᠦ᠍᠎ᠶ᠋ᠢ ᠳᠠᠪᠠᠵᠤ᠂ ᠳᠡᠭᠡᠷ᠎ᠡ ᠵᠢᠯ᠎ᠤᠨ᠎ᠬᠢ᠎ᠠᠴᠠ 800 ᠲᠦᠮᠡᠨ ᠮᠦ᠍ ᠨᠡᠮᠡᠭ᠌ᠳᠡᠵᠦ᠍᠂ ᠣᠨᠴᠠᠭᠠᠢᠯᠠᠨ ᠵᠡᠭᠦᠨ ᠬᠤᠢᠲᠤ ᠣᠷᠣᠨ᠎ᠤ ᠥᠨᠳᠥᠷ ᠤᠨᠠᠯᠲᠠ᠎ᠲᠠᠢ ᠲᠠᠷᠢᠮᠠᠯ᠎ᠤᠨ ᠡᠷᠳᠡᠨᠢ ᠱᠢᠰᠢ ᠨᠡᠯᠢᠶᠡᠳ ᠨᠡᠮᠡᠭ᠌ᠳᠡᠵᠤ᠂ ᠡᠯᠪᠡᠭ ᠬᠤᠷᠢᠶᠠᠯᠲᠠ᠎ᠶ᠋ᠢᠨ ᠰᠠᠭᠤᠷᠢ᠎ᠶ᠋ᠢ ᠲᠠᠯᠪᠢᠪᠠ᠃

ᠬᠤᠶᠠᠷ᠎ᠲᠤ᠌᠂ ᠤᠷᠭᠤᠴᠠ ᠶᠡᠷᠦᠩᠬᠡᠶ᠎ᠳᠡᠭᠡᠨ ᠨᠡᠯᠢᠶᠡᠳ ᠰᠠᠢᠨ ᠪᠤᠯᠪᠠ᠃ ᠵᠡᠭᠦᠨ ᠬᠤᠢᠲᠤ ᠣᠷᠣᠨ᠎ᠤ ᠳᠦᠷᠪᠡᠨ ᠮᠤᠵᠢ ᠣᠷᠣᠨ᠎ᠤ ᠪᠦᠬᠦ᠌ ᠤᠯᠤᠰ᠎ᠤᠨ ᠨᠠᠮᠤᠷ᠎ᠤᠨ ᠠᠮᠤ ᠪᠤᠳᠠᠭ᠎ᠠ᠎ᠳᠠᠬᠢ ᠡᠵᠡᠯᠡᠬᠦ᠌ ᠬᠤᠪᠢ᠎ᠶ᠋ᠢᠨ ᠵᠢᠩ᠎ᠨᠢ ᠭᠤᠷᠪᠠᠨ᠎ᠤ ᠨᠢᠭᠡ ᠬᠤᠪᠢ᠎ᠶ᠋ᠢ ᠳᠠᠪᠠᠪᠠ᠃ ᠡᠨᠡ ᠬᠦ᠌ ᠭᠠᠵᠠᠷ ᠣᠷᠣᠨ᠎ᠳᠤ ᠬᠠᠪᠤᠷ᠎ᠤᠨ ᠲᠠᠷᠢᠶᠠᠯᠠᠭ᠎ᠠ᠎ᠶ᠋ᠢᠨ ᠦᠶ᠎ᠡ᠎ᠳᠤ ᠬᠤᠷ᠎ᠠ ᠪᠣᠷᠣᠭᠠᠨ ᠠᠷᠪᠢᠨ᠂ ᠡᠮᠦᠨᠡᠬᠢ ᠬᠤᠭᠤᠴᠠᠭᠠᠨ᠎ᠤ ᠨᠠᠷᠠ ᠬᠤᠷ᠎ᠠ ᠨᠡᠯᠢᠶᠡᠳ ᠰᠠᠢᠨ ᠲᠡᠩᠴᠡᠵᠤ᠂ ᠴᠢᠬᠢ ᠪᠠᠷᠢᠭ᠍ᠰᠠᠠ ᠪᠠᠢᠳᠠᠯ ᠵᠦᠭᠡᠷ ᠪᠠᠢᠪᠠ; ᠵᠤᠨ᠎ᠳᠠᠭᠠᠨ ᠪᠠᠷᠠᠭᠤᠨ ᠤᠷᠤᠨ᠎ᠤ ᠬᠡᠰᠡᠭ ᠭᠠᠵᠠᠷ ᠹᠦ᠎ᠶ᠋ᠢᠨ ᠭᠠᠩ᠎ᠳᠤ ᠳᠠᠭᠠᠷᠢᠭ᠍ᠳᠠᠭ᠍ᠰᠠᠨ ᠪᠣᠯᠪᠠᠴᠤ᠌ ᠨᠥᠯᠥᠭᠡ᠎ᠨᠢ ᠬᠢᠵᠠᠭᠠᠷ᠎ᠲᠠᠢ ᠪᠠᠢᠬ᠍ᠰᠠᠨ; 8 ᠰᠠᠷ᠎ᠠ᠎ᠶ᠋ᠢᠨ ᠰᠡᠭᠦᠯᠴᠢ 9 ᠰᠠᠷ᠎ᠠ᠎ᠶ᠋ᠢᠨ ᠡᠬᠢ᠎ᠪᠠᠷ ᠵᠡᠭᠦᠨ ᠬᠤᠢᠲᠤ ᠣᠷᠣᠨ᠎ᠤ ᠳᠤᠮᠳᠠ ᠬᠡᠰᠡᠭ᠎ᠲᠤ 3 ᠤᠳᠠᠭ᠎ᠠ ᠲᠠᠢᠹᠧᠩ ᠰᠠᠯᠬᠢ ᠲᠠᠭᠠᠷᠢᠵᠤ᠂ ᠬᠡᠰᠡᠭ ᠭᠠᠵᠠᠷ᠎ᠤᠨ ᠡᠷᠳᠡᠨᠢ ᠱᠢᠰᠢ ᠨᠠᠯᠠᠵᠤ ᠤᠨᠠᠬ᠍ᠰᠠᠨ ᠪᠤᠯᠪᠠᠴᠤ᠌ ᠡᠷᠳᠡᠨᠢ ᠱᠢᠰᠢ ᠡᠨᠡ ᠦᠶ᠎ᠡ᠎ᠳᠤ ᠨᠠᠶᠮᠠ ᠶᠢᠰᠦᠨ ᠬᠤᠪᠢ᠎ᠶ᠋ᠢᠨ ᠬᠤᠷᠢᠶᠠᠯᠳᠠ᠎ᠲᠠᠢ ᠪᠤᠯᠤᠬ᠍ᠰᠠᠨ ᠪᠤᠯᠬᠤᠷ ᠦᠵᠡᠭᠦᠯᠬᠦ᠌ ᠨᠥᠯᠥᠭᠡ᠎ᠨᠢ ᠬᠢᠵᠠᠭᠠᠷ᠎ᠲᠠᠢ ᠪᠠᠢᠪᠠ᠃

ᠪᠤᠰᠤᠳ ᠭᠠᠵᠠᠷ ᠣᠷᠣᠨ᠎ᠤ ᠪᠠᠢᠳᠠᠯ᠎ᠢ ᠦᠵᠡᠶ᠎ᠡ᠃ ᠬᠥᠬᠡᠮᠥ᠋ᠷᠡᠨ᠎ᠤ ᠰᠠᠪᠠ ᠭᠠᠵᠠᠷ᠎ᠤᠨ ᠦᠶᠡᠷ᠎ᠤᠨ ᠬᠤᠭᠤᠴᠠᠭᠠᠨ᠎ᠳᠤ ᠦᠶᠡᠷ ᠤᠰᠤᠲᠤᠯ᠎ᠳᠤ ᠤᠴᠠᠷᠠᠵᠤ᠂ ᠳᠤᠮᠳᠠ ᠦᠶ᠎ᠡ᠎ᠶ᠋ᠢᠨ ᠲᠤᠲᠤᠷᠭ᠎ᠠ ᠤᠷᠤᠢ᠎ᠶ᠋ᠢᠨ ᠲᠤᠲᠤᠷᠭ᠎ᠠ ᠭᠠᠮᠱᠢᠭ᠍ᠳᠠᠬ᠍ᠰᠠᠨ ᠪᠤᠯᠪᠠᠴᠤ᠌ ᠲᠠᠯᠠᠪᠠᠶ᠎ᠨᠢ ᠨᠡᠮᠡᠭ᠌ᠳᠡᠵᠦ᠍ ᠬᠤᠬᠢᠷᠠᠯ᠎ᠢᠶᠠᠨ ᠨᠥᠬᠦᠪᠥᠷᠢᠯᠡᠵᠤ᠂ ᠦᠶᠡᠷ ᠤᠰᠤᠳᠤᠯ᠎ᠤᠨ ᠲᠠᠷᠠᠭ᠎ᠠ ᠡᠮᠤᠨᠡᠲᠦ ᠤᠷᠤᠨ᠎ᠤ ᠶᠡᠬᠡᠩᠬᠢ ᠭᠠᠵᠠᠷ᠎ᠤᠨ ᠠᠭᠠᠷ ᠲᠤᠩᠭᠠᠯᠠᠬ᠂ ᠲᠠᠷᠢᠶᠠᠨ᠎ᠤ ᠤᠷᠭᠤᠯᠲᠠ᠎ᠳᠤ ᠠᠱᠢᠭ᠍ᠲᠠᠢ ᠪᠠᠢᠪᠠ; ᠬᠠᠲᠤᠨ ᠭᠤᠤᠯ ᠬᠤᠸᠠᠢᠾᠧ ᠭᠤᠤᠯ᠎ᠤᠨ ᠲᠠᠯ᠎ᠠ ᠭᠠᠵᠠᠷ ᠪᠣᠯᠤᠨ ᠹᠧᠨ ᠾᠧ ᠭᠤᠤᠯ᠎ᠤᠨ ᠲᠠᠯ᠎ᠠ ᠭᠠᠵᠠᠷ᠎ᠤᠨ ᠵᠤᠨ᠎ᠤ ᠡᠷᠳᠡᠨᠢ ᠱᠢᠰᠢ᠎ᠶ᠋ᠢᠨ ᠤᠷᠭᠤᠴᠠ ᠵᠢᠯ᠎ᠤᠨ ᠲᠤᠷᠰᠢ ᠰᠠᠢᠨ ᠪᠠᠢᠵᠤ᠂ ᠡᠯᠪᠡᠭ ᠬᠤᠷᠢᠶᠠᠯᠲᠠ ᠤᠯᠬᠤ ᠡᠷᠡᠮᠡᠯᠵᠡᠯ᠎ᠲᠠᠢ ᠪᠤᠯᠪᠠ; ᠪᠤᠰᠤᠳ ᠭᠤᠤᠯ ᠭᠠᠷᠤᠯᠲᠠ᠎ᠶ᠋ᠢᠨ ᠣᠷᠣᠨ᠎ᠤ ᠠᠭᠤᠷ ᠠᠮᠢᠰᠭᠤᠯ ᠴᠤ᠌ ᠨᠡᠯᠢᠶᠡᠳ ᠰᠠᠢᠨ ᠪᠠᠢᠵᠤ᠂ ᠨᠠᠮᠤᠷ᠎ᠤᠨ ᠠᠮᠤ ᠲᠠᠷᠢᠶᠠᠨ᠎ᠤ ᠤᠷᠭᠤᠴᠠ ᠬᠡᠪ᠎ᠤᠨ ᠪᠠᠢᠲᠠᠯ᠎ᠢᠶᠠᠨ ᠪᠠᠲᠤᠯᠠᠵᠠᠢ᠃

ᠣᠨᠴᠠᠭᠠᠢ ᠵᠢᠯ᠎ᠤᠨ ᠡᠯᠪᠡᠭ ᠬᠤᠷᠢᠶᠠᠯᠲᠠ᠎ᠶ᠋ᠢᠨ ᠠᠴᠢ ᠬᠤᠯᠪᠣᠭ᠍ᠳᠠᠯ ᠶᠡᠷᠦ᠍ ᠪᠤᠰᠤ

ᠬᠠᠨ ᠴᠠᠩ ᠹᠦ᠍᠂ ᠡᠨᠡ ᠵᠢᠯ ᠪᠣᠯ 《ᠠᠷᠪᠠᠨ ᠭᠤᠷᠪᠠᠳᠤᠭᠠᠷ ᠲᠠᠪᠤᠨ ᠵᠢᠯ》 ᠎ᠤᠨ ᠲᠥᠯᠥᠪᠵᠢᠭᠦᠯᠭᠡ᠎ᠶ᠋ᠢᠨ ᠰᠡᠬᠦᠯ ᠬᠤᠷᠢᠶᠠᠬᠤ ᠵᠢᠯ᠂ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠬᠤ ᠱᠢᠢᠳᠪᠦᠷᠢᠲᠦ ᠳᠠᠢᠯᠠᠯᠳᠤᠭᠠᠨ᠎ᠤ ᠱᠢᠢᠳᠪᠦᠷᠢᠲᠦ ᠢᠯᠠᠯᠲᠠ᠎ᠶ᠋ᠢ ᠤᠯᠬᠤ ᠵᠢᠯ ᠪᠣᠯᠤᠨ᠎ᠠ᠂ ᠪᠢᠳᠠ ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠡᠶᠡᠯᠡᠭᠦᠯᠵᠤ᠂ ᠨᠢᠭᠡᠳᠦᠭᠡᠷ ᠵᠠᠭᠤᠨ ᠵᠢᠯ᠎ᠤᠨ ᠲᠡᠮᠡᠴᠡᠬᠦ᠌ ᠬᠠᠷᠠᠯᠲᠠ᠎ᠶ᠋ᠢ ᠪᠡᠶᠡᠯᠡᠭᠦᠯᠦᠨ᠎ᠡ᠃ ᠡᠨᠡ ᠵᠢᠯ ᠴᠦ᠍ ᠣᠨᠴᠠᠭᠠᠢ ᠬᠦᠴᠢᠷᠳᠡᠯ᠎ᠳᠤ ᠲᠤᠯᠭᠠᠷᠠᠭ᠍ᠰᠠᠨ ᠨᠢᠭᠡ ᠵᠢᠯ ᠪᠣᠯᠤᠨ᠎ᠠ᠂ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠤᠨ ᠬᠢᠵᠢᠭ᠎ᠤᠨ ᠪᠠᠢᠳᠠᠯ ᠪᠦᠬᠦ᠌ ᠪᠥᠮᠪᠥᠷᠴᠡᠭ᠎ᠢ ᠬᠠᠮᠤᠷᠴᠤ᠌᠂ ᠤᠯᠤᠰ᠎ᠤᠨ ᠳᠣᠲᠣᠭᠠᠳᠤ᠎ᠶ᠋ᠢᠨ ᠠᠵᠤ ᠠᠬᠤᠶ ᠤᠷᠤᠭᠤᠲᠠᠬᠤ ᠳᠠᠷᠤᠯᠲᠠ ᠨᠡᠮᠡᠭ᠌ᠳᠡᠵᠦ᠍᠂ ᠭᠠᠳᠠᠭᠠᠳᠤ ᠣᠷᠴᠢᠨ᠎ᠳᠤ ᠨᠠᠷᠢᠨ ᠪᠤᠳᠤᠯᠢᠶᠠᠨᠲᠠᠶ ᠬᠤᠪᠢᠷᠠᠯᠲᠠ ᠭᠠᠷᠴᠠᠶ᠃

ᠣᠨᠴᠠᠭᠠᠢ ᠣᠨ ᠵᠢᠯ᠂ ᠣᠨᠴᠠᠭᠠᠢ ᠠᠬᠤᠶ ᠪᠠᠢᠳᠠᠯ᠂ ᠣᠨᠴᠠᠭᠠᠢ ᠥᠷᠢᠰᠥᠯᠳᠦᠭᠡᠨ ᠰᠣᠯᠪᠢᠴᠠᠭ᠍ᠰᠠᠠ ᠵᠢᠯ᠎ᠳᠤ᠂ ᠠᠮᠤ ᠪᠤᠳᠠᠭᠠᠨ᠎ᠤ ᠡᠯᠪᠡᠭ ᠬᠤᠷᠢᠶᠠᠯᠲᠠ᠎ᠶ᠋ᠢ ᠲᠡᠮᠡᠴᠡᠨ ᠤᠯᠬᠤ᠎ᠶ᠋ᠢᠨ ᠣᠨᠴᠠᠭᠠᠶ ᠠᠴᠢ ᠬᠤᠯᠪᠣᠭ᠍ᠳᠠᠯ᠎ᠨᠢ ᠶᠠᠭᠤ ᠪᠤᠢ? ᠬᠠᠨ ᠴᠠᠩ ᠹᠦ᠋ ᠭᠤᠷᠪᠠᠨ ᠲᠠᠯ᠎ᠠ᠎ᠶ᠋ᠢ ᠳ᠋ᠦᠩᠨᠡᠪᠡ — ᠠᠵᠤ ᠠᠬᠤᠢ ᠨᠡᠢᠭᠡᠮ᠎ᠤᠨ ᠶᠡᠭᠡ ᠲᠠᠯ᠎ᠠ᠎ᠶ᠋ᠢᠨ ᠲᠣᠭ᠍ᠲᠠᠭᠤᠨ ᠪᠠᠢᠳᠠᠯ᠎ᠳᠤ ᠬᠦᠴᠦᠲᠡᠢ ᠲᠤᠯᠭᠠᠭᠤᠷᠢᠯᠠᠯ ᠬᠠᠩᠭᠠᠵᠤ᠂ ᠨᠠᠷᠢᠨ ᠪᠤᠳᠤᠯᠢᠶᠠᠨᠲᠠᠢ ᠳᠡᠯᠡᠬᠡᠢ᠎ᠶ᠋ᠢᠨ ᠪᠠᠢᠳᠠᠯ᠎ᠢ ᠠᠷᠭᠠᠴᠠᠭᠠᠬᠤ᠎ᠳᠤ ᠪᠠᠢᠯᠳᠤᠬᠤ ᠪᠤᠳᠤᠯᠭ᠎ᠠ᠎ᠶ᠋ᠢᠨ ᠰᠠᠨᠠᠭᠠᠴᠢᠯᠠᠭᠠᠲᠤ ᠡᠷᠬᠡ᠎ᠶ᠋ᠢ ᠣᠯᠵᠤ᠂ ᠶᠠᠳᠠᠭᠤ᠎ᠠᠴᠠ ᠠᠩᠭᠢᠵᠢᠷᠠᠭᠤᠯᠤᠨ ᠪᠣᠭᠤᠮᠲᠠ ᠱᠢᠪᠲᠤᠯᠵᠤ ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠡᠶᠡᠯᠡᠬᠦᠯᠬᠦ᠌᠎ᠳᠤ ᠪᠠᠲᠤ ᠪᠠᠬᠢ ᠰᠠᠭᠤᠷᠢ᠎ᠶ᠋ᠢ ᠲᠠᠯᠪᠢᠵᠤ ᠥᠭ᠌ᠴᠡᠢ᠃

《ᠡᠨᠡ ᠤᠳᠠᠭ᠎ᠠ᠎ᠶ᠋ᠢᠨ ᠬᠢᠵᠢᠭ᠎ᠤᠨ ᠪᠠᠢᠳᠠᠯ᠎ᠤᠨ ᠶᠡᠭᠡ ᠱᠢᠯᠭᠠᠯᠲᠠ᠎ᠨᠢ ᠤᠯᠤᠰ᠎ᠤᠨ ᠠᠮᠤ ᠪᠤᠳᠠᠭᠠᠨ᠎ᠤ ᠠᠮᠤᠷ ᠲᠦᠪᠱᠢᠨ᠎ᠢ ᠪᠠᠲᠤᠯᠠᠵᠤ᠂ ᠪᠤᠳᠠᠭᠠᠨ ᠠᠶᠠᠭ᠎ᠠ᠎ᠪᠠᠨ ᠭᠠᠷ᠎ᠲᠠᠭᠠᠨ ᠪᠠᠲᠤᠲᠠᠢ ᠠᠳᠭᠤᠬᠤ᠎ᠶ᠋ᠢᠨ ᠣᠨᠴᠠᠭᠠᠶ ᠴᠢᠬᠤᠯᠠ ᠴᠢᠨᠠᠷ᠎ᠢ ᠳᠠᠬᠢᠨᠲᠠ ᠭᠡᠷᠡᠴᠢᠯᠡᠵᠡᠶ》᠃ ᠬᠠᠨ ᠴᠠᠩ ᠹᠦ᠍᠂ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠤᠨ ᠬᠢᠵᠢᠭ᠎ᠤᠨ ᠪᠠᠢᠳᠠᠯ ᠮᠥᠨ ᠬᠦ᠌ ᠪᠦᠬᠦ᠌ ᠪᠥᠮᠪᠥᠷᠴᠡᠭ᠎ᠲᠤ ᠳᠡᠯᠭᠡᠷᠡᠵᠦ᠍᠂ ᠳᠡᠯᠡᠬᠡᠢ᠎ᠶ᠋ᠢᠨ ᠠᠮᠤ ᠪᠤᠳᠠᠭᠠᠨ᠎ᠤ ᠠᠷᠠᠯᠵᠢᠶᠠᠨ᠎ᠤ ᠬᠡᠯᠬᠢᠶ᠎ᠡ ᠬᠠᠩᠭᠠᠯᠭ᠎ᠠ᠎ᠶ᠋ᠢᠨ ᠬᠡᠯᠬᠢᠶ᠎ᠡ ᠳᠠᠭᠠᠷᠢᠯᠲᠠ᠎ᠳᠤ ᠤᠴᠠᠷᠠᠪᠠ᠃ ᠡᠭᠦᠨ᠎ᠤ ᠬᠠᠮᠳᠤ᠂ ᠪᠦᠬᠦ᠌ ᠪᠥᠮᠪᠥᠷᠴᠡᠭ᠎ᠤᠨ ᠪᠠᠢᠭᠠᠯᠢ᠎ᠶ᠋ᠢᠨ ᠭᠠᠮᠱᠢᠭ ᠪᠠ ᠡᠪᠡᠳᠴᠢᠨ ᠬᠤᠷᠣᠬᠠᠶ᠎ᠶ᠋ᠢᠨ ᠬᠥᠨᠥᠭᠡᠯ ᠬᠡᠴᠡᠭᠦᠳᠡᠵᠦ᠍᠂ ᠵᠠᠷᠢᠮ ᠤᠯᠤᠰ ᠠᠮᠤ ᠪᠤᠳᠠᠭ᠎ᠠ᠎ᠶ᠋ᠢ ᠭᠠᠳᠠᠭᠠᠳᠤ᠎ᠳᠤ ᠭᠠᠷᠭᠠᠬᠤ᠎ᠶ᠋ᠢ ᠬᠢᠵᠠᠭᠠᠷᠯᠠᠵᠤ᠂ ᠭᠠᠳᠠᠭᠠᠳᠤ᠎ᠠᠴᠠ ᠣᠷᠣᠭᠤᠯᠬᠤ᠎ᠶ᠋ᠢ ᠥᠷᠭᠡᠳᠭᠡᠪᠡ᠃ ᠡᠢᠮᠦ᠍ ᠪᠠᠢᠳᠠᠯ᠎ᠤᠨ ᠳᠣᠤᠷ᠎ᠠ᠂ ᠪᠢᠳᠡ ᠤᠯᠤᠰ᠎ᠤᠨ ᠳᠣᠲᠣᠭᠠᠳᠤ᠎ᠶ᠋ᠢᠨ ᠠᠮᠤ ᠪᠤᠳᠠᠭᠠᠨ᠎ᠤ  ᠦᠢᠯᠡᠳᠪᠦᠷᠢᠯᠡᠯ᠎ᠤᠨ ᠲᠣᠭ᠍ᠲᠠᠭᠤᠨ ᠴᠢᠨᠠᠷ᠎ᠢᠶᠠᠷ ᠳᠡᠯᠡᠬᠡᠶ᠎ᠶ᠋ᠢᠨ ᠵᠠᠬ᠎ᠠ ᠳᠡᠯᠭᠡᠭᠦᠷ᠎ᠤᠨ ᠲᠤᠭ᠍ᠳᠠᠭᠠᠯᠳᠤ ᠪᠤᠰᠤ ᠴᠢᠨᠠᠷ᠎ᠢ ᠠᠷᠭᠠᠴᠠᠭᠠᠬᠤ ᠶᠠᠪᠤᠳᠠᠯ ᠲᠤᠯᠭᠠᠮ ᠱᠠᠭᠠᠷᠳᠠᠭ᠍ᠳᠠᠵᠤ ᠪᠠᠢᠨ᠎ᠠ ᠬᠡᠵᠤ ᠬᠡᠯᠡᠪᠡ᠃

ᠬᠠᠨ ᠴᠠᠩ ᠹᠦ᠋ ᠪᠠᠰᠠ᠂ 《ᠬᠤᠶᠠᠷ᠎ᠲᠤ ᠵᠣᠪᠠᠭ᠍ᠤ ᠥᠬᠡᠶ ᠭᠤᠷᠪᠠ᠎ᠶ᠋ᠢ ᠪᠠᠲᠤᠯᠠᠬᠤ》 ᠪᠣᠯ ᠶᠠᠳᠠᠭᠤ ᠬᠦᠴᠢᠷᠳᠡᠯᠲᠡᠶ ᠬᠥᠮᠦᠨ ᠠᠮᠠ᠎ᠶ᠋ᠢ ᠶᠠᠳᠠᠭᠤ᠎ᠠᠴᠠ ᠠᠩᠭᠢᠵᠢᠷᠠᠭᠤᠯᠬᠤ ᠭᠤᠤᠯ ᠭᠦᠢᠴᠡᠳᠭᠡᠯ ᠲᠤᠭ᠎ᠠ ᠮᠥᠨ᠂ ᠡᠭᠦᠨ᠎ᠳᠤ 《ᠢᠳᠡᠵᠦ᠍ ᠤᠤᠭᠤᠬᠤ᠎ᠳᠤ ᠵᠣᠪᠠᠭ᠍ᠤ ᠥᠬᠡᠶ》 ᠪᠣᠯ ᠲᠡᠷᠢᠭᠦᠨ ᠴᠢᠬᠤᠯᠠ ᠭᠦᠢᠴᠡᠳᠭᠡᠯ ᠲᠤᠭ᠎ᠠ ᠪᠣᠯᠤᠨ᠎ᠠ᠃ ᠲᠠᠷᠢᠶᠠᠯᠠᠩ᠎ᠤᠨ  ᠦᠢᠯᠡᠳᠪᠦᠷᠢᠯᠡᠯ ᠪᠣᠯ ᠮᠥᠨ ᠴᠦ᠍ ᠴᠥᠭᠡᠨ ᠪᠤᠰᠤ ᠲᠠᠷᠢᠶᠠᠴᠢᠳ᠎ᠤᠨ ᠣᠷᠣᠯᠭ᠎ᠠ᠎ᠶ᠋ᠢᠨ ᠴᠢᠬᠤᠯᠠ ᠢᠷᠡᠯᠳᠡ ᠮᠥᠨ᠃ ᠡᠨᠡ ᠵᠢᠯ᠎ᠠᠴᠠ ᠨᠠᠭᠠᠰᠢ ᠲᠠᠷᠢᠶᠠᠯᠠᠩ᠎ᠤᠨ ᠪᠦᠲᠦᠭᠡᠭ᠌ᠳᠡᠬᠦᠨ᠎ᠤ ᠦᠨ᠎ᠡ ᠬᠠᠩᠰᠢ ᠶᠡᠷᠦᠩᠬᠡᠶ᠎ᠳᠡᠭᠡᠨ ᠲᠣᠭ᠍ᠲᠠᠭᠤᠨ ᠪᠠᠢᠵᠤ᠂ ᠲᠠᠷᠢᠶᠠᠯᠠᠩ ᠡᠯᠪᠡᠭ ᠬᠤᠷᠢᠶᠠᠯᠲᠠ ᠣᠯᠵᠤ᠂ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠬᠤ ᠠᠵᠢᠯ᠎ᠤᠨ ᠦᠷ᠎ᠡ ᠪᠦᠲᠦᠮᠵᠢ᠎ᠶ᠋ᠢ ᠪᠠᠬᠢᠵᠢᠭᠦᠯᠵᠦ᠍᠂ ᠪᠦᠬᠦ᠌ ᠲᠠᠯ᠎ᠠ᠎ᠪᠠᠷ ᠴᠢᠨᠡᠭᠡᠯᠢᠭ᠌ᠵᠢᠬᠦ᠌ ᠴᠢᠨᠠᠷ ᠴᠢᠨᠰᠠᠭ᠎ᠠ᠎ᠶ᠋ᠢ ᠳᠡᠭᠡᠭ᠌ᠰᠢᠯᠡᠭᠦᠯᠪᠡ ᠬᠡᠵᠤ ᠢᠯᠡᠷᠬᠡᠢᠯᠠᠵᠠᠢ᠃

ᠤᠯᠠᠨ ᠲᠠᠯ᠎ᠠ᠎ᠶ᠋ᠢᠨ ᠬᠦᠴᠦᠨ ᠬᠠᠮᠲᠤ᠎ᠪᠠᠷ ᠬᠦᠴᠦᠯᠡᠪᠠ

ᠡᠯᠪᠡᠭ ᠬᠤᠷᠢᠶᠠᠯᠲᠠ᠎ᠶ᠋ᠢᠨ ᠨᠢᠭᠤᠴᠠ ᠵᠣᠷ᠎ᠨᠢ ᠶᠠᠭᠤ ᠪᠤᠢ?

ᠬᠠᠨ ᠴᠠᠩ ᠹᠦ᠍᠂ ᠨᠠᠮ᠎ᠤᠨ ᠲᠥᠪ ᠬᠤᠷᠢᠶ᠎ᠠ ᠲᠥᠷᠥ᠎ᠶ᠋ᠢᠨ ᠶᠠᠪᠤᠳᠠᠯ᠎ᠤᠨ ᠬᠤᠷᠢᠶ᠎ᠠ ᠡᠨᠡ ᠵᠢᠯ᠎ᠤᠨ ᠠᠮᠤ ᠪᠤᠳᠠᠭᠠᠨ᠎ᠤ ᠦᠢᠯᠡᠳᠪᠦᠷᠢᠯᠡᠯ᠎ᠢ ᠰᠠᠢᠲᠤᠷ ᠠᠳᠭᠤᠬᠤ᠎ᠶ᠋ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠪᠠ᠃ ᠤᠯᠤᠰ᠎ᠠᠴᠠ ᠡᠷᠲᠡ᠎ᠶ᠋ᠢᠨ ᠲᠤᠲᠤᠷᠭ᠎ᠠ ᠪᠣᠯᠤᠨ ᠳᠤᠮᠳᠠ ᠣᠷᠣᠶ᠎ᠶ᠋ᠢᠨ ᠵᠥᠭᠡᠯᠡᠨ ᠲᠤᠲᠤᠷᠭ᠎ᠠ ᠬᠤᠳᠠᠯᠳᠤᠨ ᠠᠪᠬᠤ ᠬᠠᠮᠤᠭ᠎ᠤᠨ ᠳᠣᠤᠷ᠎ᠠ ᠬᠢᠵᠠᠭᠠᠷᠯᠠᠬᠤ ᠦᠨ᠎ᠡ᠎ᠶ᠋ᠢ ᠳᠡᠭᠡᠭ᠌ᠰᠢᠯᠡᠭᠦᠯᠵᠤ᠂ 40 ᠭᠠᠷᠤᠶ ᠳ᠋ᠦᠩᠱᠢᠭᠤᠷ ᠲᠥᠭᠦᠷᠢᠭ᠎ᠤᠨ ᠪᠡᠯᠡ ᠮᠥᠩᠭᠦ᠎ᠶ᠋ᠢ ᠨᠢᠭᠡᠳᠦᠯᠲᠡᠶ ᠲᠥᠯᠥᠪᠵᠢᠬᠦᠯᠤᠨ ᠨᠡᠢᠳᠭᠡᠵᠦ᠍ ᠡᠷᠲᠡ᠎ᠶ᠋ᠢᠨ ᠲᠤᠲᠤᠷᠭ᠎ᠠ᠎ᠶ᠋ᠢᠨ ᠭᠤᠤᠯ ᠭᠠᠷᠤᠯᠲᠠ᠎ᠶ᠋ᠢᠨ ᠣᠷᠣᠨ᠎ᠤ ᠬᠤᠤᠰ ᠤᠯᠠᠷᠢᠯ᠎ᠤᠨ ᠲᠤᠲᠤᠷᠭ᠎ᠠ᠎ᠶ᠋ᠢᠨ ᠦᠢᠯᠡᠳᠪᠦᠷᠢᠯᠡᠯ᠎ᠢ ᠰᠡᠷᠭᠦᠭᠡᠬᠦ᠌᠎ᠶ᠋ᠢ ᠳᠡᠮᠵᠢᠵᠦ᠍᠂ ᠡᠷᠳᠡᠨᠢ ᠱᠢᠰᠢ ᠱᠢᠷ᠎ᠠ ᠪᠤᠷᠴᠠᠭ ᠦᠢᠯᠡᠳᠪᠦᠷᠢᠯᠡᠭ᠌ᠴᠢᠳ᠎ᠤᠨ ᠨᠥᠬᠦᠪᠥᠷᠢ᠎ᠶ᠋ᠢᠨ ᠪᠡᠯᠡ ᠮᠥᠩᠭᠦ᠎ᠶ᠋ᠢᠨ ᠬᠡᠪᠴᠢᠶ᠎ᠡ᠎ᠶ᠋ᠢ ᠲᠣᠭ᠍ᠲᠠᠭᠤᠨ ᠪᠠᠢᠯᠭᠠᠬᠤ᠎ᠶ᠋ᠢ ᠪᠠᠲᠤᠯᠠᠵᠤ᠂ ᠣᠷᠣᠨ ᠨᠤᠲᠤᠭ᠎ᠤᠨ ᠲᠠᠷᠢᠶᠠᠯᠠᠩ᠎ᠢ ᠴᠢᠬᠤᠯᠠᠴᠢᠯᠠᠵᠤ ᠠᠮᠤ ᠪᠤᠳᠠᠭ᠎ᠠ᠎ᠶ᠋ᠢ ᠠᠳᠭᠤᠬᠤ᠂ ᠲᠠᠷᠢᠶᠠᠴᠢᠳ᠎ᠤᠨ ᠲᠠᠷᠢᠶᠠᠨ ᠠᠵᠢᠯ ᠬᠢᠵᠦ᠍ ᠠᠮᠤ ᠲᠠᠷᠢᠶ᠎ᠠ ᠲᠠᠷᠢᠬᠤ ᠢᠳᠡᠪᠬᠢᠵᠢᠯ᠎ᠢ ᠪᠦᠲᠦᠮᠵᠢᠲᠡᠶ ᠳᠠᠢᠴᠢᠯᠠᠵᠠᠢ ᠬᠡᠵᠤ ᠬᠡᠯᠡᠪᠡ᠃

ᠬᠠᠪᠤᠷ᠎ᠤᠨ ᠲᠠᠷᠢᠶᠠᠯᠠᠭ᠎ᠠ᠎ᠶ᠋ᠢᠨ ᠦᠢᠯᠡᠳᠪᠦᠷᠢᠯᠡᠯ᠎ᠤᠨ ᠵᠠᠩᠭᠢᠯᠠᠭ᠎ᠠ᠎ᠶ᠋ᠢᠨ ᠴᠠᠭ ᠮᠥᠴᠡ᠎ᠳᠤ᠂ ᠲᠦᠪ᠎ᠤᠨ ᠱᠢᠨ᠎ᠡ ᠲᠢᠳᠢᠮᠯᠢᠭ ᠠᠭᠤᠰᠭᠢᠨ ᠦᠷᠪᠢᠰᠦᠯ᠎ᠤᠨ ᠬᠢᠵᠢᠭ᠎ᠤᠨ ᠪᠠᠢᠳᠠᠯ᠎ᠢ ᠠᠷᠭᠠᠴᠠᠭᠠᠬᠤ ᠠᠵᠢᠯ᠎ᠤᠨ ᠤᠳᠤᠷᠢᠳᠭᠤ ᠳᠤᠭᠤᠢᠯᠠᠩ᠎ᠤᠨ ᠨᠡᠷ᠎ᠡ᠎ᠪᠠᠷ 《ᠣᠳᠣᠬᠠᠨ᠎ᠤ ᠬᠠᠪᠤᠷ᠎ᠤᠨ ᠲᠠᠷᠢᠶᠠᠯᠠᠭ᠎ᠠ᠎ᠶ᠋ᠢᠨ ᠦᠢᠯᠡᠳᠪᠦᠷᠢᠯᠡᠯ᠎ᠤᠨ ᠠᠵᠢᠯ᠎ᠤᠨ ᠵᠦᠭ᠌ᠯᠡᠭᠦᠷ》 ᠎ᠢ ᠳᠠᠷᠤᠮᠠᠯᠯᠠᠨ ᠲᠠᠷᠬᠠᠭᠠᠪᠠ᠃ ᠲᠥᠷᠥ᠎ᠶ᠋ᠢᠨ ᠶᠠᠪᠤᠳᠠᠯ᠎ᠤᠨ ᠬᠤᠷᠢᠶᠠᠨ᠎ᠤ ᠵᠥᠪᠱᠢᠶᠡᠷᠡᠯ᠎ᠢᠶᠠᠷ᠂ ᠬᠦᠳᠡᠭᠡ ᠠᠵᠤ ᠠᠬᠤᠢ ᠬᠥᠳᠡᠭᠡ ᠲᠣᠰᠭᠤᠨ᠎ᠤ ᠶᠠᠮᠤᠨ ᠡᠨᠡ ᠵᠢᠯ᠎ᠤᠨ ᠠᠮᠤ ᠲᠠᠷᠢᠶ᠎ᠠ ᠲᠠᠷᠢᠬᠤ ᠲᠠᠯᠠᠪᠠᠶ᠎ᠶ᠋ᠢ ᠬᠢᠵᠠᠭᠠᠷᠯᠠᠬᠤ ᠴᠢᠨᠠᠷᠲᠠᠶ ᠭᠦᠢᠴᠡᠳᠭᠡᠬᠦ᠌ ᠲᠤᠭ᠎ᠠ᠂ ᠭᠠᠷᠤᠯᠲᠠ᠎ᠶ᠋ᠢ ᠵᠢᠯᠣᠭᠤᠳᠭᠤ ᠴᠢᠨᠠᠷᠲᠠᠶ ᠭᠦᠢᠴᠡᠳᠭᠡᠬᠦ᠌ ᠲᠤᠭ᠎ᠠ᠎ᠶ᠋ᠢ ᠡᠯ᠎ᠡ ᠮᠤᠵᠢ (ᠣᠷᠣᠨ᠂ ᠬᠤᠲᠠ) ᠎ᠶ᠋ᠢᠨ ᠵᠠᠰᠠᠭ᠎ᠤᠨ ᠣᠷᠳᠣᠨ᠎ᠳᠤ ᠪᠠᠭᠤᠯᠭᠠᠨ᠂ ᠬᠠᠷᠢᠭᠤᠴᠠᠯᠭ᠎ᠠ᠎ᠶ᠋ᠢ ᠴᠢᠩᠭ᠎ᠠ ᠪᠣᠳᠠᠲᠠᠢᠵᠢᠭᠤᠯᠵᠠᠶ᠃ ᠡᠨᠡ ᠪᠣᠯ ᠤᠯᠠᠨ ᠵᠢᠯ᠎ᠤᠨ ᠲᠤᠷᠰᠢ ᠭᠠᠷᠤᠭ᠎ᠠ ᠦᠭᠡᠢ ᠶᠠᠪᠤᠳᠠᠯ ᠶᠤᠮ᠃ ᠲᠠᠷᠢᠶᠠᠯᠠᠩ᠎ᠤᠨ ᠵᠠᠩᠭᠢᠯᠠᠭ᠎ᠠ᠎ᠶ᠋ᠢᠨ ᠴᠠᠬ᠎ᠤᠨ ᠦᠶ᠎ᠠ᠎ᠳᠤ᠂ ᠨᠢᠭᠡ ᠣᠷᠣᠨ ᠪᠤᠶᠤ ᠨᠢᠭᠡ ᠣᠷᠣᠨ ᠪᠦᠰᠡ᠎ᠪᠠᠷ ᠪᠠᠢᠷᠢᠯᠠᠭᠤᠯᠤᠯᠲᠠ ᠬᠢᠵᠦ᠍᠂ ᠡᠪᠡᠰᠦᠲᠦ ᠲᠠᠯ᠎ᠠ᠎ᠶ᠋ᠢᠨ ᠱᠠᠮᠱᠢᠭ᠍ᠴᠢ ᠢᠳᠤᠭᠠᠨ ᠡᠷᠪᠡᠬᠡᠶ᠎ᠶ᠋ᠢᠨ 《ᠳᠥᠷᠪᠡᠨ ᠵᠤᠷᠪᠤᠰ ᠬᠤᠷᠢᠬ᠍ᠯᠠᠯᠲᠠ᠎ᠶ᠋ᠢᠨ ᠪᠦᠰᠡ》 ᠪᠠ ᠡᠯᠡᠰᠦᠨ ᠴᠦᠯ᠎ᠤᠨ ᠴᠠᠷᠴᠠᠬᠠᠶ᠎ᠶ᠋ᠢᠨ 《ᠭᠤᠷᠪᠠᠨ ᠵᠤᠷᠪᠤᠰ ᠰᠡᠷᠭᠡᠢᠯᠡᠯᠲᠡ᠎ᠶ᠋ᠢᠨ ᠱᠤᠭᠤᠮ》 ᠎ᠢ ᠪᠠᠢᠷᠢᠯᠠᠭᠤᠯᠵᠤ᠂ ᠬᠤᠤᠷ ᠬᠥᠨᠥᠭᠡᠯ᠎ᠢ ᠬᠠᠮᠤᠭ᠎ᠤᠨ ᠶᠡᠭᠡ ᠬᠡᠮᠵᠢᠶ᠎ᠡ᠎ᠪᠠᠷ ᠪᠠᠭᠠᠰᠭᠠᠪᠠ᠃

ᠬᠠᠪᠤᠷ᠎ᠤᠨ ᠲᠠᠷᠢᠶᠠᠯᠠᠭ᠎ᠠ᠎ᠶ᠋ᠢᠨ ᠦᠶᠡᠰ᠂ ᠥᠷᠭᠡᠨ ᠣᠯᠠᠨ ᠲᠠᠷᠢᠶᠠᠴᠢᠨ ᠲᠦᠮᠡᠨ ᠤᠷᠢᠶᠠᠯᠠᠭ᠎ᠠ᠎ᠶ᠋ᠢ ᠴᠤᠤᠷᠢᠶᠠᠲᠤᠨ᠂ ᠴᠠᠭ ᠲᠤᠬᠠᠶ᠎ᠳᠤᠨᠢ ᠲᠠᠷᠢᠶᠠᠨ ᠠᠵᠢᠯ᠎ᠢᠶᠠᠨ ᠬᠢᠵᠤ᠂ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ ᠪᠠ ᠬᠠᠪᠤᠷ᠎ᠤᠨ ᠲᠠᠷᠢᠶᠠᠯᠠᠭ᠎ᠠ ᠬᠤᠶᠠᠷ᠎ᠢ ᠰᠠᠭᠠᠲᠠᠭᠠᠬᠤ ᠥᠬᠡᠶ ᠪᠠᠢᠬᠤ᠎ᠶ᠋ᠢ ᠪᠡᠶᠡᠯᠡᠭᠦᠯᠪᠡ᠃ ᠦᠶᠡᠷ ᠤᠰᠤᠲᠤᠯ᠎ᠤᠨ ᠭᠠᠮᠱᠢᠬ᠎ᠲᠤ ᠲᠠᠷᠢᠶᠠᠴᠢᠳ ᠡᠷᠲᠡ᠎ᠶ᠋ᠢᠨ ᠲᠤᠲᠤᠷᠭ᠎ᠠ᠎ᠶ᠋ᠢ ᠵᠠᠪᠳᠤᠵᠤ ᠬᠤᠷᠢᠶᠠᠵᠤ᠂ ᠤᠷᠤᠢ᠎ᠶ᠋ᠢᠨ ᠲᠤᠲᠤᠷᠭ᠎ᠠ᠎ᠶ᠋ᠢ ᠵᠠᠪᠳᠤᠵᠤ ᠰᠠᠭᠤᠯᠭᠠᠵᠤ᠂ ᠴᠠᠭ ᠲᠤᠬᠠᠶ᠎ᠳᠤᠨᠢ ᠥᠭᠡᠷᠡᠴᠢᠯᠡᠨ ᠲᠠᠷᠢᠵᠤ ᠨᠥᠬᠦᠵᠦ᠍ ᠲᠠᠷᠢᠪᠠ᠃ ᠲᠠᠢᠹᠧᠩ ᠰᠠᠯᠬᠢ᠎ᠶ᠋ᠢᠨ ᠳᠠᠭᠠᠷᠢᠯᠲᠠ᠎ᠶ᠋ᠢᠨ ᠳᠠᠷᠠᠭ᠎ᠠ᠂ ᠲᠠᠷᠢᠶᠠᠴᠢᠨ ᠲᠦᠮᠡᠨ ᠬᠤᠷᠢᠶᠠᠯᠲᠠ᠎ᠶ᠋ᠢᠨ ᠮᠠᠱᠢᠨ᠎ᠢ ᠥᠭᠡᠷᠡᠴᠢᠯᠡᠨ ᠤᠭ᠍ᠰᠠᠷᠠᠵᠤ᠂ ᠨᠠᠯᠠᠨ ᠤᠨᠠᠬ᠍ᠰᠠᠨ ᠲᠠᠷᠢᠮᠠᠯ᠎ᠢ ᠴᠠᠭ ᠲᠤᠬᠠᠶ᠎ᠳᠤᠨᠢ ᠵᠠᠪᠳᠤᠨ ᠬᠤᠷᠢᠶᠠᠭ᠍ᠰᠠᠨ ᠪᠠᠢᠨ᠎ᠠ᠃

ᠠᠮᠤ ᠪᠤᠳᠠᠭᠠᠨ᠎ᠤ ᠠᠮᠤᠷ ᠲᠦᠪᠱᠢᠨ ᠪᠠᠲᠤᠯᠠᠭ᠎ᠠ᠎ᠲᠠᠢ ᠪᠤᠯᠵᠠᠢ

ᠬᠠᠨ ᠴᠠᠩ ᠹᠦ᠍᠄ ᠮᠠᠨ᠎ᠤ ᠤᠯᠤᠰ᠎ᠤᠨ ᠠᠮᠤ ᠪᠤᠳᠠᠭ᠎ᠠ ᠨᠢᠭᠡᠨᠲᠡ 《16 ᠵᠢᠯ ᠳᠠᠷᠠᠭᠠᠯᠠᠨ ᠡᠯᠪᠡᠭ ᠬᠤᠷᠢᠶᠠᠯᠲᠠ ᠣᠯᠵᠤ》᠂ ᠲᠤᠲᠤᠷᠭ᠎ᠠ᠂ ᠪᠣᠭᠤᠳᠠᠶ ᠬᠤᠶᠠᠷ ᠶᠡᠭᠡ ᠬᠦᠨᠡᠰᠦᠨ ᠠᠮᠤ᠎ᠶ᠋ᠢᠨ ᠬᠥᠮᠥᠷᠭᠡᠯᠡᠯᠲᠡ ᠪᠥᠬᠦ᠌ ᠤᠯᠤᠰ᠎ᠤᠨ ᠰᠠᠭᠤᠭᠠᠯᠢ ᠠᠷᠠᠳ᠎ᠤᠨ 1 ᠵᠢᠯ᠎ᠤᠨ ᠬᠡᠷᠡᠭ᠌ᠯᠡᠭᠡᠨ᠎ᠤ ᠬᠡᠷᠡᠭ᠌ᠴᠡᠭᠡ᠎ᠶ᠋ᠢ ᠬᠠᠩᠭᠠᠵᠤ ᠲᠡᠢᠯᠦᠨ᠎ᠡ᠃ ᠡᠨᠡ ᠵᠢᠯ᠎ᠤᠨ ᠠᠮᠤ ᠪᠤᠳᠠᠭᠠᠨ᠎ᠤ ᠦᠢᠯᠡᠳᠪᠦᠷᠢᠯᠡᠯ᠎ᠤᠨ ᠪᠠᠢᠳᠠᠯ ᠵᠦᠭᠡᠷ ᠪᠠᠢᠵᠤ᠂ ᠵᠠᠬ᠎ᠠ ᠳᠡᠯᠭᠡᠭᠦᠷ᠎ᠤᠨ ᠬᠠᠩᠭᠠᠯᠭ᠎ᠠ ᠭᠦᠶᠴᠡᠳ᠂ ᠦᠨ᠎ᠡ ᠬᠠᠩᠰᠢ ᠶᠡᠷᠦᠩᠬᠡᠶ᠎ᠳᠡᠭᠡᠨ ᠲᠣᠭ᠍ᠲᠠᠭᠤᠨ᠂ ᠠᠮᠤ ᠪᠤᠳᠠᠭᠠᠨ᠎ᠤ ᠠᠮᠤᠷ ᠲᠦᠪᠱᠢᠨ ᠪᠠᠲᠤᠯᠠᠭ᠎ᠠ᠎ᠲᠠᠢ ᠪᠤᠯᠵᠠᠢ ᠬᠡᠵᠤ ᠬᠡᠯᠡᠪᠡ᠃

ᠲᠡᠭᠡᠪᠡᠯ ᠠᠮᠤ ᠪᠤᠳᠠᠭ᠎ᠠ᠎ᠶ᠋ᠢ ᠭᠠᠳᠠᠭᠠᠳᠤ᠎ᠠᠴᠠ ᠣᠷᠣᠭᠤᠯᠬᠤ ᠠᠰᠠᠭᠤᠳᠠᠯ᠎ᠳᠤ ᠬᠡᠷᠬᠢᠨ ᠬᠠᠨᠳᠤᠬᠤ ᠪᠤᠢ? ᠬᠠᠨ ᠴᠠᠩ ᠹᠦ᠍᠂ ᠣᠢᠷ᠎ᠠ᠎ᠶ᠋ᠢᠨ ᠵᠢᠯ᠎ᠤᠨ ᠲᠤᠷᠰᠢ ᠮᠠᠨ᠎ᠤ ᠤᠯᠤᠰ᠎ᠤᠨ ᠠᠮᠤ ᠪᠤᠳᠠᠭ᠎ᠠ᠎ᠶ᠋ᠢᠨ ᠭᠠᠳᠠᠭᠠᠳᠤ ᠤᠷᠤᠭᠤᠯᠤᠯᠳᠠ ᠪᠠᠷᠤᠬ 1 ᠳ᠋ᠦᠩᠱᠢᠭᠤᠷ ᠲᠤᠨ᠎ᠳᠤ ᠬᠦᠷᠴᠤ᠌᠂ ᠡᠭᠦᠨ᠎ᠤ ᠳᠣᠲᠣᠷ᠎ᠠ ᠠᠮᠤ ᠪᠤᠳᠠᠭ᠎ᠠ᠎ᠶ᠋ᠢᠨ ᠲᠠᠷᠢᠮᠠᠯ ᠬᠤᠶᠠᠷ ᠬᠤᠪᠢ ᠬᠦᠷᠬᠦ᠌ ᠦᠭᠡᠢ᠂ ᠵᠥᠪᠬᠡᠨ ᠤᠯᠤᠰ᠎ᠤᠨ ᠳᠣᠲᠣᠭᠠᠳᠤ᠎ᠶ᠋ᠢᠨ ᠭᠠᠷᠤᠯᠲᠠ᠎ᠶ᠋ᠢᠨ 2% ᠣᠷᠴᠢᠮ᠎ᠢ ᠡᠵᠡᠯᠡᠨ᠎ᠡ᠂ ᠡᠨᠡ ᠵᠢᠯ ᠭᠠᠳᠠᠭᠠᠳᠤ᠎ᠠᠴᠠ ᠣᠷᠣᠭᠤᠯᠤᠭ᠍ᠰᠠᠨ ᠠᠮᠤ ᠪᠤᠳᠠᠭ᠎ᠠ ᠨᠡᠮᠡᠭ᠌ᠳᠡᠭ᠌ᠰᠡᠨ ᠪᠣᠯᠪᠠᠴᠤ᠌ ᠨᠡᠮᠡᠭ᠌ᠳᠡᠯ᠎ᠨᠢ ᠲᠡᠢᠮᠦ᠍ ᠶᠡᠭᠡ ᠪᠢᠰᠢ᠂ ᠡᠷᠳᠡᠨᠢ ᠱᠢᠰᠢ᠎ᠶ᠋ᠢ ᠵᠣᠬᠢᠰᠲᠠᠶ᠎ᠪᠠᠷ ᠨᠡᠮᠡᠭ᠌ᠳᠡᠭᠦᠯᠵᠡᠶ ᠭᠡᠪᠡ᠃

ᠭᠠᠳᠠᠭᠠᠳᠤ᠎ᠠᠴᠠ ᠣᠷᠣᠭᠤᠯᠤᠭ᠍ᠰᠠᠨ ᠶᠡᠭᠡ ᠬᠡᠰᠡᠭ᠎ᠨᠢ ᠱᠢᠷ᠎ᠠ ᠪᠤᠷᠴᠠᠭ ᠪᠣᠯᠤᠨ᠎ᠠ᠃ ᠮᠠᠨ᠎ᠤ ᠤᠯᠤᠰ᠎ᠤᠨ ᠵᠢᠯ᠎ᠤᠨ ᠭᠠᠳᠠᠭᠠᠳᠤ ᠣᠷᠣᠭᠤᠯᠤᠯᠲᠠ 8 ᠎ᠠᠴᠠ 9 ᠮᠢᠩᠭᠠᠨ ᠲᠦᠮᠡᠨ ᠲᠣᠨ ᠪᠠᠢᠵᠤ᠂ ᠭᠠᠳᠠᠭᠠᠳᠤ ᠤᠷᠤᠭᠤᠯᠤᠯᠳᠠ᠎ᠶ᠋ᠢᠨ 80% ᠎ᠠᠴᠠ ᠳᠡᠭᠡᠭ᠌ᠰᠢ᠎ᠶ᠋ᠢ ᠡᠵᠡᠯᠡᠵᠤ᠂ ᠭᠤᠤᠯᠳᠠᠭᠤ ᠲᠡᠵᠢᠭᠡᠯ ᠪᠣᠷᠳᠤᠭ᠎ᠠ ᠪᠠ ᠢᠳᠡᠱᠢᠨ ᠲᠤᠰᠤᠨ᠎ᠤ ᠬᠡᠷᠡᠭ᠌ᠯᠡᠭᠡᠨ᠎ᠳᠤ ᠬᠡᠷᠡᠭ᠌ᠯᠡᠵᠤ ᠪᠤᠢ᠃ ᠤᠢ᠍ᠢᠷ᠎ᠠ᠎ᠶ᠋ᠢᠨ ᠵᠢᠯ᠎ᠤᠨ ᠲᠤᠷᠰᠢ ᠤᠯᠤᠰ᠎ᠤᠨ ᠳᠣᠲᠣᠭᠠᠳᠤ᠎ᠶ᠋ᠢᠨ ᠱᠢᠷ᠎ᠠ ᠪᠤᠷᠴᠠᠭ᠎ᠤᠨ ᠦᠢᠯᠡᠳᠪᠦᠷᠢᠯᠡᠯ ᠲᠣᠭ᠍ᠲᠠᠭᠤᠨ᠎ᠢᠶᠠᠷ ᠬᠥᠭ᠌ᠵᠢᠵᠦ᠍ ᠪᠠᠢᠭ᠎ᠠ ᠪᠤᠯᠪᠠᠴᠤ᠌ ᠦᠢᠯᠡᠳᠪᠦᠷᠢᠯᠡᠯ᠎ᠤᠨ ᠨᠡᠮᠡᠭ᠌ᠳᠡᠯ᠎ᠨᠢ ᠬᠡᠷᠡᠭ᠌ᠯᠡᠭᠡᠨ᠎ᠤ ᠨᠡᠮᠡᠭ᠌ᠳᠡᠯ᠎ᠤᠨ ᠬᠤᠷᠳᠤᠴᠠ᠎ᠠᠴᠠ ᠬᠤᠯᠠ ᠳᠣᠤᠷ᠎ᠠ᠂ ᠭᠠᠳᠠᠭᠠᠳᠤ᠎ᠠᠴᠠ ᠣᠷᠣᠭᠤᠯᠬᠤ᠎ᠪᠠᠷ ᠳᠠᠮᠵᠢᠨ ᠤᠯᠤᠰ᠎ᠤᠨ ᠳᠣᠲᠣᠭᠠᠳᠤ᠎ᠶ᠋ᠢᠨ ᠲᠤᠳᠠᠭᠤᠳᠠᠯ᠎ᠢ ᠨᠥᠬᠦᠪᠥᠷᠢᠯᠡᠬᠦ᠌ ᠴᠢᠬᠤᠯᠠᠲᠠᠶ᠂ ᠡᠢᠮᠦᠷᠬᠦᠤ ᠪᠠᠢᠷᠢᠱᠢᠯ᠎ᠨᠢ ᠬᠤᠢᠱᠢᠳᠠ ᠤᠷᠳᠤ ᠬᠤᠭᠤᠴᠠᠭ᠎ᠠ᠎ᠪᠠᠷ ᠣᠷᠣᠱᠢᠬᠤ ᠪᠥᠭᠡᠳ ᠮᠦᠨ ᠴᠤ᠌ ᠬᠤᠶᠠᠷ ᠵᠠᠬ᠎ᠠ ᠳᠡᠯᠭᠡᠭᠦᠷ ᠬᠤᠶᠠᠷ ᠵᠦᠶᠯ᠎ᠤᠨ ᠡᠬᠢ ᠪᠠᠶᠠᠯᠢᠭ᠎ᠢ ᠠᠱᠢᠬ᠍ᠯᠠᠬᠤ ᠪᠣᠯᠤᠨ᠎ᠠ᠃

《ᠪᠢᠳᠡ ᠲᠥᠪ ᠬᠤᠷᠢᠶᠠᠨ᠎ᠤ ᠪᠠᠢᠷᠢᠯᠠᠭᠤᠯᠤᠯᠲᠠ ᠱᠠᠭᠠᠷᠳᠠᠯᠭ᠎ᠠ᠎ᠪᠠᠷ᠂ ᠨᠠᠮᠤᠷ᠎ᠤᠨ ᠠᠮᠤ ᠪᠤᠳᠠᠭᠠᠨ᠎ᠤ ᠡᠯᠪᠡᠭ ᠬᠤᠷᠢᠶᠠᠯᠲᠠ᠎ᠶ᠋ᠢ ᠪᠦᠬᠦ᠌ ᠬᠦᠴᠦᠨ᠎ᠢᠶᠠᠷ᠎ᠢᠶᠠᠨ ᠲᠡᠮᠡᠴᠡᠨ ᠣᠯᠵᠤ᠂ ᠪᠦᠬᠦ᠌ ᠵᠢᠯ᠎ᠤᠨ ᠠᠮᠤ ᠪᠤᠲᠠᠭᠠᠨ᠎ᠤ ᠡᠯᠪᠡᠭ ᠬᠤᠷᠢᠶᠠᠯᠲᠠ ᠤᠯᠬᠤ᠎ᠶ᠋ᠢ ᠦᠨᠡᠨ ᠬᠦ᠌ ᠪᠠᠲᠤᠯᠠᠨ᠎ᠠ》 ᠭᠡᠵᠦ᠍ ᠬᠠᠨ ᠴᠠᠩ ᠹᠦ᠋ ᠡᠷᠡᠰ ᠱᠢᠭᠤᠷᠬᠠᠶ᠎ᠪᠠᠷ ᠬᠡᠯᠡᠪᠡ᠃

 (ᠱᠢᠨᠬᠤᠸᠠ ᠬᠤᠷᠢᠶᠠᠨ᠎ᠤ ᠪᠡᠭᠡᠵᠢᠩ᠎ᠤᠨ 9 ᠰᠠᠷ᠎ᠠ᠎ᠶ᠋ᠢᠨ 23 ᠎ᠤ ᠴᠠᠬᠢᠯᠭᠠᠨ ᠮᠡᠳᠡᠭᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠼᠠᠢ ᠬᠤᠩ
ᠱᠢᠨᠬᠤᠸᠠ ᠬᠤᠷᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号