ᠠᠯᠠᠱᠠ ᠪᠠᠷᠠᠭᠤᠨ ᠬᠤᠱᠢᠭᠤ ᠠᠮᠢ ᠠᠬᠤᠢ᠎ᠶ᠋ᠢᠨ ᠤᠷᠴᠢᠨ ᠬᠡᠪᠡᠷᠡᠭ᠂ ᠰᠠᠭᠤᠷᠢ ᠲᠦᠭᠦᠭᠡᠷᠦᠮᠵᠢ᠎ᠶ᠋ᠢᠨ ᠪᠦᠲᠦᠭᠡᠨ ᠪᠠᠢᠭᠤᠯᠤᠯᠳᠠ ᠪᠠᠭᠤᠷᠠᠢ ᠪᠤᠳᠠᠳᠤ ᠪᠠᠢᠳᠠᠯ᠎ᠠᠴᠠ᠎ᠪᠠᠨ ᠡᠭᠦᠰᠴᠦ᠍᠂ 《ᠲᠠᠷᠢᠶᠠᠯᠠᠩ᠎ᠤᠨ ᠬᠤᠷᠢᠶᠡᠩᠭᠤᠢ ᠬᠦᠭ᠌ᠵᠢᠯᠳᠡ᠂ ᠮᠠᠯ ᠠᠵᠤ ᠠᠬᠤᠢ᠎ᠶ᠋ᠢᠨ ᠲᠤᠬᠢᠷᠠᠮᠵᠢᠳᠠᠢ ᠬᠦᠭ᠌ᠵᠢᠯᠳᠡ᠂ ᠠᠵᠤ ᠦᠢᠯᠡᠳᠪᠦᠷᠢ᠎ᠶ᠋ᠢᠨ ᠲᠦᠪᠯᠡᠷᠡᠩᠭᠦᠢ ᠬᠦᠭ᠌ᠵᠢᠯᠳᠡ᠂ ᠰᠤᠶᠤᠯ ᠵᠢᠭᠤᠯᠴᠢᠯᠠᠯ᠎ᠤᠨ ᠦᠢᠯᠡᠰ᠎ᠤᠨ ᠬᠡᠯᠪᠡᠷᠢ᠎ᠪᠠᠨ ᠬᠤᠪᠢᠷᠠᠭᠤᠯᠬᠤ ᠬᠦᠭ᠌ᠵᠢᠯᠳᠡ᠂ ᠲᠡᠮᠡᠭᠡᠨ᠎ᠤ ᠠᠵᠤ ᠦᠢᠯᠡᠰ᠎ᠤᠨ ᠨᠠᠷᠢᠯᠢᠭ ᠬᠦᠨᠵᠡᠭᠡᠢ ᠬᠦᠭ᠌ᠵᠢᠯᠳᠡ᠂ ᠠᠮᠢ ᠠᠬᠤᠢ᠎ᠶ᠋ᠢᠨ ᠤᠨᠴᠠᠯᠢᠬ᠍ᠳᠤ ᠠᠵᠤ ᠠᠬᠤᠢ᠎ᠶ᠋ᠢᠨ ᠬᠡᠪᠴᠢᠶᠡᠵᠢᠭ᠌ᠰᠡᠨ ᠬᠦᠭ᠌ᠵᠢᠯᠳᠡ᠂ ᠴᠡᠪᠡᠷ ᠡᠨᠧᠷᠬᠢ᠎ᠶ᠋ᠢᠨ ᠤᠶᠤᠯᠢᠭ ᠬᠦᠭ᠌ᠵᠢᠯᠳᠡ》 ᠶ᠋ᠢ ᠬᠦᠴᠦᠯᠡᠨ ᠠᠭᠢᠭᠤᠯᠵᠤ᠂ ᠬᠠᠩᠭᠠᠯᠭ᠎ᠠ᠎ᠶ᠋ᠢᠨ ᠲᠠᠯ᠎ᠠ᠎ᠶ᠋ᠢᠨ ᠪᠦᠲᠦᠴᠡ᠎ᠶ᠋ᠢᠨ ᠴᠢᠨᠠᠷᠲᠠᠢ ᠦᠭᠡᠷᠡᠴᠢᠯᠡᠯᠳᠡ᠎ᠶ᠋ᠢ ᠭᠦᠨᠵᠡᠭᠡᠢᠷᠡᠭᠦᠯᠵᠤ᠂ ᠤᠨᠴᠠᠯᠢᠬ᠍ᠳᠤ ᠲᠦᠷᠦᠯ ᠳᠡᠮᠳᠡᠭ᠎ᠢ ᠴᠤᠬ᠍ᠴᠠᠯᠠᠬᠤ᠂ ᠤᠨᠴᠠᠯᠢᠬ᠍ᠳᠤ ᠵᠠᠮ᠎ᠢᠶᠠᠷ ᠵᠠᠮᠨᠠᠬᠤ᠎ᠶ᠋ᠢ ᠪᠠᠷᠢᠮᠳᠠᠯᠠᠵᠤ᠂ ᠡᠯᠡᠰᠦᠨ᠎ᠤ ᠠᠵᠤ ᠦᠢᠯᠡᠰ᠎ᠢ ᠢᠳᠡᠪᠬᠢᠳᠡᠢ᠎ᠪᠠᠷ ᠠᠮᠢᠯᠠᠭᠤᠯᠵᠤ᠂ ᠠᠮᠢ ᠠᠬᠤᠢ᠎ᠶ᠋ᠢᠨ ᠤᠨᠴᠠᠯᠢᠬ᠍ᠳᠤ ᠠᠵᠤ ᠦᠢᠯᠡᠰ᠎ᠢ ᠱᠢᠯᠢᠳᠡᠭ᠌ᠵᠢᠭᠦᠯᠵᠤ᠂ ᠲᠡᠮᠡᠭᠡᠨ᠎ᠤ ᠠᠵᠤ ᠦᠢᠯᠡᠰ᠎ᠢ ᠪᠤᠵᠠᠭᠠᠢᠷᠠᠭᠤᠯᠵᠤ᠂ ᠰᠤᠶᠤᠯ ᠵᠢᠭᠤᠯᠴᠢᠯᠠᠯ᠎ᠤᠨ ᠠᠵᠤ ᠦᠢᠯᠡᠰ᠎ᠢ ᠬᠦᠴᠦᠷᠭᠡᠭ᠌ᠵᠢᠭᠦᠯᠵᠤ᠂ ᠱᠢᠨ᠎ᠡ ᠠᠵᠤ ᠠᠬᠤᠢ᠎ᠶ᠋ᠢᠨ ᠦᠰᠦᠯᠳᠡ᠎ᠶ᠋ᠢᠨ ᠴᠡᠭ᠎ᠢ ᠪᠤᠢᠵᠢᠭᠤᠯᠵᠤ᠂ ᠠᠵᠤ ᠠᠬᠤᠢ᠎ᠶ᠋ᠢᠨ ᠪᠦᠲᠦᠴᠠ᠎ᠪᠠᠨ ᠳᠠᠰᠤᠷᠠᠯᠳᠠ ᠦᠭᠡᠢ ᠱᠢᠯᠢᠳᠡᠭ᠌ᠵᠢᠭᠦᠯᠵᠤ᠂ ᠬᠦᠭ᠌ᠵᠢᠯᠳᠡ᠎ᠶ᠋ᠢᠨ ᠶᠠᠰᠤ ᠴᠢᠨᠠᠷ᠎ᠢ ᠳᠡᠭᠡᠭ᠌ᠰᠢᠯᠡᠭᠦᠯᠵᠤ ᠪᠠᠢᠨ᠎ᠠ᠃
ᠠᠭᠤᠳᠠᠮ ᠭᠤᠪᠢ᠎ᠶ᠋ᠢᠨ ᠡᠯᠡᠰᠦᠨ᠎ᠤ ᠦᠢᠯᠡᠰ
ᠪᠠᠳᠠᠢ᠎ᠶ᠋ᠢᠨ ᠵᠢᠷᠠᠨ᠎ᠤ ᠡᠯᠡᠰᠦᠨ ᠴᠦᠯ᠎ᠤᠨ ᠬᠦᠪᠡᠭᠡᠨ᠎ᠳᠤ ᠪᠠᠢᠷᠢᠯᠠᠵᠤ ᠪᠠᠢᠭ᠎ᠠ ᠮᠠᠨᠳᠤᠯ ᠰᠤᠮᠤᠨ᠎ᠤ ᠬᠤᠶᠠᠷᠬᠤᠳᠳᠤᠭ ᠭᠠᠴᠠᠭᠠᠨ᠎ᠤ ᠪᠤᠤ ᠬᠤᠸᠠ ᠪᠤᠯ ᠬᠤᠯᠠ ᠤᠢ᠍ᠢᠷ᠎ᠠ᠎ᠳᠠᠭᠠᠨ ᠠᠯᠳᠠᠷᠳᠠᠢ ᠡᠯᠡᠰᠦ᠎ᠶ᠋ᠢ ᠰᠡᠷᠭᠡᠢᠯᠡᠨ ᠡᠯᠡᠰᠦ᠎ᠶ᠋ᠢ ᠵᠠᠰᠠᠬ᠍ᠰᠠᠨ ᠲᠤᠯᠤᠭᠠᠢᠯᠠᠬ᠍ᠴᠢ᠂ ᠮᠦᠨ ᠴᠦ᠍ ᠠᠷᠠᠳ ᠤᠯᠠᠨ᠎ᠢᠶᠠᠨ ᠳᠠᠭᠠᠭᠤᠯᠤᠨ ᠪᠠᠶᠠᠵᠢᠨ ᠴᠢᠨᠡᠭᠡᠯᠢᠭ᠌ᠵᠢᠭ᠌ᠰᠡᠨ ᠳᠠᠭᠠᠭᠤᠯᠤᠬ᠍ᠴᠢ ᠪᠤᠯᠤᠨ᠎ᠠ᠃ ᠲᠡᠷᠡ ᠠᠷᠪᠠᠭᠠᠳ ᠵᠢᠯ ᠭᠤᠪᠢ᠎ᠶ᠋ᠢᠨ ᠡᠯᠡᠰᠦᠨ᠎ᠳᠤ ᠦᠨᠳᠦᠰᠦᠯᠡᠵᠤ᠂ ᠵᠠᠭ ᠮᠤᠳᠤᠨ᠎ᠤ ᠤᠢ᠎ᠪᠠᠷ ᠡᠯᠡᠰᠦᠨ᠎ᠤ ᠠᠵᠤ ᠦᠢᠯᠡᠰ ᠡᠷᠬᠢᠯᠡᠵᠤ᠂ ᠳᠡᠵᠢᠭᠡᠨ ᠦᠷᠡᠵᠢᠭᠦᠯᠬᠦ᠌ ᠺᠤᠮᠫᠠᠨᠢ ᠪᠠᠢᠭᠤᠯᠵᠤ᠂ ᠭᠠᠴᠠᠭᠠᠨ᠎ᠤ ᠠᠮᠢ ᠠᠬᠤᠢ᠎ᠶ᠋ᠢᠨ ᠪᠠᠢᠳᠠᠯ᠎ᠢ ᠰᠠᠢᠵᠢᠷᠠᠭᠤᠯᠤᠬ᠍ᠰᠠᠨ᠎ᠢᠶᠠᠷ ᠪᠠᠷᠠᠬᠤ ᠦᠭᠡᠢ ᠭᠠᠴᠠᠭᠠᠨ᠎ᠤ ᠠᠷᠠᠳ᠎ᠤᠨ ᠤᠷᠤᠯᠭ᠎ᠠ᠎ᠶ᠋ᠢ ᠨᠡᠮᠡᠭ᠌ᠳᠡᠭᠦᠯᠵᠤ᠂ 《ᠶᠡᠭᠡ ᠭᠤᠪᠢ᠎ᠶ᠋ᠢᠨ ᠵᠠᠭ ᠪᠦᠰᠡᠭᠦᠢ》 ᠭᠡᠳᠡᠭ ᠨᠡᠷ᠎ᠡ ᠤᠯᠵᠠᠢ᠃ ᠤᠳᠤᠬᠠᠨ᠎ᠳᠤ ᠭᠠᠴᠠᠭᠠᠨ᠎ᠤ ᠬᠢᠨᠢ ᠤᠢ᠍ᠢᠷ᠎ᠠ ᠬᠠᠪᠢ᠎ᠶ᠋ᠢᠨ ᠤᠢ᠍ᠢᠵᠢᠭᠤᠯᠤᠯᠳᠠ᠎ᠶ᠋ᠢᠨ ᠳᠠᠯᠠᠪᠠᠢ 55 ᠲᠦᠮᠡᠨ ᠮᠦ᠍᠎ᠳᠤ ᠬᠦᠷᠴᠦ᠍᠂ ᠡᠭᠦᠨ᠎ᠳᠤ ᠪᠤᠤ ᠬᠤᠸᠠ᠎ᠶ᠋ᠢᠨ ᠲᠠᠷᠢᠬ᠍ᠰᠠᠨ᠎ᠨᠢ 16 ᠲᠦᠮᠡᠨ ᠮᠦ᠍᠎ᠳᠤ ᠬᠦᠷᠴᠦ᠍ ᠪᠠᠢᠨ᠎ᠠ᠃ ᠵᠠᠭ ᠮᠤᠳᠤᠨ᠎ᠳᠤ ᠴᠠᠭᠠᠨ ᠭᠤᠶᠤᠤ ᠵᠠᠯᠭᠠᠵᠤ ᠲᠠᠷᠢᠬ᠍ᠰᠠᠨ ᠳᠠᠯᠠᠪᠠᠢ 8 ᠲᠦᠮᠡᠨ ᠮᠦ᠍᠎ᠳᠤ ᠬᠦᠷᠴᠦ᠍᠂ ᠭᠠᠭ᠍ᠴᠠ ᠡᠨᠡ ᠲᠠᠯ᠎ᠠ᠎ᠶ᠋ᠢᠨ ᠤᠷᠤᠯᠭ᠎ᠠ᠎ᠨᠢ ᠭᠠᠴᠠᠭᠠᠨ᠎ᠤ ᠡᠷᠦᠬᠡ ᠪᠤᠯᠭᠠᠨ᠎ᠤ ᠵᠢᠯ᠎ᠤᠨ ᠤᠷᠤᠯᠭ᠎ᠠ᠎ᠶ᠋ᠢ 2 ᠠᠴᠠ 3 ᠲᠦᠮᠡᠨ ᠲᠦᠭᠦᠷᠢᠭ ᠨᠡᠮᠡᠭ᠌ᠳᠡᠭᠦᠯᠵᠠᠢ᠃
ᠦᠩ ᠦᠷᠭᠡᠨ ᠠᠯᠠᠱᠠ ᠪᠠᠷᠠᠭᠤᠨ ᠬᠤᠱᠢᠭᠤᠨ᠎ᠳᠤ ᠡᠯᠡᠰᠦᠨ᠎ᠤ ᠤᠷᠭᠤᠮᠠᠯ᠎ᠤᠨ ᠡᠬᠢ ᠪᠠᠶᠠᠯᠢᠭ ᠡᠯᠪᠡᠭ ᠳᠡᠯᠪᠡᠭ ᠪᠠᠢᠵᠤ᠂ ᠪᠦᠬᠦ᠌ ᠬᠤᠱᠢᠭᠤᠨ᠎ᠳᠤ ᠬᠡᠬᠡᠷ᠎ᠡ᠎ᠶ᠋ᠢᠨ ᠵᠠᠭ ᠮᠤᠳᠤ᠂ ᠬᠤᠳᠢᠷ᠂ ᠬᠠᠷᠮᠠᠭ᠂ ᠬᠡᠬᠡᠷ᠎ᠡ᠎ᠶ᠋ᠢᠨ ᠴᠠᠭᠠᠨ ᠭᠤᠶᠤᠤ᠂ ᠤᠯᠠᠭᠠᠨ ᠭᠤᠶᠤᠤ᠂ ᠱᠢᠬᠢᠷ ᠡᠪᠡᠰᠦ ᠵᠡᠷᠭᠡ ᠡᠬᠢ ᠪᠠᠶᠠᠯᠢᠭ᠎ᠤᠨ ᠳᠠᠷᠬᠠᠯᠳᠠ᠎ᠶ᠋ᠢᠨ ᠳᠠᠯᠠᠪᠠᠢ᠎ᠨᠢ 1282 ᠲᠦᠮᠡᠨ ᠮᠦ᠍᠎ᠳᠤ ᠬᠦᠷᠴᠦ᠍᠂ ᠡᠭᠦᠨ᠎ᠳᠤ ᠬᠡᠬᠡᠷ᠎ᠡ᠎ᠶ᠋ᠢᠨ ᠵᠠᠭ ᠮᠤᠳᠤᠨ᠎ᠤ ᠳᠠᠯᠠᠪᠠᠢ 365 ᠲᠦᠮᠡᠨ ᠮᠦ᠍᠂ ᠬᠠᠷᠮᠠᠭ 837 ᠲᠦᠮᠡᠨ ᠮᠦ᠍ ᠪᠠᠢᠨ᠎ᠠ᠃ ᠬᠦᠮᠦᠨ᠎ᠤ ᠬᠦᠴᠦ᠎ᠪᠠᠷ ᠲᠠᠷᠢᠬ᠍ᠰᠠᠨ ᠵᠠᠭ ᠮᠤᠳᠤ 236 ᠲᠦᠮᠡᠨ ᠮᠦ᠍᠂ ᠲᠠᠷᠢᠮᠠᠯ ᠴᠠᠭᠠᠨ ᠭᠤᠶᠤᠤ 35 ᠲᠦᠮᠡᠨ ᠮᠦ᠍ ᠪᠤᠢ᠃ ᠡᠯᠡᠰᠦ᠎ᠶ᠋ᠢ ᠳᠤᠬ᠍ᠳᠠᠪᠤᠷᠢᠵᠢᠭᠤᠯᠬᠤ ᠤᠢ ᠱᠢᠭᠤᠢ 75 ᠲᠦᠮᠡᠨ ᠮᠦ᠍᠂ ᠨᠢᠰᠭᠡᠯ᠎ᠢᠶᠠᠷ ᠦᠷ᠎ᠡ ᠰᠠᠴᠤᠨ ᠤᠢ᠍ᠢᠵᠢᠭᠤᠯᠤᠬ᠍ᠰᠠᠨ ᠳᠠᠯᠠᠪᠠᠢ 36 ᠲᠦᠮᠡᠨ ᠮᠦ᠍᠂ ᠪᠡᠯᠴᠢᠭᠡᠷᠯᠡᠭᠦᠯᠬᠦ᠌᠎ᠶ᠋ᠢ ᠴᠠᠭᠠᠵᠠᠯᠠᠬ᠍ᠰᠠᠨ ᠤᠷᠤᠨ᠎ᠤ ᠤᠷᠭᠤᠮᠠᠯ᠎ᠤᠨ ᠬᠤᠴᠢᠯᠭ᠎ᠠ᠎ᠶ᠋ᠢᠨ ᠪᠦᠷᠭᠦᠴᠡ᠎ᠶ᠋ᠢᠨ ᠨᠤᠷᠮ᠎ᠠ 15% — 20% ᠳᠤ ᠬᠦᠷᠴᠦ᠍᠂ ᠠᠩᠬ᠎ᠠ ᠠᠯᠬᠤᠮ᠎ᠳᠤ ᠪᠠᠳᠠᠢ᠎ᠶ᠋ᠢᠨ ᠵᠢᠷᠠᠨ᠎ᠤ ᠡᠯᠡᠰᠦᠨ ᠴᠦᠯ ᠪᠤᠯᠤᠨ ᠳᠡᠭ᠌ᠷᠢ ᠡᠯᠡᠰᠦᠨ᠎ᠤ ᠨᠡᠢᠯᠡᠬᠦ᠌᠎ᠶ᠋ᠢ ᠰᠡᠷᠭᠡᠢᠯᠡᠬᠦ᠌ ᠠᠮᠢ ᠠᠬᠤᠢ᠎ᠶ᠋ᠢᠨ ᠬᠠᠯᠠᠬ᠍ᠪᠴᠢᠶ᠋ᠢ ᠪᠠᠢᠭᠤᠯᠵᠠᠢ᠃ ᠪᠦᠬᠦ᠌ ᠬᠤᠱᠢᠭᠤᠨ᠎ᠳᠤ ᠳᠠᠩᠰᠠᠯᠠᠭᠤᠯᠤᠬ᠍ᠰᠠᠨ ᠡᠯᠡᠰᠦᠨ᠎ᠤ ᠠᠵᠤ ᠦᠢᠯᠡᠰ᠎ᠤᠨ ᠠᠵᠤ ᠠᠬᠤᠢ᠍ᠢᠯᠠᠯ 9᠂ ᠡᠯᠡᠰᠦᠨ᠎ᠤ ᠠᠵᠤ ᠦᠢᠯᠡᠰ᠎ᠤᠨ ᠲᠤᠰᠭᠠᠢ ᠬᠤᠷᠱᠢᠶ᠎ᠠ 49 ᠪᠠᠢᠵᠤ᠂ ᠠᠵᠤ ᠦᠢᠯᠡᠰ᠎ᠤᠨ ᠠᠵᠢᠯᠳᠠᠨ᠎ᠤ ᠲᠤᠭ᠎ᠠ 3200 ᠭᠠᠷᠤᠢ ᠬᠦᠮᠦᠨ᠎ᠳᠤ ᠬᠦᠷᠴᠦ᠍᠂ ᠵᠢᠯ᠎ᠤᠨ ᠬᠦᠮᠦᠨ ᠪᠦᠷᠢ᠎ᠶ᠋ᠢᠨ ᠳᠤᠮᠳᠠᠴᠢ ᠤᠷᠤᠯᠭ᠎ᠠ 2 ᠲᠦᠮᠡ᠎ᠪᠠᠷ ᠨᠡᠮᠡᠭ᠌ᠳᠡᠨ ᠠᠮᠢ ᠠᠬᠤᠢ᠎ᠶ᠋ᠢᠨ ᠦᠷ᠎ᠡ ᠠᠱᠢᠭ᠂ ᠨᠡᠢᠭᠡᠮ᠎ᠤᠨ ᠦᠷ᠎ᠠ ᠠᠱᠢᠭ᠂ ᠠᠵᠤ ᠠᠬᠤᠢ᠎ᠶ᠋ᠢᠨ ᠦᠷ᠎ᠡ ᠠᠱᠢᠭ᠎ᠢ ᠬᠠᠮᠳᠤ᠎ᠪᠠᠷ ᠪᠡᠶᠡᠯᠡᠭᠦᠯᠪᠠ᠃ ᠠᠯᠠᠱᠠ ᠪᠠᠷᠠᠭᠤᠨ ᠬᠤᠱᠢᠭᠤ ᠤᠷᠢᠳ ᠬᠤᠵᠢᠳ 《ᠤᠯᠤᠰ᠎ᠤᠨ ᠤᠢ ᠲᠤᠲᠤᠷᠠᠬᠢ ᠠᠵᠤ ᠠᠬᠤᠢ᠎ᠶ᠋ᠢᠨ ᠵᠢᠱ᠌ᠢᠶ᠎ᠡ ᠦᠵᠡᠭᠦᠯᠬᠦ᠌ ᠰᠠᠭᠤᠷᠢᠨ》᠂ 《ᠦᠪᠡᠷᠳᠡᠭᠡᠨ ᠵᠠᠰᠠᠬᠤ ᠤᠷᠤᠨ᠎ᠤ ᠡᠯᠡᠰᠦ ᠪᠠ ᠡᠪᠡᠰᠦᠨ᠎ᠤ ᠠᠵᠤ ᠦᠢᠯᠡᠰ᠎ᠤᠨ ᠲᠤᠷᠱᠢᠯᠳᠠ᠎ᠶ᠋ᠢᠨ ᠵᠢᠱ᠌ᠢᠶ᠎ᠠ ᠦᠵᠡᠭᠦᠯᠬᠦ᠌ ᠰᠠᠭᠤᠷᠢᠨ》᠂ 《ᠳᠤᠮᠳᠠᠳᠤ ᠤᠯᠤᠰ᠎ᠤᠨ ᠤᠨᠴᠠᠯᠢᠬ᠍ᠳᠤ ᠡᠯᠡᠰᠦ ᠪᠠ ᠡᠪᠡᠰᠦᠨ᠎ᠤ ᠠᠵᠤ ᠦᠢᠯᠡᠰ᠎ᠤᠨ ᠬᠦᠭ᠌ᠵᠢᠯᠳᠡ᠎ᠶ᠋ᠢᠨ ᠵᠢᠱ᠌ᠢᠶ᠎ᠠ ᠦᠵᠡᠭᠦᠯᠬᠦ᠌ ᠬᠤᠱᠢᠭᠤ》᠂ 《ᠪᠦᠬᠦ᠌ ᠤᠯᠤᠰ᠎ᠤᠨ ᠬᠠᠮᠳᠤ᠎ᠶ᠋ᠢᠨ ᠤᠢ ᠱᠢᠭᠤᠢ᠎ᠶ᠋ᠢᠨ ᠡᠷᠬᠡ᠎ᠶ᠋ᠢᠨ ᠳᠦᠷᠢᠮ᠎ᠤᠨ ᠦᠭᠡᠷᠡᠴᠢᠯᠡᠯᠳᠡ᠎ᠶ᠋ᠢᠨ ᠲᠡᠷᠢᠭᠦᠨ᠎ᠤ ᠬᠠᠮᠳᠤ ᠨᠢᠭᠡᠴᠢ》 ᠵᠡᠷᠭᠡ ᠢᠷᠠᠭᠤ ᠠᠯᠳᠠᠷ᠎ᠢ ᠬᠦᠷᠳᠡᠵᠤ᠂ ᠮᠠᠨᠳᠤᠯ ᠰᠤᠮᠤᠨ᠎ᠤ ᠱᠠᠯᠠ᠎ᠶ᠋ᠢᠨ ᠬᠤᠳᠳᠤᠭ ᠭᠠᠴᠠᠭ᠎ᠠ᠎ᠨᠢ 《ᠳᠤᠮᠳᠠᠳᠤ ᠤᠯᠤᠰ᠎ᠤᠨ ᠴᠠᠭᠠᠨ ᠭᠤᠶᠤᠤ᠎ᠶ᠋ᠢᠨ ᠨᠢᠭᠡᠳᠦᠭᠡᠷ ᠨᠤᠳᠤᠭ》 ᠤᠨ ᠠᠯᠳᠠᠷ᠎ᠢ ᠬᠦᠷᠳᠡᠵᠠᠢ᠃
ᠲᠡᠨᠢᠭᠦᠨ ᠭᠤᠪᠢ᠎ᠶ᠋ᠢᠨ ᠲᠡᠮᠡᠭᠡᠨ᠎ᠤ ᠦᠢᠯᠡᠰ
ᠤᠯᠠᠨ ᠵᠢᠯ᠎ᠤᠨ ᠰᠦᠪᠡᠭ᠌ᠴᠢᠯᠡᠯᠳᠡ᠎ᠪᠠᠷ ᠳᠠᠮᠵᠢᠨ᠂ ᠠᠯᠠᠱᠠ ᠪᠠᠷᠠᠭᠤᠨ ᠬᠤᠱᠢᠭᠤᠨ᠎ᠳᠤ 《ᠱᠢᠨᠵᠢᠯᠡᠬᠦ᠌ ᠤᠬᠠᠭᠠᠨ ᠲᠧᠭ᠌ᠨᠢᠡ ᠮᠡᠷᠭᠡᠵᠢᠯ᠎ᠤᠨ ᠰᠤᠳᠤᠯᠤᠨ ᠨᠡᠭᠡᠭᠡᠯᠳᠡ᠂ ᠠᠵᠤ ᠠᠬᠤᠢ᠎ᠶ᠋ᠢᠨ ᠤᠨᠳᠤᠤᠱᠢᠭᠤᠯᠤᠯᠳᠠ᠂ ᠰᠠᠭᠤᠷᠢᠨ᠎ᠤ ᠳᠠᠭᠠᠭᠤᠯᠭ᠎ᠠ᠂ ᠬᠤᠷᠱᠢᠶ᠎ᠠ᠎ᠶ᠋ᠢᠨ ᠪᠦᠷᠭᠦᠴᠡ》 ᠪᠠᠷ ᠲᠡᠮᠡᠭᠡᠨ᠎ᠤ ᠠᠵᠤ ᠦᠢᠯᠡᠰ᠎ᠤᠨ ᠦᠷᠭᠦᠯᠵᠢᠯᠡᠬᠦ᠋ᠢᠴᠡ ᠬᠦᠭ᠌ᠵᠢᠯᠳᠡ᠎ᠶ᠋ᠢᠨ ᠬᠡᠯᠪᠡᠷᠢ᠎ᠪᠠᠷ ᠲᠡᠮᠡᠭᠡᠨ᠎ᠤ ᠠᠵᠤ ᠦᠢᠯᠡᠰ᠎ᠤᠨ ᠬᠦᠭ᠌ᠵᠢᠯᠳᠡ᠎ᠪᠠᠷ ᠠᠷᠠᠳ᠎ᠢ ᠪᠠᠶᠠᠵᠢᠭᠤᠯᠤᠭ᠍ᠰᠠᠨ ᠦᠷ᠎ᠡ ᠠᠱᠢᠭ ᠠᠩᠬ᠎ᠠ ᠠᠯᠬᠤᠮ ᠢᠯᠡᠷᠡᠵᠠᠢ᠃
ᠤᠢ᠍ᠢᠷ᠎ᠠ᠎ᠶ᠋ᠢᠨ ᠵᠢᠯ᠎ᠠᠴᠠ ᠠᠯᠠᠱᠠ ᠪᠠᠷᠠᠭᠤᠨ ᠬᠤᠱᠢᠭᠤ 《ᠪᠦᠬᠦ᠌ ᠤᠯᠤᠰ᠎ᠤᠨ ᠲᠡᠮᠡᠭᠡᠨ᠎ᠤ ᠠᠵᠤ ᠦᠢᠯᠡᠰ᠎ᠤᠨ ᠰᠤᠳᠤᠯᠤᠨ ᠨᠡᠭᠡᠭᠡᠯᠳᠡ᠎ᠶ᠋ᠢᠨ ᠠᠵᠤ ᠦᠢᠯᠡᠳᠪᠦᠷᠢᠯᠡᠯ᠎ᠤᠨ ᠰᠠᠭᠤᠷᠢᠨ》 ᠤ ᠬᠠᠷᠠᠯᠳᠠ᠎ᠶ᠋ᠢᠨ ᠲᠤᠭᠤᠷᠢᠨ᠎ᠳᠤ ᠪᠤᠳᠠᠳᠠᠢ᠎ᠳᠤ ᠰᠠᠭᠤᠷᠢᠯᠠᠨ 《ᠵᠠᠰᠠᠭ᠎ᠤᠨ ᠤᠷᠳᠤᠨ᠎ᠤ ᠵᠢᠯᠤᠭᠤᠳᠤᠯᠭ᠎ᠠ᠂ ᠲᠤᠯᠤᠭᠠᠢᠯᠠᠬ᠍ᠴᠢ ᠠᠵᠤ ᠠᠬᠤᠢ᠍ᠢᠯᠠᠯ᠎ᠤᠨ ᠳᠠᠭᠠᠭᠤᠯᠭ᠎ᠠ᠂ ᠱᠢᠨᠵᠢᠯᠡᠬᠦ᠌ ᠤᠬᠠᠭᠠᠨ ᠲᠧᠭ᠌ᠨᠢᠡ ᠮᠡᠷᠭᠡᠵᠢᠯ᠎ᠤᠨ ᠱᠢᠨ᠎ᠡ ᠡᠭᠦᠳᠦᠯᠳᠡ᠂ ᠲᠠᠷᠢᠶᠠᠴᠢᠨ ᠮᠠᠯᠴᠢᠨ᠎ᠤ ᠤᠷᠤᠯᠴᠠᠯᠭ᠎ᠠ》 ᠶ᠋ᠢᠨ ᠵᠠᠬ᠍ᠪᠤᠷ᠎ᠢᠶᠠᠷ ᠲᠡᠮᠡᠭᠡᠨ᠎ᠤ ᠬᠠᠱᠢᠶ᠎ᠠ ᠪᠠᠢᠭᠤᠯᠬᠤ ᠨᠦᠬᠦᠪᠦᠷᠢ᠂ ᠢᠩᠭᠡᠨ ᠰᠦ᠎ᠶ᠋ᠢ ᠬᠤᠷᠢᠶᠠᠨ ᠠᠪᠬᠤ ᠨᠦᠬᠦᠪᠦᠷᠢ᠂ ᠲᠡᠮᠡᠭᠡᠨ᠎ᠤ ᠳᠠᠭᠠᠳᠭᠠᠯ᠎ᠤᠨ ᠨᠦᠬᠦᠪᠦᠷᠢ ᠪᠤᠯᠤᠨ ᠮᠠᠯᠴᠢᠨ ᠲᠠᠷᠢᠶᠠᠴᠢᠨ᠎ᠤ ᠦᠢᠯᠡᠰ ᠪᠤᠰᠭᠠᠬᠤ ᠵᠢᠭᠡᠯᠡᠯᠭᠡ ᠵᠡᠷᠭᠡ ᠲᠡᠮᠡᠭᠡᠨ᠎ᠤ ᠠᠵᠤ ᠦᠢᠯᠡᠰ᠎ᠢ ᠬᠦᠭ᠌ᠵᠢᠭᠦᠯᠬᠦ᠌ ᠱᠢᠷᠢᠰ ᠳᠡᠮᠵᠢᠯᠭᠡ᠎ᠶ᠋ᠢᠨ ᠲᠦᠷᠦ᠎ᠶ᠋ᠢᠨ ᠪᠤᠳᠤᠯᠭ᠎ᠠ ᠭᠠᠷᠭᠠᠵᠤ᠂ ᠲᠡᠮᠡᠭᠡᠨ᠎ᠤ ᠠᠵᠤ ᠦᠢᠯᠡᠰ᠎ᠢ ᠪᠦᠬᠦ᠌ ᠬᠤᠱᠢᠭᠤᠨ᠎ᠤ ᠮᠠᠯᠴᠢᠨ ᠲᠠᠷᠢᠶᠠᠴᠢᠨ᠎ᠤ ᠪᠠᠶᠠᠵᠢᠨ ᠴᠢᠨᠡᠭᠡᠯᠢᠭ᠌ᠵᠢᠵᠦ᠍ ᠤᠷᠤᠯᠭ᠎ᠠ᠎ᠪᠠᠨ ᠨᠡᠮᠡᠭ᠌ᠳᠡᠭᠦᠯᠬᠦ᠌ ᠲᠤᠯᠭᠠᠭᠤᠷᠢ ᠠᠵᠤ ᠦᠢᠯᠡᠰ ᠪᠤᠯᠭᠠᠬᠤ᠎ᠶ᠋ᠢ ᠪᠦᠬᠦ᠌ ᠬᠦᠴᠦᠨ᠎ᠢᠶᠠᠷ ᠠᠭᠢᠭᠤᠯᠪᠠ᠃
2020 ᠤᠨ᠎ᠤ 6 ᠰᠠᠷ᠎ᠠ᠎ᠶ᠋ᠢᠨ ᠰᠡᠭᠦᠯᠴᠢ᠎ᠪᠠᠷ ᠪᠦᠬᠦ᠌ ᠬᠤᠱᠢᠭᠤᠨ᠎ᠤ ᠬᠤᠤᠰ ᠪᠦᠬᠦᠳᠦ ᠲᠡᠮᠡᠭᠡ᠎ᠶ᠋ᠢᠨ ᠳᠠᠩᠰᠠᠯᠠᠭᠤᠯᠤᠬ᠍ᠰᠠᠨ ᠲᠤᠭ᠎ᠠ 5.7 ᠲᠦᠮᠡ᠂ ᠡᠭᠦᠨ᠎ᠳᠤ 2.8 ᠲᠦᠮᠨᠨ ᠢᠩᠭᠡ ᠪᠠᠢᠵᠤ᠂ ᠪᠦᠬᠦ᠌ ᠬᠤᠱᠢᠭᠤᠨ᠎ᠤ ᠲᠡᠮᠡᠭᠡᠨ᠎ᠤ ᠶᠡᠷᠦᠩᠬᠡᠢ ᠲᠤᠭᠠᠨ᠎ᠤ 49% ᠶ᠋ᠢ ᠡᠵᠡᠯᠡᠵᠤ ᠪᠠᠢᠨ᠎ᠠ᠃ ᠤᠳᠤᠬᠠᠨ᠎ᠳᠤ ᠪᠦᠬᠦ᠌ ᠬᠤᠱᠢᠭᠤᠨ᠎ᠤ ᠰᠠᠭᠠᠯᠢ᠎ᠶ᠋ᠢᠨ ᠢᠩᠭᠡ ᠲᠦᠮᠡ᠎ᠳᠤ ᠬᠦᠴᠦ᠍᠂ ᠡᠳᠦᠷ ᠪᠦᠷᠢ᠎ᠶ᠋ᠢᠨ ᠰᠦ᠎ᠶ᠋ᠢᠨ ᠭᠠᠷᠤᠯᠳᠠ 7 ᠲᠤᠨ᠎ᠳᠤ ᠬᠦᠷᠴᠦ᠍ ᠪᠠᠢᠨ᠎ᠠ (ᠡᠭᠦᠨ᠎ᠳᠤ 《ᠭᠤᠪᠢ᠎ᠶ᠋ᠢᠨ ᠡᠷᠳᠡᠨᠢ》 ᠺᠤᠮᠫᠠᠨᠢ ᠡᠳᠦᠷ ᠪᠦᠷᠢ 6 ᠲᠤᠨ ᠰᠦ ᠬᠤᠷᠢᠶᠠᠵᠤ᠂ ᠮᠠᠯᠴᠢᠨ ᠲᠠᠷᠢᠶᠠᠴᠢᠨ᠎ᠤ ᠦᠪᠡᠷ᠎ᠢᠶᠠᠨ ᠪᠤᠷᠤᠯᠠᠭᠤᠯᠵᠤ ᠪᠠᠢᠭ᠎ᠠ ᠢᠩᠭᠡᠨ ᠰᠦ 1 ᠲᠤᠨ ᠬᠦᠷᠦᠨ᠎ᠡ)᠃ ᠪᠦᠬᠦ᠌ ᠬᠤᠱᠢᠭᠤᠨ᠎ᠳᠤ ᠲᠡᠮᠡᠭᠡᠨ᠎ᠤ ᠠᠵᠤ ᠦᠢᠯᠡᠰ᠎ᠤᠨ ᠱᠢᠨᠵᠢᠯᠡᠬᠦ᠌ ᠤᠬᠠᠭᠠᠨ ᠲᠧᠭ᠌ᠨᠢᠡ ᠮᠡᠷᠭᠡᠵᠢᠯ᠎ᠤᠨ ᠬᠦᠷᠢᠶᠡᠯᠡᠩ 1᠂ ᠲᠡᠮᠡᠭᠡᠨ᠎ᠤ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠪᠠᠢᠭᠤᠯᠤᠮᠵᠢ 1᠂ ᠲᠡᠮᠡᠭᠡ ᠲᠡᠵᠢᠭᠡᠨ ᠦᠷᠡᠵᠢᠭᠦᠯᠬᠦ᠌ ᠰᠠᠭᠤᠷᠢᠨ 20᠂ ᠢᠩᠭᠡᠨ ᠰᠦ᠎ᠶ᠋ᠢᠨ ᠵᠠᠭᠤᠴᠢ ᠪᠤᠷᠤᠯᠠᠭᠤᠯᠭ᠎ᠠ᠎ᠶ᠋ᠢᠨ ᠦᠷᠳᠡᠭᠡ 7᠂ ᠪᠠᠷᠢᠮᠵᠢᠶᠠᠵᠢᠬ᠍ᠰᠠᠨ ᠲᠡᠮᠡᠭᠡᠨ᠎ᠤ ᠬᠠᠱᠢᠶ᠎ᠠ 164 ᠪᠤᠢ᠃ ᠳᠠᠩᠰᠠᠯᠠᠭᠤᠯᠤᠨ ᠪᠠᠢᠭᠤᠯᠤᠬ᠍ᠰᠠᠨ ᠲᠡᠮᠡᠭᠡ ᠲᠡᠵᠢᠭᠡᠨ ᠦᠷᠡᠵᠢᠭᠦᠯᠬᠦ᠌ ᠲᠤᠰᠭᠠᠢ ᠬᠤᠷᠱᠢᠶ᠎ᠠ ᠴᠤ᠌ 39 ᠪᠤᠢ᠃ ᠪᠦᠬᠦ᠌ ᠬᠤᠱᠢᠭᠤᠨ᠎ᠤ ᠮᠠᠯᠴᠢᠨ ᠲᠠᠷᠢᠶᠠᠴᠢᠨ 3333 ᠡᠷᠦᠬᠡ᠎ᠶ᠋ᠢᠨ 10282 ᠬᠦᠮᠦᠨ ᠪᠠᠢᠵᠤ᠂ ᠡᠭᠦᠨ᠎ᠳᠤ ᠲᠡᠮᠡᠭᠡ ᠲᠡᠵᠢᠭᠡᠨ ᠠᠷᠠᠴᠢᠯᠠᠬᠤ 811 ᠡᠷᠦᠬᠡ᠂ ᠶᠡᠭᠡ ᠬᠡᠪᠴᠢᠶ᠎ᠡ᠎ᠪᠠᠷ ᠲᠡᠮᠡᠭᠡ ᠲᠡᠵᠢᠭᠡᠨ ᠦᠷᠡᠵᠢᠭᠦᠯᠬᠦ᠌ 594 ᠡᠷᠦᠬᠡ᠂ ᠢᠩᠭᠡ ᠰᠠᠭᠠᠵᠤ ᠪᠠᠢᠭ᠎ᠠ 347 ᠡᠷᠦᠬᠡ᠂ ᠲᠡᠮᠡᠭᠡᠨ᠎ᠤ ᠠᠵᠤ ᠦᠢᠯᠡᠰ ᠡᠷᠬᠢᠯᠡᠵᠤ ᠪᠠᠢᠭ᠎ᠠ ᠮᠠᠯᠴᠢᠨ ᠲᠠᠷᠢᠶᠠᠴᠢᠨ 2400 ᠭᠠᠷᠤᠢ ᠬᠦᠮᠦᠨ ᠪᠠᠢᠵᠤ᠂ ᠲᠡᠮᠡᠭᠡ ᠲᠡᠵᠢᠭᠡᠵᠤ ᠪᠠᠢᠭ᠎ᠠ ᠡᠷᠦᠬᠡ᠎ᠶ᠋ᠢᠨ ᠳᠤᠮᠳᠠᠴᠢ ᠨᠡᠮᠡᠭ᠌ᠳᠡᠭ᠌ᠰᠡᠨ ᠤᠷᠤᠯᠭ᠎ᠠ 2 ᠲᠦᠮᠡᠨ ᠲᠦᠭᠦᠷᠢᠭ᠎ᠢ ᠳᠠᠪᠠᠵᠤ᠂ ᠪᠦᠬᠦ᠌ ᠬᠤᠱᠢᠭᠤᠨ᠎ᠤ ᠵᠢᠯ᠎ᠤᠨ ᠪᠦᠲᠦᠭᠡᠵᠤ ᠪᠠᠢᠭ᠎ᠠ ᠲᠡᠮᠡᠭᠡᠨ᠎ᠤ ᠠᠵᠤ ᠦᠢᠯᠡᠰ᠎ᠤᠨ ᠦᠷᠳᠡᠭ ᠳ᠋ᠦᠩᠱᠢᠭᠤᠷ ᠲᠦᠭᠦᠷᠢᠭ᠎ᠠᠴᠠ ᠳᠠᠪᠠᠵᠤ᠂ ᠪᠦᠬᠦ᠌ ᠬᠤᠱᠢᠭᠤᠨ᠎ᠤ 7 ᠰᠤᠮᠤ ᠪᠠᠯᠭᠠᠰᠤ᠎ᠶ᠋ᠢᠨ ᠲᠡᠮᠡᠭᠡ ᠳᠠᠭᠠᠭᠠᠴᠢᠯᠠᠨ ᠲᠡᠵᠢᠭᠡᠬᠦ᠌ ᠰᠠᠭᠤᠷᠢᠨ᠎ᠨᠢ 131 ᠶᠠᠳᠠᠭᠤ ᠬᠦᠴᠢᠷᠳᠡᠯᠳᠡᠢ ᠡᠷᠦᠬᠡ᠎ᠶ᠋ᠢᠨ 300 ᠬᠦᠮᠦᠨ᠎ᠢ ᠳᠠᠭᠠᠭᠤᠯᠵᠤ᠂ ᠠᠵᠤ ᠦᠢᠯᠡᠰ᠎ᠢᠶᠠᠷ ᠠᠷᠠᠳ᠎ᠢ ᠪᠠᠶᠠᠵᠢᠭᠤᠯᠤᠭ᠍ᠰᠠᠨ ᠦᠷ᠎ᠡ ᠠᠱᠢᠭ ᠢᠯᠡᠷᠬᠡᠢ ᠪᠠᠢᠨ᠎ᠠ᠃
ᠲᠡᠦᠬᠡᠨ ᠮᠦᠷ᠎ᠲᠠᠢ ᠲᠤᠷᠭᠠᠨ ᠵᠢᠭᠤᠯᠴᠢᠯᠠᠯ
ᠠᠯᠠᠱᠠ ᠪᠠᠷᠠᠭᠤᠨ ᠬᠤᠱᠢᠭᠤᠨ᠎ᠳᠤ ᠪᠠᠳᠠᠢ᠎ᠶ᠋ᠢᠨ ᠵᠢᠷᠠᠨ᠎ᠤ ᠡᠯᠡᠰᠦᠨ ᠴᠦᠯ᠂ ᠮᠠᠨᠳᠤᠯ ᠠᠭᠤᠯᠠᠨ᠎ᠤ ᠬᠠᠳᠠᠨ ᠵᠢᠷᠤᠭ᠂ ᠬᠠᠴᠢᠨ ᠴᠢᠯᠠᠭᠤᠨ᠎ᠤ ᠤᠢ᠂ ᠡᠷᠪᠡᠬᠡᠢ᠎ᠶ᠋ᠢᠨ ᠬᠠᠪᠴᠢᠯ ᠵᠡᠷᠭᠡ ᠦᠪᠡᠷᠮᠢᠴᠡ ᠤᠨᠴᠠᠯᠢᠭ᠎ᠲᠠᠢ ᠭᠤᠢᠳᠠ ᠰᠠᠢᠬᠠᠨ ᠦᠵᠡᠮᠵᠢ᠎ᠶ᠋ᠢᠨ ᠤᠷᠤᠨ ᠪᠠᠢᠳᠠᠭ᠃ ᠤᠨᠴᠠᠭᠠᠢᠯᠠᠨ ᠪᠠᠳᠠᠢ᠎ᠶ᠋ᠢᠨ ᠵᠢᠷᠠᠨ᠎ᠤ ᠡᠯᠡᠰᠦᠨ ᠴᠦᠯ᠎ᠨᠢ ᠬᠠᠴᠢᠨ ᠤᠷᠬᠢᠯ᠂ ᠪᠦᠷᠢᠶ᠎ᠡ ᠡᠯᠡᠰᠦ᠂ ᠨᠠᠭᠤᠷ᠂ ᠡᠷᠳᠡᠨᠢ᠎ᠶ᠋ᠢᠨ ᠪᠤᠯᠠᠭ᠂ ᠡᠷᠳᠡᠨ᠎ᠤ ᠰᠦᠮ᠎ᠡ ᠵᠡᠷᠭᠡ ᠳᠠᠪᠤᠨ ᠭᠠᠢᠬᠠᠮᠱᠢᠬ᠍ᠳᠤ ᠦᠵᠡᠮᠵᠢ᠎ᠪᠠᠷ᠎ᠢᠶᠠᠨ ᠠᠯᠳᠠᠷᠱᠢᠵᠤ᠂ 《ᠳᠤᠮᠳᠠᠳᠤ ᠤᠯᠤᠰ᠎ᠤᠨ ᠬᠠᠮᠤᠭ᠎ᠤᠨ ᠰᠠᠢᠬᠠᠨ ᠡᠯᠡᠰᠦᠨ ᠴᠦᠯ》 ᠬᠡᠮᠡᠭ᠌ᠳᠡᠵᠤ᠂ ᠤᠯᠠᠨ᠎ᠳᠤ ᠮᠡᠳᠡᠷᠡᠭ᠌ᠳᠡᠭ᠌ᠰᠡᠨ 《ᠭᠠᠳᠠᠭᠠᠳᠤᠶ᠋ᠢᠨᠬᠢᠨᠤ ᠬᠠᠮᠤᠭ᠎ᠠᠴᠠ ᠵᠢᠭᠤᠯᠴᠢᠯᠠᠬᠤ ᠦᠷᠳᠡᠭ ᠪᠦᠬᠦᠢ 50 ᠭᠠᠵᠠᠷ᠎ᠤᠨ ᠨᠢᠭᠡ》 ᠪᠠ 《30 ᠪᠠᠷᠳᠠᠭ᠎ᠠ ᠱᠢᠨᠵᠢᠯᠡᠬᠦ᠌ ᠦᠷᠳᠡᠭ᠎ᠲᠠᠢ ᠭᠠᠵᠠᠷ᠎ᠤᠨ ᠨᠢᠭᠡ》 ᠪᠤᠯᠤᠨ᠎ᠠ᠃
ᠤᠢ᠍ᠢᠷ᠎ᠠ᠎ᠶ᠋ᠢᠨ ᠵᠢᠯ᠎ᠠᠴᠠ ᠠᠯᠠᠱᠠ ᠪᠠᠷᠠᠭᠤᠨ ᠬᠤᠱᠢᠭᠤ ᠰᠤᠶᠤᠯ ᠵᠢᠭᠤᠯᠴᠢᠯᠠᠯ᠎ᠤᠨ ᠠᠵᠤ ᠦᠢᠯᠡᠰ᠎ᠢ ᠬᠦᠭ᠌ᠵᠢᠭᠦᠯᠬᠦ᠌᠎ᠶ᠋ᠢ ᠬᠤᠱᠢᠭᠤᠨ᠎ᠤ ᠠᠵᠤ ᠠᠬᠤᠢ᠎ᠶ᠋ᠢᠨ ᠭᠤᠤᠯ ᠬᠦᠴᠦᠨ ᠪᠤᠯᠭᠠᠵᠤ᠂ ᠰᠤᠶᠤᠯ ᠵᠢᠭᠤᠯᠴᠢᠯᠠᠯ᠎ᠤᠨ ᠠᠵᠤ ᠦᠢᠯᠡᠰ᠎ᠤᠨ ᠬᠦᠭ᠌ᠵᠢᠯᠳᠡ᠎ᠶ᠋ᠢᠨ ᠲᠦᠯᠦᠪᠯᠡᠭᠡ ᠪᠤᠯᠤᠨ ᠵᠢᠭᠤᠯᠴᠢᠯᠠᠯ᠎ᠤᠨ ᠦᠵᠡᠮᠵᠢ᠎ᠶ᠋ᠢᠨ ᠤᠷᠤᠨ᠎ᠤ ᠪᠦᠲᠦᠭᠡᠨ ᠪᠠᠢᠭᠤᠯᠤᠯᠳᠠ᠎ᠶ᠋ᠢᠨ ᠬᠦᠴᠦᠯᠡᠴᠡ᠎ᠪᠠᠨ ᠨᠡᠮᠡᠭ᠌ᠳᠡᠭᠦᠯᠵᠤ᠂ ᠦᠵᠡᠮᠵᠢ᠎ᠶ᠋ᠢᠨ ᠤᠷᠤᠨ᠎ᠤ ᠵᠢᠭᠤᠯᠴᠢᠯᠠᠯ᠎ᠢ ᠪᠦᠬᠦ᠌ ᠤᠷᠤᠨ ᠬᠡᠪᠴᠢᠶᠡᠨ᠎ᠤ ᠵᠢᠭᠤᠯᠴᠢᠯᠠᠯ ᠳᠡᠢᠰᠢ ᠬᠤᠪᠢᠷᠠᠭᠤᠯᠬᠤ᠎ᠶ᠋ᠢ ᠠᠭᠢᠭᠤᠯᠵᠤ᠂ 《ᠶᠡᠭᠡ ᠦᠵᠡᠮᠵᠢ᠎ᠶ᠋ᠢᠨ ᠤᠷᠤᠨ᠎ᠤ ᠳᠡᠯᠡᠬᠡᠢ᠎ᠶ᠋ᠢᠨ ᠨᠡᠷ᠎ᠡ ᠨᠦᠯᠦᠭᠡ᠎ᠲᠠᠢ᠂ ᠪᠠᠭ᠎ᠠ ᠦᠵᠡᠮᠵᠢ᠎ᠶ᠋ᠢᠨ ᠤᠷᠤᠨ᠎ᠤ ᠦᠪᠡᠷᠮᠢᠴᠡ ᠤᠨᠴᠠᠯᠢᠭ ᠳᠤᠳᠤ》 ᠪᠠᠢᠬᠤ ᠠᠮᠢᠳᠤᠯᠢᠭ ᠪᠠᠢᠳᠠᠯ᠎ᠢ ᠪᠤᠢ ᠪᠤᠯᠭᠠᠵᠤ᠂ ᠠᠩᠬ᠎ᠠ ᠠᠯᠬᠤᠮ᠎ᠳᠤ 《1+6+N》 ᠶ᠋ᠢᠨ ᠪᠦᠬᠦ᠌ ᠤᠷᠤᠨ ᠬᠡᠪᠴᠢᠶᠡᠨ᠎ᠤ ᠵᠢᠭᠤᠯᠴᠢᠯᠠᠯ᠎ᠤᠨ ᠬᠦᠭ᠌ᠵᠢᠯᠳᠡ᠎ᠶ᠋ᠢᠨ ᠪᠠᠢᠳᠠᠯ᠎ᠢ ᠪᠦᠷᠢᠯᠳᠦᠭᠦᠯᠵᠦ᠍᠂ 2019 ᠤᠨ᠎ᠤ ᠪᠦᠬᠦ᠌ ᠵᠢᠯ᠎ᠤᠨ ᠬᠦᠯᠢᠶᠡᠨ ᠠᠪᠤᠬ᠍ᠰᠠᠨ ᠵᠢᠭᠤᠯᠴᠢᠯᠠᠬ᠍ᠰᠠᠳ 200 ᠲᠦᠮᠡᠨ ᠬᠦᠮᠦᠨ ᠤᠳᠠᠭ᠎ᠠ᠎ᠳᠤ ᠬᠦᠷᠴᠦ᠍᠂ ᠠᠳᠠᠯᠢ ᠬᠤᠭᠤᠴᠠᠭᠠᠨ᠎ᠤ᠎ᠬᠢ᠎ᠠᠴᠠ 25.5% ᠪᠠᠷ ᠨᠡᠮᠡᠭ᠌ᠳᠡᠵᠤ᠂ ᠵᠢᠭᠤᠯᠴᠢᠯᠠᠯ᠎ᠤᠨ ᠶᠡᠷᠦᠩᠬᠡᠢ ᠤᠷᠤᠯᠭ᠎ᠠ 22 ᠳ᠋ᠦᠩᠱᠢᠭᠤᠷ ᠲᠦᠭᠦᠷᠢᠭ᠎ᠢ ᠪᠡᠶᠡᠯᠡᠭᠦᠯᠵᠤ᠂ ᠠᠳᠠᠯᠢ ᠬᠤᠭᠤᠴᠠᠭᠠᠨ᠎ᠤ᠎ᠬᠢ᠎ᠠᠴᠠ᠎ᠪᠠᠨ 24% ᠪᠠᠷ ᠨᠡᠮᠡᠭ᠌ᠳᠡᠪᠡ᠃ ᠵᠢᠭᠤᠯᠴᠢᠯᠠᠯ᠎ᠤᠨ ᠠᠵᠢᠯᠳᠠᠨ᠎ᠤ ᠲᠤᠭ᠎ᠠ 3000 ᠭᠠᠷᠤᠢ ᠬᠦᠮᠦᠨ᠎ᠳᠤ ᠬᠦᠷᠴᠦ᠍᠂ ᠵᠢᠯ᠎ᠤᠨ ᠤᠷᠤᠯᠭ᠎ᠠ᠎ᠨᠢ ᠳᠤᠮᠳᠠᠴᠢ᠎ᠪᠠᠷ 3000 ᠭᠠᠷᠤᠢ ᠲᠦᠭᠦᠷᠢᠭ ᠨᠡᠮᠡᠭ᠌ᠳᠡᠪᠡ᠃
ᠤᠳᠤᠬᠠᠨ᠎ᠳᠤ ᠠᠯᠠᠱᠠ ᠪᠠᠷᠠᠭᠤᠨ ᠬᠤᠱᠢᠭᠤ 《ᠠᠯᠠᠱᠠ᠎ᠶ᠋ᠢᠨ ᠨᠢᠭᠤᠴᠠ᠎ᠶ᠋ᠢ ᠬᠠᠢᠬᠤ》᠂ 《ᠤᠮᠠᠷᠠᠳᠤ᠎ᠶ᠋ᠢᠨ ᠳᠤᠷᠭᠠᠨ ᠵᠠᠮ᠎ᠤᠨ ᠬᠠᠢᠨ ᠰᠦᠪᠡᠭ᠌ᠴᠢᠯᠡᠯᠳᠡ》 ᠪᠤᠯᠤᠨ 《ᠦᠵᠡᠰᠭᠦᠯᠡᠩᠳᠦ ᠰᠠᠢᠬᠠᠨ ᠪᠠᠳᠠᠢ᠎ᠶ᠋ᠢᠨ ᠵᠢᠷᠠᠨ》 ᠵᠡᠷᠭᠡ 3 ᠵᠤᠷᠪᠤᠰ ᠬᠤᠱᠢᠭᠤᠨ᠎ᠤ ᠳᠤᠳᠤᠨ᠎ᠠ ᠭᠠᠳᠠᠨᠠᠬᠢ ᠵᠢᠭᠤᠯᠴᠢᠯᠠᠯ᠎ᠤᠨ ᠱᠤᠭᠤᠮ ᠭᠠᠷᠭᠠᠨ ᠬᠠᠰᠢ᠎ᠶ᠋ᠢᠨ ᠬᠤᠩᠬᠢᠯ᠂ ᠱᠠᠨᠰᠢ᠂ ᠭᠠᠨᠰᠦ᠂ ᠨᠢᠩᠱᠢᠶᠠ᠂ ᠬᠦᠬᠡᠨᠠᠭᠤᠷ ᠵᠡᠷᠭᠡ ᠭᠠᠵᠠᠷ᠎ᠤᠨ ᠰᠤᠳᠤᠨ ᠵᠢᠭᠤᠯᠴᠢᠯᠠᠯ᠎ᠤᠨ ᠱᠤᠭᠤᠮ᠎ᠲᠠᠢ ᠬᠤᠯᠪᠤᠵᠤ᠂ ᠳᠡᠭᠡᠳᠦ ᠪᠠᠷᠢᠮᠵᠢᠶ᠎ᠠ᠎ᠪᠠᠷ ᠡᠬᠢᠨᠬᠤᠳᠳᠤᠭ ᠭᠠᠴᠠᠭᠠᠨ᠎ᠤ 《ᠲᠠᠷᠢᠶᠠᠴᠢᠨ ᠠᠢᠯ᠎ᠤᠨ ᠵᠢᠭᠤᠯᠴᠢᠯᠠᠯ》᠂ ᠶᠠᠪᠠᠷᠠᠢ ᠪᠠᠯᠭᠠᠰᠤᠨ᠎ᠤ 《ᠭᠤᠪᠢ᠎ᠶ᠋ᠢᠨ ᠠᠢᠯ》 ᠵᠡᠷᠭᠡ 13 ᠲᠦᠪᠯᠡᠷᠡᠩᠭᠦᠢ ᠤᠷᠤᠨ᠂ ᠢᠵᠢ ᠪᠦᠷᠢᠳᠦᠭᠦᠯᠦᠭ᠌ᠰᠡᠨ ᠵᠢᠭᠤᠯᠴᠢᠯᠠᠬ᠍ᠰᠠᠳ᠎ᠤᠨ ᠦᠢᠯᠡᠴᠢᠯᠡᠭᠡᠨ᠎ᠤ ᠲᠦᠪ 9᠂ ᠲᠡᠷᠭᠡ᠎ᠪᠠᠷ᠎ᠢᠶᠠᠨ ᠠᠶᠠᠯᠠᠬᠤ ᠵᠢᠭᠤᠯᠴᠢᠯᠠᠬ᠍ᠰᠠᠳ᠎ᠤᠨ ᠬᠤᠸᠠᠷᠠᠨ 4᠂ 《ᠭᠤᠪᠢ᠎ᠶ᠋ᠢᠨ ᠠᠢᠯ ᠵᠢᠭᠤᠯᠴᠢᠯᠠᠬ᠍ᠰᠠᠳ᠎ᠤᠨ ᠦᠷᠳᠡᠭᠡ》 39᠂ ᠬᠦᠳᠡᠭᠡ ᠲᠤᠰᠭᠤᠨ᠎ᠤ ᠵᠢᠭᠤᠯᠴᠢᠯᠠᠯ᠎ᠤᠨ ᠬᠦᠯᠢᠶᠡᠨ ᠠᠪᠬᠤ ᠡᠷᠦᠬᠡ 120 ᠶ᠋ᠢ ᠪᠠᠢᠭᠤᠯᠪᠠ᠃
ᠠᠯᠠᠱᠠ ᠪᠠᠷᠠᠭᠤᠨ ᠬᠤᠱᠢᠭᠤ ᠢᠩᠬᠢᠭᠡᠳ ᠪᠦᠬᠦ᠌ ᠤᠷᠤᠨ᠎ᠤ ᠮᠠᠯᠵᠢᠬᠤ ᠲᠠᠷᠢᠶᠠᠯᠠᠬᠤ ᠤᠷᠤᠨ᠎ᠤ ᠬᠦᠮᠦᠰ᠎ᠤᠨ ᠤᠷᠤᠱᠢᠨ ᠰᠠᠭᠤᠷᠢᠱᠢᠬᠤ ᠤᠷᠴᠢᠨ ᠲᠤᠭᠤᠷᠢᠨ᠎ᠤ ᠶᠡᠷᠦᠩᠬᠡᠢ ᠵᠠᠰᠠᠯᠳᠠ᠎ᠶ᠋ᠢᠨ 《ᠠᠷᠪᠠᠨ ᠱᠢᠶᠠᠨ ᠵᠠᠭᠤᠨ ᠱᠢᠶᠠᠩ ᠮᠢᠩᠭᠠᠨ ᠲᠤᠰᠭᠤᠨ》 ᠤ ᠪᠦᠲᠦᠭᠡᠨ ᠪᠠᠢᠭᠤᠯᠤᠯᠳᠠ᠎ᠶ᠋ᠢᠨ ᠵᠢᠱ᠌ᠢᠶ᠎ᠠ ᠦᠵᠡᠭᠦᠯᠬᠦ᠌ ᠬᠤᠱᠢᠭᠤ᠎ᠪᠠᠷ ᠳᠤᠬ᠍ᠳᠠᠭᠠᠬ᠍ᠳᠠᠵᠤ᠂ 2 ᠭᠠᠴᠠᠭ᠎ᠠ᠎ᠨᠢ ᠪᠠᠰᠠ 《ᠭᠤᠷᠪᠠᠳᠤᠭᠠᠷ ᠪᠦᠯᠦᠭ ᠳᠤᠮᠳᠠᠳᠤ ᠤᠯᠤᠰ᠎ᠤᠨ ᠴᠦᠭᠡᠨ ᠲᠤᠭᠠᠳᠤ ᠦᠨᠳᠦᠰᠦᠳᠡᠨ᠎ᠤ ᠤᠨᠴᠠᠯᠢᠬ᠍ᠳᠤ ᠲᠤᠰᠭᠤᠨ》 ᠢᠶᠠᠷ ᠨᠡᠷᠡᠢᠳᠦᠭ᠌ᠲᠡᠭ᠌ᠰᠡᠨ ᠪᠠᠢᠨ᠎ᠠ᠃