ᠤᠯᠠᠭᠠᠨᠴᠠᠪ ᠬᠤᠳᠠ᠎ᠶ᠋ᠢᠨ ᠵᠦᠸᠧᠽᠢ ᠱᠢᠶᠠᠨ᠎ᠤ ᠵᠢᠷᠭᠤᠳᠤᠭᠠᠷ ᠰᠤᠮᠤ ᠭᠤᠣᠯ᠎ᠤᠨ ᠭᠤᠣᠯ᠎ᠤᠨ ᠵᠠᠮ ᠬᠦᠭ᠌ᠯᠡᠷᠡᠵᠦ᠍ ᠭᠤᠣᠯ ᠮᠦᠷᠡᠨ᠎ᠤ ᠳᠠᠷᠤᠭ᠎ᠠ᠎ᠶ᠋ᠢᠨ ᠳᠦᠷᠢᠮ᠎ᠢ ᠨᠡᠷ᠎ᠡ᠎ᠶ᠋ᠢᠨ ᠲᠡᠳᠦᠢ ᠪᠣᠯᠵᠠᠢ
2020-10-04 10:48:42
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠤᠢᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠨᠢᠭᠡᠳᠦᠭᠡᠷ ᠠᠮᠢ ᠠᠬᠤᠶ ᠣᠷᠴᠢᠨ ᠲᠣᠭᠤᠷᠢᠨ᠎ᠤ ᠬᠠᠮᠠᠭᠠᠯᠠᠯᠲᠠ᠎ᠶ᠋ᠢᠨ ᠱᠠᠯᠠᠪᠳᠠᠭᠤᠯᠤᠨ ᠪᠠᠢᠴᠠᠭᠠᠬᠤ ᠳᠤᠭᠤᠢᠯᠠᠩ ᠤᠯᠠᠭᠠᠨᠴᠠᠪ ᠬᠤᠲᠠ᠎ᠳᠤ ᠠᠮᠢ ᠠᠬᠤᠶ ᠣᠷᠴᠢᠨ ᠲᠣᠭᠤᠷᠢᠨ᠎ᠤ ᠬᠠᠮᠠᠭᠠᠯᠠᠯᠲᠠ᠎ᠶ᠋ᠢᠨ ᠱᠠᠯᠠᠪᠳᠠᠭᠤᠯᠤᠨ ᠪᠠᠢᠴᠠᠭᠠᠯᠲᠠ ᠥᠷᠨᠢᠭᠦᠯᠬᠦ᠌᠎ᠳᠡᠭᠡᠨ ᠵᠦᠸᠧᠽᠢ ᠱᠢᠶᠠᠨ᠎ᠤ ᠵᠢᠷᠭᠤᠳᠤᠭᠠᠷ ᠰᠤᠮᠤ ᠭᠤᠤᠯ᠎ᠤᠨ ᠭᠤᠤᠯ᠎ᠤᠨ ᠵᠠᠮ ᠬᠦᠭ᠌ᠯᠡᠷᠡᠵᠦ᠍᠂ ᠭᠤᠣᠯ ᠮᠥᠷᠡᠨ᠎ᠤ ᠳᠠᠷᠤᠭ᠎ᠠ᠎ᠶ᠋ᠢᠨ ᠳᠦᠷᠢᠮ᠎ᠨᠢ ᠨᠡᠷ᠎ᠠ᠎ᠶ᠋ᠢᠨ ᠲᠡᠳᠦᠢ ᠪᠤᠯᠤᠭ᠍ᠰᠠᠨ ᠪᠠᠢᠳᠠᠯ᠎ᠢ ᠢᠯᠡᠷᠡᠭᠦᠯᠵᠡᠶ᠃

ᠨᠢᠭᠡ᠂ ᠦᠨᠳᠦᠰᠦᠨ ᠪᠠᠢᠳᠠᠯ

ᠤᠯᠠᠭᠠᠨᠴᠠᠪ ᠬᠤᠲᠠ᠎ᠶ᠋ᠢᠨ ᠵᠦᠸᠧᠽᠢ ᠱᠢᠶᠠᠨ᠎ᠤ ᠵᠢᠷᠭᠤᠳᠤᠭᠠᠷ ᠰᠤᠮᠤ ᠭᠤᠤᠯ ᠪᠣᠯ ᠶᠡᠭᠡ ᠲᠦᠷᠭᠡᠨ ᠭᠤᠤᠯ᠎ᠤᠨ ᠨᠢᠭᠡᠳᠦᠭᠡᠷ ᠳᠡᠰ᠎ᠤᠨ ᠰᠠᠯᠪᠤᠷᠢ ᠤᠷᠤᠰᠭᠠᠯ᠎ᠤᠨ ᠭᠤᠤᠯ ᠪᠤᠯᠬᠤ ᠽᠢ ᠱᠠᠩ ᠾᠧ ᠭᠤᠤᠯ᠎ᠤᠨ ᠲᠤᠤᠷᠠᠳᠤ ᠤᠷᠤᠰᠭᠠᠯ᠎ᠤᠨ ᠬᠡᠰᠡᠭ ᠪᠣᠯᠤᠨ᠎ᠠ᠃ ᠪᠦᠬᠦ᠌ ᠣᠷᠳᠣ᠎ᠨᠢ 6.5 ᠺᠢᠯᠣᠮᠧᠲᠷ᠂ ᠰᠠᠪᠠ ᠭᠠᠵᠠᠷ᠎ᠤᠨ ᠲᠠᠯᠠᠪᠠᠶ᠎ᠨᠢ 157 ᠲᠡᠭ᠌ᠰᠢ ᠳᠥᠷᠪᠡᠯᠵᠢᠨ ᠺᠢᠯᠣᠮᠧᠲᠷ᠃ ᠱᠠᠯᠠᠪᠳᠠᠭᠤᠯᠤᠨ ᠪᠠᠢᠴᠠᠭᠠᠭ᠍ᠰᠠᠨ᠎ᠤ ᠳ᠋ᠦᠩ᠎ᠳᠤ᠂ ᠵᠦᠸᠧᠽᠢ ᠱᠢᠶᠠᠨ᠎ᠤ ᠤᠤᠭᠤᠬᠤ ᠤᠰᠤᠨ ᠰᠤᠷᠪᠤᠯᠵᠢ᠎ᠶ᠋ᠢᠨ ᠣᠷᠣᠨ᠎ᠤ ᠬᠤᠶᠠᠳᠤᠭᠠᠷ ᠳᠡᠰ᠎ᠤᠨ ᠬᠠᠮᠠᠭᠠᠯᠠᠯᠲᠠ᠎ᠶ᠋ᠢᠨ ᠣᠷᠣᠨ᠎ᠳᠤ ᠪᠠᠢᠭ᠎ᠠ G6 ᠲᠦᠷᠭᠡᠨ᠎ᠤ ᠵᠠᠮ᠎ᠤᠨ ᠵᠢᠷᠭᠤᠳᠤᠭᠠᠷ ᠰᠤᠮᠤ ᠭᠤᠤᠯ᠎ᠤᠨ ᠵᠠᠰᠠᠮᠠᠯ ᠵᠠᠮ᠎ᠤᠨ ᠬᠥᠭᠦᠷᠭᠡ᠎ᠶ᠋ᠢᠨ ᠲᠤᠤᠷᠠᠬᠢ ᠭᠤᠤᠯ᠎ᠤᠨ ᠭᠤᠯᠳᠤᠷᠢᠯ ᠳᠡᠭᠡᠷ᠎ᠡ ᠠᠮᠢᠳᠤᠷᠠᠯ᠎ᠤᠨ ᠬᠤᠭ ᠨᠣᠪᠰᠢ᠂ ᠪᠠᠷᠢᠯᠭ᠎ᠠ᠎ᠶ᠋ᠢᠨ ᠬᠤᠭ ᠨᠣᠪᠰᠢ᠎ᠶ᠋ᠢ ᠡᠷᠦᠶ ᠬᠤᠷᠤᠶ ᠦᠭᠡᠶ ᠠᠰᠭᠠᠵᠤ ᠬᠠᠶᠠᠵᠠᠶ᠃ ᠭᠤᠣᠯ᠎ᠤᠨ ᠤᠰᠤ ᠬᠤᠭ ᠨᠣᠪᠰᠢ᠎ᠶ᠋ᠢᠨ ᠪᠦᠰᠡ᠎ᠪᠠᠷ ᠤᠷᠤᠰᠤᠨ ᠥᠩᠭᠡᠷᠡᠭᠡᠳ ᠭᠤᠤᠯ ᠮᠥᠷᠡᠨ᠎ᠤ ᠤᠰᠤᠨ᠎ᠤ ᠴᠢᠨᠠᠷ᠎ᠢ ᠪᠣᠬᠢᠷᠲᠤᠭᠤᠯᠵᠤ᠂ ᠰᠠᠭᠤᠭᠠᠯᠢ ᠠᠷᠠᠳ᠎ᠤᠨ ᠤᠤᠭᠤᠬᠤ ᠤᠰᠤᠨ᠎ᠤ ᠠᠮᠤᠷ ᠲᠦᠪᠱᠢᠨ᠎ᠢ ᠰᠦᠷᠳᠡᠭᠦᠯᠵᠦ᠍ ᠪᠠᠢᠬᠤ᠎ᠶ᠋ᠢ ᠤᠯᠵᠦ᠍ ᠮᠡᠳᠡᠵᠡᠢ᠃

ᠬᠤᠶᠠᠷ᠂ ᠣᠷᠣᠱᠢᠵᠤ ᠪᠠᠢᠭ᠎ᠠ ᠠᠰᠠᠭᠤᠳᠠᠯ

(ᠨᠢᠭᠡ) ᠤᠰᠤᠨ᠎ᠤ ᠡᠬᠢ ᠰᠤᠷᠪᠤᠯᠵᠢ᠎ᠶ᠋ᠢᠨ ᠬᠠᠮᠠᠭᠠᠯᠠᠯᠲᠠ᠎ᠶ᠋ᠢᠨ ᠣᠷᠣᠨ᠎ᠤ ᠭᠤᠤᠯ᠎ᠤᠨ ᠵᠠᠮ᠎ᠤᠨ ᠨᠢᠭᠤᠭ᠍ᠳᠠᠮᠠᠯ ᠬᠤᠭ ᠨᠣᠪᠰᠢ᠎ᠶ᠋ᠢᠨ ᠪᠦᠰᠡ

ᠱᠠᠯᠠᠪᠳᠠᠭᠤᠯᠤᠨ ᠪᠠᠢᠴᠠᠭᠠᠭ᠍ᠰᠠᠨ᠎ᠤ ᠳ᠋ᠦᠩ᠎ᠳᠤ᠂ G6 ᠲᠦᠷᠭᠡᠨ᠎ᠤ ᠵᠠᠰᠠᠮᠠᠯ ᠵᠠᠮ᠎ᠤᠨ ᠵᠢᠷᠭᠤᠳᠤᠭᠠᠷ ᠰᠤᠮᠤ᠎ᠶ᠋ᠢᠨ ᠵᠠᠰᠠᠮᠠᠯ ᠵᠠᠮ᠎ᠤᠨ ᠬᠥᠭᠦᠷᠭᠡᠨ ᠳᠣᠤᠷᠠᠬᠢ ᠭᠤᠤᠯ᠎ᠤᠨ ᠭᠤᠯᠳᠤᠷᠢᠯ ᠳᠡᠭᠡᠷ᠎ᠡ ᠠᠮᠢᠳᠤᠷᠠᠯ᠎ᠤᠨ ᠬᠤᠭ ᠨᠣᠪᠰᠢ᠂ ᠪᠠᠷᠢᠯᠭ᠎ᠠ᠎ᠶ᠋ᠢᠨ ᠬᠤᠭ ᠨᠣᠪᠰᠢ ᠬᠤᠯᠢᠯᠳᠤᠨ ᠣᠪᠣᠭᠠᠷᠠᠵᠤ᠂ ᠤᠷᠳᠤ᠎ᠨᠢ ᠪᠠᠷᠤᠭ 160 ᠮᠧᠲᠷ᠂ ᠥᠷᠭᠡᠨ᠎ᠨᠢ ᠪᠠᠷᠤᠭ 40 ᠮᠧᠲᠷ᠂ ᠬᠠᠮᠤᠭ᠎ᠤᠨ ᠥᠨᠳᠥᠷ᠎ᠲᠡᠭᠡᠨ 2 ᠮᠧᠲᠷ᠎ᠤᠨ ᠬᠤᠭ ᠨᠣᠪᠰᠢ᠎ᠶ᠋ᠢᠨ ᠪᠦᠰᠡ ᠨᠢᠭᠤᠭ᠍ᠳᠠᠵᠤ᠂ ᠭᠤᠤᠯ᠎ᠤᠨ ᠵᠠᠮ᠎ᠢ ᠡᠵᠡᠯᠡᠵᠦ᠍᠂ ᠭᠤᠤᠯ᠎ᠤᠨ ᠵᠠᠮ᠎ᠤᠨ ᠦᠶᠡᠷ ᠵᠠᠯᠠᠬᠤ ᠠᠮᠤᠷ ᠲᠦᠪᠱᠢᠨ᠎ᠢ ᠬᠦᠨᠳᠦ ᠨᠣᠴᠢᠲᠠᠶ ᠨᠥᠯᠥᠭᠡᠯᠡᠪᠡ᠃ ᠳᠣᠤᠷᠠᠳᠤ ᠤᠷᠤᠰᠭᠠᠯ᠎ᠤᠨ 400 ᠮᠧᠲᠷ᠎ᠤᠨ ᠭᠠᠵᠠᠷ ᠪᠣᠯ ᠵᠦᠸᠧᠽᠢ ᠱᠢᠶᠠᠨ᠎ᠤ ᠪᠠ ᠢ ᠲᠠᠨ ᠲᠥᠪᠯᠡᠷᠡᠩᠭᠦᠶ ᠮᠠᠶᠢᠭ᠎ᠤᠨ ᠤᠤᠭᠤᠬᠤ ᠤᠰᠤᠨ᠎ᠤ ᠰᠤᠷᠪᠤᠯᠵᠢ᠎ᠶ᠋ᠢᠨ ᠨᠢᠭᠡᠳᠦᠭᠡᠷ ᠳᠡᠰ᠎ᠤᠨ ᠬᠠᠮᠠᠭᠠᠯᠠᠯᠲᠠ᠎ᠶ᠋ᠢᠨ ᠣᠷᠣᠨ ᠪᠣᠯᠤᠨ᠎ᠠ᠃ ᠡᠯ᠎ᠡ ᠲᠥᠷᠥᠯ᠎ᠤᠨ ᠬᠤᠭ ᠨᠣᠪᠰᠢ ᠪᠣᠯᠤᠨ ᠪᠣᠬᠢᠷ ᠪᠣᠳᠠᠰ᠎ᠨᠢ ᠭᠤᠤᠯ᠎ᠤᠨ ᠤᠰᠤ᠎ᠶ᠋ᠢ᠎ᠲᠠᠭᠠᠨ ᠤᠷᠤᠰᠴᠤ᠌ ᠤᠰᠤᠨ᠎ᠤ ᠰᠤᠷᠪᠤᠯᠵᠢ᠎ᠶ᠋ᠢᠨ ᠬᠠᠮᠠᠭᠠᠯᠠᠯᠲᠠ᠎ᠶ᠋ᠢᠨ ᠣᠷᠣᠨ᠎ᠳᠤ ᠤᠷᠤᠵᠤ᠂ ᠭᠤᠤᠯ ᠮᠥᠷᠡᠨ᠎ᠤ ᠤᠰᠤᠨ᠎ᠤ ᠣᠷᠴᠢᠨ ᠲᠣᠭᠤᠷᠢᠨ ᠪᠠ ᠰᠠᠭᠤᠭᠠᠯᠢ ᠠᠷᠠᠳ᠎ᠤᠨ ᠤᠤᠭᠤᠬᠤ ᠤᠰᠤᠨ᠎ᠤ ᠠᠮᠤᠷ ᠲᠦᠪᠱᠢᠨ᠎ᠢ ᠰᠦᠷᠳᠡᠭᠦᠯᠵᠦ᠍ ᠪᠤᠢ᠃

(ᠬᠤᠶᠠᠷ) ᠭᠤᠤᠯ᠎ᠤᠨ ᠵᠠᠮ ᠨᠢᠲᠤᠯᠬᠤ ᠭᠠᠵᠠᠷ ᠪᠣᠯᠵᠤ ᠬᠤᠪᠢᠷᠠᠪᠠ

ᠲᠤᠬᠠᠶ᠎ᠶ᠋ᠢᠨ ᠲᠠᠯᠠᠪᠤᠷ᠎ᠲᠤ ᠪᠠᠢᠴᠠᠭᠠᠬᠤ ᠦᠶᠡᠰ᠂ ᠭᠤᠤᠯ᠎ᠤᠨ ᠵᠠᠮ᠎ᠤᠨ ᠤᠢ᠍ᠢᠷᠠᠯᠴᠠᠭ᠎ᠠ ᠮᠠᠯ ᠨᠢᠲᠤᠯᠬᠤ ᠡᠷᠦᠬᠡ ᠮᠠᠯ ᠨᠢᠲᠤᠯᠵᠤ᠂ ᠴᠢᠰᠤ ᠨᠥᠵᠢ᠎ᠶ᠋ᠢ᠎ᠨᠢ ᠱᠢᠭᠤᠳ ᠭᠤᠤᠯ᠎ᠳᠤ ᠤᠷᠤᠰᠭᠠᠨ᠂ ᠬᠤᠳᠣᠭᠤᠳᠣᠨ ᠠᠭᠤᠰᠤᠮᠠᠯ᠎ᠢ ᠭᠤᠣᠯ᠎ᠳᠤ ᠴᠢᠳᠭᠤᠭ᠍ᠰᠠᠨ᠂ ᠨᠢᠲᠤᠯᠤᠭ᠍ᠰᠠᠨ᠎ᠤ ᠳᠠᠷᠠᠭᠠᠬᠢ ᠬᠠᠶᠠᠭ᠍ᠳᠠᠮᠠᠯ ᠪᠣᠳᠠᠰ᠎ᠢ ᠭᠤᠣᠯ᠎ᠤᠨ ᠵᠠᠮ᠎ᠳᠤ ᠬᠠᠶᠠᠵᠤ ᠪᠠᠢᠯ᠎ᠠ᠃ ᠠᠬᠤᠶ ᠲᠠᠯᠠᠪᠠᠢ᠎ᠶ᠋ᠢᠨ ᠣᠷᠴᠢᠨ ᠲᠣᠭᠤᠷᠢᠨ ᠪᠤᠵᠠᠷ᠂ ᠵᠠᠮᠪᠠᠷᠠᠭ᠎ᠠ ᠦᠭᠡᠢ᠂ ᠮᠠᠯ ᠨᠢᠲᠤᠯᠬᠤ᠎ᠠᠴᠠ ᠪᠤᠯᠵᠦ᠍ ᠦᠯᠡᠳᠡᠭ᠌ᠰᠡᠨ ᠠᠮᠢᠲᠠᠨ᠎ᠤ ᠳᠣᠲᠣᠷ ᠡᠷᠬᠡᠲᠡᠨ ᠵᠡᠷᠭᠡ ᠬᠠᠶᠠᠭ᠍ᠳᠠᠮᠠᠯ ᠪᠣᠳᠠᠰ ᠭᠠᠵᠠᠷ ᠰᠠᠢ ᠦᠭᠡᠢ ᠬᠦᠭ᠌ᠯᠡᠷᠡᠬᠦ᠌᠎ᠨᠢ ᠠᠳᠡ ᠦᠷᠭᠦᠯᠵᠢ ᠨᠢᠲᠤᠯᠵᠤ ᠪᠠᠢᠭ᠎ᠠ᠎ᠶ᠋ᠢ ᠬᠠᠷᠠᠭᠤᠯᠤᠨ᠎ᠠ᠃ ᠡᠯ᠎ᠡ ᠵᠦᠶᠯ᠎ᠤᠨ ᠨᠢᠲᠤᠯᠭ᠎ᠠ᠎ᠠᠴᠠ ᠪᠤᠯᠵᠦ᠍ ᠡᠭᠦᠰᠦᠭ᠌ᠰᠡᠨ ᠬᠠᠶᠠᠭ᠍ᠳᠠᠮᠠᠯ ᠪᠣᠳᠠᠰ᠎ᠨᠢ ᠭᠤᠤᠯ ᠮᠥᠷᠡᠨ᠎ᠤ ᠤᠰᠤ᠎ᠶ᠋ᠢ᠎ᠲᠠᠭᠠᠨ ᠤᠷᠤᠭ᠍ᠰᠢᠯᠠᠵᠤ᠂ ᠭᠤᠤᠯ ᠮᠥᠷᠡᠨ᠎ᠤ ᠤᠰᠤᠨ᠎ᠤ ᠴᠢᠨᠠᠷ ᠪᠠ ᠰᠠᠭᠤᠭᠠᠯᠢ ᠠᠷᠠᠳ᠎ᠤᠨ ᠤᠤᠭᠤᠬᠤ ᠤᠰᠤᠨ᠎ᠤ ᠠᠮᠤᠷ ᠲᠦᠪᠱᠢᠨ᠎ᠳᠤ ᠰᠦᠷᠳᠡᠭᠦᠯᠦᠯ ᠤᠴᠠᠷᠠᠭᠤᠯᠵᠤ ᠪᠤᠢ᠃

(ᠭᠤᠷᠪᠠ) ᠭᠤᠤᠯ ᠮᠦᠷᠡᠨ᠎ᠤ ᠲᠠᠷᠤᠭ᠎ᠠ᠎ᠶ᠋ᠢᠨ ᠳᠦᠷᠢᠮ᠎ᠢ ᠪᠣᠳᠠᠲᠠᠶ᠎ᠳᠤ ᠨᠠᠢᠳᠠᠪᠤᠷᠢᠵᠢᠭᠤᠯᠤᠭ᠍ᠰᠠᠨ ᠦᠭᠡᠢ

ᠨᠢᠭᠡ᠎ᠳᠤ᠂ ᠡᠭᠦᠷᠭᠡ ᠬᠠᠷᠢᠭᠤᠴᠠᠯᠭ᠎ᠠ ᠲᠣᠳᠣᠷᠬᠠᠶ ᠦᠭᠡᠢ᠃ 2020 ᠣᠨ᠎ᠳᠤ ᠵᠦᠸᠧᠽᠢ ᠱᠢᠶᠠᠨ᠎ᠤ ᠭᠤᠤᠯ ᠮᠦᠷᠡᠨ᠎ᠤ ᠲᠠᠷᠤᠭ᠎ᠠ᠎ᠶ᠋ᠢᠨ ᠠᠯᠪᠠᠨ ᠭᠡᠷ᠎ᠠᠴᠠ 《ᠭᠤᠤᠯ ᠮᠦᠷᠡᠨ᠎ᠢ ᠴᠠᠭ᠍ᠳᠠᠨ ᠪᠠᠢᠴᠠᠭᠠᠬᠤ ᠡᠷᠴᠢᠮ ᠵᠢᠴᠢ ᠭᠤᠤᠯ ᠮᠥᠷᠡᠨ ᠨᠠᠭᠤᠷ ᠴᠥᠭᠦᠷᠥᠮ᠎ᠢ ᠴᠡᠪᠡᠷᠯᠡᠵᠦ᠍᠂ ᠳᠥᠷᠪᠡᠨ ᠡᠷᠦᠢ ᠬᠤᠷᠤᠢ ᠦᠭᠡᠶ᠎ᠶ᠋ᠢ ᠴᠡᠪᠡᠷᠯᠡᠬᠦ᠌᠎ᠶ᠋ᠢ ᠪᠠᠢᠩᠭᠤᠵᠢᠭᠤᠯᠬᠤ ᠲᠤᠬᠠᠶ ᠮᠡᠳᠡᠭ᠌ᠳᠡᠯ》 (ᠵᠦᠸᠧᠽᠢ ᠭᠤᠤᠯ ᠮᠦᠷᠡᠨ᠎ᠤ ᠳᠠᠷᠤᠭ᠎ᠠ᠎ᠶ᠋ᠢᠨ ᠠᠯᠪᠠᠨ ᠭᠡᠷ [202] 14 ᠳ᠋ᠦᠭᠡᠷ ᠲᠣᠭᠠᠲᠤ) ᠎ᠢ ᠳᠠᠷᠤᠮᠠᠯᠯᠠᠨ ᠲᠠᠷᠬᠠᠭᠠᠪᠠ᠃ ᠡᠯ᠎ᠡ ᠱᠠᠲᠤᠨ᠎ᠤ ᠭᠤᠣᠯ ᠮᠥᠷᠡᠨ᠎ᠤ ᠳᠠᠷᠤᠭ᠎ᠠ ᠭᠤᠣᠯ ᠮᠦᠷᠡᠨ᠎ᠢ ᠴᠠᠭ᠍ᠳᠠᠨ ᠪᠠᠢᠴᠠᠭᠠᠬᠤ ᠡᠷᠴᠢᠮ᠎ᠢᠶᠠᠨ ᠴᠢᠩᠭᠠᠷᠠᠭᠤᠯᠵᠤ᠂ 《ᠭᠤᠤᠯ ᠮᠥᠷᠡᠨ᠎ᠤ ᠬᠡᠰᠡᠭ᠎ᠲᠤ ᠳᠥᠷᠪᠡᠨ ᠡᠷᠦᠶ ᠬᠤᠷᠤᠶ ᠥᠬᠡᠶ ᠠᠰᠠᠭᠤᠳᠠᠯ (ᠳᠤᠷ᠎ᠠ᠎ᠪᠠᠷ᠎ᠢᠶᠠᠨ ᠡᠵᠡᠯᠡᠬᠦ᠂ ᠲᠤᠷ᠎ᠠ᠎ᠪᠠᠷ᠎ᠢᠶᠠᠨ ᠮᠠᠯᠲᠠᠬᠤ᠂ ᠳᠤᠷ᠎ᠠ᠎ᠪᠠᠷ᠎ᠢᠶᠠᠨ ᠣᠪᠣᠭᠠᠯᠠᠬᠤ᠂ ᠳᠤᠷ᠎ᠠ᠎ᠪᠠᠷ᠎ᠢᠶᠠᠨ ᠪᠠᠢᠭᠤᠯᠬᠤ) ᠪᠠᠢᠬᠤ ᠡᠰᠡᠬᠦ᠌᠎ᠶ᠋ᠢ ᠴᠠᠭ ᠲᠤᠬᠠᠶ᠎ᠳᠤᠨᠢ ᠬᠢᠨᠠᠨ ᠡᠵᠡᠮᠳᠡᠵᠦ᠍᠂ ᠭᠤᠤᠯ ᠮᠥᠷᠡᠨ ᠨᠠᠭᠤᠷ ᠴᠥᠭᠦᠷᠥᠮ᠎ᠤᠨ ᠳᠥᠷᠪᠡᠨ ᠡᠷᠦᠢ ᠬᠤᠷᠤᠢ ᠥᠬᠡᠶ ᠪᠠᠢᠬᠤ᠎ᠶ᠋ᠢ ᠴᠡᠪᠡᠷᠯᠡᠬᠦ᠌ ᠠᠵᠢᠯᠯᠠᠭ᠎ᠠ᠎ᠶ᠋ᠢ ᠬᠡᠷᠡᠭ᠌ᠵᠢᠭᠦᠯᠦᠨ᠎ᠡ᠃ ᠭᠡᠪᠡᠴᠦ᠍ ᠵᠢᠷᠭᠤᠳᠤᠭᠠᠷ ᠰᠤᠮᠤ ᠭᠤᠣᠯ᠎ᠤᠨ ᠭᠤᠤᠯ ᠮᠦᠷᠡᠨ᠎ᠤ ᠳᠠᠷᠤᠭ᠎ᠠ᠎ᠶ᠋ᠢᠨ ᠠᠵᠢᠯ᠎ᠤᠨ ᠬᠠᠷᠢᠭᠤᠴᠠᠯᠭ᠎ᠠ᠎ᠶ᠋ᠢ ᠨᠠᠢᠳᠠᠪᠤᠷᠢᠵᠢᠭᠤᠯᠤᠭ᠍ᠰᠠᠨ ᠦᠭᠡᠢ᠂ ᠥᠪᠡᠷ᠎ᠤᠨ ᠬᠠᠷᠢᠭᠤᠴᠠᠵᠤ ᠪᠠᠢᠭ᠎ᠠ ᠭᠤᠤᠯ ᠪᠤᠯᠬᠤ ᠴᠠᠭ᠍ᠳᠠᠬᠤ ᠬᠦᠷᠢᠶ᠎ᠡ ᠬᠡᠪᠴᠢᠶ᠎ᠡ᠎ᠪᠠᠨ ᠲᠣᠳᠣᠷᠬᠠᠶ ᠮᠡᠳᠡᠬᠦ᠌ ᠦᠭᠡᠢ᠂ ᠭᠤᠤᠯ᠎ᠤᠨ ᠵᠠᠮ᠎ᠳᠤ ᠣᠷᠣᠱᠢᠵᠤ ᠪᠠᠢᠭ᠎ᠠ ᠬᠤᠭ ᠨᠣᠪᠰᠢ᠎ᠶ᠋ᠢᠨ ᠪᠦᠰᠡ ᠪᠠ ᠮᠠᠯ ᠨᠢᠲᠤᠯᠬᠤ ᠵᠡᠷᠭᠡ ᠠᠰᠠᠭᠤᠳᠠᠯ᠎ᠢ ᠴᠢᠬᠤᠯᠠᠴᠢᠯᠠᠬᠤ᠎ᠪᠠᠷ ᠬᠦᠷᠦᠯᠴᠡᠬᠦ᠌ ᠦᠭᠡᠢ ᠪᠠᠢᠨ᠎ᠠ᠃ ᠬᠤᠶᠠᠷ᠎ᠲᠤ᠌᠂ ᠲᠣᠭᠤᠷᠢᠨ ᠪᠠᠢᠴᠠᠭᠠᠭ᠍ᠰᠠᠨ ᠤᠳᠠᠭ᠎ᠠ ᠲᠠᠷᠠᠭ᠎ᠠ ᠬᠦᠷᠦᠯᠴᠡᠬᠦ᠌ ᠦᠭᠡᠢ᠃ ᠵᠦᠸᠧᠽᠢ ᠱᠢᠶᠠᠨ᠎ᠤ ᠭᠤᠤᠯ ᠮᠦᠷᠡᠨ᠎ᠤ ᠲᠠᠷᠤᠭ᠎ᠠ᠎ᠶ᠋ᠢᠨ ᠠᠯᠪᠠᠨ ᠬᠡᠷ 2018 ᠣᠨ᠎ᠳᠤ 《ᠦᠨᠳᠦᠰᠦᠨ ᠱᠠᠲᠤᠨ᠎ᠤ ᠭᠤᠤᠯ ᠮᠦᠷᠡᠨ᠎ᠤ ᠲᠠᠷᠤᠭ᠎ᠠ᠎ᠶ᠋ᠢᠨ ᠲᠣᠭᠤᠷᠢᠨ ᠪᠠᠢᠴᠠᠭᠠᠬᠤ ᠲᠦᠷᠢᠮ (ᠲᠤᠷᠱᠢᠨ ᠬᠡᠷᠡᠭ᠌ᠵᠢᠭᠦᠯᠬᠦ᠌) ᠎ᠤᠨ ᠮᠡᠳᠡᠭ᠌ᠳᠡᠯ》 (ᠵᠦᠸᠧᠽᠢ ᠱᠢᠶᠠᠨ᠎ᠤ ᠭᠤᠤᠯ ᠮᠦᠷᠡᠨ᠎ᠤ ᠲᠠᠷᠤᠭ᠎ᠠ᠎ᠶ᠋ᠢᠨ ᠠᠯᠪᠠᠨ ᠭᠡᠷ 〔 2018 〕 3 ᠳ᠋ᠤᠭᠠᠷ ᠲᠣᠭᠠᠲᠤ) ᠎ᠢ ᠳᠠᠷᠤᠮᠠᠯᠯᠠᠨ ᠲᠠᠷᠬᠠᠭᠠᠵᠤ᠂ 《ᠱᠢᠶᠠᠩ ᠪᠠᠯᠭᠠᠰᠤᠨ᠎ᠤ ᠲᠠᠰ᠎ᠤᠨ ᠭᠤᠤᠯ ᠮᠦᠷᠡᠨ᠎ᠤ ᠳᠠᠷᠤᠭ᠎ᠠ ᠲᠡᠭᠦᠨ᠎ᠤ ᠬᠠᠷᠢᠭᠤᠴᠠᠵᠤ ᠪᠠᠢᠭ᠎ᠠ ᠭᠤᠤᠯ ᠮᠥᠷᠡᠨ᠎ᠤ ᠲᠣᠭᠤᠷᠢᠨ ᠪᠠᠢᠴᠠᠭᠠᠯᠳᠠ᠎ᠪᠠᠨ ᠰᠠᠷ᠎ᠠ ᠪᠦᠷᠢ ᠨᠠᠭᠠᠳᠤ ᠵᠠᠬ᠎ᠠ᠎ᠨᠢ 1 ᠤᠳᠠᠭ᠎ᠠ ᠦᠷᠨᠢᠭᠦᠯᠬᠦ᠌ ᠬᠡᠷᠡᠭ᠌ᠳᠡᠢ》 ᠭᠡᠵᠦ᠍ ᠱᠠᠭᠠᠷᠳᠠᠪᠠ᠃ ᠭᠡᠳᠡᠯ᠎ᠠ ᠵᠢᠷᠭᠤᠳᠤᠭᠠᠷ ᠰᠤᠮᠤ ᠭᠤᠤᠯ᠎ᠤᠨ ᠭᠤᠤᠯ ᠮᠥᠷᠡᠨ᠎ᠤ ᠲᠠᠷᠤᠭ᠎ᠠ 2020 ᠣᠨ᠎ᠤ 1 ᠰᠠᠷ᠎ᠠ᠂ 5 ᠰᠠᠷ᠎ᠠ᠂ 7 ᠰᠠᠷ᠎ᠠ᠂ 8 ᠰᠠᠷ᠎ᠠ᠎ᠳᠤ ᠴᠥᠮ ᠭᠤᠤᠯ ᠴᠠᠭ᠍ᠳᠠᠭ᠍ᠰᠠᠨ ᠥᠬᠡᠶ᠃

ᠭᠤᠷᠪᠠ᠂ ᠱᠢᠯᠲᠠᠭᠠᠨ᠎ᠢ ᠵᠠᠳᠠᠯᠬᠤᠢ

ᠳᠡᠭᠡᠷ᠎ᠡ ᠳᠤᠷᠠᠳᠤᠭ᠍ᠰᠠᠨ ᠠᠰᠠᠭᠤᠳᠠᠯ ᠭᠠᠷᠤᠭ᠍ᠰᠠᠨ ᠭᠤᠣᠯ ᠱᠢᠯᠲᠠᠭᠠᠨ ᠪᠣᠯ᠄ ᠨᠢᠭᠡ᠎ᠳᠤ᠂ ᠵᠦᠸᠧᠽᠢ ᠱᠢᠶᠠᠨ᠎ᠤ ᠵᠢᠷᠭᠤᠳᠤᠭᠠᠷ ᠰᠤᠮᠤ ᠭᠤᠣᠯ᠎ᠤᠨ ᠭᠤᠤᠯ ᠮᠦᠷᠡᠨ᠎ᠤ ᠳᠠᠷᠤᠭ᠎ᠠ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳ ᠭᠦᠢᠴᠡᠳᠭᠡᠭ᠌ᠰᠡᠨ ᠦᠭᠡᠢ᠃ ᠬᠠᠮᠢᠶᠠᠷᠬᠤ ᠬᠡᠪᠴᠢᠶ᠎ᠡ᠎ᠨᠢ ᠲᠣᠳᠣᠷᠬᠠᠶ ᠦᠭᠡᠢ᠂ ᠭᠤᠣᠯ ᠮᠦᠷᠡᠨ᠎ᠢ ᠲᠣᠭᠤᠷᠢᠨ ᠪᠠᠢᠴᠠᠭᠠᠬᠤ ᠠᠵᠢᠯ᠎ᠢ ᠬᠠᠰᠢ ᠶᠠᠰᠢ ᠬᠢᠵᠦ᠍᠂ ᠠᠵᠢᠯ᠎ᠨᠢ ᠬᠡᠯᠪᠡᠷᠢ᠎ᠶ᠋ᠢᠨ ᠲᠡᠳᠦᠢ ᠪᠠᠢᠵᠤ᠂ ᠪᠠᠢᠩᠭᠤᠵᠢᠭ᠍ᠰᠠᠨ ᠲᠣᠭᠤᠷᠢᠨ ᠪᠠᠢᠴᠠᠭᠠᠵᠤ ᠬᠢᠨᠠᠨ ᠬᠠᠮᠢᠶᠠᠷᠬᠤ ᠦᠢᠯᠡᠳᠦᠯ᠎ᠢ ᠭᠦᠢᠴᠡᠳ ᠪᠠᠳᠠᠷᠠᠭᠤᠯᠤᠭ᠍ᠰᠠᠨ ᠦᠭᠡᠢ᠂ ᠭᠤᠣᠯ ᠮᠥᠷᠡᠨ᠎ᠤ ᠳᠠᠷᠤᠭ᠎ᠠ᠎ᠶ᠋ᠢᠨ ᠲᠦᠷᠢᠮ᠎ᠨᠢ ᠨᠡᠷ᠎ᠠ᠎ᠶ᠋ᠢᠨ ᠲᠡᠳᠦᠢ ᠪᠤᠯᠵᠠᠢ᠃ ᠬᠤᠶᠠᠷ᠎ᠲᠤ ᠵᠦᠸᠧᠽᠢ ᠱᠢᠶᠠᠨ᠎ᠤ ᠤᠰᠤᠨ ᠠᠱᠢᠠᠠᠯᠠᠯᠳᠠ᠎ᠶ᠋ᠢᠨ ᠲᠣᠪᠴᠢᠶ᠎ᠠ᠎ᠨᠢ ᠭᠤᠤᠯ᠎ᠤᠨ ᠵᠠᠮ᠎ᠢ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠪᠣᠯᠤᠭ᠍ᠰᠠᠨ᠎ᠤ ᠬᠤᠪᠢ᠎ᠳᠤ᠂ ᠬᠢᠨᠠᠯᠲᠠ ᠬᠠᠮᠢᠶᠠᠷᠤᠯᠲᠠ ᠬᠦᠷᠦᠯᠴᠡᠬᠦ᠌ ᠦᠭᠡᠢ᠂ ᠬᠠᠮᠢᠶᠠᠷᠤᠯᠲᠠ ᠪᠠ ᠬᠢᠨᠠᠯᠲᠠ ᠲᠠᠯᠪᠢᠬᠤ ᠲᠤᠱᠢᠶᠠᠯ ᠬᠠᠷᠢᠭᠤᠴᠠᠯᠭ᠎ᠠ᠎ᠪᠠᠨ ᠭᠦᠶᠴᠡᠳᠭᠡᠭ᠌ᠰᠡᠨ ᠦᠭᠡᠢ᠃

ᠳᠡᠭᠡᠷ᠎ᠡ ᠳᠤᠷᠠᠳᠤᠭ᠍ᠰᠠᠨ ᠠᠰᠠᠭᠤᠳᠠᠯ᠎ᠳᠤ ᠴᠢᠭ᠌ᠯᠡᠭᠦᠯᠦᠨ᠂ ᠥᠪᠡᠷᠲᠡᠭᠡᠨ ᠵᠠᠰᠠᠬᠤ ᠣᠷᠣᠨ᠎ᠤ ᠱᠠᠯᠠᠪᠳᠠᠭᠤᠯᠤᠨ ᠪᠠᠢᠴᠠᠭᠠᠬᠤ ᠳᠤᠭᠤᠢᠯᠠᠩ᠎ᠤᠨ᠎ᠬᠢᠨ ᠬᠤᠯᠪᠣᠭ᠍ᠳᠠᠯ ᠪᠦᠬᠦᠢ ᠪᠠᠢᠳᠠᠯ᠎ᠢ ᠤᠯᠠᠮ ᠨᠢᠭᠡ ᠠᠯᠬᠤᠮ ᠪᠠᠢᠴᠠᠭᠠᠨ ᠲᠤᠳᠤᠯᠠᠵᠤ ᠬᠢᠨᠠᠨ ᠬᠠᠷᠭᠤᠭᠤᠯᠵᠤ᠂ ᠵᠠᠯᠭᠠᠭᠠᠤᠨ ᠴᠡᠭ᠌ᠴᠡᠯᠡᠨ ᠰᠠᠢᠵᠢᠷᠠᠭᠤᠯᠬᠤ ᠠᠵᠢᠯ᠎ᠢ ᠬᠠᠤᠯᠢ ᠲᠣᠭ᠍ᠲᠠᠭᠠᠯ ᠶᠣᠰᠣᠭᠠᠷ ᠠᠬᠢᠭᠤᠯᠤᠨ᠎ᠠ᠃

(ᠥᠪᠡᠷᠲᠡᠭᠡᠨ ᠵᠠᠰᠠᠬᠤ ᠣᠷᠣᠨ᠎ᠤ ᠨᠢᠭᠡᠳᠦᠭᠡᠷ ᠠᠮᠢ ᠠᠬᠤᠶ ᠣᠷᠴᠢᠨ ᠲᠣᠭᠤᠷᠢᠨ᠎ᠤ ᠬᠠᠮᠠᠭᠠᠯᠠᠯᠲᠠ᠎ᠶ᠋ᠢᠨ ᠱᠠᠯᠠᠪᠳᠠᠭᠤᠯᠤᠨ ᠪᠠᠢᠴᠠᠭᠠᠬᠤ ᠳᠤᠭᠤᠢᠯᠠᠩ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号