ᠲᠡᠯ ᠠᠭᠤᠯᠠ ᠪᠠᠯᠭᠠᠰᠤᠨ᠎ᠤ ᠮᠠᠯᠴᠢᠨ ᠲᠠᠷᠢᠶᠠᠴᠢᠨ᠎ᠤ ᠡᠯᠪᠡᠭ ᠬᠤᠷᠢᠶᠠᠯᠲᠠ᠎ᠶ᠋ᠢᠨ ᠪᠠᠶᠠᠷ
2020-10-04 10:48:09
ᠵᠣᠬᠢᠶᠠᠭ᠍ᠴᠢ᠄
ᠲᠡᠭᠦᠰᠪᠢᠯᠢᠭ
ᠣᠩᠱᠢᠭ᠍ᠰᠠᠨ ᠣᠳᠠᠭ᠎ᠠ᠄
★★★☆☆

ᠠᠯᠲᠠᠨ ᠱᠢᠷᠭᠠᠯ ᠨᠠᠮᠤᠷ᠎ᠤᠨ ᠦᠩᠱᠢᠭ ᠰᠠᠢᠬᠠᠨ ᠤᠯᠠᠷᠢᠯ᠂ ᠦᠵᠡᠰᠭᠦᠯᠡᠩᠲᠦ ᠰᠠᠢᠬᠠᠨ ᠦᠩᠭᠡ ᠦᠵᠡᠮᠵᠢ ᠭᠠᠵᠠᠷ ᠲᠡᠯᠡᠬᠡᠢ᠎ᠶ᠋ᠢ ᠪᠦᠷᠬᠦᠵᠦ᠍᠂ ᠡᠯᠪᠡᠭ ᠬᠤᠷᠢᠶᠠᠯᠲᠠ᠎ᠶ᠋ᠢᠨ ᠪᠠᠶᠠᠷ ᠪᠠᠶᠠᠰᠤᠯ ᠮᠠᠯᠴᠢᠨ ᠲᠠᠷᠢᠶᠠᠴᠢᠨ᠎ᠤ ᠴᠢᠷᠠᠢ᠎ᠳᠤ ᠲᠤᠲᠤᠷᠠᠨ᠎ᠠ᠃ 9 ᠰᠠᠷ᠎ᠠ᠎ᠶ᠋ᠢᠨ ᠰᠡᠬᠦᠯᠴᠢ᠎ᠪᠠᠷ ᠳᠡᠯ ᠠᠭᠤᠯᠠ ᠪᠠᠯᠭᠠᠰᠤᠨ᠎ᠤ ᠲᠦᠪ ᠲᠠᠯᠠᠪᠠᠢ ᠳᠡᠭᠡᠷ᠎ᠡ ᠡᠯᠪᠡᠭ ᠬᠤᠷᠢᠶᠠᠯᠲᠠ᠎ᠶ᠋ᠢᠨ ᠪᠠᠶᠠᠰᠤᠯ ᠪᠤᠯᠤᠨ ᠪᠠᠶᠠᠷ ᠴᠡᠩᠭᠡᠯ᠎ᠲᠠᠢ ᠠᠭᠤᠷ ᠠᠮᠢᠰᠭᠤᠯ᠎ᠢᠶᠠᠷ ᠪᠢᠯᠬᠠᠵᠤ᠂ ᠪᠦᠬᠦ᠌ ᠪᠠᠯᠭᠠᠰᠤ᠎ᠶ᠋ᠢᠨ ᠮᠠᠯᠴᠢᠨ ᠲᠠᠷᠢᠶᠠᠴᠢᠨ᠎ᠤ ᠲᠦᠯᠦᠭᠡᠯᠡᠭ᠌ᠴᠢᠳ ᠠᠳᠡ ᠴᠤᠭ᠍ᠯᠠᠷᠠᠨ ᠬᠠᠮᠲᠤ᠎ᠪᠠᠷ ᠡᠯᠪᠡᠭ ᠬᠤᠷᠢᠶᠠᠯᠲᠠ᠎ᠶ᠋ᠢᠨ ᠪᠠᠶᠠᠷ᠎ᠢᠶᠠᠨ ᠪᠡᠯᠭᠡᠯᠡᠨ᠎ᠡ᠃ ᠤᠷᠠᠳ᠎ᠤᠨ ᠲᠤᠮᠳᠠᠳᠤ ᠬᠤᠱᠢᠭᠤᠨ᠎ᠤ ᠮᠠᠯᠴᠢᠨ ᠲᠠᠷᠢᠶᠠᠴᠢᠨ᠎ᠤ ᠡᠯᠪᠡᠭ ᠬᠤᠷᠢᠶᠠᠯᠲᠠ᠎ᠶ᠋ᠢᠨ ᠪᠠᠶᠠᠷ ᠵᠢᠴᠢ ᠳᠡᠯ ᠠᠭᠤᠯᠠ ᠪᠠᠯᠭᠠᠰᠤᠨ᠎ᠤ ᠲᠦᠷᠪᠡᠳᠦᠭᠡᠷ ᠬᠤᠭᠤᠴᠠᠭᠠᠨ᠎ᠤ ᠬᠦᠳᠡᠭᠡ ᠲᠤᠰᠭᠤᠨ᠎ᠤ ᠰᠤᠶᠤᠯ᠎ᠤᠨ ᠨᠠᠢᠷ ᠠᠳᠡ ᠬᠦᠷ ᠬᠦᠭ᠌ᠵᠢᠶᠡᠨ᠎ᠲᠠᠢ ᠶᠠᠪᠤᠭ᠍ᠳᠠᠪᠠ᠃


QQ图片20201004101155.png


ᠡᠬᠢᠯᠡᠯᠲᠡ᠎ᠶ᠋ᠢᠨ ᠶᠤᠰᠤᠯᠠᠯ ᠲᠡᠭᠡᠷ᠎ᠡ᠂ ᠲᠤᠰ ᠪᠠᠯᠭᠠᠰᠤ᠎ᠨᠢ ᠪᠦᠬᠦ᠌ ᠪᠠᠯᠭᠠᠰᠤ᠎ᠶ᠋ᠢᠨ᠎ᠢᠶᠠᠨ 2020 ᠤᠨ᠎ᠤ 《ᠬᠢᠵᠢᠭ᠎ᠤᠨ ᠪᠠᠢᠳᠠᠯ᠎ᠲᠠᠢ ᠡᠰᠡᠷᠭᠦᠴᠡᠭ᠌ᠰᠡᠨ》 ᠲᠡᠷᠢᠭᠦᠨ᠎ᠤ ᠨᠢᠭᠡᠴᠢ᠂ ᠠᠵᠤ ᠠᠬᠤᠢ᠍ᠢᠯᠠᠯ ᠤᠷᠤᠨ ᠨᠤᠳᠤᠭ᠎ᠤᠨ ᠬᠤᠯᠪᠤᠭᠠᠯᠠᠨ ᠪᠦᠲᠦᠭᠡᠨ ᠪᠠᠢᠭᠤᠯᠬᠤ ᠱᠢᠯᠢᠳᠡᠭ ᠠᠵᠤ ᠠᠬᠤᠢ᠍ᠢᠯᠠᠯ᠂ ᠬᠦᠳᠡᠭᠡ ᠲᠤᠰᠭᠤᠨ᠎ᠢ ᠬᠦᠭ᠌ᠵᠢᠭᠦᠯᠦᠨ ᠮᠠᠨᠳᠤᠭᠤᠯᠬᠤ ᠱᠢᠯᠢᠳᠡᠭ ᠠᠵᠤ ᠠᠬᠤᠢ᠍ᠢᠯᠠᠯ᠂ ᠱᠢᠯᠢᠳᠡᠭ ᠠᠵᠤ ᠦᠢᠯᠡᠰ᠎ᠤᠨ ᠲᠤᠯᠤᠭᠠᠢᠯᠠᠭ᠍ᠴᠢ᠂ ᠬᠠᠮᠤᠭ᠎ᠤᠨ ᠭᠤᠶᠤ ᠦᠨᠳᠦᠰᠦᠨ ᠱᠠᠲᠤᠨ᠎ᠤ ᠺᠠᠳ᠋ᠷ᠂ ᠰᠤᠷᠤᠯᠴᠠᠯᠭ᠎ᠠ᠎ᠪᠠᠷ ᠤᠯᠤᠰ᠎ᠢᠶᠠᠨ ᠬᠦᠴᠦᠷᠭᠡᠭ᠌ᠵᠢᠭᠦᠯᠬᠦ᠌ ᠵᠢᠯ᠎ᠤᠨ ᠤᠳᠤᠨ ᠵᠡᠷᠭᠡ 19 ᠪᠠᠭ ᠱᠢᠯᠢᠳᠡᠭ ᠨᠢᠭᠡᠴᠢ ᠪᠤᠯᠤᠨ ᠬᠤᠪᠢ ᠬᠦᠮᠦᠨ᠎ᠢ ᠬᠦᠬᠢᠭᠦᠯᠦᠨ ᠱᠠᠩᠨᠠᠪᠠ᠃ ᠤᠷᠠᠨ ᠰᠠᠢᠬᠠᠨ᠎ᠤ ᠲᠤᠭ᠍ᠯᠠᠯᠲᠠ᠎ᠳᠤ᠂ ᠲᠤᠰ ᠪᠠᠯᠭᠠᠰᠤ᠎ᠶ᠋ᠢᠨ ᠡᠯ᠎ᠡ ᠭᠠᠴᠠᠭ᠎ᠠ ᠲᠤᠰᠭᠤᠨ᠎ᠤ ᠮᠠᠯᠴᠢᠨ ᠲᠠᠷᠢᠶᠠᠴᠢᠨ᠎ᠢᠶᠠᠷ ᠪᠦᠷᠢᠯᠳᠦᠭ᠌ᠰᠡᠨ ᠵᠠᠭᠤᠨ ᠬᠦᠮᠦᠨ᠎ᠤ ᠪᠡᠶ᠎ᠡ ᠴᠢᠬᠢᠷᠠᠭ᠍ᠵᠢᠭᠤᠯᠬᠤ ᠲᠠᠮᠢᠷ᠂ ᠰᠤᠷᠤᠭ᠍ᠴᠢᠳ᠎ᠤᠨ ᠴᠠᠭ ᠦᠶ᠎ᠡ᠎ᠶ᠋ᠢᠨ ᠤᠨᠴᠠᠯᠢᠭ᠎ᠲᠠᠢ ᠪᠡᠶ᠎ᠡ ᠴᠢᠬᠢᠷᠠᠭ᠍ᠵᠢᠭᠤᠯᠬᠤ ᠲᠠᠮᠢᠷ᠂ ᠨᠠᠰᠤᠲᠠᠢᠴᠤᠳ᠎ᠤᠨ ᠪᠡᠶ᠎ᠡ ᠴᠢᠬᠢᠷᠠᠭ᠍ᠵᠢᠭᠤᠯᠬᠤ ᠠᠮᠢᠰᠭᠤᠯ᠎ᠤᠨ ᠲᠠᠰᠭᠠᠯ ᠵᠡᠷᠭᠡ᠎ᠨᠢ ᠲᠤᠬᠠᠢ᠎ᠶ᠋ᠢᠨ ᠲᠠᠯᠠᠪᠠᠢ᠎ᠶ᠋ᠢᠨ ᠠᠭᠤᠷ ᠠᠮᠢᠰᠭᠤᠯ᠎ᠢ ᠬᠦᠢᠴᠡᠳ ᠬᠦᠭ᠌ᠵᠢᠭᠡᠵᠦ᠍᠂ ᠦᠵᠡᠭ᠌ᠴᠢ ᠤᠯᠠᠨ᠎ᠤ ᠪᠠᠭ᠍ᠠᠷᠬᠠᠯ ᠲᠠᠭᠠᠱᠢᠶᠠᠯ᠎ᠢ ᠰᠠᠢᠳᠤᠷ ᠬᠦᠷᠲᠡᠭ᠌ᠰᠡᠨ ᠪᠠᠢᠨ᠎ᠠ᠃

ᠶᠤᠰᠤᠯᠠᠯ᠎ᠤᠨ ᠲᠠᠷᠠᠭ᠎ᠠ᠂ ᠲᠠᠮᠢᠷ᠎ᠤᠨ ᠤᠷᠤᠯᠳᠤᠭᠠᠨ ᠡᠬᠢᠯᠡᠭ᠌ᠰᠡᠨ᠎ᠨᠢ ᠪᠦᠬᠦ᠌ ᠲᠠᠯᠠᠪᠠᠢ᠎ᠶ᠋ᠢᠨ ᠠᠭᠤᠷ ᠠᠮᠢᠰᠭᠤᠯ᠎ᠢ ᠵᠢᠩᠬᠢᠨᠢ᠎ᠪᠠᠷ ᠤᠷᠭᠢᠯ᠎ᠳᠤᠨᠢ ᠲᠤᠯᠭᠠᠪᠠ᠃ ᠲᠡᠭᠡᠰᠦ ᠲᠠᠲᠠᠬᠤ ᠤᠷᠤᠯᠳᠤᠭᠠᠨ᠂ ᠱᠢᠳᠠᠷ᠎ᠠ᠎ᠶ᠋ᠢᠨ ᠲᠡᠮᠡᠴᠡᠭᠡᠨ᠂ ᠰᠠᠭ᠍ᠰᠤᠨ ᠪᠦᠮᠪᠦᠭᠡ᠎ᠶ᠋ᠢᠨ ᠤᠷᠤᠯᠳᠤᠭᠠᠨ᠂ ᠫᠢᠩᠫᠠᠩ ᠪᠦᠮᠪᠦᠭᠡ᠎ᠶ᠋ᠢᠨ ᠤᠷᠤᠯᠳᠤᠭᠠᠨ ᠵᠡᠷᠭᠡ ᠡᠯ᠎ᠡ ᠤᠷᠤᠯᠳᠤᠭᠠᠨ᠎ᠤ ᠲᠠᠯᠠᠪᠤᠷ ᠲᠡᠭᠡᠷ᠎ᠡ ᠲᠠᠮᠢᠷᠴᠢᠳ ᠦᠪᠡᠷ ᠦᠪᠡᠷ᠎ᠤᠨ ᠬᠦᠴᠦ᠍ ᠲᠠᠮᠢᠷ ᠪᠠ ᠤᠶᠤᠨ ᠤᠬᠠᠭᠠᠨ᠎ᠢᠶᠠᠨ ᠱᠢᠯᠭᠠᠵᠤ᠂ ᠤᠷᠤᠯᠳᠤᠭᠠᠨ᠎ᠨᠢ ᠱᠢᠷᠦᠭᠦᠨ ᠲᠡᠮᠡᠴᠡᠭᠡᠨ᠎ᠢᠶᠠᠷ ᠪᠢᠯᠬᠠᠵᠤ᠂ ᠤᠷᠤᠯᠳᠤᠭᠠᠨ᠎ᠤ ᠲᠠᠯᠠᠪᠤᠷ᠎ᠤᠨ ᠵᠠᠬ᠎ᠠ᠎ᠳᠠᠬᠢ ᠦᠵᠡᠭ᠌ᠴᠢ ᠤᠯᠠᠨ ᠴᠤ᠌ ᠦᠪᠡᠷ ᠦᠪᠡᠷ᠎ᠤᠨ ᠭᠠᠴᠠᠭ᠎ᠠ ᠲᠤᠰᠭᠤᠨ᠎ᠤ᠎ᠪᠠᠨ ᠲᠠᠮᠢᠷᠴᠢᠨ᠎ᠳᠤ ᠬᠦᠴᠦ᠍ ᠨᠡᠮᠡᠷᠢᠯᠡᠬᠦ᠌ ᠤᠷᠢᠶ᠎ᠠ ᠬᠠᠰᠭᠢᠷᠤᠨ ᠤᠤᠬᠠᠢᠯᠠᠨ᠎ᠠ᠃ ᠮᠠᠯᠴᠢᠨ ᠲᠠᠷᠢᠶᠠᠴᠢᠳ ᠡᠨᠡ ᠬᠦ᠌ ᠦᠪᠡᠷᠮᠢᠴᠡ ᠤᠨᠴᠠᠯᠢᠭ᠎ᠲᠠᠢ ᠲᠠᠮᠢᠷ᠎ᠤᠨ ᠤᠷᠤᠯᠳᠤᠭᠠᠨ᠎ᠤ ᠦᠷᠢᠰᠦᠯᠳᠦᠭᠡᠨ᠎ᠢᠶᠠᠷ ᠲᠠᠮᠵᠢᠭᠤᠯᠤᠨ ᠬᠠᠮᠲᠤᠪᠡᠷ ᠡᠯᠪᠡᠭ ᠬᠤᠷᠢᠶᠠᠯᠲᠠ᠎ᠶ᠋ᠢᠨ ᠪᠠᠶᠠᠷ ᠪᠠᠶᠠᠰᠤᠯ᠎ᠢᠶᠠᠨ ᠬᠤᠪᠢᠶᠠᠯᠴᠠᠵᠤ᠂ ᠬᠠᠮᠲᠤ᠎ᠪᠠᠷ ᠴᠢᠨᠡᠭᠡᠯᠢᠭ ᠨᠡᠢᠭᠡᠮ᠎ᠢ ᠵᠤᠷᠢᠬᠤ ᠵᠠᠮ᠎ᠳᠠᠭᠠᠨ ᠭᠠᠷ ᠬᠤᠯᠪᠤᠯᠴᠠᠨ ᠤᠷᠤᠭ᠍ᠰᠢᠯᠠᠨ᠎ᠠ᠃

ᠲᠤᠬᠠᠢ᠎ᠶ᠋ᠢᠨ ᠲᠠᠯᠠᠪᠠᠢ᠎ᠳᠤ ᠪᠠᠰᠠ ᠤᠨᠴᠠᠯᠢᠭ᠍ᠲᠤ ᠲᠠᠷᠢᠶᠠᠯᠠᠩ᠎ᠤᠨ ᠪᠦᠲᠦᠭᠡᠭ᠌ᠳᠡᠭᠦᠨ᠎ᠤ ᠲᠡᠯᠭᠡᠨ ᠪᠤᠷᠤᠯᠠᠭᠤᠯᠭ᠎ᠠ ᠵᠢᠴᠢ 《ᠰᠦᠯᠵᠢᠶᠡᠨ ᠲᠡᠭᠡᠷ᠎ᠡ ᠱᠢᠭᠤᠳ ᠨᠡᠪᠲᠡᠷᠡᠭᠦᠯᠦᠨ ᠪᠠᠷᠠᠭ᠎ᠠ ᠪᠤᠷᠤᠯᠠᠭᠤᠯᠬᠤ》 ᠠᠵᠢᠯᠯᠠᠭ᠎ᠠ ᠦᠷᠨᠢᠭᠦᠯᠵᠦ᠍᠂ ᠢᠨᠳᠢᠶᠠᠨ ᠠᠮᠤ᠂ ᠨᠠᠷᠢᠮᠤ᠂ ᠱᠢᠬᠢᠷᠯᠢᠭ ᠲᠦᠮᠦᠰᠦ᠂ ᠯᠤᠬᠠᠱᠧᠩ ᠵᠡᠷᠭᠡ ᠵᠦᠢᠯ ᠵᠦᠢᠯ᠎ᠤᠨ ᠲᠤᠬᠠᠢ᠎ᠶ᠋ᠢᠨ ᠭᠠᠵᠠᠷ᠎ᠤᠨ ᠤᠨᠴᠠᠯᠢᠭ᠍ᠲᠤ ᠲᠠᠷᠢᠶᠠᠯᠠᠩ᠎ᠤᠨ ᠪᠦᠲᠦᠭᠡᠭ᠌ᠳᠡᠭᠦᠨ᠎ᠨᠢ ᠦᠩᠭᠡ ᠠᠯᠠᠭ᠍ᠯᠠᠨ ᠬᠠᠷᠠᠭ᠎ᠠ ᠪᠠᠶᠠᠰᠭᠠᠵᠤ᠂ ᠲᠤᠬᠠᠢ᠎ᠶ᠋ᠢᠨ ᠲᠠᠯᠠᠪᠠᠢ᠎ᠶ᠋ᠢᠨ ᠦᠷᠭᠡᠨ ᠤᠯᠠᠨ ᠦᠵᠡᠭ᠌ᠴᠢᠳ᠎ᠤᠨ ᠪᠠᠭ᠍ᠠᠷᠬᠠᠯ᠎ᠢ ᠲᠠᠲᠠᠭ᠍ᠰᠠᠨ᠎ᠢᠶᠠᠷ ᠦᠯᠦ᠍ ᠪᠠᠷᠠᠨ᠂ ᠮᠠᠰᠢ ᠤᠯᠠᠨ ᠰᠦᠯᠵᠢᠶᠡᠨ ᠲᠡᠭᠡᠷᠡᠬᠢ ᠬᠡᠷᠡᠭ᠌ᠯᠡᠭ᠌ᠴᠢᠳ᠎ᠤᠨ ᠲᠠᠭᠠᠱᠢᠶᠠᠯ᠎ᠢ ᠤᠯᠵᠤ᠂ ᠬᠤᠢᠨ᠎ᠠ ᠬᠤᠢᠨ᠎ᠠ᠎ᠠᠴᠠ᠎ᠪᠠᠨ ᠵᠠᠬᠢᠶᠠᠯᠠᠭ᠎ᠠ ᠠᠪᠴᠤ᠌ ᠪᠠᠢᠯ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号