ᠠᠯᠲᠠᠨ ᠨᠠᠮᠤᠷ᠎ᠤᠨ ᠶᠢᠰᠦᠨ ᠰᠠᠷ᠎ᠠ᠎ᠳᠤ᠂ ᠡᠯᠪᠡᠭ ᠬᠤᠷᠢᠶᠠᠯᠲᠡᠶ᠋ᠢᠨ ᠡᠭᠡᠱᠢᠭ᠌ᠲᠦ ᠳᠠᠭᠤᠨ ᠭᠠᠵᠠᠷ ᠪᠤᠯᠭᠠᠨ᠎ᠳᠤ ᠴᠤᠤᠷᠢᠶᠠᠳᠤᠨ᠎ᠠ᠃ ᠪᠠᠭᠠᠷᠢᠨ ᠵᠡᠭᠦᠨ ᠬᠤᠱᠢᠭᠤᠨ᠎ᠤ ᠠᠷᠪᠠᠨ ᠭᠤᠷᠪᠠᠨ ᠣᠪᠣᠭ᠎ᠠ ᠪᠠᠯᠭᠠᠰᠤᠨ᠎ᠤ ᠪᠦᠦ ᠴᠢᠤᠸᠠᠨ ᠲᠣᠰᠭᠤᠨ᠎ᠤ ᠱᠦᠭᠦᠷ ᠡᠪᠡᠰᠦᠨ᠎ᠤ ᠲᠠᠷᠢᠶ᠎ᠡ᠎ᠪᠠᠷ᠂ ᠬᠠᠳᠤᠵᠤ ᠬᠤᠷᠢᠶᠠᠬᠤ ᠮᠠᠱᠢᠨ ᠶᠠᠭ ᠨᠠᠰᠢ ᠴᠠᠰᠢ ᠰᠦᠯᠵᠢᠯᠳᠦᠭᠡᠳ ᠱᠦᠭᠦᠷ ᠡᠪᠡᠰᠦ ᠬᠠᠲᠤᠵᠤ ᠬᠦᠷᠴᠢᠭᠢᠨᠡᠨᠡ᠃ ᠭᠠᠯ ᠤᠯᠠᠭᠠᠨ ᠱᠦᠭᠦᠷ ᠡᠪᠡᠰᠦ᠎ᠨᠢ ᠤᠢ᠍ᠢᠷ᠎ᠠ ᠬᠠᠪᠢ᠎ᠶ᠋ᠢᠨ ᠲᠠᠷᠢᠮᠠᠯ᠎ᠤᠨ ᠤᠢ᠍ᠩᠭᠡᠠᠴᠠ ᠤᠨᠴᠠᠯᠢᠭ᠍ᠳᠠᠨ ᠬᠥᠳᠡᠭᠡ ᠲᠠᠯ᠎ᠠ᠎ᠶ᠋ᠢᠨ ᠦᠵᠡᠰᠭᠦᠯᠡᠩᠲᠦ ᠰᠠᠢᠬᠠᠨ ᠦᠵᠡᠮᠵᠢ᠎ᠶ᠋ᠢ ᠪᠦᠷᠢᠳᠦᠭᠦᠯᠵᠦ᠍᠂ ᠦᠨᠡᠬᠡᠷ ᠴᠤ᠌ ᠡᠲᠡᠭᠡᠳ ᠭᠤᠶᠤ ᠬᠠᠷᠠᠭ᠍ᠳᠠᠨ᠎ᠠ᠃ ᠨᠠᠮᠤᠷ᠎ᠤᠨ ᠬᠤᠷᠢᠶᠠᠯᠳᠠ᠎ᠶ᠋ᠢᠨ ᠴᠠᠭ᠎ᠢ ᠠᠮᠵᠢᠬᠤ᠎ᠶ᠋ᠢᠨ ᠲᠥᠯᠥᠭᠡ ᠯᠢ ᠲᠢᠶᠸ᠋ ᠹᠧᠩ ᠲᠤᠰᠭᠠᠢᠯᠠᠨ ᠬᠠᠳᠤᠵᠤ ᠬᠤᠷᠢᠶᠠᠬᠤ ᠠᠵᠢᠯᠴᠢᠨ ᠬᠥᠯᠥᠰᠥᠯᠡᠵᠦ᠍᠂ ᠡᠷᠲᠡ ᠪᠤᠰᠴᠤ᠌ ᠤᠷᠤᠢ ᠪᠤᠴᠠᠨ ᠲᠠᠷᠢᠶᠠᠨ ᠠᠵᠢᠯ᠎ᠳᠠᠭᠠᠨ ᠶᠠᠭᠠᠷᠠᠵᠦ᠍ ᠪᠠᠢᠯ᠎ᠠ᠃ ᠡᠨᠡ ᠵᠢᠯ᠎ᠤᠨ ᠣᠷᠣᠯᠭ᠎ᠠ᠎ᠶ᠋ᠢᠨ ᠲᠤᠬᠠᠢ ᠶᠠᠷᠢᠯᠴᠠᠬᠤ᠎ᠪᠠᠷ᠂ ᠲᠡᠷᠡ᠄ 《ᠪᠢ 100 ᠮᠦ᠍ ᠱᠦᠭᠦᠷ ᠡᠪᠡᠰᠦ ᠲᠠᠷᠢᠭ᠍ᠰᠠᠨ᠂ ᠮᠦ᠍ ᠪᠦᠷᠢ᠎ᠠᠴᠠ 300 ᠵᠢᠩ ᠣᠷᠴᠢᠮ ᠱᠦᠭᠦᠷ ᠡᠪᠡᠰᠦ ᠬᠤᠷᠢᠶᠠᠨ᠎ᠠ᠂ ᠵᠠᠬ᠎ᠠ ᠳᠡᠯᠭᠡᠭᠦᠷ᠎ᠤᠨ ᠦᠨᠡᠨ᠎ᠢ ᠵᠢᠩ᠎ᠳᠡᠭᠡᠨ 4.3 ᠲᠥᠭᠦᠷᠢᠭ᠎ᠢᠶᠠᠷ ᠪᠤᠳᠤᠬᠤ᠎ᠳᠤ᠂ ᠮᠦ᠍ ᠪᠦᠷᠢ᠎ᠠᠴᠠ 1300 ᠲᠥᠭᠦᠷᠢᠭ᠎ᠤᠨ ᠣᠷᠣᠯᠭ᠎ᠠ ᠣᠯᠤᠨ᠎ᠠ᠂ ᠡᠨᠡ ᠵᠢᠯ ᠴᠦ᠍ ᠪᠠᠶᠠᠨ ᠴᠢᠨᠡᠭᠡᠯᠢᠭ ᠥᠩᠭᠡᠷᠡᠨ᠎ᠡ》 ᠭᠡᠵᠦ᠍ ᠪᠠᠶᠠᠷᠲᠠᠢ ᠶᠠᠷᠢᠨ᠎ᠠ᠃ ᠯᠢ ᠲᠢᠶᠸ᠋ ᠹᠧᠩ ᠨᠢᠭᠡᠨᠲᠡ 20 ᠭᠠᠷᠤᠶ ᠵᠢᠯ ᠱᠦᠭᠦᠷ ᠡᠪᠡᠰᠦ ᠳᠠᠷᠢᠵᠤ᠂ ᠱᠦᠭᠦᠷ ᠡᠪᠡᠰᠦᠨ᠎ᠤ ᠠᠵᠤ ᠦᠢᠯᠡᠰ᠎ᠨᠢ ᠲᠡᠭᠦᠨ᠎ᠤ ᠶᠠᠳᠠᠭᠤ᠎ᠠᠴᠠ ᠠᠩᠭᠢᠵᠢᠷᠠᠨ ᠪᠠᠶᠠᠵᠢᠬᠤ ᠬᠦᠰᠡᠯ ᠡᠷᠡᠮᠡᠯᠵᠡᠯ᠎ᠢ᠎ᠨᠢ ᠪᠡᠶᠡᠯᠡᠭᠦᠯᠪᠡ᠃



ᠪᠠᠭᠠᠷᠢᠨ ᠵᠡᠭᠦᠨ ᠬᠤᠱᠢᠭᠤ ᠪᠤᠯ 《ᠳᠤᠮᠳᠠᠳᠤ ᠤᠯᠤᠰ᠎ᠤᠨ ᠱᠦᠭᠦᠷ ᠡᠪᠡᠰᠦᠨ᠎ᠤ ᠨᠤᠲᠤᠭ》 ᠪᠤᠯᠤᠨ᠎ᠠ᠃ ᠠᠷᠪᠠᠨ ᠭᠤᠷᠪᠠᠨ ᠣᠪᠣᠭ᠎ᠠ ᠪᠠᠯᠭᠠᠰᠤ᠎ᠨᠢ ᠱᠦᠭᠦᠷ ᠡᠪᠡᠰᠦᠨ᠎ᠤ ᠠᠵᠤ ᠦᠢᠯᠡᠰ᠎ᠤᠨ ᠲᠣᠮᠣ ᠪᠠᠯᠭᠠᠰᠤ ᠪᠣᠯᠤᠭ᠍ᠰᠠᠨ᠎ᠤ ᠬᠤᠪᠢ᠎ᠳᠤ᠂ ᠬᠦᠳᠡᠭᠡ ᠠᠵᠤ ᠠᠬᠤᠢ ᠬᠥᠳᠡᠭᠡ ᠲᠣᠰᠭᠤᠨ᠎ᠤ ᠶᠠᠮᠤᠨ᠎ᠳᠤ 《ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ᠎ᠢ ᠠᠭᠤᠰᠤᠯᠴᠠᠭᠤᠯᠤᠨ ᠬᠥᠭ᠌ᠵᠢᠭᠦᠯᠬᠦ᠌ ᠲᠠᠷᠢᠶᠠᠯᠠᠩ ᠮᠠᠯ ᠠᠵᠤ ᠠᠬᠤᠢ᠎ᠶ᠋ᠢᠨ ᠠᠵᠤ ᠦᠢᠯᠡᠰᠵᠢᠯᠲᠡ᠎ᠶ᠋ᠢᠨ ᠵᠢᠱ᠌ᠢᠶ᠎ᠡ ᠦᠵᠡᠭᠦᠯᠬᠦ᠌ ᠬᠦᠴᠦᠷᠬᠡᠭ ᠪᠠᠯᠭᠠᠰᠤ》 ᠬᠡᠮᠡᠨ ᠦᠨᠡᠯᠡᠭ᠌ᠳᠡᠵᠦ᠍᠂ 1000 ᠲᠦᠮᠡᠨ ᠲᠥᠭᠦᠷᠢᠭ᠎ᠤᠨ ᠲᠥᠷᠥᠯ ᠵᠦᠢᠯ᠎ᠤᠨ ᠲᠡᠳᠬᠦᠮᠵᠢ᠎ᠶ᠋ᠢᠨ ᠪᠡᠯᠡ ᠮᠥᠩᠭᠦ᠌ ᠣᠯᠪᠠ᠃ ᠡᠨᠡ ᠵᠢᠯ᠂ ᠠᠷᠪᠠᠨ ᠭᠤᠷᠪᠠᠨ ᠣᠪᠣᠭ᠎ᠠ ᠪᠠᠯᠭᠠᠰᠤ 9.5 ᠲᠦᠮᠡᠨ ᠮᠦ᠍ ᠱᠦᠭᠦᠷ ᠡᠪᠡᠰᠦ ᠲᠠᠷᠢᠵᠤ᠂ ᠣᠳᠣ ᠪᠣᠯᠲᠠᠯ᠎ᠠ᠂ ᠪᠦᠬᠦ᠌ ᠪᠠᠯᠭᠠᠰᠤ᠎ᠪᠠᠷ᠎ᠢᠶᠠᠨ 800 ᠲᠦᠮᠡᠨ ᠬᠤᠪᠢ ᠱᠦᠭᠦᠷ᠎ᠤᠨ ᠪᠦᠲᠦᠭᠡᠭ᠌ᠳᠡᠭᠦᠨ ᠦᠢᠯᠡᠳᠪᠦᠷᠢᠯᠡᠵᠦ᠍᠂ 6000 ᠭᠠᠷᠤᠶ ᠬᠥᠮᠦᠨ ᠱᠦᠭᠦᠷ ᠡᠪᠡᠰᠦ ᠲᠠᠷᠢᠬᠤ᠂ ᠪᠣᠯᠪᠠᠰᠤᠷᠠᠭᠤᠯᠬᠤ᠂ ᠪᠣᠷᠣᠯᠠᠭᠤᠯᠬᠤ ᠠᠵᠢᠯ ᠬᠢᠵᠦ᠍᠂ 1065 ᠬᠥᠮᠦᠨ᠎ᠢ ᠳᠠᠢᠴᠢᠯᠠᠨ ᠶᠠᠳᠠᠭᠤ᠎ᠠᠴᠠ ᠠᠩᠭᠢᠵᠢᠷᠠᠭᠤᠯᠵᠤ᠂ ᠵᠢᠱ᠌ᠢᠯᠲᠡ᠎ᠪᠠᠷ ᠵᠢᠯ᠎ᠤᠨ ᠡᠴᠦᠰ᠎ᠲᠤ 7.5 ᠳ᠋ᠦᠩᠱᠢᠭᠤᠷ ᠲᠥᠭᠦᠷᠢᠭ᠎ᠤᠨ ᠠᠱᠢᠭ ᠣᠷᠣᠯᠭ᠎ᠠ ᠣᠯᠬᠤ ᠪᠤᠯᠤᠨ᠎ᠠ᠃ ᠪᠦᠬᠦ᠌ ᠪᠠᠯᠭᠠᠰᠤᠨ᠎ᠳᠤ ᠱᠦᠭᠦᠷ ᠪᠣᠯᠪᠠᠰᠤᠷᠠᠭᠤᠯᠬᠤ ᠠᠵᠤ ᠠᠬᠤᠢᠯᠠᠯ 44᠂ ᠬᠤᠸᠠ ᠯᠠᠨ ᠱᠢᠨᠵᠢᠯᠡᠬᠦ᠌ ᠤᠬᠠᠭᠠᠨ ᠮᠡᠷᠭᠡᠵᠢᠯ᠎ᠤᠨ ᠡᠰᠢ ᠰᠦᠷᠡᠯ ᠪᠣᠯᠪᠠᠰᠤᠷᠠᠭᠤᠯᠬᠤ ᠦᠶᠯᠡᠳᠪᠦᠷᠢ ᠪᠠ ᠯᠢᠶᠣᠤ ᡁᠢ ᠶᠦᠨ ᠱᠦᠭᠦᠷ᠎ᠤᠨ ᠪᠦᠲᠦᠭᠡᠭ᠌ᠳᠡᠬᠦᠨ᠎ᠢ ᠱᠢᠭᠤᠳ ᠡᠵᠡᠩᠨᠡᠬᠦ᠌ ᠳᠡᠯᠭᠡᠭᠦᠷ᠎ᠢ ᠪᠠᠢᠭᠤᠯᠵᠤ᠂ ᠱᠦᠭᠦᠷ ᠡᠪᠡᠰᠦᠨ᠎ᠤ ᠠᠵᠤ ᠦᠢᠯᠡᠰ᠎ᠤᠨ ᠨᠠᠮ᠎ᠤᠨ ᠪᠠᠢᠭᠤᠯᠤᠯᠲᠠ᠎ᠶ᠋ᠢᠨ ᠬᠤᠯᠪᠣᠭᠠᠲᠤ ᠴᠣᠭ᠍ᠴᠠ ᠪᠠ ᠰᠣᠳᠣᠨ ᠪᠦᠳᠦᠭᠡᠭ᠌ᠳᠡᠬᠦᠨ ᠳᠡᠯᠭᠡᠨ ᠦᠵᠡᠭᠦᠯᠬᠦ᠌ ᠣᠷᠳᠣᠨ ᠲᠤᠰ ᠲᠤᠰ 1 ᠪᠠᠢᠭᠤᠯᠤᠨ᠂ ᠱᠦᠭᠦᠷ ᠡᠪᠡᠰᠦᠨ᠎ᠤ ᠠᠵᠤ ᠦᠢᠯᠡᠰ᠎ᠤᠨ ᠪᠦᠬᠦ᠌ ᠠᠵᠤ ᠦᠢᠯᠡᠰ᠎ᠤᠨ ᠬᠡᠯᠬᠢᠶᠡᠵᠢᠯ᠎ᠤᠨ ᠬᠥᠭ᠌ᠵᠢᠯᠲᠡ᠎ᠶ᠋ᠢ ᠦᠨᠳᠦᠰᠦᠨ᠎ᠳᠡᠭᠡᠨ ᠪᠡᠶᠡᠯᠡᠭᠦᠯᠪᠡ᠃



ᠬᠤᠢᠱᠢᠲᠡ ᠠᠷᠪᠠᠨ ᠭᠤᠷᠪᠠᠨ ᠣᠪᠣᠭ᠎ᠠ ᠪᠠᠯᠭᠠᠰᠤ᠎ᠨᠢ ᠱᠦᠭᠦᠷ ᠡᠪᠡᠰᠦ ᠭᠡᠬᠦ᠌ ᠡᠨᠡ ᠬᠦ᠌ ᠠᠷᠠᠳ᠎ᠢ ᠪᠠᠶᠠᠵᠢᠭᠤᠯᠬᠤ ᠠᠵᠤ ᠦᠶᠯᠡᠰ᠎ᠢᠶᠠᠷ ᠪᠦᠬᠦ᠌ ᠬᠤᠱᠢᠭᠤᠨ᠎ᠤ ᠱᠦᠭᠦᠷ ᠡᠪᠡᠰᠦᠨ᠎ᠤ ᠠᠵᠤ ᠦᠢᠯᠡᠰ᠎ᠤᠨ ᠶᠡᠷᠦᠩᠬᠡᠢᠯᠡᠭ᠌ᠰᠡᠨ ᠴᠣᠭ᠍ᠴᠠ᠎ᠶ᠋ᠢ ᠠᠯᠬᠤᠮ ᠠᠯᠬᠤᠮ᠎ᠢᠶᠠᠷ ᠪᠦᠳᠦᠭᠡᠨ ᠪᠠᠢᠭᠤᠯᠵᠦ᠍᠂ ᠪᠠᠭᠠᠷᠢᠨ ᠵᠡᠭᠦᠨ ᠬᠤᠱᠢᠭᠤᠨ᠎ᠤ 《ᠳᠤᠮᠳᠠᠳᠤ ᠤᠯᠤᠰ᠎ᠤᠨ ᠱᠦᠭᠦᠷ ᠡᠪᠡᠰᠤᠨ᠎ᠤ ᠨᠤᠲᠤᠭ》 ᠠᠴᠠ 《ᠳᠤᠮᠳᠠᠳᠤ ᠤᠯᠤᠰ᠎ᠤᠨ ᠱᠦᠭᠦᠷ᠎ᠤᠨ ᠨᠤᠲᠤᠭ》 ᠪᠣᠯᠭᠠᠨ ᠬᠤᠪᠢᠷᠠᠭᠤᠯᠬᠤ᠎ᠳᠤ ᠬᠦᠴᠦᠨ ᠨᠡᠮᠡᠷᠢᠯᠡᠨ᠎ᠡ᠃