ᠮᠠᠯ ᠠᠵᠤ ᠠᠬᠤᠢ ᠲᠠᠷᠢᠶᠠᠯᠠᠩ ᠬᠦᠭ᠌ᠵᠢᠪᠠᠯ ᠠᠯᠢᠪᠠ ᠦᠢᠯᠡᠰ ᠬᠦᠭ᠌ᠵᠢᠵᠤ᠂ ᠮᠠᠯ ᠠᠵᠤ ᠠᠬᠤᠢ ᠲᠠᠷᠢᠶᠠᠯᠠᠩ ᠲᠤᠭ᠍ᠳᠠᠭᠤᠨ ᠪᠤᠯ ᠪᠦᠬᠦ᠌ ᠲᠠᠯ᠎ᠠ ᠲᠤᠭ᠍ᠳᠠᠭᠤᠨ ᠪᠠᠢᠳᠠᠭ᠃ ᠡᠨᠡ ᠪᠤᠯ ᠤᠯᠤᠰ ᠠᠷᠠᠳ᠎ᠤᠨ ᠠᠵᠤ ᠠᠬᠤᠢ᠎ᠶ᠋ᠢᠨ ᠰᠠᠭᠤᠷᠢ ᠪᠤᠯᠤᠭ᠍ᠰᠠᠨ ᠮᠠᠯ ᠠᠵᠤ ᠠᠬᠤᠢ ᠲᠠᠷᠢᠶᠠᠯᠠᠩ᠎ᠤᠨ ᠴᠢᠬᠤᠯᠠ ᠴᠢᠨᠠᠷ᠎ᠤᠨ ᠲᠤᠬᠠᠢ ᠲᠤᠪᠴᠢ ᠲᠤᠳᠤᠷᠠᠭᠤᠨ ᠨᠤᠳᠠᠯᠠᠯᠳᠠ ᠪᠤᠯᠬᠤ ᠶᠤᠮ᠃ ᠡᠬᠦᠨ᠎ᠠᠴᠠ ᠤᠯᠤᠰ᠎ᠤᠨ ᠠᠮᠤ ᠪᠤᠳᠠᠭᠠᠨ᠎ᠤ ᠭᠤᠤᠯ ᠭᠠᠷᠤᠯᠳᠠ᠎ᠶ᠋ᠢᠨ ᠮᠤᠵᠢ ᠤᠷᠤᠨ᠎ᠤ ᠨᠢᠭᠡ ᠪᠤᠯᠬᠤ ᠪᠦᠭᠡᠳ ᠤᠯᠤᠰ᠎ᠤᠨ ᠮᠠᠯ᠎ᠤᠨ ᠠᠱᠢᠭ ᠱᠢᠮ᠎ᠠ ᠲᠠᠷᠢᠶᠠᠯᠠᠩ᠎ᠤᠨ ᠪᠦᠳᠦᠭᠡᠭ᠌ᠳᠡᠭᠦᠨ᠎ᠤ ᠦᠢᠯᠡᠳᠪᠦᠷᠢᠯᠡᠯ᠎ᠤᠨ ᠴᠢᠬᠤᠯᠠ ᠰᠠᠭᠤᠷᠢᠨ ᠪᠤᠯᠤᠭ᠍ᠰᠠᠨ ᠦᠪᠦᠷ ᠮᠤᠩᠭᠤᠯ᠎ᠳᠤ ᠮᠠᠯ ᠠᠵᠤ ᠠᠬᠤᠢ ᠲᠠᠷᠢᠶᠠᠯᠠᠩ ᠶᠠᠮᠠᠷ ᠪᠠᠢᠷᠢ ᠰᠠᠭᠤᠷᠢ᠎ᠲᠠᠢ ᠪᠠᠢᠬᠤ᠎ᠶ᠋ᠢ ᠲᠤᠳᠤᠬᠠᠨ ᠮᠡᠳᠡᠵᠤ ᠲᠠᠢᠯᠬᠦ᠌ ᠠᠵᠢ᠃ ᠡᠨᠡ ᠵᠢᠯ᠎ᠠᠴᠠ ᠨᠠᠭᠠᠰᠢ᠂ ᠮᠠᠨ᠎ᠤ ᠤᠷᠤᠨ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ ᠪᠠ ᠠᠵᠤ ᠠᠬᠤᠢ ᠨᠡᠢᠭᠡᠮ᠎ᠤᠨ ᠬᠦᠭ᠌ᠵᠢᠯᠳᠡ᠎ᠶ᠋ᠢ ᠨᠢᠭᠡᠳᠦᠯᠳᠡᠢ ᠲᠦᠯᠦᠪᠵᠢᠬᠦᠯᠦᠨ ᠠᠬᠢᠭᠤᠯᠵᠤ᠂ ᠮᠠᠯ ᠠᠵᠤ ᠠᠬᠤᠢ ᠲᠠᠷᠢᠶᠠᠯᠠᠩ᠎ᠤᠨ ᠰᠡᠷᠭᠦᠯᠳᠡ᠎ᠶ᠋ᠢᠨ ᠴᠢᠨᠠᠷᠳᠠᠢ ᠬᠦᠭ᠌ᠵᠢᠯᠳᠡ᠎ᠶ᠋ᠢ ᠪᠡᠶᠡᠯᠡᠭᠦᠯᠦᠭ᠌ᠰᠡᠨ᠎ᠢᠶᠠᠷ ᠪᠠᠷᠠᠬᠤ ᠦᠬᠡᠢ ᠠᠵᠤ ᠠᠬᠤᠢ᠎ᠶ᠋ᠢᠨ ᠬᠦᠭ᠌ᠵᠢᠯᠳᠡ᠎ᠶ᠋ᠢᠨ ᠰᠠᠭᠤᠷᠢ᠎ᠪᠠᠨ ᠴᠦ᠍ ᠪᠠᠬᠢᠵᠢᠬᠦᠯᠵᠤ ᠴᠢᠳᠠᠭ᠍ᠰᠠᠨ ᠪᠠᠢᠨ᠎ᠠ᠃
ᠦᠨᠳᠤᠷ ᠦᠷ᠎ᠠ ᠠᠱᠢᠭ᠍ᠳᠤ ᠮᠠᠯ ᠠᠵᠤ ᠠᠬᠤᠢ ᠲᠠᠷᠢᠶᠠᠯᠠᠩ᠎ᠢ ᠬᠦᠭ᠌ᠵᠢᠭᠦᠯᠵᠦ᠍ ᠤᠳᠤᠬᠢᠴᠢᠯᠠᠭ᠍ᠰᠠᠨ ᠬᠦᠭ᠌ᠵᠢᠯᠳᠡ᠎ᠳᠤ ᠵᠢᠭᠦᠷ ᠤᠷᠭᠤᠭᠤᠯᠤᠯᠠ
ᠪᠠᠷᠢᠮᠵᠢᠶᠠᠵᠢᠯᠳᠠ᠂ ᠬᠡᠪᠴᠢᠶᠡᠵᠢᠯᠳᠡ᠂ ᠦᠷ᠎ᠠ ᠠᠱᠢᠭ᠂ ᠪᠤᠬᠢᠷᠳᠤᠯ ᠦᠭᠡᠢ᠃ ᠡᠨᠡ ᠪᠤᠯ ᠤᠳᠤ ᠦᠶ᠎ᠠ᠎ᠶ᠋ᠢᠨ ᠮᠠᠯ ᠠᠵᠤ ᠠᠬᠤᠢ ᠲᠠᠷᠢᠶᠠᠯᠠᠩ᠎ᠢ ᠬᠦᠭ᠌ᠵᠢᠭᠦᠯᠬᠦ᠌ ᠴᠢᠬᠤᠯᠠ ᠪᠠᠷᠢᠮᠳᠠᠯᠠᠯ ᠮᠦᠨ᠃ ᠲᠦᠷᠪᠡᠳ ᠬᠤᠱᠢᠭᠤᠨ᠎ᠤ ᠬᠤᠩᠭᠤᠷ ᠰᠤᠮᠤ᠎ᠶ᠋ᠢᠨ ᠪᠠᠶᠠᠨᠬᠤᠸᠠ ᠭᠠᠴᠠᠭᠠᠨ᠎ᠤ ᠮᠠᠯᠴᠢᠨ ᠡᠷᠳᠡᠨᠢ ᠤᠢ᠍ᠢᠷ᠎ᠠ᠎ᠶ᠋ᠢᠨ ᠵᠢᠯ᠎ᠠᠴᠠ ᠰᠠᠭᠤᠷᠢ ᠪᠦᠳᠦᠭᠡᠨ ᠪᠠᠢᠭᠤᠯᠤᠯᠳᠠ᠎ᠪᠠᠨ ᠰᠠᠢᠳᠤᠷ ᠬᠢᠵᠦ᠍᠂ ᠵᠤᠨ᠎ᠳᠠᠭᠠᠨ ᠰᠡᠷᠢᠭᠦᠨ ᠡᠪᠤᠯ᠎ᠳᠡᠭᠡᠨ ᠲᠤᠯᠠᠭᠠᠨ ᠪᠠᠢᠳᠠᠭ 700 ᠭᠠᠷᠤᠢ ᠲᠡᠭ᠌ᠰᠢ ᠲᠦᠷᠪᠡᠯᠵᠢᠨ ᠮᠧᠲᠷ᠎ᠤᠨ ᠬᠠᠱᠢᠶ᠎ᠠ ᠰᠠᠷᠠᠪᠴᠢ᠎ᠳᠠᠭᠠᠨ ᠬᠤᠨᠢᠳ᠎ᠢᠶᠠᠨ ᠬᠤᠪᠢᠶᠠᠨ ᠲᠤᠬᠢᠷᠠᠭᠤᠯᠵᠤ᠂ ᠡᠪᠡᠰᠤ ᠪᠤᠷᠳᠤᠭ᠎ᠠ᠎ᠶ᠋ᠢ ᠬᠡᠮᠵᠢᠶᠡᠨ᠎ᠳᠤᠨᠢ ᠳᠠᠭᠠᠷᠠᠭᠤᠯᠤᠨ ᠱᠢᠮ᠎ᠠ ᠲᠡᠵᠢᠭᠡᠯ᠎ᠲᠠᠢ ᠦᠭ᠌ᠴᠦ ᠮᠠᠯᠵᠢᠭ᠍ᠰᠠᠨ᠎ᠢᠶᠠᠷ ᠨᠢᠭᠡ ᠵᠢᠯ᠎ᠳᠤ ᠬᠤᠶᠠᠷ ᠤᠳᠠᠭ᠎ᠠ ᠲᠦᠯ ᠲᠤᠰᠴᠦ᠍᠂ ᠬᠠᠪᠤᠷ ᠨᠠᠮᠤᠷ ᠬᠤᠪᠢᠶᠠᠵᠤ ᠲᠠᠷᠭᠤ ᠬᠦᠴᠦᠲᠠᠢ ᠬᠤᠨᠢᠳ᠎ᠢᠶᠠᠨ ᠬᠤᠳᠠᠯᠳᠤᠨ ᠱᠢᠢᠳᠪᠤᠷᠢᠯᠡᠬᠡᠳ ᠵᠢᠯ᠎ᠳᠤ 100 ᠲᠦᠮᠡ ᠭᠠᠷᠤᠢ ᠲᠦᠭᠦᠷᠢᠭ᠎ᠤᠨ ᠤᠷᠤᠯᠭ᠎ᠠ ᠤᠯᠵᠤ ᠪᠠᠶᠠᠨ ᠲᠠᠩᠰᠤᠭ ᠠᠮᠢᠳᠤᠷᠠᠨ᠎ᠠ᠃ ᠡᠷᠳᠡᠨᠢ᠎ᠲᠠᠢ ᠠᠳᠠᠯᠢ ᠪᠠᠷᠢᠮᠵᠢᠶᠠᠵᠢᠵᠤ ᠬᠡᠪᠴᠢᠶᠡᠵᠢᠭ᠌ᠰᠡᠨ ᠦᠷ᠎ᠠ ᠠᠱᠢᠭ᠍ᠳᠤ ᠮᠠᠯ ᠠᠵᠤ ᠠᠬᠤᠢ᠎ᠶ᠋ᠢᠨ ᠬᠡᠱᠢᠭ᠎ᠢ ᠡᠳ᠋ᠯᠡᠵᠤ ᠶᠠᠪᠤᠭ᠎ᠠ ᠮᠠᠯᠴᠢᠳ ᠦᠪᠦᠷ ᠮᠤᠩᠭᠤᠯ᠎ᠳᠤ ᠬᠤᠷ᠎ᠠ᠎ᠶ᠋ᠢᠨ ᠲᠠᠷᠠᠭᠠᠬᠢ ᠬᠤᠯᠤᠰᠤᠨ ᠰᠦᠶᠦᠬᠡ ᠱᠢᠭ ᠤᠯᠠᠱᠢᠷᠠᠵᠤ ᠪᠤᠢ᠃ ᠲᠠᠬᠡᠷ᠎ᠠ ᠬᠠᠭᠠᠰ ᠵᠢᠯ᠎ᠳᠤ᠂ ᠪᠦᠬᠦ᠌ ᠤᠷᠤᠨ᠎ᠤ ᠮᠠᠯ ᠠᠵᠤ ᠠᠬᠤᠢ᠎ᠶ᠋ᠢᠨ ᠦᠢᠯᠡᠳᠬᠦᠨ᠎ᠤ ᠦᠷᠳᠡᠭ 541.1 ᠳ᠋ᠦᠩᠱᠢᠭᠤᠷ ᠲᠦᠬᠦᠷᠢᠭ᠎ᠲᠤ ᠬᠦᠷᠴᠦ᠍᠂ ᠨᠢᠳᠤᠨᠤᠨ᠎ᠤ ᠠᠳᠠᠯᠢ ᠬᠤᠭᠤᠴᠠᠭᠠᠨ᠎ᠤ᠎ᠬᠢ᠎ᠠᠴᠠ 4.4% ᠪᠠᠷ ᠨᠡᠮᠡᠭ᠌ᠳᠡᠪᠡ; ᠮᠠᠯᠵᠢᠬᠤ ᠲᠠᠷᠢᠶᠠᠯᠠᠬᠤ ᠤᠷᠤᠨ᠎ᠳᠤ ᠪᠠᠢᠩᠭᠤ ᠰᠠᠭᠤᠭ᠎ᠠ ᠰᠠᠭᠤᠭᠠᠯᠢ ᠠᠷᠠᠳ᠎ᠤᠨ ᠬᠦᠮᠦᠨ ᠲᠤᠮᠳᠠᠴᠢ᠎ᠶ᠋ᠢᠨ ᠡᠵᠡᠮᠳᠡᠵᠤ ᠪᠤᠯᠬᠤ ᠤᠷᠤᠯᠭ᠎ᠠ 6369 ᠲᠦᠬᠦᠷᠢᠭ᠎ᠲᠤ ᠬᠦᠷᠴᠦ᠍᠂ ᠨᠢᠳᠤᠨᠤᠨ᠎ᠤ ᠠᠳᠠᠯᠢ ᠬᠤᠭᠤᠴᠠᠭᠠᠨ᠎ᠤ᠎ᠬᠢ᠎ᠠᠴᠠ 4.9% ᠪᠠᠷ ᠨᠡᠮᠡᠭ᠌ᠳᠡᠪᠡ᠃
ᠲᠠᠷᠢᠶᠠᠨ ᠭᠠᠵᠠᠷ᠎ᠤᠨ ᠠᠮᠤ ᠪᠤᠳᠠᠭᠠᠨ᠎ᠤ ᠦᠢᠯᠡᠳᠪᠤᠷᠢᠯᠡᠯ᠎ᠤᠨ ᠴᠢᠳᠠᠪᠤᠷᠢ᠎ᠶ᠋ᠢ ᠪᠠᠳᠤᠯᠠᠵᠤ᠂ ᠮᠡᠷᠬᠡᠵᠢᠯ᠎ᠢᠶᠠᠷ ᠠᠮᠤ ᠪᠤᠳᠠᠭᠠᠨ᠎ᠤ ᠤᠨᠠᠯᠳᠠ᠎ᠶ᠋ᠢ ᠨᠡᠮᠡᠭ᠌ᠳᠡᠬᠦᠯᠤᠨ᠎ᠠ᠃ ᠡᠨᠡ ᠪᠤᠯ ᠠᠮᠤ ᠪᠤᠳᠠᠭᠠᠨ᠎ᠤ ᠠᠮᠤᠷ ᠲᠦᠪᠱᠢᠨ᠎ᠢ ᠪᠠᠳᠤᠯᠠᠬᠤ ᠱᠢᠨᠵᠢᠯᠡᠬᠦ᠌ ᠤᠬᠠᠭᠠᠨᠴᠢ ᠠᠷᠭ᠎ᠠ ᠵᠠᠮ ᠮᠦᠨ᠃ ᠮᠠᠨ᠎ᠤ ᠤᠷᠤᠨ ᠦᠨᠳᠦᠷ ᠪᠠᠷᠢᠮᠵᠢᠶ᠎ᠠ᠎ᠳᠤ ᠲᠠᠷᠢᠶᠠᠨ ᠭᠠᠵᠠᠷ ᠭᠠᠷᠭᠠᠬᠤ ᠪᠠ ᠬᠤᠵᠢᠷᠯᠢᠭ ᠲᠠᠷᠢᠶᠠᠨ ᠭᠠᠵᠠᠷ᠎ᠢ ᠰᠠᠢᠵᠢᠷᠠᠭᠤᠯᠬᠤ ᠲᠦᠷᠦᠯ ᠵᠦᠢᠯ᠎ᠤᠨ ᠪᠦᠳᠦᠭᠡᠨ ᠪᠠᠢᠭᠤᠯᠤᠯᠳᠠ᠎ᠶ᠋ᠢ ᠶᠡᠭᠡ᠎ᠪᠠᠷ ᠠᠬᠢᠭᠤᠯᠵᠤ᠂ 33.3 ᠲᠦᠮᠠᠨ ᠾᠧᠺᠲ᠋ᠠᠷ ᠲᠠᠷᠢᠶᠠᠨ ᠭᠠᠵᠠᠷ᠎ᠤᠨ ᠶᠠᠰᠤ ᠴᠢᠨᠠᠷ᠎ᠢ ᠲᠡᠭᠡᠭ᠌ᠰᠢᠯᠡᠭᠦᠯᠬᠦ᠂ 46.7 ᠲᠦᠮᠡᠨ ᠾᠧᠺᠲ᠋ᠠᠷ᠎ᠤᠨ ᠵᠡᠭᠦᠨ ᠬᠤᠢᠳᠤ ᠬᠡᠰᠡᠭ᠎ᠤᠨ ᠬᠠᠷ᠎ᠠ ᠬᠦᠷᠦᠰᠦ᠎ᠶ᠋ᠢᠨ ᠬᠠᠮᠠᠭᠠᠯᠠᠯᠳᠠ᠎ᠶ᠋ᠢᠨ ᠴᠢᠨᠠᠷᠳᠠᠢ ᠲᠠᠷᠢᠶᠠᠯᠠᠭ᠎ᠠ ᠵᠡᠷᠭᠡ ᠴᠢᠬᠤᠯᠠ ᠶᠡᠭᠡ ᠢᠨᠵᠧᠨᠧᠷᠢᠩ᠎ᠢ ᠰᠠᠢᠳᠤᠷ ᠬᠡᠷᠡᠭ᠌ᠵᠢᠭᠦᠯᠵᠦ᠍᠂ ᠲᠠᠷᠢᠶᠠᠯᠠᠩ᠎ᠤᠨ ᠦᠢᠯᠡᠳᠪᠦᠷᠢᠯᠡᠯ᠎ᠤᠨ ᠰᠠᠭᠤᠷᠢ᠎ᠪᠠᠨ ᠪᠠᠬᠢᠵᠢᠭᠦᠯᠬᠦ᠌᠎ᠶ᠋ᠢᠨ ᠬᠠᠮᠳᠤ ᠠᠮᠤ ᠪᠤᠳᠠᠭᠠᠨ᠎ᠤ ᠦᠢᠯᠡᠳᠪᠦᠷᠢᠯᠡᠯ᠎ᠤᠨ ᠴᠢᠳᠠᠪᠤᠷᠢ᠎ᠪᠠᠨ ᠴᠦ᠍ ᠪᠦᠳᠦᠮᠵᠢᠳᠠᠢ ᠲᠡᠭᠡᠭ᠌ᠰᠢᠯᠡᠭᠦᠯᠪᠠ᠃ ᠡᠨᠡ ᠵᠢᠯ ᠪᠦᠬᠦ᠌ ᠤᠷᠤᠨ᠎ᠤ ᠠᠮᠤ ᠪᠤᠳᠠᠭᠠᠨ᠎ᠤ ᠲᠠᠷᠢᠮᠠᠯ᠎ᠤᠨ ᠲᠠᠯᠠᠪᠠᠢ 10252 ᠲᠦᠮᠡᠨ ᠮᠦ᠍᠎ᠳᠤ ᠬᠦᠷᠴᠦ᠍᠂ ᠨᠢᠳᠤᠨᠤᠨ᠎ᠤ᠎ᠬᠢ᠎ᠠᠴᠠ 10 ᠲᠦᠮᠡᠨ ᠮᠦ᠍ ᠨᠡᠮᠡᠭ᠌ᠳᠡᠨ᠂ ᠤᠯᠤᠰ᠎ᠠᠴᠠ ᠮᠠᠨ᠎ᠤ ᠤᠷᠤᠨ᠎ᠳᠤ ᠪᠠᠭᠤᠯᠭᠠᠭ᠍ᠰᠠᠨ ᠠᠮᠤ ᠪᠤᠳᠠᠭ᠎ᠠ ᠲᠠᠷᠢᠬᠤ ᠭᠦᠢᠴᠡᠳᠭᠡᠬᠦ᠌ ᠲᠤᠭ᠎ᠠ᠎ᠶ᠋ᠢ ᠲᠠᠪᠠᠭᠤᠯᠤᠨ ᠪᠡᠶᠡᠯᠡᠭᠦᠯᠦᠭ᠌ᠰᠡᠨ ᠠᠵᠢ᠃
ᠦᠷ᠎ᠠ᠎ᠶ᠋ᠢᠨ ᠦᠢᠯᠡᠰ᠎ᠤᠨ ᠢᠨᠵᠧᠨᠧᠷᠢᠩ ᠪᠤᠯ ᠮᠠᠯ᠎ᠤᠨ ᠠᠱᠢᠭ ᠱᠢᠮ᠎ᠠ᠎ᠶ᠋ᠢᠨ ᠶᠠᠰᠤ ᠴᠢᠨᠠᠷ᠎ᠢ ᠲᠡᠭᠡᠭ᠌ᠰᠢᠯᠡᠭᠦᠯᠵᠤ᠂ ᠮᠠᠯᠴᠢᠨ ᠲᠠᠷᠢᠶᠠᠴᠢᠨ᠎ᠤ ᠤᠷᠤᠯᠭ᠎ᠠ᠎ᠶ᠋ᠢ ᠨᠡᠮᠡᠭ᠌ᠳᠡᠭᠦᠯᠬᠦ᠌ ᠦᠨᠳᠦᠰᠤᠨ ᠪᠠᠳᠤᠯᠠᠭ᠎ᠠ ᠮᠦᠨ᠃ ᠮᠠᠨ᠎ᠤ ᠤᠷᠤᠨ᠎ᠳᠤ ᠤᠳᠤ ᠤᠯᠤᠰ᠎ᠤᠨ ᠲᠡᠰ᠎ᠤᠨ ᠭᠤᠤᠯᠳᠠᠯᠭ᠎ᠠ᠎ᠲᠠᠢ ᠢᠴᠡᠭᠡᠯ ᠦᠷ᠎ᠠ ᠪᠤᠢᠵᠢᠭᠤᠯᠬᠤ 11 ᠲᠠᠯᠠᠪᠠᠢ᠎ᠲᠠᠢ ᠪᠠᠢᠵᠤ᠂ ᠪᠦᠬᠦ᠌ ᠤᠯᠤᠰ᠎ᠤᠨ ᠦᠭᠡᠷ ᠬᠤᠨᠢᠨ᠎ᠤ ᠡᠭᠦᠯᠳᠡᠷ᠎ᠢ ᠬᠠᠮᠤᠭ᠎ᠤᠨ ᠤᠯᠠᠨ ᠪᠤᠢᠵᠢᠭᠤᠯᠤᠭ᠍ᠰᠠᠨ ᠮᠤᠵᠢ ᠤᠷᠤᠨ ᠪᠤᠯᠵᠠᠢ᠃ ᠡᠨᠡ ᠵᠢᠯ ᠮᠠᠨ᠎ᠤ ᠤᠷᠤᠨ ᠤᠳᠤ ᠦᠶ᠎ᠠ᠎ᠶ᠋ᠢᠨ ᠦᠷ᠎ᠠ᠎ᠶ᠋ᠢᠨ ᠦᠢᠯᠡᠰ᠎ᠢ ᠲᠡᠭᠡᠭ᠌ᠰᠢᠯᠡᠭᠦᠯᠬᠦ᠌ ᠢᠨᠵᠧᠨᠧᠷᠢᠩ᠎ᠢ ᠬᠡᠷᠡᠭ᠌ᠵᠢᠭᠦᠯᠵᠦ᠍᠂ ᠰᠠᠭᠠᠯᠢ᠎ᠶ᠋ᠢᠨ ᠦᠨᠢᠶ᠎ᠠ᠂ ᠮᠢᠬᠠᠨ᠎ᠤ ᠦᠭᠡᠷ᠂ ᠮᠢᠬᠠᠨ᠎ᠤ ᠬᠤᠨᠢ᠂ ᠨᠤᠤᠯᠤᠭᠤᠷ᠎ᠤᠨ ᠢᠮᠠᠭᠠᠨ᠎ᠤ ᠰᠠᠢᠨ ᠡᠭᠦᠯᠳᠡᠷ᠎ᠢ ᠪᠤᠢᠵᠢᠭᠤᠯᠬᠤ᠎ᠪᠠᠷ ᠱᠢᠪᠳᠤᠯᠤᠯᠳᠠ ᠪᠤᠯᠭᠠᠨ᠂ ᠨᠤᠤᠯᠤᠭᠤᠷ᠎ᠤᠨ ᠴᠠᠭᠠᠨ ᠢᠮᠠᠭ᠎ᠠ᠂ ᠮᠤᠩᠭᠤᠯ ᠮᠤᠷᠢ᠂ ᠮᠤᠩᠭᠤᠯ ᠦᠭᠡᠷ᠂ ᠬᠤᠤᠰ ᠪᠦᠬᠦᠳᠦ ᠲᠡᠮᠡᠭᠡ᠂ ᠭᠤᠷᠪᠠᠨ ᠭᠤᠤᠯ᠎ᠤᠨ ᠠᠳᠤᠭᠤ᠂ ᠭᠤᠷᠪᠠᠨ ᠭᠤᠤᠯ᠎ᠤᠨ ᠦᠭᠡᠷ᠎ᠤᠨ ᠢᠴᠡᠭᠡᠯ ᠦᠷ᠎ᠠ ᠪᠤᠢᠵᠢᠭᠤᠯᠬᠤ ᠲᠠᠯᠠᠪᠠᠢ᠂ ᠬᠠᠮᠠᠭᠠᠯᠠᠯᠳᠠ᠎ᠶ᠋ᠢᠨ ᠤᠷᠤᠨ ᠪᠤᠯᠤᠨ ᠭᠧᠨ᠎ᠤ ᠬᠦᠮᠦᠷᠭᠡ᠎ᠶ᠋ᠢᠨ ᠪᠠᠢᠭᠤᠯᠤᠯᠳᠠ᠎ᠶ᠋ᠢ ᠨᠢᠭᠡᠳᠦᠯᠳᠡᠢ ᠲᠦᠯᠦᠪᠵᠢᠬᠦᠯᠦᠨ ᠠᠬᠢᠭᠤᠯᠵᠤ᠂ ᠮᠠᠯ ᠠᠵᠤ ᠠᠬᠤᠢ᠎ᠶ᠋ᠢᠨ ᠲᠤᠮᠤ ᠤᠷᠤᠨ᠎ᠠᠴᠠ ᠮᠠᠯ ᠠᠵᠤ ᠠᠬᠤᠢ᠎ᠶ᠋ᠢᠨ ᠬᠦᠴᠦᠷᠭᠡᠭ ᠤᠷᠤᠨ᠎ᠳᠤ ᠱᠢᠯᠵᠢᠬᠦ᠌᠎ᠳᠤ ᠬᠦᠴᠦᠨ ᠨᠡᠮᠡᠷᠢᠯᠡᠵᠡᠢ᠃ ᠡᠨᠡ ᠵᠢᠯ᠎ᠤᠨ ᠨᠢᠭᠡᠳᠦᠭᠡᠷ ᠤᠯᠠᠷᠢᠯ᠎ᠤᠨ ᠪᠦᠷᠢᠳᠭᠡᠯ᠎ᠳᠤ ᠪᠦᠬᠦ᠌ ᠤᠷᠤᠨ᠎ᠤ ᠮᠢᠬᠠᠨ᠎ᠤ ᠦᠭᠡᠷ ᠪᠠ ᠮᠢᠬᠠᠨ᠎ᠤ ᠬᠤᠨᠢᠨ᠎ᠤ ᠲᠤᠭ᠎ᠠ ᠲᠤᠰ ᠪᠦᠷᠢ 565.8 ᠲᠦᠮᠡ ᠪᠠ 6612.7 ᠲᠦᠮᠡ᠎ᠳᠤ ᠬᠦᠷᠴᠦ᠍᠂ ᠨᠢᠳᠤᠨᠤᠨ᠎ᠤ ᠠᠳᠠᠯᠢ ᠬᠤᠭᠤᠴᠠᠭᠠᠨ᠎ᠤ᠎ᠬᠢ᠎ᠠᠴᠠ ᠲᠤᠰ ᠪᠦᠷᠢ 8% ᠪᠠ 6.8% ᠪᠠᠷ ᠨᠡᠮᠡᠭ᠌ᠳᠡᠪᠡ᠃
ᠰᠦ᠎ᠶ᠋ᠢᠨ ᠦᠢᠯᠡᠰ᠎ᠢ ᠬᠦᠭ᠌ᠵᠢᠭᠦᠯᠦᠨ ᠮᠠᠨᠳᠤᠭᠤᠯᠵᠤ ᠴᠠᠭᠠᠨ ᠢᠳᠡᠭᠡᠨ᠎ᠤ ᠶᠠᠰᠤ ᠴᠢᠨᠠᠷ ᠪᠤᠯᠤᠨ ᠦᠷᠢᠰᠦᠯᠳᠦᠬᠦ᠌ ᠬᠦᠴᠦᠨ᠎ᠢᠶᠠᠷ ᠲᠡᠯᠡᠭᠡᠢ᠎ᠳᠤ ᠬᠤᠱᠢᠭᠤᠷᠠᠯ᠎ᠠ
ᠤᠷᠴᠢᠮᠬᠠᠨ ᠦᠪᠡᠷᠳᠡᠭᠡᠨ ᠵᠠᠰᠠᠬᠤ ᠤᠷᠤᠨ᠎ᠠᠴᠠ ᠦᠨᠳᠦᠰᠦᠳᠡᠨ᠎ᠤ ᠤᠯᠠᠮᠵᠢᠯᠠᠯᠳᠤ ᠴᠠᠭᠠᠨ ᠢᠳᠡᠭᠡᠨ᠎ᠤ ᠠᠵᠤ ᠦᠢᠯᠡᠰ᠎ᠢ ᠬᠦᠭ᠌ᠵᠢᠭᠦᠯᠬᠦ᠌ ᠲᠦᠷᠦᠭᠦᠦ ᠪᠦᠯᠦᠭ᠎ᠤᠨ 160 ᠲᠤᠷᠱᠢᠯᠳᠠ᠎ᠶ᠋ᠢᠨ ᠴᠡᠭ᠎ᠢ ᠰᠤᠩᠭᠤᠨ ᠲᠤᠭ᠍ᠳᠠᠭᠠᠭ᠍ᠰᠠᠨ᠎ᠳᠤ ᠱᠢᠯᠤᠭᠤᠨ ᠬᠦᠭᠡ ᠬᠤᠱᠢᠭᠤᠨ᠎ᠤ 《ᠰᠦ᠎ᠲᠠᠢ》 ᠺᠤᠮᠫᠠᠨᠢ ᠡᠨᠡ ᠬᠦ᠌ ᠡᠩᠨᠡᠬᠡᠨ᠎ᠳᠤ ᠤᠷᠤᠭ᠍ᠰᠠᠨ ᠪᠠᠢᠨ᠎ᠠ᠃ ᠨᠠᠢ᠍ᠮᠠᠨ ᠰᠠᠷ᠎ᠠ᠎ᠶ᠋ᠢᠨ ᠰᠡᠭᠦᠯᠴᠢ᠎ᠳᠤ ᠶᠠᠪᠤᠭ᠍ᠳᠠᠭ᠍ᠰᠠᠨ 《ᠱᠢᠯᠢ᠎ᠶ᠋ᠢᠨ ᠭᠤᠤᠯ》 ᠴᠠᠭᠠᠨ ᠢᠳᠡᠭᠡᠨ᠎ᠤ ᠦᠨᠡᠯᠡᠨ ᠱᠢᠯᠭᠠᠷᠠᠭᠤᠯᠬᠤ ᠠᠵᠢᠯᠯᠠᠭ᠎ᠠ ᠲᠡᠭᠡᠷ᠎ᠠ ᠲᠤᠰ ᠺᠤᠮᠫᠠᠨᠢ ᠡᠵᠡᠩᠨᠡᠨ ᠪᠤᠷᠤᠯᠠᠭᠤᠯᠬᠤ ᠠᠷᠭ᠎ᠠ ᠪᠠᠷᠢᠯ᠎ᠤᠨ ᠱᠢᠯᠭᠠᠷᠠᠭᠤᠯᠤᠯᠳᠠ ᠪᠤᠯᠤᠨ ᠪᠤᠬᠢᠷᠳᠤᠯ ᠦᠭᠡᠢ ᠤᠨᠴᠠᠯᠢᠭ᠍ᠳᠤ ᠪᠤᠭᠤᠳᠠᠯ ᠪᠠᠭ᠍ᠯᠠᠭ᠎ᠠ᠎ᠶ᠋ᠢᠨ ᠱᠢᠯᠭᠠᠷᠠᠭᠤᠯᠤᠯᠳᠠ᠎ᠳᠤ ᠲᠤᠰ ᠪᠦᠷᠢ ᠨᠢᠭᠡᠳᠤᠬᠡᠷ ᠬᠤᠶᠠᠳᠤᠭᠠᠷ ᠨᠡᠷᠡᠰ᠎ᠲᠤ ᠲᠤᠳᠤᠷᠠᠵᠤ᠂ ᠬᠦᠭ᠌ᠵᠢᠯᠳᠡ᠎ᠶ᠋ᠢᠨ ᠲᠠᠯᠳᠠ ᠬᠦᠴᠦᠨ᠎ᠢᠶᠠᠨ ᠤᠯᠠᠨ᠎ᠠ ᠭᠠᠢᠬᠠᠭᠤᠯᠵᠠᠢ᠃ 《ᠬᠤᠢᠱᠢᠳᠠ ᠺᠤᠮᠫᠠᠨᠢ᠎ᠶ᠋ᠢᠨ ᠴᠠᠭᠠᠨ ᠢᠳᠡᠭᠡᠨ᠎ᠤ ᠲᠦᠷᠦᠯ ᠵᠦᠢᠯ᠎ᠢᠶᠠᠨ ᠲᠤᠰᠭᠠᠢᠵᠢᠭᠤᠯᠵᠤ᠂ ᠮᠤᠩᠭᠤᠯ ᠦᠨᠳᠦᠰᠦᠳᠡᠨ᠎ᠤ ᠤᠯᠠᠮᠵᠢᠯᠠᠯᠳᠤ ᠴᠠᠭᠠᠨ ᠢᠳᠡᠭᠡᠨ᠎ᠤ ᠦᠢᠯᠡᠰ᠎ᠢᠶᠠᠨ ᠤᠯᠠᠮ ᠬᠦᠭ᠌ᠵᠢᠭᠦᠯᠤᠨ ᠠᠵᠢᠯ ᠲᠦᠷᠦᠯ᠎ᠤᠨ᠎ᠢᠶᠠᠨ ᠲᠤᠮᠳᠠ ᠬᠡᠪ ᠲᠠᠭᠤᠷᠢᠶᠠᠯ ᠪᠤᠯᠤᠨ᠎ᠠ》 ᠭᠡᠵᠦ᠍ 《ᠰᠦ᠎ᠲᠠᠢ》 ᠺᠤᠮᠫᠠᠨᠢ᠎ᠶ᠋ᠢᠨ ᠲᠠᠭᠠᠭᠠᠮᠠᠯ ᠡᠷᠬᠢᠮᠪᠠᠶᠠᠷ ᠢᠳᠡᠭᠡᠯ ᠲᠦᠭᠦᠷᠡᠩ ᠶᠠᠷᠢᠨ᠎ᠠ᠃
ᠤᠶᠤᠳᠠᠨ ᠵᠠᠯᠠᠭᠤ ᠡᠷᠬᠢᠮᠪᠠᠶᠠᠷ ᠤᠯᠠᠮᠵᠢᠯᠠᠯᠳᠤ ᠴᠠᠭᠠᠨ ᠢᠳᠡᠭᠡᠨ᠎ᠤ ᠦᠢᠯᠡᠰ ᠡᠷᠬᠢᠯᠡᠭ᠌ᠰᠡᠨ᠎ᠨᠢ ᠶᠠᠭ ᠰᠠᠢᠬᠠᠨ ᠮᠠᠨ᠎ᠤ ᠤᠷᠤᠨ᠎ᠤ ᠰᠦ᠎ᠶ᠋ᠢᠨ ᠦᠢᠯᠡᠰ᠎ᠢ ᠬᠦᠭ᠌ᠵᠢᠭᠦᠯᠦᠨ ᠮᠠᠨᠳᠤᠭᠤᠯᠬᠤ ᠪᠠᠢᠯᠳᠤᠬᠤ ᠪᠤᠳᠤᠯᠭ᠎ᠠ᠎ᠶ᠋ᠢᠨ ᠠᠵᠠ ᠲᠤᠬᠢᠶᠠᠯ᠎ᠲᠠᠢ ᠬᠠᠷᠭᠤᠵᠤ᠂ ᠶᠤᠰᠤᠳᠠᠢ ᠵᠤᠯ ᠵᠠᠶᠠᠭ᠎ᠠ ᠨᠡᠢᠯᠡᠭ᠌ᠰᠡᠨ ᠶᠠᠪᠤᠳᠠᠯ ᠪᠤᠯᠵᠠᠢ᠃ ᠡᠨᠡ ᠵᠢᠯ᠎ᠠᠴᠠ ᠨᠠᠭᠠᠰᠢ᠂ ᠮᠠᠨ᠎ᠤ ᠤᠷᠤᠨ ᠰᠦ᠎ᠶ᠋ᠢᠨ ᠦᠢᠯᠡᠰ᠎ᠢ ᠬᠦᠭ᠌ᠵᠢᠭᠦᠯᠦᠨ ᠮᠠᠨᠳᠤᠭᠤᠯᠬᠤ ᠪᠠ ᠦᠨᠳᠦᠰᠦᠳᠡᠨ᠎ᠤ ᠤᠨᠴᠠᠯᠢᠭ᠍ᠳᠤ ᠴᠠᠭᠠᠨ ᠢᠳᠡᠭᠡᠨ᠎ᠤ ᠬᠦᠭ᠌ᠵᠢᠯᠳᠡ᠎ᠶ᠋ᠢ ᠲᠡᠮᠵᠢᠬᠦ᠌ ᠰᠠᠨᠠᠯ ᠵᠡᠷᠭᠡ ᠲᠦᠷᠦ᠎ᠶ᠋ᠢᠨ ᠪᠤᠳᠤᠯᠭ᠎ᠠ ᠠᠷᠭ᠎ᠠ ᠬᠡᠮᠵᠢᠶ᠎ᠠ᠎ᠨᠦᠭᠦᠳ᠎ᠢ ᠲᠤᠭ᠍ᠳᠠᠭᠠᠨ ᠬᠡᠷᠡᠭ᠌ᠵᠢᠬᠦᠯᠵᠤ᠂ 4 ᠳ᠋ᠦᠩᠱᠢᠭᠤᠷ ᠲᠦᠭᠦᠷᠢᠭ᠎ᠤᠨ ᠰᠦ᠎ᠶ᠋ᠢᠨ ᠦᠢᠯᠡᠰ᠎ᠤᠨ ᠲᠤᠰᠭᠠᠢ ᠲᠦᠷᠦᠯ᠎ᠤᠨ ᠪᠡᠯᠡ ᠮᠦᠩᠭᠦ᠌ ᠲᠤᠬᠢᠷᠠᠭᠤᠯᠤᠨ 216 ᠳ᠋ᠦᠩᠱᠢᠭᠤᠷ ᠲᠦᠭᠦᠷᠢᠭ᠎ᠤᠨ ᠪᠡᠯᠡ ᠬᠤᠷᠠᠮᠳᠤᠭᠤᠯᠵᠤ᠂ ᠰᠦ᠎ᠶ᠋ᠢᠨ ᠦᠢᠯᠡᠰ᠎ᠤᠨ ᠴᠢᠬᠤᠯᠠ ᠶᠡᠭᠡ ᠲᠦᠷᠦᠯ ᠵᠦᠢᠯ᠎ᠢ ᠪᠤᠳᠠᠳᠠᠢ᠎ᠳᠤ ᠨᠠᠢᠳᠠᠪᠤᠷᠢᠵᠢᠭᠤᠯᠬᠤ᠎ᠶ᠋ᠢ ᠵᠤᠷᠢᠪᠠ᠃ ᠡᠯ᠎ᠠ ᠲᠠᠯ᠎ᠠ᠎ᠶ᠋ᠢᠨ ᠬᠠᠮᠳᠤ᠎ᠶ᠋ᠢᠨ ᠴᠢᠷᠮᠠᠢᠯᠭ᠎ᠠ᠎ᠪᠠᠷ ᠮᠠᠨ᠎ᠤ ᠤᠷᠤᠨ᠎ᠤ ᠰᠦ᠎ᠶ᠋ᠢᠨ ᠦᠢᠯᠡᠰ᠎ᠢ ᠬᠦᠭ᠌ᠵᠢᠭᠦᠯᠦᠨ ᠮᠠᠨᠳᠤᠭᠤᠯᠬᠤ ᠠᠵᠢᠯᠯᠠᠭᠠᠨ ᠰᠠᠢᠨ ᠰᠠᠢᠬᠠᠨ᠎ᠢᠶᠠᠷ ᠡᠬᠢᠯᠡᠵᠤ᠂ ᠰᠦ᠎ᠶ᠋ᠢᠨ ᠦᠢᠯᠡᠰ ᠬᠤᠶᠠᠷ ᠵᠢᠯ ᠲᠠᠷᠠᠭᠠᠯᠠᠨ ᠰᠡᠷᠭᠦᠯᠳᠡ᠎ᠶ᠋ᠢᠨ ᠴᠢᠨᠠᠷᠳᠠᠢ ᠨᠡᠮᠡᠭ᠌ᠳᠡᠯ᠎ᠢ ᠪᠡᠶᠡᠯᠡᠭᠦᠯᠵᠡᠢ᠃ ᠤᠳᠤ ᠪᠦᠬᠦ᠌ ᠤᠷᠤᠨ᠎ᠤ ᠰᠠᠭᠠᠯᠢ᠎ᠶ᠋ᠢᠨ ᠦᠨᠢᠶᠡᠨ᠎ᠤ ᠲᠤᠭ᠎ᠠ 120 ᠲᠦᠮᠡ᠎ᠶ᠋ᠢ ᠲᠠᠪᠠᠨ᠂ ᠵᠢᠯ᠎ᠳᠤ 570 ᠭᠠᠷᠤᠢ ᠲᠦᠮᠡᠨ ᠲᠤᠨ ᠰᠦ ᠰᠠᠭᠠᠵᠤ᠂ ᠰᠦ᠎ᠶ᠋ᠢᠨ ᠦᠢᠯᠡᠰ᠎ᠤᠨ ᠦᠢᠯᠡᠳᠭᠦᠨ᠎ᠤ ᠦᠷᠳᠡᠭ 1665 ᠳ᠋ᠦᠩᠱᠢᠭᠤᠷ ᠲᠦᠭᠦᠷᠢᠭ᠎ᠲᠤ ᠬᠦᠷᠴᠦ᠍᠂ ᠦᠨᠢᠶᠡᠨ ᠰᠦ᠎ᠶ᠋ᠢᠨ ᠭᠠᠷᠤᠯᠳᠠ᠂ ᠴᠠᠭᠠᠨ ᠢᠳᠡᠬᠡᠨ᠎ᠤ ᠠᠵᠤ ᠦᠢᠯᠡᠰ᠎ᠤᠨ ᠦᠢᠯᠡᠳᠪᠤᠷᠢᠯᠡᠯ᠎ᠤᠨ ᠬᠡᠪᠴᠢᠶ᠎ᠠ ᠪᠠ ᠵᠠᠬ᠎ᠠ ᠲᠡᠯᠭᠡᠭᠦᠷ᠎ᠤᠨ ᠡᠵᠡᠯᠡᠬᠦ᠌ ᠨᠤᠷᠮ᠎ᠠ᠎ᠪᠠᠷ ᠴᠦᠮ ᠪᠦᠬᠦ᠌ ᠤᠯᠤᠰ᠎ᠲᠤ ᠲᠦᠷᠦᠭᠦᠯᠡᠵᠤ ᠪᠤᠢ; 2020 ᠤᠨ᠎ᠤ 《ᠪᠦᠬᠦ᠌ ᠪᠦᠮᠪᠦᠷᠴᠡᠭ᠎ᠤᠨ ᠰᠦ᠎ᠶ᠋ᠢᠨ ᠦᠢᠯᠡᠰ᠎ᠤᠨ ᠬᠤᠷᠢᠨ ᠬᠦᠴᠦᠷᠭᠡᠭ》 ᠤᠨ ᠵᠢᠭ᠍ᠰᠠᠭᠠᠯᠳᠠ᠎ᠳᠤ ᠢᠯᠢ ᠪᠦᠯᠦᠭ᠌ᠯᠡᠯ ᠪᠤᠯᠤᠨ ᠮᠧᠩ ᠨᠢᠦ ᠺᠤᠮᠫᠠᠨᠢ ᠲᠤᠰ ᠪᠦᠷᠢ ᠲᠠᠪᠤᠳᠤᠭᠠᠷ ᠪᠠ ᠨᠠᠢ᠍ᠮᠠᠳᠤᠭᠠᠷ᠎ᠲᠤ ᠤᠷᠤᠵᠤ᠂ ᠦᠪᠦᠷ ᠮᠤᠩᠭᠤᠯ ᠨᠡᠷ᠎ᠠ ᠨᠢᠳᠡᠷ᠎ᠲᠡᠭᠡᠨ ᠲᠡᠩᠴᠡᠭ᠌ᠰᠡᠨ ᠰᠦ᠎ᠶ᠋ᠢᠨ ᠬᠦᠮᠦᠷᠭᠡ ᠪᠤᠯᠪᠠ᠃
ᠡᠨᠡ ᠵᠢᠯ᠎ᠤᠨ 7 ᠰᠠᠷ᠎ᠠ᠎ᠳᠤ ᠦᠪᠡᠷᠳᠡᠭᠡᠨ ᠵᠠᠰᠠᠬᠤ ᠤᠷᠤᠨ᠎ᠤ ᠨᠠᠮ᠎ᠤᠨ ᠬᠤᠷᠢᠶ᠎ᠠ᠂ ᠵᠠᠰᠠᠭ᠎ᠤᠨ ᠤᠷᠳᠤᠨ᠎ᠠᠴᠠ 《ᠮᠠᠯ ᠠᠵᠤ ᠠᠬᠤᠢ ᠲᠠᠷᠢᠶᠠᠯᠠᠩ᠎ᠤᠨ ᠴᠢᠨᠠᠷ ᠰᠠᠢᠳᠠᠢ ᠬᠦᠭ᠌ᠵᠢᠯᠳᠡ᠎ᠶ᠋ᠢ ᠲᠦᠷᠭᠡᠳᠭᠡᠨ ᠠᠬᠢᠭᠤᠯᠬᠤ ᠲᠤᠬᠠᠢ ᠰᠠᠨᠠᠯ》 ᠢ ᠨᠡᠢᠳᠡᠯᠡᠨ ᠬᠡᠷᠡᠭ᠌ᠵᠢᠬᠦᠯᠵᠤ᠂ ᠴᠠᠭᠠᠨ ᠢᠳᠡᠭᠡᠨ᠎ᠤ ᠠᠵᠤ ᠦᠢᠯᠡᠰ᠎ᠤᠨ ᠪᠦᠯᠦᠭ᠌ᠵᠢᠯ᠎ᠢ ᠪᠦᠬᠦ᠌ ᠤᠷᠤᠨ᠎ᠤ ᠮᠠᠯ ᠠᠵᠤ ᠠᠬᠤᠢ ᠲᠠᠷᠢᠶᠠᠯᠠᠩ᠎ᠤᠨ 11 ᠠᠵᠤ ᠦᠢᠯᠡᠰ᠎ᠤᠨ ᠪᠦᠯᠦᠭ᠌ᠵᠢᠯ᠎ᠳᠤ ᠤᠷᠤᠭᠤᠯᠵᠤ᠂ 2025 ᠤᠨ ᠪᠤᠯᠬᠤ᠎ᠳᠤ ᠪᠦᠬᠦ᠌ ᠠᠵᠤ ᠦᠢᠯᠡᠰ᠎ᠤᠨ ᠬᠡᠯᠬᠢᠶ᠎ᠠ᠎ᠶ᠋ᠢᠨ ᠦᠢᠯᠡᠳᠭᠦᠨ᠎ᠤ ᠦᠷᠳᠡᠭ᠎ᠢ 3000 ᠳ᠋ᠦᠩᠱᠢᠭᠤᠷ ᠲᠦᠭᠦᠷᠢᠭ᠎ᠲᠤ ᠬᠦᠷᠭᠡᠨ ᠴᠠᠭᠠᠨ ᠢᠳᠡᠭᠡᠨ᠎ᠤ᠎ᠪᠠᠨ ᠶᠠᠰᠤ ᠴᠢᠨᠠᠷ ᠪᠤᠯᠤᠨ ᠠᠵᠤ ᠦᠢᠯᠡᠰ᠎ᠤᠨ ᠦᠷᠢᠰᠦᠯᠳᠦᠬᠦ᠌ ᠬᠦᠴᠦᠨ᠎ᠢ ᠲᠡᠯᠡᠭᠡᠢ᠎ᠶ᠋ᠢᠨ ᠲᠡᠷᠢᠭᠦᠨ᠎ᠤ ᠲᠦᠪᠱᠢᠨ᠎ᠳᠤ ᠬᠦᠷᠭᠡᠬᠦ᠌ ᠬᠠᠷᠠᠯᠳᠠ ᠵᠦᠭ᠎ᠢᠶᠠᠨ ᠬᠦᠴᠦᠯᠡᠨ ᠲᠡᠮᠡᠤᠯᠵᠤ ᠪᠠᠢᠨ᠎ᠠ᠃
ᠠᠵᠤ ᠦᠢᠯᠡᠰ᠎ᠤᠨ ᠪᠠᠢᠷᠢᠱᠢᠭᠤᠯᠤᠯᠳᠠ᠎ᠶ᠋ᠢ ᠵᠦᠢ ᠵᠤᠬᠢᠰᠳᠠᠢ ᠲᠤᠬᠢᠷᠠᠭᠤᠯᠵᠤ ᠲᠦᠷᠦᠯ ᠲᠡᠮᠳᠡᠭ᠎ᠤᠨ ᠨᠡᠷ᠎ᠠ ᠠᠯᠳᠠᠷᠱᠢᠯ ᠨᠦᠯᠦᠭᠡᠯᠡᠬᠦ᠌ ᠬᠦᠴᠦᠨ᠎ᠢᠶᠠᠨ ᠴᠢᠩᠭᠠᠳᠭᠠᠯᠠ
ᠺᠠᠢᠯᠤ ᠱᠢᠶᠠᠨ᠎ᠤ ᠮᠢᠨ ᠵᠦ᠍ ᠲᠤᠰᠭᠤᠨ᠎ᠤ ᠲᠦᠮᠡᠨ ᠮᠦ᠍ ᠦᠨᠳᠦᠷ ᠦᠷ᠎ᠠ ᠠᠱᠢᠭ᠍ᠳᠤ ᠠᠷᠪᠢᠳᠠᠢ ᠤᠰᠤᠯᠠᠯᠳᠠ᠎ᠶ᠋ᠢᠨ ᠲᠠᠷᠢᠶᠠᠯᠠᠩ᠎ᠤᠨ ᠰᠠᠭᠤᠷᠢᠨ᠎ᠳᠤ ᠲᠠᠷᠢᠶᠠᠴᠢᠳ ᠪᠤᠭᠤᠳᠠᠢ᠎ᠪᠠᠨ ᠬᠤᠷᠢᠶᠠᠭ᠍ᠰᠠᠨ᠎ᠤ ᠲᠠᠷᠠᠭ᠎ᠠ ᠲᠠᠬᠢᠨ ᠭᠠᠢᠮᠤ ᠲᠠᠷᠢᠵᠤ᠂ ᠭᠠᠢᠮᠤ᠎ᠶ᠋ᠢᠨ ᠮᠦ᠍ ᠲᠤᠮᠳᠠᠴᠢ᠎ᠶ᠋ᠢᠨ ᠤᠷᠤᠯᠭ᠎ᠠ᠎ᠨᠢ 2000 ᠲᠦᠭᠦᠷᠢᠭ᠎ᠲᠤ ᠬᠦᠷᠴᠦ᠍ ᠪᠤᠢ᠃ ᠭᠠᠢᠮᠤ ᠲᠠᠷᠢᠬᠤ᠎ᠳᠤ ᠬᠡᠷᠡᠭ᠌ᠯᠡᠬᠦ᠌ ᠤᠰᠤ ᠴᠠᠬᠢᠯᠭᠠᠨ᠂ ᠬᠢᠮᠢ᠎ᠶ᠋ᠢᠨ ᠪᠤᠷᠳᠤᠭᠤᠷ ᠵᠡᠷᠭᠡ᠎ᠶ᠋ᠢᠨ ᠰᠦᠢᠳᠭᠡᠯ᠎ᠢ ᠲᠦᠷᠦᠭᠦᠦ ᠡᠭᠡᠯᠵᠢ᠎ᠶ᠋ᠢᠨ ᠪᠤᠭᠤᠳᠠᠢ᠎ᠶ᠋ᠢᠨ ᠤᠷᠤᠯᠭ᠎ᠠ᠎ᠪᠠᠷ᠎ᠢᠶᠠᠨ ᠨᠦᠬᠦᠳᠡᠭ ᠪᠤᠯᠬᠤᠷ ᠭᠠᠢᠮᠤ ᠲᠠᠷᠢᠭᠠᠳ ᠤᠯᠬᠤ᠎ᠨᠢ ᠴᠤᠯ ᠴᠡᠪᠡᠷ ᠤᠷᠤᠯᠭ᠎ᠠ ᠪᠤᠯᠬᠤ ᠶᠤᠮ᠃ ᠡᠨᠡ᠎ᠨᠢ ᠴᠤᠯ ᠡᠷᠳᠡᠨᠢ ᠱᠢᠰᠢ ᠲᠠᠷᠢᠬᠤ᠎ᠶ᠋ᠢ ᠪᠤᠳᠤᠪᠠᠯ᠂ 1 ᠮᠦ᠍ ᠲᠠᠷᠢᠶᠠᠨ ᠭᠠᠵᠠᠷ᠎ᠠᠴᠠ 1000 ᠲᠦᠭᠦᠷᠢᠭ᠎ᠤᠨ ᠤᠷᠤᠯᠭ᠎ᠠ ᠨᠡᠮᠡᠭ᠌ᠳᠡᠭ᠌ᠰᠡᠨ ᠠᠵᠢ᠃ ᠡᠨᠡ ᠭᠦ᠌ ᠰᠠᠭᠤᠷᠢᠨ ᠪᠤᠯ ᠺᠠᠢᠯᠤ ᠱᠢᠶᠠᠨ᠎ᠤ 50 ᠲᠦᠮᠡᠨ ᠮᠦ᠍᠎ᠶ᠋ᠢᠨ ᠤᠳᠤ ᠦᠶ᠎ᠠ᠎ᠶ᠋ᠢᠨ ᠲᠠᠷᠢᠶᠠᠯᠠᠩ᠎ᠤᠨ ᠵᠢᠱ᠌ᠢᠶ᠎ᠠ ᠦᠵᠡᠭᠦᠯᠬᠦ᠌ ᠤᠷᠤᠨ᠎ᠤ ᠨᠢᠬᠡᠨ ᠵᠢᠱ᠌ᠢᠶ᠎ᠠ ᠦᠵᠡᠭᠦᠯᠬᠦ᠌ ᠠᠭᠤᠯᠭ᠎ᠠ ᠲᠡᠳᠤᠢ ᠶᠤᠮ᠃
ᠮᠠᠨ᠎ᠤ ᠤᠷᠤᠨ ᠮᠠᠯ ᠠᠵᠤ ᠠᠬᠤᠢ ᠲᠠᠷᠢᠶᠠᠯᠠᠩ᠎ᠤᠨ ᠠᠵᠤ ᠦᠢᠯᠡᠰ᠎ᠤᠨ ᠪᠠᠢᠷᠢᠱᠢᠭᠤᠯᠤᠯᠳᠠ᠎ᠪᠠᠨ ᠵᠦᠢ ᠵᠤᠬᠢᠰᠳᠠᠢ ᠲᠤᠬᠢᠷᠠᠭᠤᠯᠵᠤ᠂ ᠲᠦᠷᠦᠯ ᠲᠡᠮᠳᠡᠭ᠎ᠤᠨ ᠨᠡᠷ᠎ᠠ ᠠᠯᠳᠠᠷᠱᠢᠯ ᠨᠦᠯᠦᠭᠡᠯᠡᠬᠦ᠌ ᠬᠦᠴᠦᠨ᠎ᠢ ᠴᠢᠩᠭᠠᠳᠭᠠᠭ᠍ᠰᠠᠨ᠎ᠢᠶᠠᠷ ᠨᠢᠭᠡ ᠪᠦᠯᠦᠭ ᠤᠷᠤᠨ ᠪᠦᠰᠡ᠎ᠶ᠋ᠢᠨ ᠨᠡᠢᠳᠡ᠎ᠶ᠋ᠢᠨ ᠬᠡᠷᠡᠭ᠌ᠯᠡᠭᠡᠨ᠎ᠤ ᠲᠦᠷᠦᠯ ᠲᠡᠮᠳᠡᠭ ᠪᠤᠯᠤᠨ 《ᠦᠪᠦᠷ ᠮᠤᠩᠭᠤᠯ ᠨᠡᠷᠡᠮᠵᠢᠳᠤ》 ᠲᠦᠷᠦᠯ ᠲᠡᠮᠳᠡᠭ ᠴᠤᠯᠭᠤᠷᠠᠵᠤ᠂ ᠨᠢᠳᠤᠨ᠎ᠳᠤ ᠦᠵᠡᠭ᠌ᠳᠡᠬᠦ᠌ ᠦᠭᠡᠢ ᠦᠪ ᠬᠦᠷᠦᠩᠭᠡ᠎ᠪᠠᠷ ᠭᠠᠷ᠎ᠲᠤ ᠪᠠᠷᠢᠭ᠍ᠳᠠᠭ᠍ᠰᠠᠨ ᠦᠷ᠎ᠠ ᠠᠱᠢᠭ᠎ᠢ ᠠᠪᠴᠢᠷᠠᠵᠠᠢ᠃ ᠬᠦᠯᠦᠨ ᠪᠤᠢᠷ᠎ᠤᠨ ᠪᠡᠯᠴᠢᠭᠡᠷ᠎ᠤᠨ ᠬᠤᠨᠢᠨ ᠮᠢᠬ᠎ᠠ᠂ ᠬᠢᠩᠭᠠᠨ᠎ᠤ ᠲᠤᠳᠤᠷᠭ᠎ᠠ᠂ ᠤᠯᠠᠭᠠᠨᠬᠠᠳᠠ᠎ᠶ᠋ᠢᠨ ᠨᠠᠷᠢᠮᠤ᠂ ᠪᠤᠷᠤᠳᠤᠬᠤᠢ᠎ᠶ᠋ᠢᠨ ᠨᠠᠷᠠᠨ ᠬᠤᠸᠠᠷ ᠵᠡᠷᠭᠡ 11 ᠤᠷᠤᠨ ᠪᠦᠰᠡ᠎ᠶ᠋ᠢᠨ ᠨᠡᠢᠳᠡ᠎ᠶ᠋ᠢᠨ ᠬᠡᠷᠡᠭ᠌ᠯᠡᠭᠡᠨ᠎ᠤ ᠲᠦᠷᠦᠯ ᠲᠡᠮᠳᠡᠭ 2019 ᠲᠤᠮᠳᠠᠳᠤ ᠤᠯᠤᠰ᠎ᠤᠨ ᠬᠦᠳᠡᠭᠡ ᠠᠵᠤ ᠠᠬᠤᠢ᠎ᠶ᠋ᠢᠨ ᠲᠦᠷᠦᠯ ᠲᠡᠮᠳᠡᠭ᠎ᠤᠨ ᠭᠠᠷᠴᠠᠭ᠎ᠲᠤ ᠰᠤᠩᠭᠤᠭ᠍ᠳᠠᠪᠠ᠃ ᠨᠡᠩ ᠴᠦ᠍ ᠲᠦᠩᠯᠢᠶᠤᠤ᠎ᠶ᠋ᠢᠨ ᠱᠢᠷ᠎ᠠ ᠡᠷᠳᠡᠨᠢ ᠱᠢᠰᠢ᠂ ᠬᠤᠷᠴᠢᠨ᠎ᠤ ᠦᠭᠡᠷ᠂ ᠤᠯᠠᠭᠠᠨᠴᠠᠪ᠎ᠤᠨ ᠲᠦᠮᠦᠰᠦ 3 ᠤᠷᠤᠨ ᠪᠦᠰᠡ᠎ᠶ᠋ᠢᠨ ᠲᠦᠷᠦᠯ ᠲᠡᠮᠳᠡᠭ᠎ᠤᠨ ᠦᠷᠳᠡᠭ 100 ᠳ᠋ᠦᠩᠱᠢᠭᠤᠷ ᠲᠦᠭᠦᠷᠢᠭ᠎ᠢ ᠲᠠᠪᠠᠵᠤ᠂ ᠲᠡᠭ᠌ᠷᠢ᠎ᠶ᠋ᠢᠨ ᠬᠡᠱᠢᠭ᠌ᠳᠦ ᠪᠤᠷᠤᠳᠤᠬᠤᠢ᠎ᠶ᠋ᠢᠨ ᠨᠦᠯᠦᠭᠡᠯᠡᠬᠦ᠌ ᠬᠦᠴᠦᠨ ᠪᠦᠬᠦ᠌ ᠤᠯᠤᠰ᠎ᠲᠤ ᠲᠡᠳ᠋ᠯᠡᠵᠤ ᠪᠤᠢ᠃ ᠲᠡᠷᠡ ᠮᠦᠷᠳᠡᠭᠡᠨ 《ᠨᠢᠭᠡ ᠪᠠᠯᠭᠠᠰᠤᠨ᠎ᠳᠤ ᠨᠢᠭᠡ ᠠᠵᠤ ᠦᠢᠯᠡᠰ》 ᠲᠠᠢ ᠪᠠᠢᠯᠭᠠᠬᠤ᠎ᠶ᠋ᠢ ᠵᠤᠷᠢᠵᠤ᠂ ᠠᠳᠤᠭᠤᠨ᠎ᠤ ᠦᠢᠯᠡᠰ᠎ᠤᠨ ᠤᠨᠴᠠᠯᠢᠭ᠍ᠳᠤ ᠵᠢᠵᠢᠭ ᠪᠠᠯᠭᠠᠰᠤ᠂ ᠮᠢᠬᠠᠨ᠎ᠤ ᠦᠭᠡᠷ᠎ᠤᠨ ᠵᠢᠵᠢᠭ ᠪᠠᠯᠭᠠᠰᠤ᠂ ᠦᠨᠳᠦᠰᠦᠳᠡᠨ᠎ᠤ ᠴᠠᠭᠠᠨ ᠢᠳᠡᠭᠡᠨ᠎ᠤ ᠠᠵᠤ ᠦᠢᠯᠡᠰ᠎ᠤᠨ ᠬᠦᠷᠢᠶᠡᠯᠡᠩ ᠵᠡᠷᠭᠡ᠎ᠶ᠋ᠢ ᠪᠠᠢᠭᠤᠯᠪᠠ᠃
ᠮᠠᠨ᠎ᠤ ᠤᠷᠤᠨ ᠡᠨᠡ ᠵᠢᠯ ᠮᠠᠯ᠎ᠤᠨ ᠠᠱᠢᠭ ᠱᠢᠮ᠎ᠠ ᠲᠠᠷᠢᠶᠠᠯᠠᠩ᠎ᠤᠨ ᠪᠦᠳᠦᠭᠡᠭ᠌ᠳᠡᠭᠦᠨ᠎ᠤ 16 ᠲᠠᠪᠠᠭᠤᠯᠢᠭ᠍ᠳᠤ ᠠᠵᠤ ᠦᠢᠯᠡᠰ᠎ᠤᠨ ᠪᠦᠰᠡ ᠪᠠ 11 ᠠᠵᠤ ᠦᠢᠯᠡᠰ᠎ᠤᠨ ᠪᠦᠯᠦᠭ᠌ᠵᠢᠯ᠎ᠤᠨ ᠲᠤᠭᠤᠷᠢᠨ᠎ᠳᠤ ᠮᠢᠬᠠᠨ᠎ᠤ ᠦᠭᠡᠷ᠂ ᠬᠤᠨᠢᠨ ᠮᠢᠬ᠎ᠠ᠂ ᠦᠨᠢᠶᠡᠨ ᠰᠦ᠂ ᠲᠤᠳᠤᠷᠭ᠎ᠠ᠂ ᠨᠠᠷᠢᠮᠤ᠂ ᠨᠤᠬᠠᠢ᠎ᠶ᠋ᠢᠨ ᠬᠤᠱᠢᠭᠤ᠂ ᠰᠠᠭᠠᠭ᠂ ᠲᠦᠮᠦᠰᠦ᠂ ᠬᠤᠯᠤᠤᠪᠠᠩ᠂ ᠠᠮᠳᠠᠳᠤ ᠲᠦᠮᠦᠰᠦ᠂ ᠲᠡᠭ᠌ᠷᠢ᠎ᠶ᠋ᠢᠨ ᠬᠡᠱᠢᠭ᠌ᠳᠦ ᠪᠤᠷᠤᠳᠤᠬᠤᠢ᠂ ᠱᠢᠯᠢ᠎ᠶ᠋ᠢᠨ ᠭᠤᠤᠯ᠎ᠤᠨ ᠴᠠᠭᠠᠨ ᠢᠳᠡᠭᠡᠨ ᠵᠡᠷᠭᠡ ᠤᠷᠤᠨ ᠪᠦᠰᠡ᠎ᠶ᠋ᠢᠨ ᠨᠡᠢᠳᠡ᠎ᠶ᠋ᠢᠨ ᠬᠡᠷᠡᠭ᠌ᠯᠡᠭᠡᠨ᠎ᠤ ᠲᠦᠷᠦᠯ ᠲᠡᠮᠳᠡᠭ᠎ᠢ ᠭᠤᠤᠯᠳᠠᠯᠭ᠎ᠠ᠎ᠲᠠᠢ ᠪᠤᠢᠵᠢᠭᠤᠯᠵᠤ᠂ ᠮᠠᠯ ᠠᠵᠤ ᠠᠬᠤᠢ ᠲᠠᠷᠢᠶᠠᠯᠠᠩ᠎ᠤᠨ ᠴᠢᠨᠠᠷ ᠰᠠᠢᠳᠠᠢ ᠬᠦᠭ᠌ᠵᠢᠯᠳᠡ᠎ᠶ᠋ᠢ ᠠᠬᠢᠭᠤᠯᠵᠤ ᠪᠠᠢᠨ᠎ᠠ᠃ ᠵᠢᠱ᠌ᠢᠶᠡᠯᠡᠪᠡᠯ᠂ ᠠᠪᠠᠭ᠎ᠠ ᠬᠤᠱᠢᠭᠤ ᠪᠤᠯᠤᠨ ᠱᠢᠨ᠎ᠠ ᠪᠠᠷᠭᠤ ᠪᠠᠷᠠᠭᠤᠨ ᠬᠤᠱᠢᠭᠤᠨ᠎ᠳᠤ ᠤᠯᠤᠰ᠎ᠤᠨ ᠲᠡᠰ᠎ᠤᠨ ᠪᠡᠯᠴᠢᠭᠡᠷ᠎ᠤᠨ ᠬᠤᠨᠢ᠎ᠶ᠋ᠢᠨ ᠦᠪᠡᠷᠮᠢᠴᠡ ᠤᠨᠴᠠᠯᠢᠭ᠎ᠲᠠᠢ ᠲᠠᠪᠠᠭᠤᠯᠢᠭ᠍ᠳᠤ ᠠᠵᠤ ᠦᠢᠯᠡᠰ᠎ᠤᠨ ᠪᠦᠯᠦᠭ᠌ᠵᠢᠯ᠎ᠢ ᠪᠠᠢᠭᠤᠯᠬᠤ᠎ᠪᠠᠷ ᠲᠠᠮᠵᠢᠨ ᠪᠡᠯᠴᠢᠭᠡᠷ᠎ᠤᠨ ᠮᠢᠬᠠᠨ᠎ᠤ ᠬᠤᠨᠢ᠎ᠶ᠋ᠢᠨ ᠠᠵᠤ ᠦᠢᠯᠡᠰ᠎ᠢ ᠪᠤᠵᠠᠭᠠᠢᠷᠠᠭᠤᠯᠤᠨ ᠬᠦᠴᠦᠷᠭᠡᠭ᠌ᠵᠢᠭᠦᠯᠵᠦ᠍ ᠪᠤᠢ᠃