ᠦᠪᠦᠷ ᠮᠤᠩᠭᠤᠯ᠎ᠤᠨ ᠦᠪᠡᠷᠲᠡᠭᠡᠨ ᠵᠠᠰᠭᠠᠤ ᠤᠷᠤᠨ᠎ᠤ 2020 ᠎ᠤᠨ᠎ᠤ ᠤᠯᠤᠰ᠎ᠤᠨ ᠰᠦᠯᠵᠢᠶᠡᠨ᠎ᠤ ᠠᠮᠤᠷ ᠲᠦᠪᠱᠢᠨ᠎ᠤ ᠤᠬᠠᠭᠤᠯᠭ᠎ᠠ ᠎ᠶ᠋ᠢᠨ ᠭᠠᠷᠠᠭ᠎ᠤᠨ ᠠᠵᠢᠯᠯᠠᠭ᠎ᠠ ᠡᠬᠢᠯᠡᠪᠡ
2020-10-05 10:10:02
ᠵᠣᠬᠢᠶᠠᠭ᠍ᠴᠢ᠄
ᠬᠠᠨ ᠯᠢᠩ ᠯᠢᠩ
ᠣᠩᠱᠢᠭ᠍ᠰᠠᠨ ᠣᠳᠠᠭ᠎ᠠ᠄
★★★☆☆

ᠤᠢᠷ᠎ᠠ᠎ᠶ᠋ᠢᠨ ᠡᠳᠤᠷ᠂ ᠦᠪᠦᠷ ᠮᠤᠩᠭᠤᠯ᠎ᠤᠨ ᠦᠪᠡᠷᠲᠡᠭᠡᠨ ᠵᠠᠰᠭᠠᠤ ᠤᠷᠤᠨ᠎ᠤ 2020 ᠎ᠤᠨ᠎ᠤ ᠤᠯᠤᠰ᠎ᠤᠨ ᠰᠦᠯᠵᠢᠶᠡᠨ᠎ᠤ ᠠᠮᠤᠷ ᠲᠦᠪᠱᠢᠨ᠎ᠤ ᠤᠬᠠᠭᠤᠯᠭ᠎ᠠ  ᠎ᠶ᠋ᠢᠨ ᠭᠠᠷᠠᠭ᠎ᠤᠨ ᠠᠵᠢᠯᠯᠠᠭ᠎ᠠ  ᠎ᠶ᠋ᠢᠨ ᠡᠬᠢᠯᠡᠯᠲᠡ  ᠎ᠶ᠋ᠢᠨ ᠶᠤᠰᠤᠯᠠᠯ ᠰᠦᠯᠵᠢᠶᠡᠨ ᠲᠡᠭᠡᠷ᠎ᠡ ᠱᠢᠭᠤᠳ ᠨᠡᠪᠲᠡᠷᠡᠭᠦᠯᠬᠦ᠌ ᠬᠡᠯᠪᠡᠷᠢ᠎ᠪᠠᠷ ᠶᠠᠪᠤᠬ᠍ᠲᠠᠪᠠ᠃

ᠡᠬᠢᠯᠡᠯᠲᠡ  ᠎ᠶ᠋ᠢᠨ ᠶᠤᠰᠤᠯᠠᠯ ᠲᠡᠭᠡᠷ᠎ᠡ᠂ ᠤᠯᠤᠰ᠎ᠤᠨ ᠺᠤᠮᠫᠢᠦ᠋ᠲ᠋ᠧᠷ᠎ᠤᠨ ᠰᠦᠯᠵᠢᠶᠡᠨ᠎ᠤ ᠪᠠᠴᠢᠮ ᠪᠠᠢᠲᠠᠯ᠎ᠢ ᠠᠷᠭᠠᠴᠠᠭᠠᠬᠤ ᠮᠡᠷᠭᠡᠵᠢᠯ᠎ᠢ ᠱᠢᠢᠳᠪᠦᠷᠢᠯᠡᠵᠦ᠍ ᠵᠤᠬᠢᠴᠠᠭᠤᠯᠬᠤ ᠲᠦᠪ᠎ᠤᠨ ᠦᠪᠦᠷ ᠮᠤᠩᠭᠤᠯ᠎ᠤᠨ ᠬᠤᠪᠢᠶᠠᠷᠢ ᠲᠦᠪ᠎ᠤᠨ ᠬᠠᠷᠢᠭᠤᠴᠠᠯᠭᠠᠲᠠᠨ ᠡᠨᠡ ᠵᠢᠯ᠎ᠤᠨ ᠡᠮᠦᠨ᠎ᠠ ᠬᠠᠭᠠᠰ ᠵᠢᠯ᠎ᠤᠨ ᠦᠪᠡᠷᠲᠡᠭᠡᠨ ᠵᠠᠰᠠᠬᠤ ᠤᠷᠤᠨ᠎ᠤ ᠰᠦᠯᠵᠢᠶᠡᠨ᠎ᠤ ᠠᠮᠤᠷ ᠲᠦᠪᠱᠢᠨ᠎ᠤ ᠪᠠᠢᠲᠠᠯ᠎ᠢ ᠲᠠᠨᠢᠯᠴᠠᠭᠤᠯᠵᠦ᠍᠂ ᠡᠯ᠎ᠡ ᠭᠤᠤᠯ ᠰᠡᠲᠦᠪᠳᠦ ᠡᠲᠦᠷ᠎ᠤᠨ ᠠᠵᠢᠯᠯᠠᠭ᠎ᠠ᠎ᠶ᠋ᠢ ᠲᠠᠭᠠᠭᠠᠴᠢᠯᠠᠨ ᠡᠷᠬᠢᠯᠡᠬᠦ᠌ ᠨᠢᠭᠡᠴᠢ  ᠎ᠶ᠋ᠢᠨ ᠬᠠᠷᠢᠭᠤᠴᠠᠯᠭᠠᠲᠠᠨ ᠸᠢᠳᠢᠣ᠋᠎ᠪᠠᠷ ᠦᠭᠡ ᠬᠡᠯᠡᠵᠦ᠍᠂ ᠦᠪᠡᠷᠲᠡᠭᠡᠨ ᠵᠠᠰᠭᠠᠤ ᠤᠷᠤᠨ᠎ᠤ ᠨᠠᠮ᠎ᠤᠨ ᠬᠤᠷᠢᠶᠠᠨ᠎ᠤ ᠢᠨᠲ᠋ᠧᠷ ᠰᠦᠯᠵᠢᠶᠡᠨ᠎ᠤ ᠮᠡᠲᠡᠭᠡ ᠵᠠᠩᠬᠢ  ᠎ᠶ᠋ᠢᠨ ᠠᠯᠪᠠᠨ ᠬᠡᠷ᠎ᠤᠨ ᠬᠠᠮᠢᠶ᠎ᠠ ᠪᠦᠬᠦᠢ ᠬᠠᠷᠢᠭᠤᠴᠠᠯᠭᠠᠲᠠᠨ 《ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ 2020 ᠎ᠤᠨ᠎ᠤ ᠤᠯᠤᠰ᠎ᠤᠨ ᠰᠦᠯᠵᠢᠶᠡᠨ᠎ᠤ ᠠᠮᠤᠷ ᠲᠦᠪᠱᠢᠨ᠎ᠤ ᠤᠬᠠᠭᠤᠯᠭ᠎ᠠ  ᠎ᠶ᠋ᠢᠨ ᠭᠠᠷᠠᠭ》 ᠵᠢᠩᠬᠢᠨᠢ᠎ᠪᠠᠷ ᠡᠬᠢᠯᠡᠭ᠌ᠰᠡᠨ᠎ᠢ ᠨᠡᠢᠲᠡᠯᠡᠪᠡ᠃

ᠤᠬᠠᠭᠤᠯᠭ᠎ᠠ᠎ᠶ᠋ᠢᠨ ᠭᠠᠷᠠᠭ᠎ᠤᠨ ᠠᠵᠢᠯᠯᠠᠭ᠎ᠠ᠎ᠨᠢ 7 ᠡᠳᠦᠷ ᠶᠠᠪᠤᠭ᠍ᠳᠠᠵᠤ᠂ 《ᠰᠦᠯᠵᠢᠶᠡᠨ᠎ᠤ ᠠᠮᠤᠷ ᠲᠦᠪᠱᠢᠨ ᠠᠷᠠᠳ ᠲᠦᠮᠡᠨ᠎ᠤ ᠲᠦᠯᠦᠭᠡ᠂ ᠰᠦᠯᠵᠢᠶᠡᠨ᠎ᠤ ᠠᠮᠤᠷ ᠲᠦᠪᠱᠢᠨ ᠠᠷᠠᠳ ᠲᠦᠮᠡᠨ᠎ᠳᠤ ᠲᠦᠱᠢᠭ᠌ᠯᠡᠬᠦ᠌》 ᠎ᠪᠠᠷ ᠭᠤᠤᠯ ᠰᠡᠲᠦᠪ ᠪᠤᠯᠭᠠᠵᠦ᠍᠂ ᠶᠡᠷᠦᠩᠬᠡᠢ ᠱᠦᠵᠢ ᠰᠢ᠎ᠶ᠋ᠢᠨ ᠫᠢᠩ᠎ᠤᠨ ᠰᠦᠯᠵᠢᠶᠡᠨ᠎ᠤ ᠬᠦᠴᠦᠷᠭᠡᠭ ᠤᠯᠤᠰ᠎ᠢ ᠪᠠᠢᠭᠤᠯᠬᠤ ᠲᠤᠬᠠᠢ ᠴᠢᠬᠤᠯᠠ ᠦᠵᠡᠯ ᠰᠠᠨᠠᠭ᠎ᠠ᠎ᠶ᠋ᠢ ᠬᠦᠨᠵᠡᠭᠡᠢ ᠤᠬᠠᠭᠤᠯᠤᠨ ᠲᠤᠭᠤᠱᠢᠯᠠᠭᠤᠯᠵᠦ᠍᠂ ᠶᠡᠷᠦᠩᠬᠡᠢ ᠱᠦᠵᠢ ᠰᠢ᠎ᠶ᠋ᠢᠨ ᠫᠢᠩ᠎ᠤᠨ ᠰᠦᠯᠵᠢᠶᠡᠨ᠎ᠤ ᠠᠮᠤᠷ ᠲᠦᠪᠱᠢᠨ᠎ᠤ ᠠᠵᠢᠯ᠎ᠤᠨ ᠲᠤᠬᠠᠢ 《ᠲᠦᠷᠪᠡ᠎ᠶ᠋ᠢ ᠪᠠᠷᠢᠮᠲᠠᠯᠠᠬᠤ》 ᠴᠢᠬᠤᠯᠠ ᠵᠢᠭᠠᠪᠤᠷᠢ᠎ᠶ᠋ᠢ ᠤᠬᠠᠭᠤᠯᠤᠨ ᠲᠤᠭᠤᠱᠢᠯᠠᠭᠤᠯᠵᠦ᠍᠂ ᠤᠯᠤᠰ᠎ᠤᠨ ᠰᠦᠯᠵᠢᠶᠡᠨ᠎ᠤ ᠠᠮᠤᠷ ᠲᠦᠪᠱᠢᠨ᠎ᠤ ᠠᠵᠢᠯ᠎ᠤᠨ ᠤᠯᠤᠬ᠍ᠰᠠᠨ ᠴᠢᠬᠤᠯᠠ ᠠᠮᠵᠢᠯᠲᠠ ᠪᠤᠯᠤᠨ ᠤᠢ᠍ᠢᠷ᠎ᠠ  ᠎ᠶ᠋ᠢᠨ ᠵᠢᠯ᠎ᠤᠨ ᠲᠤᠷᠱᠢᠬᠢ ᠦᠪᠡᠷᠲᠡᠭᠡᠨ ᠵᠠᠰᠠᠬᠤ ᠤᠷᠤᠨ᠎ᠤ ᠰᠦᠯᠵᠢᠶᠡᠨ᠎ᠤ ᠠᠮᠤᠷ ᠲᠦᠪᠱᠢᠨ᠎ᠤ ᠠᠵᠢᠯ᠎ᠤᠨ ᠴᠢᠬᠤᠯᠠ ᠦᠷ᠎ᠡ ᠪᠦᠲᠦᠭᠡᠯ᠎ᠢ ᠤᠬᠠᠭᠤᠯᠵᠦ᠍᠂ 《ᠪᠦᠬᠦᠲᠡ ᠨᠠᠢᠷᠠᠮᠲᠠᠬᠤ ᠲᠤᠮᠲᠠᠲᠤ ᠠᠷᠠᠳ ᠤᠯᠤᠰ᠎ᠤᠨ ᠰᠦᠯᠵᠢᠶᠡᠨ᠎ᠤ ᠠᠮᠤᠷ ᠲᠦᠪᠱᠢᠨ᠎ᠤ ᠬᠠᠤᠯᠢ》 ᠵᠢᠴᠢ ᠬᠠᠮᠢᠶ᠎ᠠ ᠪᠦᠬᠦᠢ ᠢᠵᠢ ᠪᠦᠷᠢᠲᠦᠭ᠌ᠰᠡᠨ ᠬᠠᠤᠯᠢ ᠲᠤᠬ᠍ᠲᠠᠭᠠᠯ᠎ᠢ ᠤᠬᠠᠭᠤᠯᠤᠨ ᠲᠤᠭᠤᠱᠢᠯᠠᠭᠤᠯᠵᠦ᠍᠂ ᠬᠢᠵᠢᠭ᠎ᠤᠨ ᠪᠠᠢᠲᠠᠯ᠎ᠢ ᠰᠡᠷᠬᠡᠢᠯᠡᠨ ᠡᠵᠡᠮᠲᠡᠬᠦ᠌ ᠲᠤᠮᠲᠠᠬᠢ ᠲᠤᠭ᠎ᠠ ᠪᠠᠷᠢᠮᠲᠠ  ᠎ᠶ᠋ᠢᠨ ᠠᠮᠤᠷ ᠲᠦᠪᠱᠢᠨ ᠪᠤᠯᠤᠨ ᠬᠤᠪᠢ ᠬᠦᠮᠦᠨ᠎ᠤ ᠮᠡᠲᠡᠭᠡ ᠵᠠᠩᠬᠢ  ᠎ᠶ᠋ᠢᠨ ᠬᠠᠮᠠᠭᠠᠯᠠᠯᠲᠠ᠎ᠶ᠋ᠢ ᠴᠢᠩᠭᠠᠳᠭᠠᠵᠦ᠍᠂ ᠱᠢᠨ᠎ᠡ ᠮᠡᠷᠭᠡᠵᠢᠯ ᠱᠢᠨ᠎ᠡ ᠬᠡᠷᠡᠭ᠌ᠯᠡᠭᠡᠨ᠎ᠤ ᠰᠦᠯᠵᠢᠶᠡᠨ᠎ᠤ ᠠᠮᠤᠷ ᠲᠦᠪᠱᠢᠨ ᠵᠡᠷᠭᠡ᠎ᠶ᠋ᠢ ᠤᠬᠠᠭᠤᠯᠤᠨ ᠲᠦᠭᠡᠮᠡᠯᠵᠢᠭᠦᠯᠪᠠ᠃

 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号