ᠡᠬᠦᠳᠦᠯᠳᠡ ᠪᠣᠯ ᠬᠥᠭ᠌ᠵᠢᠯᠲᠡ᠎ᠶ᠋ᠢ ᠬᠥᠲᠥᠯᠥᠨ ᠳᠠᠭᠠᠭᠤᠯᠬᠤ ᠨᠢᠭᠡᠳᠦᠭᠡᠷ ᠬᠥᠳᠡᠯᠭᠡᠬᠦ᠌ ᠬᠦᠴᠦᠨ ᠮᠥᠨ᠃ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌ ᠤᠷᠴᠢᠨ᠂ ᠪᠡᠯᠡ ᠤᠷᠤᠭᠤᠯᠤᠯᠳᠠ᠂ ᠦᠷ᠎ᠡ ᠪᠦᠲᠦᠭᠡᠯ᠂ ᠳᠡᠭᠡᠳᠦ ᠱᠢᠨ᠎ᠡ ᠮᠡᠷᠭᠡᠵᠢᠯ᠎ᠤᠨ ᠠᠵᠤ ᠦᠢᠯᠡᠰᠵᠢᠯᠳᠡ ᠪᠤᠯ ᠱᠢᠨ᠎ᠠ᠎ᠶ᠋ᠢ ᠡᠬᠦᠳᠬᠦ᠌ ᠬᠦᠭ᠌ᠵᠢᠯᠳᠡ᠎ᠶ᠋ᠢ ᠠᠭᠢᠭᠤᠯᠬᠤ᠎ᠶ᠋ᠢᠨ ᠵᠠᠢᠯᠠᠭᠤᠯᠵᠤ ᠪᠤᠯᠤᠰᠢ ᠦᠬᠡᠢ ᠭᠠᠷᠳᠠᠴᠠ ᠪᠤᠯᠬᠤ ᠶᠤᠮ᠃ 2019 ᠣᠨ᠎ᠤ 12 ᠰᠠᠷ᠎ᠠ᠎ᠳᠤ᠂ ᠮᠠᠨ᠎ᠤ ᠣᠷᠣᠨ 《ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢᠶᠠᠷ ᠥᠪᠥᠷ ᠮᠣᠩᠭᠤᠯ᠎ᠢᠶᠠᠨ ᠮᠠᠨᠳᠤᠭᠤᠯᠬᠤ》 ᠠᠵᠢᠯᠯᠠᠭ᠎ᠠ᠎ᠶ᠋ᠢ ᠡᠬᠢᠯᠡᠨ ᠬᠡᠷᠡᠭ᠌ᠵᠢᠭᠦᠯᠦᠭ᠌ᠰᠡᠨ ᠪᠥᠭᠡᠳ ᠤᠯᠤᠰ᠎ᠤᠨ ᠣᠷᠣᠨ ᠪᠦᠰᠡ᠎ᠶ᠋ᠢᠨ ᠱᠢᠨ᠎ᠡ᠎ᠶ᠋ᠢ ᠡᠭᠦᠳᠬᠦ᠌ ᠬᠥᠭ᠌ᠵᠢᠯᠲᠡ᠎ᠶ᠋ᠢᠨ ᠪᠠᠢᠯᠳᠤᠬᠤ ᠪᠣᠳᠣᠯᠭ᠎ᠠ᠎ᠶ᠋ᠢᠨ ᠪᠠᠢᠷᠢᠱᠢᠭᠤᠯᠤᠯᠲᠠ᠎ᠳᠤ ᠣᠷᠣᠭᠤᠯᠵᠤ᠂ ᠱᠢᠨ᠎ᠡ ᠡᠷᠢᠨ᠎ᠳᠠᠬᠢ ᠱᠢᠨᠵᠢᠯᠡᠬᠦ᠌ ᠤᠬᠠᠭᠠᠨ᠎ᠤ ᠤᠴᠢ᠎ᠶ᠋ᠢ ᠪᠠᠳᠠᠷᠠᠭᠠᠨ ᠦᠪᠦᠷ ᠮᠤᠩᠭᠤᠯ᠎ᠢᠶᠠᠨ ᠬᠦᠭ᠌ᠵᠢᠬᠦᠯᠦᠨ ᠮᠠᠨᠳᠤᠭᠤᠯᠬᠤ ᠱᠢᠨ᠎ᠡ ᠬᠠᠭᠤᠳᠠᠰᠤ᠎ᠶ᠋ᠢ ᠰᠡᠭᠦᠭ᠌ᠰᠡᠨ ᠪᠠᠢᠨ᠎ᠠ᠃
ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢᠶᠠᠷ ᠬᠦᠭ᠌ᠵᠢᠯᠳᠡ᠎ᠪᠠᠨ ᠲᠦᠷᠭᠡᠳᠭᠡᠨ᠎ᠡ
ᠡᠨᠡ ᠵᠢᠯ᠎ᠤᠨ 7 ᠰᠠᠷ᠎ᠠ᠎ᠶ᠋ᠢᠨ 30 ᠤ ᠡᠳᠦᠷ᠂ 《ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢᠶᠠᠷ ᠥᠪᠥᠷ ᠮᠣᠩᠭᠤᠯ᠎ᠢᠶᠠᠨ ᠮᠠᠨᠳᠤᠭᠤᠯᠬᠤ》 ᠠᠵᠢᠯᠯᠠᠭ᠎ᠠ᠎ᠶ᠋ᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠦᠷ᠎ᠡ ᠪᠦᠲᠦᠭᠡᠯ᠎ᠤᠨ ᠤᠨᠳᠤᠤᠱᠢᠭᠤᠯᠤᠯᠳᠠᠶ᠋ᠢᠨ ᠵᠤᠯᠭᠠᠯᠴᠠᠭᠤᠯᠬᠤ ᠬᠤᠷᠠᠯ ᠵᠢᠴᠢ ᠱᠠᠩᠬᠠᠢ᠎ᠶ᠋ᠢᠨ ᠵᠠᠮ ᠬᠠᠷᠢᠯᠴᠠᠭᠠᠨ᠎ᠤ ᠶᠡᠭᠡ ᠰᠤᠷᠭᠠᠭᠤᠯᠢ᠎ᠶ᠋ᠢᠨ ᠦᠪᠦᠷ ᠮᠤᠩᠭᠤᠯ᠎ᠤᠨ ᠰᠤᠳᠤᠯᠭᠠᠨ᠎ᠤ ᠬᠦᠷᠢᠶᠡᠯᠡᠩ᠎ᠤᠨ ᠫᠠᠢᠰᠠ ᠰᠡᠭᠦᠭᠦ᠌ ᠶᠤᠰᠤᠯᠠᠯ ᠬᠦᠬᠡᠬᠤᠳᠠ᠎ᠳᠤ ᠶᠠᠪᠤᠬ᠍ᠳᠠᠵᠤ᠂ ᠦᠪᠦᠷ ᠮᠤᠩᠭᠤᠯ᠎ᠤᠨ ᠭᠤᠤᠯᠳᠠᠯᠭ᠎ᠠ᠎ᠲᠠᠢ ᠠᠵᠤ ᠦᠢᠯᠡᠰ ᠪᠠ ᠳᠠᠪᠠᠭᠤᠯᠢᠭ ᠤᠨᠴᠠᠯᠢᠬ᠍ᠳᠤ ᠠᠵᠤ ᠦᠢᠯᠡᠰ᠎ᠤᠨ ᠬᠦᠷᠢᠶᠡᠨ᠎ᠤ ᠮᠡᠷᠭᠡᠵᠢᠯ᠎ᠤᠨ ᠦᠷ᠎ᠡ ᠪᠦᠲᠦᠭᠡᠯ᠎ᠢ ᠳᠡᠯᠭᠡᠨ ᠦᠵᠡᠭᠦᠯᠵᠤ᠂ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌ ᠬᠠᠮᠳᠤᠷᠠᠯᠴᠠᠭᠠᠨ᠎ᠤ ᠳᠠᠪᠴᠠᠩ᠎ᠢ ᠪᠠᠢᠭᠤᠯᠪᠠ᠃ ᠬᠤᠷᠠᠯ ᠳᠡᠭᠡᠷ᠎ᠡ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠬᠠᠮᠳᠤᠷᠠᠯᠴᠠᠭᠠᠨ᠎ᠤ ᠲᠦᠷᠦᠯ ᠵᠦᠢᠯ᠎ᠤᠨ ᠭᠡᠷ᠎ᠡ᠂ ᠭᠤᠤᠯᠳᠠᠯᠭ᠎ᠠ᠎ᠲᠠᠢ ᠲᠦᠷᠦᠯ ᠵᠦᠢᠯ᠎ᠤᠨ ᠳᠠᠨᠢᠯᠴᠠᠭᠤᠯᠭ᠎ᠠ᠂ ᠲᠦᠷᠦᠯ ᠵᠦᠢᠯ᠎ᠤᠨ ᠦᠵᠡᠭᠦᠯᠭᠡ᠎ᠶ᠋ᠢᠨ ᠵᠤᠯᠭᠠᠯᠴᠠᠯ ᠵᠡᠷᠭᠡ ᠠᠵᠢᠯᠯᠠᠭ᠎ᠠ ᠶᠠᠪᠤᠬ᠍ᠳᠠᠵᠠᠢ᠃ ᠱᠠᠩᠬᠠᠢ᠎ᠶ᠋ᠢᠨ ᠵᠠᠮ ᠬᠠᠷᠢᠯᠴᠠᠭᠠᠨ᠎ᠤ ᠶᠡᠭᠡ ᠰᠤᠷᠭᠠᠭᠤᠯᠢ᠂ ᠴᠢᠩᠬᠤᠸᠠ ᠶᠡᠭᠡ ᠰᠤᠷᠭᠠᠭᠤᠯᠢ᠂ ᠳᠤᠮᠳᠠᠳᠤ ᠤᠯᠤᠰ᠎ᠤᠨ ᠱᠢᠨᠵᠢᠯᠡᠬᠦ᠌ ᠤᠬᠠᠭᠠᠨ᠎ᠤ ᠬᠦᠷᠢᠶᠡᠯᠡᠩ᠂ ᠱᠠᠨᠳᠦ᠋ᠩ ᠶᠡᠭᠡ ᠰᠤᠷᠭᠠᠭᠤᠯᠢ᠂ ᠳᠤᠮᠳᠠᠳᠤ ᠤᠯᠤᠰ᠎ᠤᠨ ᠲᠠᠷᠢᠶᠠᠯᠠᠩ᠎ᠤᠨ ᠱᠢᠨᠵᠢᠯᠡᠬᠦ᠌ ᠤᠬᠠᠭᠠᠨ᠎ᠤ ᠬᠦᠷᠢᠶᠡᠯᠡᠩ ᠵᠡᠷᠭᠡ ᠤᠯᠤᠰ᠎ᠤᠨ ᠳᠤᠳᠤᠭᠠᠳᠤ᠎ᠶ᠋ᠢᠨ ᠶᠡᠭᠡ ᠳᠡᠭᠡᠳᠦ ᠰᠤᠷᠭᠠᠭᠤᠯᠢ᠂ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠬᠦᠷᠢᠶᠡᠯᠡᠩ᠂ ᠠᠵᠤ ᠠᠬᠤᠢ᠍ᠢᠯᠠᠯ ᠪᠤᠯᠤᠨ ᠦᠪᠦᠷ ᠮᠤᠩᠭᠤᠯ᠎ᠤᠨ ᠬᠡᠰᠡᠭ ᠠᠢᠮᠠᠭ ᠬᠤᠳᠠ᠂ ᠡᠮ ᠡᠮᠨᠡᠯᠭᠡ᠎ᠶ᠋ᠢᠨ ᠪᠠᠢᠭᠤᠯᠤᠮᠵᠢ᠂ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠬᠦᠷᠢᠶᠡᠯᠡᠩ᠂ ᠠᠵᠤ ᠠᠬᠤᠢ᠍ᠢᠯᠠᠯ᠎ᠲᠠᠢ ᠨᠡᠢᠳᠡ 23 ᠬᠠᠮᠳᠤᠷᠠᠯᠴᠠᠭᠠᠨ᠎ᠤ ᠭᠡᠷ᠎ᠡ ᠳᠤᠬ᠍ᠳᠠᠪᠠ᠃
《ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢᠶᠠᠷ ᠥᠪᠥᠷ ᠮᠣᠩᠭᠤᠯ᠎ᠢᠶᠠᠨ ᠮᠠᠨᠳᠤᠭᠤᠯᠬᠤ》 ᠠᠵᠢᠯᠯᠠᠭ᠎ᠠ᠎ᠨᠢ ᠬᠡᠷᠡᠭ᠌ᠴᠡᠭᠡᠨ᠎ᠤ ᠤᠳᠤᠷᠢᠳᠤᠮᠵᠢ᠎ᠳᠤ ᠠᠩᠬᠠᠷᠤᠯ᠎ᠢᠶᠠᠨ ᠲᠥᠪᠯᠡᠷᠡᠭᠦᠯᠪᠠ᠃ ᠥᠪᠡᠷᠲᠡᠭᠡᠨ ᠵᠠᠰᠠᠬᠤ ᠣᠷᠣᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠲᠢᠩᠬᠢᠮ ᠪᠥᠬᠦ᠌ ᠣᠷᠣᠨ᠎ᠳᠤ ᠬᠠᠨᠳᠤᠭᠤᠯᠤᠨ 《4 + 8》 ᠵᠡᠷᠭᠡ ᠬᠠᠮᠲᠤᠷᠠᠯᠴᠠᠭᠠᠨ᠎ᠤ ᠭᠤᠤᠯ ᠴᠣᠭ᠍ᠴᠠ᠎ᠶ᠋ᠢᠨ ᠱᠢᠨ᠎ᠡ᠎ᠶ᠋ᠢ ᠡᠭᠦᠳᠬᠦ᠌ ᠬᠡᠷᠡᠭ᠌ᠴᠡᠭᠡ ᠱᠠᠭᠠᠷᠳᠠᠯᠭ᠎ᠠ᠎ᠪᠠᠷ ᠨᠡᠢᠲᠡ 1800 ᠱᠢᠬᠠᠮ ᠵᠦᠢᠯ᠎ᠤᠨ ᠬᠡᠷᠡᠭ᠌ᠴᠡᠭᠡ ᠱᠠᠭᠠᠷᠳᠠᠯᠭ᠎ᠠ᠎ᠶ᠋ᠢ ᠡᠯᠰᠡᠨ ᠴᠤᠬ᠍ᠯᠠᠭᠤᠯᠵᠤ᠂ ᠡᠭᠦᠨ᠎ᠳᠤ ᠠᠵᠤ ᠠᠬᠤᠢᠯᠠᠯ᠎ᠤᠨ ᠬᠡᠷᠡᠭ᠌ᠴᠡᠭᠡ 945 ᠲᠦᠷᠦᠯ ᠪᠠᠢᠵᠤ᠂ ᠬᠡᠷᠡᠭ᠌ᠴᠡᠭᠡᠨ᠎ᠤ ᠶᠡᠷᠦᠩᠬᠡᠶ ᠬᠡᠮᠵᠢᠶ᠎ᠡ᠎ᠶ᠋ᠢᠨ 52.5% ᠶ᠋ᠢ ᠡᠵᠡᠯᠡᠪᠡ᠃ ᠱᠢᠨ᠎ᠡ᠎ᠶ᠋ᠢ ᠡᠭᠦᠳᠬᠦ᠌ ᠬᠡᠷᠡᠭ᠌ᠴᠡᠭᠡ ᠱᠠᠭᠠᠷᠳᠠᠯᠭ᠎ᠠ᠎ᠨᠢ ᠭᠤᠤᠯᠳᠠᠭᠤ ᠱᠢᠨ᠎ᠡ ᠡᠨᠧᠷᠭᠢ᠂ ᠱᠢᠨ᠎ᠡ ᠮᠠᠲ᠋ᠧᠷᠢᠶᠠᠯ᠂ ᠡᠨᠧᠷᠭᠢ ᠠᠷᠪᠢᠯᠠᠵᠤ ᠣᠷᠴᠢᠨ ᠲᠣᠭᠤᠷᠢᠨ᠎ᠢ ᠬᠠᠮᠠᠭᠠᠯᠠᠬᠤ᠂ ᠠᠮᠢ ᠠᠬᠤᠢ᠎ᠶ᠋ᠢᠨ ᠣᠷᠴᠢᠨ ᠲᠣᠭᠤᠷᠢᠨ᠂ ᠣᠳᠣ ᠦᠶ᠎ᠡ᠎ᠶ᠋ᠢᠨ ᠲᠠᠷᠢᠶᠠᠯᠠᠩ ᠮᠠᠯ ᠠᠵᠤ ᠠᠬᠤᠶ ᠵᠡᠷᠭᠡ ᠥᠪᠡᠷᠲᠡᠭᠡᠨ ᠵᠠᠰᠠᠬᠤ ᠣᠷᠣᠨ᠎ᠤ ᠳᠠᠪᠠᠭᠤᠯᠢᠭ ᠣᠨᠴᠠᠯᠢᠭ᠍ᠲᠤ ᠠᠵᠤ ᠦᠢᠯᠡᠰ᠎ᠲᠤ ᠲᠥᠪᠯᠡᠷᠡᠵᠦ᠍ ᠪᠠᠢᠨ᠎ᠠ᠃ ᠬᠡᠷᠡᠭ᠌ᠴᠡᠭᠡ ᠱᠠᠭᠠᠷᠳᠠᠯᠭ᠎ᠠ᠎ᠶ᠋ᠢᠨ ᠲᠥᠷᠥᠯ ᠵᠦᠢᠯ᠎ᠤᠨ ᠳᠣᠲᠣᠷ᠎ᠠ ᠱᠢᠨᠵᠢᠯᠡᠬᠦ᠌ ᠤᠬᠠᠭᠠᠨ ᠲᠧᠭ᠌ᠨᠢᠡ ᠮᠡᠷᠭᠡᠵᠢᠯ᠎ᠤᠨ ᠦᠷ᠎ᠡ ᠪᠦᠲᠦᠭᠡᠯ᠎ᠤᠨ ᠤᠨᠳᠤᠤᠱᠢᠭᠤᠯᠤᠯᠲᠠ ᠵᠢᠴᠢ ᠠᠵᠤ ᠦᠢᠯᠡᠰᠵᠢᠯᠲᠡ᠂ ᠲᠡᠷᠢᠭᠦᠨ᠎ᠤ ᠮᠡᠷᠭᠡᠵᠢᠯ᠂ ᠮᠡᠷᠭᠡᠱᠢᠯ ᠤᠷ᠎ᠠ ᠮᠡᠷᠭᠡᠵᠢᠯ᠎ᠤᠨ ᠥᠭᠡᠷᠡᠴᠢᠯᠡᠯᠲᠡ᠎ᠶ᠋ᠢᠨ ᠬᠡᠷᠡᠭ᠌ᠴᠡᠭᠡ 894 ᠵᠦᠶᠯ᠎ᠢ ᠣᠷᠣᠭᠤᠯᠤᠨ ᠠᠪᠴᠢᠷᠠᠵᠤ᠂ ᠬᠡᠷᠡᠭ᠌ᠴᠡᠭᠡᠨ᠎ᠤ ᠶᠡᠷᠦᠩᠬᠡᠶ ᠬᠡᠮᠵᠢᠶ᠎ᠡ᠎ᠶ᠋ᠢᠨ 50% ᠶ᠋ᠢ ᠡᠵᠡᠯᠡᠪᠡ᠃ ᠡᠮᠬᠢᠯᠡᠵᠦ᠍ ᠨᠡᠢᠳᠭᠡᠬᠦ᠌᠎ᠪᠠᠷ ᠳᠠᠮᠵᠢᠨ ᠨᠢᠭᠡᠨᠲᠡ 《4+8+N》 ᠶ᠋ᠢᠨ ᠬᠠᠮᠲᠤᠷᠠᠨ ᠠᠵᠢᠯᠯᠠᠬᠤ ᠪᠠᠢᠳᠠᠯ᠎ᠢ ᠪᠦᠷᠢᠯᠳᠦᠭᠦᠯᠪᠡ᠃
ᠬᠤᠢᠱᠢᠳᠠ ᠨᠡᠩ ᠤᠯᠠᠨ ᠪᠠᠢᠭᠤᠯᠤᠮᠵᠢ᠎ᠲᠠᠢ ᠨᠡᠭᠡᠭᠡᠯᠳᠡᠳᠡᠢ ᠬᠠᠮᠳᠤᠷᠠᠯᠴᠠᠬᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢᠶᠠᠷ ᠦᠪᠦᠷ ᠮᠤᠩᠭᠤᠯ᠎ᠢᠶᠠᠨ ᠮᠠᠨᠳᠤᠭᠤᠯᠬᠤ 《4+8+N》 ᠬᠠᠮᠳᠤᠷᠠᠯᠴᠠᠭᠠᠨ᠎ᠤ ᠳᠤᠬ᠍ᠳᠠᠴᠠᠨᠢ ᠦᠪᠦᠷ ᠮᠤᠩᠭᠤᠯ ᠪᠤᠯᠤᠨ ᠪᠡᠭᠡᠵᠢᠩ᠂ ᠲᠢᠶᠠᠨᠵᠢᠨ᠂ ᠾᠧᠪᠸᠢ᠂ ᠭᠤᠸᠠᠩᠳᠦ᠋ᠩ᠂ ᠱᠢᠶᠠᠩᠭᠠᠩ᠂ ᠤᠤᠮᠧᠨ᠂ ᠬᠦᠬᠡᠮᠦᠷᠡᠨ᠎ᠤ ᠭᠤᠷᠪᠠᠯᠵᠢᠨ ᠬᠤᠢᠭ ᠵᠡᠷᠭᠡ ᠬᠦᠭ᠌ᠵᠢᠭ᠌ᠰᠡᠨ ᠤᠷᠤᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌᠎ᠲᠠᠢ ᠵᠤᠯᠭᠠᠯᠴᠠᠵᠤ᠂ ᠮᠡᠳᠡᠯᠭᠡ᠂ ᠴᠢᠳᠠᠪᠤᠷᠢᠳᠠᠨ᠂ ᠲᠦᠷᠦᠯ ᠵᠦᠢᠯ᠂ ᠦᠷ᠎ᠡ ᠪᠦᠲᠦᠭᠡᠯ ᠵᠡᠷᠭᠡ ᠳᠠᠪᠠᠭᠤᠯᠢᠭ ᠱᠢᠨ᠎ᠡ᠎ᠶ᠋ᠢ ᠡᠭᠦᠳᠬᠦ᠌ ᠡᠬᠢ ᠪᠠᠶᠠᠯᠢᠭ᠎ᠢ ᠦᠪᠦᠷ ᠮᠤᠩᠭᠤᠯ᠎ᠳᠤ ᠤᠷᠤᠭᠤᠯᠵᠤ᠂ ᠪᠦᠬᠦ᠌ ᠤᠷᠤᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌ ᠴᠢᠳᠠᠪᠤᠷᠢ ᠪᠤᠯᠤᠨ ᠠᠵᠤ ᠦᠢᠯᠡᠰ᠎ᠤᠨ ᠮᠡᠷᠭᠡᠵᠢᠯ᠎ᠤᠨ ᠬᠢᠷᠢ ᠲᠦᠪᠱᠢᠨ᠎ᠢ ᠳᠡᠭᠡᠭ᠌ᠰᠢᠯᠡᠭᠦᠯᠵᠤ᠂ ᠠᠵᠤ ᠠᠬᠤᠢ ᠨᠡᠢᠭᠡᠮ᠎ᠤᠨ ᠴᠢᠨᠠᠷ ᠰᠠᠢᠳᠠᠢ ᠬᠦᠭ᠌ᠵᠢᠯᠳᠡ᠎ᠶ᠋ᠢ ᠬᠦᠳᠦᠯᠦᠨ ᠳᠠᠭᠠᠭᠤᠯᠬᠤ ᠪᠠ ᠲᠤᠯᠭᠠᠭᠤᠷᠢᠯᠠᠬᠤ ᠪᠤᠯᠤᠨ᠎ᠠ᠃
ᠱᠢᠨ᠎ᠡ᠎ᠶ᠋ᠢ ᠡᠭᠦᠳᠬᠦ᠌᠎ᠪᠠᠷ ᠬᠦᠭ᠌ᠵᠢᠯᠳᠡ᠎ᠶ᠋ᠢᠨ ᠬᠦᠳᠡᠯᠭᠡᠬᠦᠷ ᠪᠤᠯᠭᠠᠨ᠎ᠠ
ᠳᠡᠭᠡᠷ᠎ᠡ ᠵᠠᠭᠤᠨ᠎ᠤ ᠶᠡᠷᠡᠭᠡᠳ ᠤᠨ᠎ᠤ ᠳᠤᠮᠳᠠ ᠰᠡᠭᠦᠯᠴᠢ᠎ᠠᠴᠠ ᠪᠠᠶᠠᠨᠨᠠᠭᠤᠷ ᠬᠤᠳᠠ᠎ᠶ᠋ᠢᠨ ᠤᠯᠠᠭᠠᠨᠰᠤᠬᠠᠢ᠎ᠨᠢ ᠠᠵᠤ ᠦᠢᠯᠡᠳᠪᠦᠷᠢᠵᠢᠯᠳᠡ᠂ ᠬᠤᠳᠠ ᠪᠠᠯᠭᠠᠰᠤᠵᠢᠯᠳᠠ᠎ᠶ᠋ᠢᠨ ᠠᠬᠢᠴᠠ᠎ᠶ᠋ᠢ ᠳᠠᠭᠠᠯᠳᠤᠨ ᠬᠦᠨᠳᠦ ᠨᠤᠴᠢᠳᠠᠢ ᠪᠤᠬᠢᠷᠳᠤᠵᠠᠢ᠃ ᠤᠢ᠍ᠢᠷ᠎ᠠ᠎ᠶ᠋ᠢᠨ ᠵᠢᠯ᠎ᠠᠴᠠ ᠪᠠᠶᠠᠨᠨᠠᠭᠤᠷ ᠬᠤᠳᠠ ᠠᠮᠢ ᠠᠬᠤᠢ᠎ᠶ᠋ᠢᠨ ᠤᠰᠤ ᠨᠦᠬᠦᠬᠦ᠂ ᠡᠬᠢ᠎ᠶ᠋ᠢ᠎ᠨᠢ ᠡᠵᠡᠮᠳᠡᠨ ᠪᠤᠬᠢᠷᠳᠤᠯ᠎ᠢ ᠵᠠᠰᠠᠬᠤ᠂ ᠠᠵᠤ ᠦᠢᠯᠡᠳᠪᠦᠷᠢ᠎ᠶ᠋ᠢᠨ ᠪᠤᠬᠢᠷ ᠤᠰᠤ᠎ᠶ᠋ᠢ ᠱᠢᠢᠳᠪᠦᠷᠢᠯᠡᠬᠦ᠌ ᠦᠢᠯᠡᠳᠪᠦᠷᠢ ᠵᠡᠷᠭᠡ ᠨᠡᠢᠳᠡ 37 ᠵᠠᠰᠠᠯᠳᠡ᠎ᠶ᠋ᠢᠨ ᠢᠨᠵᠧᠨᠧᠷᠢᠩ᠎ᠢ ᠬᠡᠷᠡᠭ᠌ᠵᠢᠭᠦᠯᠵᠤ᠂ 32.7 ᠳ᠋ᠦᠩᠱᠢᠭᠤᠷ ᠲᠦᠭᠦᠷᠢᠭ ᠤᠷᠤᠭᠤᠯᠵᠤ᠂ ᠤᠤᠯ᠎ᠤᠨ ᠤᠡᠭ᠌ᠭᠤᠴᠠᠪᠠᠷ ᠠᠶᠠᠯᠠᠬᠤ᠎ᠳᠤ ᠬᠦᠮᠦᠰ ᠲᠤᠷ᠎ᠠ ᠪᠤᠯᠬᠢᠮᠠ ᠮᠠᠭᠤᠬᠠᠢ ᠦᠨᠦᠷ ᠦᠨᠦᠷᠳᠤᠳᠡᠭ ᠪᠠᠢᠬ᠍ᠰᠠᠨ᠎ᠠᠴᠠ ᠤᠳᠤ ᠪᠤᠯᠬᠤ᠎ᠳᠤ ᠤᠰᠤ᠎ᠨᠢ ᠲᠤᠩᠭᠠᠯᠠᠬ᠍ᠵᠢᠵᠤ᠂ ᠴᠡᠪᠡᠷ ᠠᠭᠠᠷ᠂ ᠰᠡᠷᠢᠬᠦᠨ ᠰᠠᠯᠬᠢ᠂ ᠭᠤᠶᠤ ᠦᠵᠡᠮᠵᠢ᠎ᠨᠢ ᠬᠦᠮᠦᠰ᠎ᠤᠨ ᠰᠡᠳᠭᠢᠯ᠎ᠢ ᠠᠷᠭᠠᠮᠵᠢᠳᠠᠭ ᠪᠤᠯᠵᠠᠢ᠃
ᠤᠯᠠᠭᠠᠨᠰᠤᠬᠠᠢ ᠪᠤᠯ ᠮᠠᠨ᠎ᠤ ᠤᠷᠤᠨ᠎ᠤ ᠬᠠᠳᠤᠨ ᠭᠤᠤᠯ᠎ᠤᠨ ᠬᠦᠪᠡᠭᠡ ᠳᠠᠭᠠᠤ ᠤᠷᠤᠨ᠎ᠤ ᠠᠮᠢ ᠠᠬᠤᠢ᠎ᠶ᠋ᠢᠨ ᠬᠠᠮᠠᠭᠠᠯᠠᠯᠳᠠ ᠪᠠ ᠵᠠᠰᠠᠯᠳᠠ᠎ᠶ᠋ᠢᠨ ᠨᠢᠭᠡᠨ ᠬᠤᠷᠢᠶᠠᠩᠭᠤᠢ ᠲᠦᠷᠰᠦ ᠪᠤᠯᠤᠨ᠎ᠠ᠃ ᠮᠠᠨ᠎ᠤ ᠤᠷᠤᠨ ᠠᠮᠢ ᠠᠬᠤᠶ᠎ᠶ᠋ᠢ ᠬᠠᠮᠠᠭᠠᠯᠠᠬᠤ᠎ᠶ᠋ᠢ ᠲᠡᠷᠢᠭᠦᠨ᠎ᠳᠤ ᠲᠠᠯᠪᠢᠬᠤ᠂ ᠪᠣᠬᠢᠷᠲᠤᠯ ᠦᠭᠡᠢ᠎ᠪᠠᠷ ᠬᠥᠭ᠌ᠵᠢᠭᠦᠯᠬᠦ᠌ ᠲᠠᠯ᠎ᠠ᠎ᠶ᠋ᠢᠨ ᠱᠢᠨᠵᠢᠯᠡᠬᠦ᠌ ᠤᠬᠠᠭᠠᠨ ᠲᠧᠭ᠌ᠨᠢᠡ ᠮᠡᠷᠭᠡᠵᠢᠯ᠎ᠤᠨ ᠲᠤᠯᠭᠠᠭᠤᠷᠢᠯᠠᠯ᠎ᠢ ᠤᠯᠠᠮ ᠨᠢᠭᠡ ᠠᠯᠬᠤᠮ ᠴᠢᠩᠭᠠᠳᠭᠠᠵᠤ᠂ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠲᠥᠷᠥᠯ ᠵᠦᠢᠯ᠎ᠤᠨ ᠲᠣᠬᠢᠷᠠᠭᠤᠯᠤᠯᠲᠠ᠎ᠶ᠋ᠢᠨ ᠭᠤᠤᠯᠳᠠᠯᠭ᠎ᠠ᠎ᠶ᠋ᠢ 《ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢᠶᠠᠷ ᠥᠪᠥᠷ ᠮᠣᠩᠭᠤᠯ᠎ᠢᠶᠠᠨ ᠮᠠᠨᠳᠤᠭᠤᠯᠬᠤ》 ᠠᠵᠢᠯᠯᠠᠭ᠎ᠠ ᠲᠡᠰᠢ ᠬᠡᠯᠪᠠᠢᠯᠭᠡᠵᠤ᠂ ᠬᠤᠪᠤᠷ ᠱᠢᠷᠤᠢ᠂ ᠪᠠᠯ ᠴᠢᠯᠠᠭᠤᠨ ᠠᠯᠺᠧᠨ᠂ ᠨᠡᠭᠦᠷᠡᠰᠦᠳᠦ᠋ᠷᠦᠭ᠌ᠴᠢ᠎ᠶ᠋ᠢᠨ ᠴᠤᠬ᠍ᠯᠠᠭᠤᠯᠤᠨ ᠬᠠᠳᠠᠭᠠᠯᠠᠯᠳᠠ᠂ ᠤᠰᠤᠳᠦ᠋ᠷᠦᠭ᠌ᠴᠢ᠎ᠶ᠋ᠢᠨ ᠡᠨᠧᠷᠬᠢ᠂ ᠶᠡᠭᠡ ᠬᠡᠪᠴᠢᠶᠡᠨ᠎ᠤ ᠡᠨᠧᠷᠬᠢ ᠬᠠᠳᠠᠭᠠᠯᠠᠯᠳᠠ᠎ᠶ᠋ᠢᠨ 《ᠲᠠᠪᠤᠨ ᠶᠡᠭᠡ ᠬᠦᠷᠢᠶ᠎ᠡ》 ᠶ᠋ᠢᠨ ᠵᠠᠩᠭᠢᠯᠠᠭ᠎ᠠ᠎ᠶ᠋ᠢᠨ ᠮᠡᠷᠭᠡᠵᠢᠯ᠎ᠤᠨ ᠪᠡᠷᠬᠡ ᠰᠡᠳᠦᠪ᠎ᠢ ᠱᠢᠢᠳᠪᠦᠷᠢᠯᠡᠬᠦ᠌ ᠪᠠ 《ᠲᠠᠪᠤᠨ ᠠᠵᠤ ᠦᠢᠯᠡᠰ》 ᠤᠨ ᠬᠥᠭ᠌ᠵᠢᠯᠲᠡ᠎ᠳᠤ ᠬᠦᠴᠦ᠍ ᠨᠡᠮᠡᠷᠢᠯᠡᠬᠦ᠌᠎ᠳᠤ ᠬᠦᠴᠦᠯᠡᠪᠡ᠃ ᠡᠨᠡ ᠵᠢᠯ᠎ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠴᠢᠬᠤᠯᠠ ᠶᠡᠭᠡ ᠲᠤᠰᠭᠠᠶ ᠲᠥᠷᠥᠯ᠎ᠢ ᠶᠡᠭᠡ ᠬᠦᠴᠦᠨ᠎ᠢᠶᠠᠷ ᠳᠠᠮᠵᠢᠵᠤ᠂ ᠡᠭᠦᠨ᠎ᠳᠤ᠂ ᠲᠠᠪᠤᠨ ᠶᠡᠭᠡ ᠬᠦᠷᠢᠶᠡᠨ᠎ᠳᠤ ᠨᠡᠢᠲᠡ 10 ᠪᠣᠭᠤᠮᠲᠠ ᠱᠢᠪᠲᠤᠯᠬᠤ ᠴᠢᠭ᠌ᠯᠡᠯ᠎ᠢ ᠪᠠᠢᠷᠢᠯᠠᠭᠤᠯᠤᠨ᠂ 14 ᠲᠥᠷᠥᠯ ᠵᠦᠢᠯ᠎ᠢ ᠳᠡᠮᠵᠢᠵᠤ ᠪᠠᠢᠨ᠎ᠠ᠃
ᠮᠠᠨ᠎ᠤ ᠤᠷᠤᠨ᠎ᠤ ᠵᠠᠩᠭᠢᠯᠠᠭ᠎ᠠ᠎ᠶ᠋ᠢᠨ ᠭᠤᠤᠯᠯᠠᠬᠤ ᠮᠡᠷᠭᠡᠵᠢᠯ᠎ᠤᠨ ᠪᠡᠷᠬᠡ ᠰᠡᠳᠦᠪ᠎ᠢ ᠱᠢᠢᠳᠪᠦᠷᠢᠯᠡᠬᠦ᠌ ᠪᠠ ᠦᠷ᠎ᠡ ᠪᠦᠲᠦᠭᠡᠯ᠎ᠢ ᠬᠤᠪᠢᠷᠠᠭᠤᠯᠬᠤ ᠲᠠᠯ᠎ᠠ᠎ᠪᠠᠷ᠎ᠬᠢ ᠣᠷᠣᠭᠤᠯᠤᠯᠲᠠ ᠤᠯᠠᠮ ᠨᠢᠭᠡ ᠠᠯᠬᠤᠮ ᠨᠡᠮᠡᠭ᠌ᠳᠡᠵᠦ᠍᠂ 2020 ᠣᠨ᠎ᠳᠤ᠂ ᠥᠪᠥᠷ ᠮᠣᠩᠭᠤᠯ᠎ᠤᠨ ᠵᠠᠩᠭᠢᠯᠠᠭ᠎ᠠ᠎ᠶ᠋ᠢᠨ ᠮᠡᠷᠭᠡᠵᠢᠯ᠎ᠤᠨ ᠪᠣᠭᠤᠮᠲᠠ ᠱᠢᠪᠲᠤᠯᠬᠤ ᠲᠥᠯᠥᠪᠯᠡᠭᠡ ᠨᠡᠢᠲᠡ 299 ᠵᠦᠢᠯ ᠲᠣᠭ᠍ᠲᠠᠵᠤ᠂ ᠳᠡᠮᠵᠢᠬᠦ᠌ ᠵᠠᠷᠤᠳᠠᠯ᠎ᠢ 2.35 ᠳ᠋ᠦᠩᠱᠢᠭᠤᠷ ᠲᠥᠭᠦᠷᠢᠭ ᠲᠣᠬᠢᠷᠠᠭᠤᠯᠪᠠ᠃ ᠦᠷ᠎ᠡ ᠪᠦᠲᠦᠭᠡᠯ᠎ᠢ ᠤᠨᠳᠤᠤᠱᠢᠭᠤᠯᠬᠤ ᠲᠥᠯᠥᠪᠯᠡᠭᠡ᠎ᠶ᠋ᠢ ᠨᠡᠢᠲᠡ 2.76 ᠳ᠋ᠦᠩᠱᠢᠭᠤᠷ ᠲᠥᠭᠦᠷᠢᠭ᠎ᠤᠨ ᠵᠠᠷᠤᠳᠠᠯ᠎ᠢᠶᠠᠷ ᠳᠡᠮᠵᠢᠵᠦ᠍᠂ ᠭᠤᠤᠯᠳᠠᠭᠤ ᠦᠷ᠎ᠡ ᠪᠦᠲᠦᠭᠡᠯ᠎ᠢ ᠤᠨᠳᠤᠤᠱᠢᠭᠤᠯᠬᠤ ᠬᠥᠲᠥᠯᠦᠨ ᠵᠢᠯᠣᠭᠤᠳᠭᠤ ᠲᠥᠷᠥᠯ ᠵᠦᠶᠯ᠂ ᠮᠡᠷᠭᠡᠵᠢᠯ᠎ᠤᠨ ᠠᠷᠠᠯᠵᠢᠶ᠎ᠠ᠎ᠶ᠋ᠢᠨ ᠳᠠᠷᠠᠭᠠᠬᠢ ᠨᠥᠬᠦᠪᠥᠷᠢ᠂ ᠬᠦᠷᠢᠶᠡᠯᠡᠩ ᠲᠣᠭᠤᠷᠢᠭ᠎ᠤᠨ ᠬᠠᠮᠲᠤᠷᠠᠯᠴᠠᠭ᠎ᠠ᠂ ᠳᠡᠭᠡᠳᠦ ᠲᠠᠰ᠎ᠤᠨ ᠭᠠᠳᠠᠭᠠᠳᠤ᠎ᠶ᠋ᠢᠨ ᠲᠤᠰᠭᠠᠶ ᠮᠡᠷᠭᠡᠵᠢᠯᠲᠡᠨ᠎ᠢ ᠣᠷᠣᠭᠤᠯᠤᠨ ᠠᠪᠴᠢᠷᠠᠬᠤ ᠵᠡᠷᠭᠡ ᠲᠠᠯ᠎ᠠ᠎ᠳᠤ ᠬᠡᠷᠡᠭ᠌ᠯᠡᠬᠦ᠌ ᠪᠤᠯᠪᠠ᠃
ᠦᠢᠯᠡᠰ ᠪᠤᠰᠭᠠᠬᠤ ᠳᠠᠪᠴᠠᠩ᠎ᠤᠨ ᠪᠠᠢᠭᠤᠯᠤᠯᠳᠠ᠎ᠶ᠋ᠢ ᠠᠭᠢᠭᠤᠯᠤᠨ᠎ᠠ
ᠤᠢ᠍ᠢᠷ᠎ᠠ᠎ᠶ᠋ᠢᠨ ᠵᠢᠯ᠎ᠠᠴᠠ ᠮᠠᠨ᠎ᠤ ᠤᠷᠤᠨ ᠲᠠᠪᠴᠠᠩ᠎ᠤᠨ ᠠᠴᠢᠶᠠᠯᠠᠪᠤᠷᠢ᠎ᠶ᠋ᠢᠨ ᠪᠠᠢᠭᠤᠯᠤᠯᠳᠠ᠎ᠶ᠋ᠢ ᠠᠭᠢᠭᠤᠯᠵᠤ᠂ ᠳᠠᠪᠴᠠᠩ᠎ᠤᠨ ᠲᠤᠯᠭᠠᠭᠤᠷᠢᠯᠠᠯ᠎ᠤᠨ ᠦᠢᠯᠡᠳᠦᠯ᠎ᠢ ᠢᠯᠡᠷᠭᠡᠢ ᠴᠢᠩᠭᠠᠷᠠᠭᠤᠯᠪᠠ᠃ 《ᠭᠤᠷᠪᠠᠨ ᠣᠷᠣᠨ ᠬᠤᠶᠠᠷ ᠲᠥᠪ᠎ᠤᠨ ᠪᠦᠲᠦᠭᠡᠨ ᠪᠠᠢᠭᠤᠯᠤᠯᠲᠠ᠎ᠶ᠋ᠢ ᠲᠦᠷᠭᠡᠳᠭᠡᠨ ᠠᠬᠢᠭᠤᠯᠵᠤ᠂ ᠬᠥᠬᠡᠬᠤᠲᠠ ᠪᠤᠭᠤᠲᠤ ᠣᠷᠳᠣᠰ᠎ᠤᠨ ᠤᠯᠤᠰ᠎ᠤᠨ ᠪᠡᠶ᠎ᠡ᠎ᠪᠠᠨ ᠳᠠᠭᠠᠭᠠᠵᠤ ᠱᠢᠨ᠎ᠡ᠎ᠶ᠋ᠢ ᠡᠭᠦᠳᠬᠦ᠌ ᠵᠢᠱ᠌ᠢᠶ᠎ᠡ ᠦᠵᠡᠭᠦᠯᠬᠦ᠌ ᠣᠷᠣᠨ᠎ᠤ ᠪᠥᠲᠥᠭᠡᠨ ᠪᠠᠢᠭᠤᠯᠤᠯᠲᠠ᠎ᠶ᠋ᠢᠨ ᠶᠡᠷᠦᠩᠬᠡᠶ ᠲᠥᠰᠦᠯ》 ᠢ ᠲᠣᠭ᠍ᠲᠠᠭᠠᠵᠤ᠂ ᠪᠠᠶᠠᠨᠨᠠᠭᠤᠷ᠎ᠤᠨ ᠤᠯᠤᠰ᠎ᠤᠨ ᠲᠠᠷᠢᠶᠠᠯᠠᠩ᠎ᠤᠨ ᠳᠡᠭᠡᠳᠦ ᠲᠠᠰ᠎ᠤᠨ ᠣᠷᠣᠨ ᠨᠢᠭᠡᠨᠲᠡ ᠲᠤᠰᠭᠠᠶ ᠮᠡᠷᠭᠡᠵᠢᠯᠲᠡᠨ᠎ᠤ ᠬᠢᠨᠡᠨ ᠪᠠᠢᠴᠠᠭᠠᠯᠲᠠ᠎ᠶ᠋ᠢ ᠦᠡᠭ᠌ᠭᠡᠷᠡᠭ᠌ᠰᠡᠨ ᠪᠠᠢᠨ᠎ᠠ᠃ ᠣᠷᠳᠣᠰ᠎ᠤᠨ ᠤᠯᠤᠰ᠎ᠤᠨ ᠦᠷᠭᠦᠯᠵᠢᠯᠡᠬᠦᠢ ᠬᠥᠭ᠌ᠵᠢᠯᠲᠡ᠎ᠶ᠋ᠢᠨ ᠵᠥᠪᠯᠡᠬᠦ᠌ ᠵᠦᠶᠯ᠎ᠤᠨ ᠱᠢᠨ᠎ᠡ᠎ᠶ᠋ᠢ ᠡᠭᠦᠳᠬᠦ᠌ ᠵᠢᠱ᠌ᠢᠶ᠎ᠡ ᠦᠵᠡᠭᠦᠯᠬᠦ᠌ ᠣᠷᠣᠨ ᠤᠯᠤᠰ᠎ᠤᠨ ᠬᠢᠨᠠᠨ ᠲᠣᠭ᠍ᠲᠠᠭᠠᠯᠲᠠ᠎ᠶ᠋ᠢ ᠳᠠᠮᠵᠢᠬ᠍ᠰᠡᠨ ᠶᠤᠮ᠃
ᠪᠠᠰᠠ 《ᠤᠯᠤᠰ᠎ᠤᠨ ᠰᠦ᠎ᠶ᠋ᠢᠨ ᠦᠢᠯᠡᠰ᠎ᠤᠨ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌ ᠲᠥᠪ᠎ᠤᠨ ᠪᠥᠲᠥᠭᠡᠨ ᠪᠠᠢᠭᠤᠯᠤᠯᠲᠠ᠎ᠶ᠋ᠢᠨ ᠲᠥᠰᠦᠯ》 ᠢ ᠨᠢᠭᠡᠨᠲᠡ ᠨᠠᠢᠷᠠᠭᠤᠯᠤᠨ ᠵᠤᠬᠢᠶᠠᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠶᠠᠮᠤᠨ᠎ᠳᠤ ᠮᠡᠳᠡᠭᠦᠯᠦᠨ ᠬᠦᠷᠭᠡᠪᠡ᠃ ᠤᠳᠤ ᠶᠠᠭ ᠤᠯᠤᠰ᠎ᠤᠨ ᠳᠤᠳᠤᠭᠠᠳᠤ᠎ᠶ᠋ᠢᠨ ᠳᠠᠪᠠᠭᠤᠯᠢᠭ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠡᠬᠢ ᠪᠠᠶᠠᠯᠢᠭ᠎ᠲᠠᠢ ᠬᠤᠯᠪᠤᠭᠠᠯᠠᠵᠤ᠂ ᠥᠪᠥᠷ ᠮᠣᠩᠭᠤᠯ᠎ᠤᠨ ᠬᠤᠪᠣᠷ ᠱᠢᠷᠣᠶ᠎ᠶ᠋ᠢᠨ ᠱᠢᠨ᠎ᠡ ᠮᠠᠲ᠋ᠧᠷᠢᠶᠠᠯ᠎ᠤᠨ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌ ᠲᠦᠪ᠎ᠢ ᠪᠠᠢᠭᠤᠯᠵᠤ ᠪᠤᠢ᠃ ᠶᠠᠮᠤᠨ ᠤᠷᠤᠨ᠎ᠤ ᠵᠦᠪᠡᠯᠡᠯᠴᠡᠭᠡᠷᠲᠤ ᠤᠷᠤᠬ᠍ᠰᠠᠨ 《ᠰᠦ᠎ᠶ᠋ᠢᠨ ᠪᠦᠲᠦᠭᠡᠭ᠌ᠳᠡᠭᠦᠨ᠎ᠤ ᠠᠮᠢᠳᠤ ᠪᠤᠳᠠᠰ᠎ᠤᠨ ᠮᠡᠷᠭᠡᠵᠢᠯ ᠪᠤᠯᠤᠨ ᠢᠨᠵᠧᠨᠧᠷᠢᠩ᠎ᠤᠨ ᠭᠤᠤᠯᠳᠠᠯᠭ᠎ᠠ᠎ᠲᠠᠢ ᠲᠤᠷᠱᠢᠯᠳᠠ᠎ᠶ᠋ᠢᠨ ᠳᠠᠰᠤᠭ》 ᠪᠠ 《ᠮᠤᠩᠭᠤᠯ ᠡᠮ ᠡᠮᠨᠡᠯᠭᠡ᠎ᠶ᠋ᠢᠨ ᠭᠤᠤᠯᠳᠠᠯᠭ᠎ᠠ᠎ᠲᠠᠢ ᠲᠤᠷᠱᠢᠯᠳᠠ᠎ᠶ᠋ᠢᠨ ᠳᠠᠰᠤᠭ》 ᠲᠤ ᠵᠢᠯᠤᠭᠤᠳᠤᠯᠭ᠎ᠠ ᠬᠢᠵᠤ᠂ 《ᠰᠦ᠎ᠶ᠋ᠢᠨ ᠪᠦᠲᠦᠭᠡᠭ᠌ᠳᠡᠭᠦᠨ᠎ᠤ ᠲᠤᠷᠱᠢᠯᠳᠠ᠎ᠶ᠋ᠢᠨ ᠳᠠᠰᠤᠭ》 ᠲᠤ ᠭᠦᠨᠵᠡᠭᠡᠢ ᠦᠨᠡᠯᠡᠯᠳᠡ ᠬᠢᠵᠤ᠂ 《ᠮᠤᠵᠢ᠎ᠶ᠋ᠢᠨ ᠬᠠᠮᠳᠤ᠎ᠪᠠᠷ ᠪᠠᠢᠭᠤᠯᠬᠤ ᠰᠦ᠎ᠶ᠋ᠢᠨ ᠪᠦᠲᠦᠭᠡᠭ᠌ᠳᠡᠭᠦᠨ᠎ᠤ ᠠᠮᠢᠳᠤ ᠪᠤᠳᠠᠰ᠎ᠤᠨ ᠮᠡᠷᠭᠡᠵᠢᠯ ᠪᠤᠯᠤᠨ ᠢᠨᠵᠧᠨᠧᠷᠢᠩ᠎ᠤᠨ ᠤᠯᠤᠰ᠎ᠤᠨ ᠭᠤᠤᠯᠳᠠᠯᠭ᠎ᠠ᠎ᠲᠠᠢ ᠲᠤᠷᠱᠢᠯᠳᠠ᠎ᠶ᠋ᠢᠨ ᠳᠠᠰᠤᠭ᠎ᠤᠨ ᠡᠷᠡᠮᠡᠯᠵᠠᠬᠦ᠌ ᠪᠢᠴᠢᠭ》 ᠢ ᠨᠠᠢᠷᠠᠭᠤᠯᠤᠨ ᠵᠤᠬᠢᠶᠠᠵᠤ᠂ ᠦᠪᠡᠷᠳᠡᠭᠡᠨ ᠵᠠᠰᠠᠬᠤ ᠤᠷᠤᠨ᠎ᠤ ᠲᠤᠷᠱᠢᠯᠲᠠ᠎ᠶ᠋ᠢᠨ ᠲᠠᠰᠤᠭ᠎ᠤᠨ ᠬᠠᠮᠢᠶᠠᠷᠤᠯᠲᠠ᠎ᠶ᠋ᠢᠨ ᠲᠣᠭ᠍ᠲᠠᠴᠠ᠎ᠶ᠋ᠢ ᠪᠦᠷᠢᠨᠱᠢᠭᠦᠯᠪᠡ᠃
ᠦᠪᠡᠷᠳᠡᠭᠡᠨ ᠵᠠᠰᠠᠬᠤ ᠤᠷᠤᠨ ᠳᠡᠭᠡᠳᠦ ᠳᠠᠪᠬᠤᠷᠭ᠎ᠠ᠎ᠶ᠋ᠢᠨ ᠱᠢᠨ᠎ᠡ᠎ᠶ᠋ᠢ ᠡᠭᠦᠳᠬᠦ᠌ ᠳᠠᠪᠴᠠᠩ᠎ᠤᠨ ᠪᠠᠢᠭᠤᠯᠤᠯᠳᠠ᠎ᠶ᠋ᠢᠨ ᠬᠦᠴᠦᠯᠡᠴᠡ᠎ᠪᠠᠨ ᠳᠠᠰᠤᠷᠠᠯᠳᠠ ᠦᠭᠡᠢ ᠡᠷᠴᠢᠮᠵᠢᠭᠦᠯᠵᠤ᠂ ᠨᠢᠭᠡ ᠪᠦᠯᠦᠭ ᠱᠢᠨ᠎ᠡ᠎ᠶ᠋ᠢ ᠡᠭᠦᠳᠬᠦ᠌ ᠳᠠᠪᠴᠠᠩ ᠴᠢᠬᠤᠯᠠ ᠦᠢᠯᠡᠳᠦᠯ ᠦᠵᠡᠬᠦᠯᠪᠡ᠃ ᠤᠳᠤ ᠪᠦᠬᠦ᠌ ᠤᠷᠤᠨ᠎ᠳᠤ 3 ᠤᠯᠤᠰ᠎ᠤᠨ ᠳᠡᠰ᠎ᠤᠨ ᠳᠡᠭᠡᠳᠦ ᠱᠢᠨ᠎ᠡ ᠤᠷᠤᠨ᠂ 8 ᠤᠯᠤᠰ᠎ᠤᠨ ᠳᠡᠰ᠎ᠤᠨ ᠲᠠᠷᠢᠶᠠᠯᠠᠩ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠬᠦᠷᠢᠶᠡᠯᠡᠩ ᠲᠤᠭᠤᠷᠢᠭ ᠪᠤᠯᠤᠨ 7 ᠤᠯᠤᠰ᠎ᠤᠨ ᠳᠡᠰ᠎ᠤᠨ ᠦᠷᠭᠦᠯᠵᠢᠯᠡᠬᠦ᠋ᠢᠴᠡ ᠬᠦᠭ᠌ᠵᠢᠯᠳᠡ᠎ᠶ᠋ᠢᠨ ᠲᠤᠷᠱᠢᠯᠳᠠ᠎ᠶ᠋ᠢᠨ ᠤᠷᠤᠨ᠎ᠢ ᠪᠠᠢᠭᠤᠯᠵᠤ᠂ 3 ᠤᠯᠤᠰ᠎ᠤᠨ ᠳᠡᠰ᠎ᠤᠨ ᠭᠤᠤᠯᠳᠠᠯᠭ᠎ᠠ᠎ᠲᠠᠢ ᠲᠤᠷᠱᠢᠯᠳᠠ᠎ᠶ᠋ᠢᠨ ᠳᠠᠰᠤᠭ᠂ 156 ᠦᠪᠡᠷᠳᠡᠭᠡᠨ ᠵᠠᠰᠠᠬᠤ ᠤᠷᠤᠨ᠎ᠤ ᠭᠤᠤᠯᠳᠠᠯᠭ᠎ᠠ᠎ᠲᠠᠢ ᠲᠤᠷᠱᠢᠯᠳᠠ᠎ᠶ᠋ᠢᠨ ᠳᠠᠰᠤᠭ᠂ 2 ᠤᠯᠤᠰ᠎ᠤᠨ ᠢᠨᠵᠧᠨᠧᠷᠢᠩ᠎ᠤᠨ ᠮᠡᠷᠭᠡᠵᠢᠯ᠎ᠤᠨ ᠰᠤᠳᠤᠯᠭᠠᠨ᠎ᠤ ᠲᠦᠪ᠎ᠢ ᠪᠠᠢᠭᠤᠯᠵᠠᠢ᠃ ᠬᠤᠷᠢᠨᠭᠡᠷ᠎ᠤᠨ ᠱᠢᠨ᠎ᠡ ᠲᠤᠭᠤᠷᠢᠭ᠎ᠲᠤ ᠦᠪᠡᠷᠳᠡᠭᠡᠨ ᠵᠠᠰᠠᠬᠤ ᠤᠷᠤᠨ᠎ᠤ ᠠᠩᠬᠠᠳᠠᠬ᠍ᠴᠢ ᠬᠡᠳᠦ ᠪᠤᠳᠤᠯᠳᠠ᠎ᠶ᠋ᠢᠨ ᠲᠦᠪ᠎ᠢ ᠪᠠᠢᠭᠤᠯᠤᠬ᠍ᠰᠠᠨ ᠶᠤᠮ᠃ 47 ᠱᠢᠨ᠎ᠡ ᠬᠡᠯᠪᠡᠷᠢ᠎ᠶ᠋ᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠰᠤᠳᠤᠯᠭᠠᠨ᠎ᠤ ᠨᠡᠭᠡᠭᠡᠨ ᠬᠦᠭ᠌ᠵᠢᠭᠦᠯᠦᠯᠳᠡ᠎ᠶ᠋ᠢᠨ ᠪᠠᠢᠭᠤᠯᠤᠮᠵᠢ᠎ᠶ᠋ᠢ ᠳᠡᠮᠵᠢᠵᠤ᠂ ᠨᠡᠭᠡᠭᠡᠯᠳᠡᠳᠡᠢ ᠬᠠᠮᠳᠤᠴᠢ ᠴᠢᠨᠠᠷ᠎ᠤᠨ ᠮᠡᠷᠭᠡᠵᠢᠯ᠎ᠤᠨ ᠰᠤᠳᠤᠯᠤᠨ ᠨᠡᠭᠡᠭᠡᠯᠳᠡ᠎ᠶ᠋ᠢᠨ ᠳᠠᠪᠴᠠᠩ᠎ᠢ ᠬᠦᠴᠦᠯᠡᠨ ᠪᠠᠢᠭᠤᠯᠵᠤ᠂ ᠨᠢᠭᠡ ᠪᠦᠯᠦᠭ ᠱᠢᠨᠵᠢᠯᠡᠬᠦ᠌ ᠤᠬᠠᠭᠠᠨ ᠲᠧᠭ᠌ᠨᠢᠡ ᠮᠡᠷᠭᠡᠵᠢᠯ᠎ᠤᠨ ᠦᠷ᠎ᠡ ᠪᠦᠲᠦᠭᠡᠯ᠎ᠢ ᠤᠯᠤᠬ᠍ᠰᠠᠨ ᠪᠢᠯᠡ᠃
ᠪᠦᠬᠦ᠌ ᠣᠷᠣᠨ᠎ᠤ ᠳᠡᠭᠡᠳᠦ ᠳᠣᠣᠷᠠᠳᠤ ᠱᠠᠲᠤᠨ᠎ᠤ ᠨᠡᠢᠯᠡᠯ ᠬᠦᠴᠦᠨ᠎ᠢ ᠪᠦᠷᠢᠯᠳᠦᠭᠦᠯᠵᠦ᠍᠂ 《ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢᠶᠠᠷ ᠥᠪᠥᠷ ᠮᠣᠩᠭᠤᠯ᠎ᠢᠶᠠᠨ ᠮᠠᠨᠳᠤᠭᠤᠯᠬᠤ》 ᠠᠵᠢᠯᠯᠠᠭ᠎ᠠ᠎ᠶ᠋ᠢ ᠬᠡᠷᠡᠭ᠌ᠵᠢᠭᠦᠯᠬᠦ᠌᠎ᠪᠠᠷ ᠬᠥᠲᠥᠯᠦᠮᠵᠢ ᠪᠣᠯᠭᠠᠵᠤ᠂ ᠪᠠᠢᠩᠭᠤᠵᠢᠭᠤᠯᠤᠨ ᠠᠬᠢᠭᠤᠯᠬᠤ ᠠᠵᠢᠯ᠎ᠤᠨ ᠳᠦᠷᠢᠮ᠎ᠢ ᠪᠠᠢᠭᠤᠯᠵᠤ᠂ 《ᠨᠡᠭᠡᠭᠡᠯᠲᠡ ᠬᠢᠵᠦ᠍ ᠬᠠᠮᠲᠤᠷᠠᠨ ᠠᠵᠢᠯᠯᠠᠵᠤ ᠱᠢᠨ᠎ᠡ᠎ᠶ᠋ᠢ ᠡᠭᠦᠳᠬᠦ᠂ ᠣᠨᠴᠠᠯᠢᠭ᠎ᠢᠶᠠᠨ ᠳᠣᠪᠤᠢᠯᠭᠠᠨ ᠱᠢᠨ᠎ᠡ᠎ᠶ᠋ᠢ ᠡᠭᠦᠳᠬᠦ᠂ ᠵᠠᠩᠭᠢᠯᠠᠭ᠎ᠠ᠎ᠶ᠋ᠢ ᠠᠳᠭᠤᠨ ᠱᠢᠨ᠎ᠡ᠎ᠶ᠋ᠢ ᠡᠭᠦᠳᠬᠦ᠌》 ᠶᠡᠷᠦᠩᠬᠡᠶ ᠰᠡᠳᠭᠢᠴᠡ᠎ᠪᠠᠷ ᠡᠬᠢ ᠪᠠᠶᠠᠯᠢᠭ᠎ᠤᠨ ᠳᠠᠪᠠᠭᠤᠯᠢᠭ᠂ ᠣᠷᠣᠨ ᠪᠠᠢᠷᠢ ᠵᠢᠴᠢ ᠠᠵᠤ ᠦᠢᠯᠡᠰ᠎ᠤᠨ ᠳᠠᠪᠠᠭᠤᠯᠢᠭ᠎ᠢᠶᠠᠨ ᠠᠱᠢᠬ᠍ᠯᠠᠨ᠂ ᠱᠢᠨ᠎ᠡ᠎ᠶ᠋ᠢ ᠡᠭᠦᠳᠬᠦ᠌ ᠬᠦᠴᠦᠨ᠎ᠢ ᠨᠢᠭᠡᠳᠦᠯᠲᠡᠶ ᠲᠥᠯᠥᠪᠯᠡᠨ ᠵᠣᠬᠢᠴᠠᠭᠤᠯᠵᠤ᠂ ᠱᠢᠨ᠎ᠡ᠎ᠶ᠋ᠢ ᠡᠭᠦᠳᠬᠦ᠌ ᠬᠡᠯᠬᠢᠶ᠎ᠡ᠂ ᠠᠵᠤ ᠦᠢᠯᠡᠰ᠎ᠤᠨ ᠬᠡᠯᠬᠢᠶ᠎ᠡ᠂ ᠴᠢᠳᠠᠪᠤᠷᠢᠲᠠᠨ᠎ᠤ ᠬᠡᠯᠬᠢᠶ᠎ᠡ᠂ ᠲᠥᠷᠥ᠎ᠶ᠋ᠢᠨ ᠪᠣᠳᠣᠯᠭ᠎ᠠ᠎ᠶ᠋ᠢᠨ ᠬᠡᠯᠬᠢᠶ᠎ᠡ᠂ ᠪᠡᠯᠡ ᠮᠥᠩᠭᠦ᠎ᠶ᠋ᠢᠨ ᠬᠡᠯᠬᠢᠶ᠎ᠡ᠎ᠶ᠋ᠢᠨ ᠭᠦᠨᠵᠡᠭᠡᠶ ᠠᠭᠤᠰᠤᠯᠴᠠᠯ᠎ᠢ ᠠᠬᠢᠭᠤᠯᠵᠤ᠂ ᠠᠮᠢ ᠠᠬᠤᠢ᠎ᠶ᠋ᠢ ᠤᠷᠢᠳ᠎ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭ᠌ᠵᠢᠯᠲᠡ᠎ᠪᠠᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠵᠤ᠂ ᠥᠪᠥᠷ ᠮᠣᠩᠭᠤᠯ᠎ᠤᠨ ᠣᠨᠴᠠᠯᠢᠭ᠎ᠲᠠᠢ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌ ᠵᠠᠮ᠎ᠢ ᠨᠡᠭᠡᠭᠡᠨ ᠤᠷᠤᠬ᠍ᠰᠢᠯᠠᠨ᠎ᠠ᠃