ᠤᠳᠭ᠎ᠠ ᠳᠡᠭᠦᠯᠳᠡᠷ ᠠᠵᠢᠯᠯᠠᠭ᠎ᠠ᠎ᠪᠠᠷ ᠤᠯᠤᠰ᠎ᠤᠨ ᠪᠠᠶᠠᠷ᠎ᠢᠶᠠᠨ ᠪᠡᠯᠭᠡᠯᠡᠨ᠎ᠡ
2020-10-06 16:13:37
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

9 ᠰᠠᠷ᠎ᠠ᠎ᠶ᠋ᠢᠨ 30 ᠎ᠤ ᠡᠳᠦᠷ᠂ ᠱᠢᠯᠢᠩᠬᠤᠳᠠ 《ᠤᠯᠤᠰ᠎ᠤᠨ ᠪᠠᠶᠠᠷ᠎ᠢ ᠪᠡᠯᠭᠡᠯᠡᠵᠦ᠍᠂ ᠨᠤᠲᠤᠭ ᠤᠰᠤ᠎ᠪᠠᠨ ᠬᠠᠢᠷᠠᠯᠠᠨ᠂ ᠪᠤᠯᠪᠠᠰᠤᠨ ᠬᠤᠳᠠ᠎ᠶ᠋ᠢ ᠴᠤᠭ᠍ᠴᠠᠯᠠᠶ᠎ᠠ》 ᠭᠡᠬᠦ᠌ ᠰᠡᠳᠤᠪᠳᠤ ᠮᠤᠳᠧᠯ᠎ᠤᠨ ᠤᠷᠤᠯᠳᠤᠭᠠᠨ ᠵᠤᠬᠢᠶᠠᠨ ᠪᠠᠢᠭᠤᠯᠵᠤ᠂ ᠪᠦᠬᠦᠳᠡ ᠨᠠᠢᠷᠠᠮᠳᠠᠬᠤ ᠲᠤᠮᠳᠠᠳᠤ ᠠᠷᠠᠳ ᠤᠯᠤᠰ ᠪᠠᠢᠭᠤᠯᠤᠭ᠍ᠳᠠᠭ᠍ᠰᠠᠨ 71 ᠵᠢᠯ᠎ᠤᠨ ᠤᠢ᠎ᠶ᠋ᠢ ᠤᠭ᠍ᠳᠤᠨ ᠪᠡᠯᠭᠡᠯᠡᠵᠠᠢ᠃

ᠡᠬᠢᠨ᠎ᠤ ᠡᠭᠡᠯᠵᠢ᠎ᠶ᠋ᠢᠨ ᠱᠢᠯᠭᠠᠷᠠᠭᠤᠯᠤᠯᠳᠠ᠎ᠳᠤ ᠮᠤᠩᠭᠤᠯ ᠬᠤᠪᠴᠠᠰᠤ ᠵᠠᠰᠠᠯ᠎ᠤᠨ ᠦᠵᠡᠭᠦᠯᠭᠡ ᠶᠠᠪᠤᠭ᠍ᠳᠠᠵᠤ᠂ ᠬᠦᠭ᠌ᠵᠢᠮ᠎ᠤᠨ ᠲᠡᠭ᠌ᠵᠢᠨ ᠠᠶᠠᠯᠭᠤ ᠲᠠᠭᠠᠭ᠍ᠰᠠᠨ ᠨᠠᠮᠪᠠᠭᠠᠯᠢᠭ ᠰᠠᠢᠬᠠᠨ ᠠᠯᠬᠤᠭᠠᠨ᠎ᠨᠢ ᠮᠤᠩᠭᠤᠯ ᠬᠤᠪᠴᠠᠰᠤ ᠵᠠᠰᠠᠯ᠎ᠤᠨ ᠲᠠᠩᠰᠤᠭ ᠰᠠᠢᠬᠠᠨ ᠭᠤᠸ᠎ᠠ ᠦᠵᠡᠰᠭᠦᠯᠡᠩ᠎ᠢ ᠭᠦᠢᠴᠡᠳ ᠢᠯᠡᠳᠭᠡᠨ ᠦᠵᠡᠭᠦᠯᠦᠯ᠎ᠠ᠃ ᠵᠠᠯᠭᠠᠭᠠᠳ ᠪᠤᠯᠤᠭ᠍ᠰᠠᠨ ᠶᠤᠰᠤᠯᠠᠯ᠎ᠤᠨ ᠵᠠᠰᠠᠯ᠂ ᠤᠳᠤ ᠦᠶ᠎ᠡ᠎ᠶ᠋ᠢᠨ ᠬᠤᠪᠴᠠᠰᠤᠨ᠎ᠤ ᠦᠵᠡᠭᠦᠯᠭᠡ᠎ᠶ᠋ᠢᠨ ᠤᠷᠤᠯᠳᠤᠭᠠᠨ᠎ᠨᠢ ᠨᠡᠩ ᠴᠤ᠌ ᠲᠠᠯᠠᠪᠠᠢ᠎ᠳᠤ ᠬᠤᠷᠠᠨ ᠴᠤᠭ᠍ᠯᠠᠷᠠᠭ᠍ᠰᠠᠨ ᠤᠯᠠᠨ᠎ᠤ ᠠᠩᠬᠠᠷᠤᠯ᠎ᠢ ᠲᠠᠳᠠᠵᠤ᠂ ᠬᠦᠮᠥᠰ ᠪᠠᠢᠨ ᠲᠠᠬᠢᠨ ᠠᠯᠠᠭ᠎ᠠ ᠲᠠᠱᠢᠨ ᠤᠤᠬᠠᠢᠯᠠᠬᠤ ᠪᠤᠶᠤ ᠭᠠᠷ ᠤᠳᠠᠰᠤ᠎ᠪᠠᠷ᠎ᠢᠶᠠᠨ ᠱᠢᠩᠭᠡᠭᠡᠯᠳᠡ ᠬᠢᠵᠦ᠍ ᠪᠠᠢᠯ᠎ᠠ᠃

《ᠪᠢᠳᠡ ᠲᠤᠰ ᠲᠦᠷᠦᠯ᠎ᠤᠨ ᠤᠷᠤᠯᠳᠤᠭᠠᠨ᠎ᠢ ᠡᠷᠬᠢᠯᠡᠬᠦ᠌᠎ᠪᠠᠷ ᠲᠠᠮᠵᠢᠭᠤᠯᠤᠨ ᠭᠠᠵᠠᠷ ᠤᠷᠤᠨ᠎ᠤ ᠰᠤᠶᠤᠯ᠎ᠤᠨ ᠠᠭᠤᠯᠬᠤᠨ᠎ᠢ ᠠᠭᠤᠳᠠᠯᠯᠠᠨ ᠬᠦᠭ᠌ᠵᠢᠭᠦᠯᠵᠦ᠍᠂ ᠪᠠᠰᠠ ᠮᠤᠳᠧᠯ᠎ᠤᠨ ᠦᠢᠯᠡᠰ᠎ᠲᠤ ᠲᠤᠷ᠎ᠠ ᠪᠠᠭ᠍ᠠᠳᠠᠢ ᠨᠡᠩ ᠤᠯᠠᠨ ᠬᠦᠮᠦᠰ᠎ᠢ ᠲᠠᠢᠴᠢᠯᠠᠨ ᠲᠠᠭᠠᠭᠤᠯᠬᠤ᠎ᠶ᠋ᠢᠨ ᠤᠯᠠᠮ᠎ᠢᠶᠠᠷ ᠲᠡᠳᠡᠨ᠎ᠤ ᠠᠵᠢᠯ᠎ᠤᠨ ᠴᠢᠯᠤᠭᠡᠨ᠎ᠤ ᠰᠤᠶᠤᠯ᠎ᠤᠨ ᠠᠮᠢᠳᠤᠷᠠᠯ᠎ᠢ ᠪᠠᠶᠠᠯᠢᠭ᠍ᠵᠢᠭᠤᠯᠬᠤ᠎ᠶ᠋ᠢ ᠵᠤᠷᠢᠯ᠎ᠠ》 ᠭᠡᠵᠦ᠍ ᠱᠢᠯᠢᠩᠬᠤᠳᠠ᠎ᠶ᠋ᠢᠨ ᠰᠤᠶᠤᠯ᠎ᠤᠨ ᠤᠷᠳᠤᠨ᠎ᠤ ᠲᠠᠷᠤᠭ᠎ᠠ ᠰᠠᠷᠠᠡᠭᠡᠷᠡᠯ ᠶᠡᠷᠢᠨ᠎ᠠ᠃

ᠤᠢ᠍ᠢᠯᠠᠭᠠᠭ᠍ᠰᠠᠨ᠎ᠢᠶᠠᠷ᠂ ᠲᠤᠰ ᠤᠳᠠᠭᠠᠨ᠎ᠤ ᠮᠤᠳᠧᠯ᠎ᠤᠨ ᠤᠷᠤᠯᠳᠤᠭᠠᠨ᠎ᠳᠤ 48 ᠎ᠠᠴᠠ 64 ᠨᠠᠰᠤᠨ᠎ᠤ 49 ᠡᠮᠡᠭ᠌ᠳᠡᠢ ᠨᠡᠷ᠎ᠡ ᠮᠡᠳᠡᠭᠦᠯᠦᠨ ᠤᠷᠤᠯᠴᠠᠵᠤ᠂ ᠠᠩᠬᠠᠨ᠎ᠤ ᠱᠢᠯᠭᠠᠷᠠᠭᠤᠯᠤᠯᠳᠠ᠎ᠪᠠᠷ ᠲᠠᠮᠵᠢᠨ 35 ᠤᠷᠤᠯᠴᠠᠭ᠍ᠴᠢ ᠱᠢᠢᠳᠪᠦᠷᠢᠳᠤ ᠤᠷᠤᠯᠳᠤᠭᠠᠨ᠎ᠳᠤ ᠤᠷᠤᠯᠴᠠᠬᠤ ᠡᠷᠭᠡ ᠤᠯᠵᠦ᠍᠂ ᠦᠨᠦᠳᠤᠷ᠎ᠤᠨ ᠤᠷᠤᠯᠳᠤᠭᠠᠨ᠎ᠳᠤ ᠴᠤᠭ ᠵᠤᠯᠪᠤᠭ᠎ᠠ ᠤᠷ᠎ᠠ ᠠᠪᠢᠶᠠᠰ᠎ᠢᠶᠠᠨ ᠰᠤᠷᠢᠭ᠍ᠰᠠᠨ ᠪᠠᠢᠨ᠎ᠠ᠃

 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号