ᠲᠠᠯ᠎ᠠ ᠨᠤᠲᠤᠭ᠎ᠲᠤ ᠲᠣᠳᠣᠷᠠᠭ᠍ᠰᠠᠨ 《ᠱᠢᠯᠢ᠎ᠶ᠋ᠢᠨ ᠠᠬᠠᠮᠠᠳ ᠴᠡᠷᠢᠭ᠎ᠤᠨ ᠲᠤᠰᠭᠤᠨ》
2020-10-08 17:30:57
ᠵᠣᠬᠢᠶᠠᠭ᠍ᠴᠢ᠄
ᠪᠢᠯᠢᠭ᠌ᠪᠡᠭᠠᠲᠣᠷ
ᠣᠩᠱᠢᠭ᠍ᠰᠠᠨ ᠣᠳᠠᠭ᠎ᠠ᠄
★★★☆☆

ᠡᠨᠡ ᠪᠤᠯ 1982 ᠤᠨ ᠪᠤᠶᠤ ᠲᠦᠴᠢᠭᠡᠳ ᠵᠢᠯ᠎ᠤᠨ ᠡᠮᠦᠨᠡᠬᠢ ᠤᠴᠢᠷ ᠪᠦᠭᠡᠳ ᠲᠡᠷᠡ ᠦᠶ᠎ᠡ᠎ᠳᠤ ᠬᠤᠷᠢ ᠴᠤ᠌ ᠬᠦᠷᠦᠭᠡ ᠦᠭᠡᠢ ᠪᠠᠢᠭ᠍ᠰᠠᠨ ᠵᠠᠩ᠎ᠶ᠋ᠢᠨ ᠱᠢᠶᠠᠩ ᠤᠷᠭᠢᠯᠤᠮ᠎ᠠ ᠬᠠᠯᠠᠭᠤᠨ ᠵᠤᠷᠢᠭ᠎ᠢᠶᠠᠷ ᠴᠡᠷᠢᠭ ᠬᠤᠪᠴᠠᠰᠤ ᠬᠡᠳᠤᠷᠴᠤ᠌᠂ ᠠᠯᠤᠰ ᠬᠤᠯᠠ ᠤᠯᠠᠭᠠᠨᠴᠠᠪ ᠬᠤᠳᠠ᠎ᠶ᠋ᠢᠨ ᠱᠠᠩᠲᠤ ᠱᠢᠶᠠᠨ᠎ᠠᠴᠠ ᠱᠢᠯᠢ᠎ᠶ᠋ᠢᠨ ᠭᠤᠤᠯ ᠠᠢᠮᠠᠭ᠎ᠤᠨ ᠠᠪᠠᠭ᠎ᠠ ᠬᠤᠱᠢᠭᠤᠨ᠎ᠤ ᠨᠢᠭᠡᠨ ᠬᠢᠯᠢ᠎ᠶ᠋ᠢᠨ ᠬᠠᠮᠠᠭᠠᠯᠠᠯᠳᠠ᠎ᠶ᠋ᠢᠨ ᠴᠡᠷᠢᠭ ᠠᠩᠭᠢ᠎ᠳᠤ ᠢᠷᠡᠵᠤ ᠢᠷᠠᠭᠤ ᠠᠯᠳᠠᠷᠳᠠᠢ ᠲᠠᠷᠬᠠᠨ ᠬᠢᠯᠢ᠎ᠶ᠋ᠢᠨ ᠪᠠᠢᠯᠳᠤᠭ᠍ᠴᠢ ᠪᠤᠯᠤᠭ᠍ᠰᠠᠨ ᠴᠠᠭ᠎ᠠᠴᠠ ᠡᠬᠢ᠎ᠲᠠᠢ ᠦᠯᠢᠭᠡᠷ ᠮᠡᠳᠤ ᠦᠨᠡᠨ ᠶᠠᠪᠤᠳᠠᠯ ᠪᠢᠯᠡ᠃

ᠬᠠᠪᠤᠷ ᠢᠷᠡᠵᠤ ᠨᠠᠮᠤᠷ ᠪᠤᠴᠠᠳᠠᠭ ᠨᠡᠭᠦᠳᠡᠯ᠎ᠤᠨ ᠱᠢᠪᠠᠭᠤ᠎ᠲᠠᠢ ᠠᠳᠠᠯᠢ᠎ᠪᠠᠷ᠂ 5 ᠵᠢᠯ ᠴᠡᠷᠢᠭ᠎ᠤᠨ ᠠᠯᠪᠠ ᠬᠠᠭᠠᠭ᠍ᠰᠠᠨ ᠵᠠᠩ᠎ᠶ᠋ᠢᠨ ᠱᠢᠶᠠᠩ 1987 ᠤᠨ᠎ᠳᠤ ᠢᠷᠠᠭᠤ ᠠᠯᠳᠠᠷᠲᠠᠢ᠎ᠪᠠᠷ ᠴᠡᠷᠢᠭ᠎ᠠᠴᠠ ᠪᠠᠭᠤᠪᠠ᠃ ᠲᠠᠯ᠎ᠠ ᠨᠤᠲᠤᠭ᠎ᠲᠤ ᠭᠦᠨ ᠵᠤᠵᠠᠭᠠᠨ ᠬᠠᠢᠷ᠎ᠠ ᠰᠡᠳᠭᠢᠯᠭᠡ᠎ᠲᠠᠢ ᠪᠤᠯᠤᠭ᠍ᠰᠠᠨ ᠲᠡᠷᠡ ᠡᠷᠬᠢᠯᠳᠡ ᠪᠤᠴᠠᠯᠳᠠ ᠦᠭᠡᠢ ᠰᠤᠩᠭᠤᠯᠲᠠ ᠬᠢᠵᠦ᠍᠂ ᠠᠪᠠᠭ᠎ᠠ᠎ᠶ᠋ᠢᠨ ᠲᠠᠯ᠎ᠠ ᠨᠤᠲᠤᠭ᠎ᠲᠤ ᠮᠠᠯᠴᠢᠨ ᠪᠤᠯᠬᠤ᠎ᠪᠠᠷ ᠱᠢᠢᠳᠦᠭ᠌ᠰᠡᠨ ᠪᠠᠢᠵᠠᠢ᠃ ᠲᠤᠬᠠᠢ᠎ᠶ᠋ᠢᠨ ᠦᠶ᠎ᠠ᠎ᠳᠤ ᠲᠡᠷᠡ 《ᠠᠳᠡᠬᠢ ᠮᠠᠯᠴᠢᠳ᠎ᠤᠨ ᠱᠢᠳᠤᠷᠭᠤ ᠱᠢᠯᠤᠭᠤᠨ ᠵᠠᠩ᠂ ᠦᠨᠡᠨᠴᠢ ᠴᠠᠭᠠᠪᠤᠷ ᠰᠡᠳᠭᠢᠯ᠎ᠳᠤ ᠪᠢ ᠦᠨᠡᠭᠡᠷ ᠶᠠᠭᠠᠬᠢᠬᠤ᠎ᠶ᠋ᠢᠨ ᠠᠷᠭ᠎ᠠ ᠦᠭᠡᠢ ᠲᠠᠳᠤᠭ᠍ᠰᠠᠨ ᠡ》 ᠭᠡᠵᠦ᠍ ᠠᠭᠤᠯᠵᠠᠭ᠍ᠰᠠᠨ ᠬᠦᠮᠦᠨ ᠪᠤᠯᠭᠠᠨ᠎ᠳᠤ ᠶᠠᠷᠢᠵᠤ ᠪᠠᠢᠭ᠍ᠰᠠᠨ ᠠᠵᠢ᠃ ᠬᠤᠵᠢᠮ᠎ᠨᠢ ᠲᠡᠷᠡ ᠦᠨᠡᠭᠡᠷ ᠠᠳᠡᠬᠢ ᠮᠠᠯᠴᠢᠨ ᠲᠦᠮᠡᠨ᠎ᠯᠦᠭᠡ ᠭᠦᠨ ᠵᠤᠵᠠᠭᠠᠨ ᠨᠥᠬᠦᠷᠯᠡᠵᠤ᠂ ᠪᠠᠰᠠ ᠦᠡᠭ᠌ᠭᠡ ᠵᠢᠰᠤ ᠤᠬᠠᠭᠠᠨ ᠰᠠᠨᠠᠭ᠎ᠠ ᠬᠤᠤᠰᠯᠠᠭ᠍ᠰᠠᠨ ᠮᠣᠩᠭᠤᠯ ᠬᠡᠦᠬᠡᠨ ᠤᠶᠤᠨᠴᠡᠴᠡᠭ᠎ᠲᠠᠢ ᠬᠠᠨᠢ᠎ᠶ᠋ᠢᠨ ᠵᠠᠶᠠᠭ᠎ᠠ᠎ᠪᠠᠨ ᠬᠤᠯᠪᠤᠭ᠍ᠰᠠᠨ ᠪᠠᠢᠨ᠎ᠠ᠃ ᠵᠢᠭᠠᠬᠠᠨ ᠴᠢᠯᠥᠭᠡ᠎ᠲᠠᠢ ᠯᠡ ᠶᠤᠮ ᠪᠣᠯ ᠵᠠᠩ᠎ᠶ᠋ᠢᠨ ᠱᠢᠶᠠᠩ 《ᠲᠠᠪᠤᠨ ᠪᠠᠲᠤᠯᠠᠭᠠᠲᠤ ᠡᠷᠦᠬᠡ》 ᠎ᠶ᠋ᠢᠨ ᠨᠠᠰᠤᠲᠠᠨ᠂ ᠶᠠᠪᠤᠵᠤ ᠰᠠᠭᠤᠬᠤ᠎ᠳᠠᠭᠠᠨ ᠲᠦᠭᠦᠮ ᠦᠭᠡᠢ ᠬᠦᠭ᠌ᠰᠢᠳ ᠡᠪᠦᠭᠡᠳ᠎ᠲᠤ ᠤᠰᠤ ᠳᠠᠮᠨᠠᠵᠤ᠂ ᠴᠡᠪᠡᠷᠯᠡᠭᠡ ᠬᠢᠵᠦ᠍ ᠦᠭ᠌ᠭᠦ ᠪᠤᠶᠤ ᠮᠣᠷᠢ ᠤᠨᠤᠭᠠᠳ ᠡᠷᠦᠬᠡ ᠳᠠᠷᠠᠭᠠᠯᠠᠨ ᠦᠰᠦ ᠵᠠᠰᠠᠵᠤ ᠥᠭ᠌ᠴᠦ ᠪᠠᠢᠪᠠ᠃ ᠬᠡᠨ᠎ᠳᠤ ᠲᠤᠰᠠᠯᠠᠮᠵᠢ ᠬᠡᠷᠡᠭ᠎ᠲᠠᠢ ᠪᠣᠯ ᠲᠡᠷᠡ ᠶᠠᠭᠠᠷᠠᠪᠴᠢᠯᠠᠨ ᠬᠦᠷᠴᠤ᠌ ᠲᠤᠰᠠᠯᠠᠨ᠎ᠠ ᠁ ᠵᠤᠨ᠎ᠤ ᠠᠭᠠᠬᠢᠮ᠎ᠠ ᠬᠠᠯᠠᠭᠤᠨ ᠡᠪᠦᠯ᠎ᠤᠨ ᠬᠠᠬᠢᠷ ᠬᠦᠢᠳᠡᠨ᠎ᠢ ᠬᠠᠢᠬᠤᠷᠤᠯ ᠦᠭᠡᠢ᠎ᠪᠠᠷ ᠮᠠᠯᠴᠢᠳ᠎ᠢᠶᠠᠨ ᠭᠡᠵᠦ᠍ ᠵᠢᠳᠬᠦᠭ᠌ᠰᠡᠨ᠎ᠢᠶᠠᠷ ᠲᠡᠷᠡ ᠤᠯᠠᠨ᠎ᠤ ᠪᠠᠭ᠍ᠠᠷᠬᠠᠯ ᠬᠦᠷᠢᠶᠡᠯᠡᠯ᠎ᠢ ᠣᠯᠵᠤ᠂ ᠶᠠᠪᠤᠭᠠᠨ᠎ᠳᠠᠭᠠᠨ 《ᠦᠨᠳᠦᠰᠦᠲᠡᠨ᠎ᠤ ᠪᠦᠯᠬᠦᠮᠳᠡᠯ᠎ᠤᠨ ᠲᠡᠷᠢᠭᠦᠨ᠎ᠤ ᠬᠤᠪᠢ ᠬᠥᠮᠦᠨ》 ᠎ᠢᠶᠠᠷ ᠤᠯᠠᠨᠳᠠ ᠬᠦᠬᠢᠭᠦᠯᠦᠭ᠌ᠳᠡᠵᠤ ᠪᠢᠯᠡ᠃

ᠤᠳᠤ ᠴᠢᠮᠡᠭᠡ ᠨᠡᠪᠲᠡᠷᠡᠯᠭᠡ᠎ᠶ᠋ᠢᠨ ᠬᠦᠭ᠌ᠵᠢᠬᠦ᠌᠎ᠶ᠋ᠢ ᠳᠠᠭᠠᠯᠳᠤᠨ᠂ ᠲᠤᠬᠠᠢ᠎ᠶ᠋ᠢᠨ ᠵᠢᠯ᠎ᠤᠨ ᠮᠠᠰᠢ ᠤᠯᠠᠨ ᠳᠠᠢᠴᠢᠨ ᠨᠥᠬᠦᠳ᠎ᠨᠢ ᠵᠠᠩ᠎ᠶ᠋ᠢᠨ ᠱᠢᠶᠠᠩ᠎ᠲᠠᠢ ᠬᠠᠷᠢᠯᠴᠠᠵᠤ᠄ 《ᠬᠢᠯᠢ ᠬᠢᠵᠠᠭᠠᠷ᠎ᠢᠶᠠᠨ ᠡᠷᠬᠢᠨ ᠦᠵᠡᠶ᠎ᠡ᠂ ᠠᠯᠪᠠ ᠬᠠᠭᠠᠵᠤ ᠪᠠᠢᠭ᠍ᠰᠠᠨ ᠭᠠᠵᠠᠷ᠎ᠤᠨ᠎ᠢᠶᠠᠨ ᠮᠠᠯᠴᠢᠳ᠎ᠲᠤ ᠪᠠᠭ᠎ᠠ ᠰᠠᠭ᠎ᠠ ᠠᠵᠢᠯ ᠬᠢᠬᠦ᠌ ᠰᠠᠨᠠᠭ᠎ᠠ᠎ᠲᠠᠢ》 ᠭᠡᠵᠦ᠍ ᠬᠦᠰᠡᠯ ᠪᠤᠳᠤᠯ᠎ᠢᠶᠠᠨ ᠢᠯᠡᠳᠭᠡᠵᠭᠡᠪᠠ᠃ ᠣᠯᠠᠨ᠎ᠤ ᠪᠣᠳᠣᠯ ᠠᠳᠠᠯᠢ ᠪᠠᠢᠬᠤ᠎ᠶ᠋ᠢ ᠮᠡᠳᠡᠵᠦ᠍᠂ ᠬᠤᠶᠠᠷ ᠵᠢᠯ ᠭᠠᠷᠤᠶ᠎ᠶ᠋ᠢᠨ ᠪᠡᠯᠡᠳᠭᠡᠯ᠎ᠢᠶᠠᠷ ᠳᠠᠮᠵᠢᠨ᠂ 2014 ᠣᠨ᠎ᠤ ᠴᠡᠷᠢᠭ ᠪᠠᠢᠭᠤᠯᠤᠭ᠍ᠳᠠᠭ᠍ᠰᠠᠨ ᠪᠠᠶᠠᠷ᠎ᠲᠤ ᠲᠤᠬᠢᠶᠠᠯᠳᠤᠭᠤᠯᠵᠤ᠂ ᠵᠠᠩ᠎ᠶ᠋ᠢᠨ ᠱᠢᠶᠠᠩ ᠥᠪᠡᠷ᠎ᠤᠨ ᠨᠤᠲᠤᠭ ᠪᠡᠯᠴᠢᠭᠡᠷ ᠳᠡᠭᠡᠷ᠎ᠡ᠎ᠪᠠᠨ ᠤᠮᠠᠷᠠᠲᠤ᠎ᠶ᠋ᠢᠨ ᠲᠠᠯ᠎ᠠ ᠨᠤᠲᠤᠭ᠎ᠤᠨ ᠦᠨᠳᠦᠰᠦᠲᠡᠨ᠎ᠤ ᠪᠦᠯᠬᠦᠮᠳᠡᠯ᠎ᠤᠨ ᠬᠠᠢᠷ᠎ᠠ᠎ᠪᠠᠷ ᠤᠮᠳᠠᠯᠠᠭ᠍ᠳᠠᠭ᠍ᠰᠠᠨ 《ᠱᠢᠯᠢ᠎ᠶ᠋ᠢᠨ ᠠᠬᠠᠮᠠᠳ ᠴᠡᠷᠢᠭ᠎ᠤᠨ ᠲᠣᠰᠭᠤᠨ》 ᠎ᠢ ᠪᠠᠢᠭᠤᠯᠪᠠ᠃ ᠢᠡᠭ᠌ᠭᠢᠭ᠌ᠰᠡᠨ᠎ᠢᠶᠠᠷ ᠤᠢ᠍ᠢᠷ᠎ᠠ᠎ᠶ᠋ᠢᠨ ᠵᠢᠯ᠎ᠤᠳ᠎ᠲᠤ ᠠᠬᠠᠮᠠᠳ ᠪᠠᠢᠯᠳᠤᠭ᠍ᠴᠢᠳ ᠵᠢᠯ ᠪᠦᠷᠢ ᠠᠪᠠᠭ᠎ᠠ ᠨᠤᠲᠤᠭ᠎ᠢᠶᠠᠷ ᠲᠤᠭᠤᠷᠢᠵᠤ ᠢᠷᠡᠬᠦ᠌ ᠪᠤᠯᠵᠠᠭᠠᠪᠠ᠃ ᠲᠡᠳᠡ ᠬᠢᠯᠢ ᠬᠢᠵᠠᠭᠠᠷ ᠣᠷᠣᠨ᠎ᠤ ᠮᠠᠯᠴᠢᠳ᠎ᠲᠤ ᠨᠠᠮ ᠪᠠ ᠤᠯᠤᠰ᠎ᠤᠨ ᠰᠠᠢᠨ ᠲᠦᠷᠦ᠎ᠶ᠋ᠢᠨ ᠪᠤᠳᠤᠯᠭ᠎ᠠ᠎ᠶ᠋ᠢ ᠤᠯᠠᠮᠵᠢᠯᠠᠨ ᠰᠤᠨᠤᠷᠳᠠᠭᠤᠯᠵᠤ᠂ ᠪᠠᠰᠠ ᠢᠳᠡᠪᠬᠢᠲᠡᠢ᠎ᠪᠠᠷ ᠲᠦᠷᠦᠯ ᠵᠦᠢᠯ᠎ᠢ ᠲᠡᠮᠡᠴᠡᠨ ᠣᠯᠵᠤ᠂ ᠮᠠᠯᠴᠢᠳ᠎ᠢ ᠬᠠᠪᠰᠤᠷᠤᠨ ᠦᠢᠯᠡᠳᠪᠦᠷᠢᠯᠡᠯ᠎ᠢ᠎ᠨᠢ ᠬᠥᠭ᠌ᠵᠢᠭᠦᠯᠪᠡ᠃ 2016 ᠣᠨ᠎ᠳᠤ 《ᠱᠢᠯᠢ᠎ᠶ᠋ᠢᠨ ᠠᠬᠠᠮᠠᠳ ᠴᠡᠷᠢᠭ᠎ᠤᠨ ᠲᠣᠰᠭᠤᠨ》 ᠎ᠤ ᠨᠠᠮ᠎ᠤᠨ ᠡᠭᠦᠷ ᠪᠠᠢᠭᠤᠯᠤᠭ᠍ᠳᠠᠵᠤ᠂ ᠵᠠᠩ᠎ᠶ᠋ᠢᠨ ᠱᠢᠶᠠᠩ ᠬᠢᠵᠠᠭᠠᠯᠠᠰᠢ ᠦᠭᠡᠢ ᠣᠮᠣᠭ᠍ᠰᠢᠪᠠ᠃ ᠨᠠᠰᠤ ᠶᠠᠪᠤᠭ᠍ᠰᠠᠨ ᠴᠤ᠌ ᠲᠡᠷᠡ ᠮᠥᠨ ᠯᠡ ᠤᠮᠤᠭ ᠪᠠᠳᠠᠷᠠᠩᠭᠤᠢ᠎ᠪᠠᠷ᠄ 《ᠨᠠᠮ᠎ᠤᠨ ᠲᠤᠭ᠎ᠢ ᠵᠠᠪᠠᠯ ᠥᠨᠳᠥᠷ ᠮᠠᠨᠳᠤᠭᠤᠯᠵᠤ᠂ ᠨᠠᠮ᠎ᠤᠨ ᠦᠵᠡᠯ ᠰᠠᠨᠠᠭ᠎ᠠ᠎ᠶ᠋ᠢ ᠰᠠᠢᠲᠤᠷ ᠤᠯᠠᠮᠵᠢᠯᠠᠨ᠎ᠠ》 ᠭᠡᠵᠦ᠍ ᠪᠠᠢᠯ᠎ᠠ᠃ ᠣᠳᠣᠬᠠᠨ᠎ᠳᠤ 《ᠱᠢᠯᠢ᠎ᠶ᠋ᠢᠨ ᠠᠬᠠᠮᠠᠳ ᠴᠡᠷᠢᠭ᠎ᠤᠨ ᠲᠣᠰᠭᠤᠨ》 ᠎ᠨᠢ ᠵᠠᠩ᠎ᠶ᠋ᠢᠨ ᠱᠢᠶᠠᠩ᠎ᠤᠨ ᠴᠢᠷᠮᠠᠢᠯᠭ᠎ᠠ ᠳᠣᠣᠷ᠎ᠠ ᠠᠩᠬ᠎ᠠ ᠠᠯᠬᠤᠮ ᠬᠡᠪᠴᠢᠶᠡᠵᠢᠵᠦ᠍᠂ ᠬᠠᠮᠤᠭ᠎ᠤᠨ ᠲᠣᠮᠣ ᠮᠣᠩᠭᠤᠯ ᠭᠡᠷ᠎ᠤᠨ ᠬᠢᠨᠢ ᠬᠠᠨᠠᠨ ᠳᠡᠭᠡᠷ᠎ᠡ ᠴᠢᠦ ᠱᠣᠤ ᠶᠦᠨ᠂ ᠬᠤᠸᠠᠩ ᠵᠢᠶ ᠭᠤᠸᠠᠩ ᠵᠡᠷᠭᠡ ᠪᠠᠢᠯᠳᠤᠭᠠᠨ᠎ᠤ ᠪᠠᠭᠠᠲᠤᠷᠴᠤᠳ᠎ᠤᠨ ᠬᠥᠷᠥᠭ᠎ᠢ ᠡᠯᠭᠦᠵᠦ᠍ ᠪᠠᠢᠯ᠎ᠠ᠃ ᠠᠳᠡᠬᠢ ᠪᠣᠯ ᠠᠬᠠᠮᠠᠳ ᠴᠡᠷᠢᠭ᠎ᠤᠨ 《ᠲᠠᠯ᠎ᠠ ᠨᠤᠲᠤᠭ᠎ᠲᠠᠬᠢ ᠭᠡᠷ ᠤᠷᠤᠨ》 ᠪᠣᠯᠬᠤ᠎ᠪᠠᠷ ᠪᠠᠷᠠᠬᠤ ᠥᠬᠡᠶ᠂ ᠨᠠᠩ ᠴᠤ᠌ ᠲᠠᠯ᠎ᠠ ᠨᠤᠲᠤᠭ᠎ᠤᠨ ᠤᠯᠤᠰ᠎ᠢᠶᠠᠨ ᠬᠠᠢᠷᠠᠯᠠᠬᠤ ᠦᠵᠡᠯ᠎ᠤᠨ ᠬᠥᠮᠦᠵᠢᠯ ᠪᠠ ᠦᠨᠳᠦᠰᠦᠲᠡᠨ᠎ᠤ ᠪᠦᠯᠬᠦᠮᠳᠡᠯ᠎ᠤᠨ ᠬᠥᠮᠦᠵᠢᠯ᠎ᠤᠨ ᠰᠠᠭᠤᠷᠢᠨ ᠪᠣᠯᠤᠨ᠎ᠠ᠃

ᠠᠪᠠᠭ᠎ᠠ᠎ᠶ᠋ᠢᠨ ᠲᠠᠯ᠎ᠠ᠎ᠳᠤ ᠵᠠᠩ᠎ᠶ᠋ᠢᠨ ᠱᠢᠶᠠᠩ᠎ᠤᠨ᠎ᠬᠢ ᠱᠢᠭ ᠮᠣᠩᠭᠤᠯ ᠬᠢᠲᠠᠳ ᠬᠤᠶᠠᠷ ᠦᠨᠳᠦᠰᠦᠲᠡᠨ᠎ᠢᠶᠠᠷ ᠪᠦᠷᠢᠯᠳᠦᠭ᠌ᠰᠡᠨ ᠭᠡᠷ ᠪᠦᠯᠢ ᠪᠠᠰᠠ ᠮᠠᠰᠢ ᠤᠯᠠᠨ ᠪᠠᠢᠳᠠᠭ᠂ ᠲᠡᠳᠡᠨ᠎ᠤ ᠬᠤᠭᠤᠷᠣᠨᠳᠣᠬᠢ ᠠᠮᠢᠳᠤᠷᠠᠯ᠎ᠤᠨ ᠵᠠᠩ ᠳᠠᠳᠭᠠᠯ᠂ ᠰᠣᠶᠣᠯ᠎ᠤᠨ ᠢᠲᠡᠭᠡᠯ ᠪᠢᠱᠢᠷᠡᠯ᠎ᠨᠢ ᠠᠯᠢ ᠬᠡᠳᠦ᠋ᠢᠨ ᠠᠭᠤᠰᠤᠯᠴᠠᠵᠤ᠂ ᠶᠠᠭ ᠠᠨᠠᠷ᠎ᠤᠨ ᠦᠷ᠎ᠡ ᠱᠢᠭ ᠨᠢᠭ᠍ᠳᠠ ᠪᠦᠯᠬᠦᠮᠳᠡᠯ᠎ᠢ ᠪᠤᠢ ᠪᠤᠯᠭᠠᠵᠠᠢ᠃ ᠲᠡᠭᠦᠨ᠎ᠤ ᠬᠤᠶᠠᠷ ᠪᠦᠯᠦ᠍ ᠳᠡᠭᠦᠦ ᠸᠠᠩ ᠰᠢ᠎ᠶ᠋ᠢᠨ᠂ ᠸᠠᠩ ᠴᠢᠩ ᠪᠠᠰᠠ ᠲᠠᠯ᠎ᠠ ᠨᠤᠲᠤᠭ᠎ᠲᠤ ᠢᠷᠡᠵᠦ᠍ ᠮᠠᠯᠴᠢᠨ ᠪᠤᠯᠵᠤ᠂ ᠦᠨᠳᠦᠰᠦᠳᠡᠨ᠎ᠤ ᠪᠦᠯᠬᠦᠮᠳᠡᠯ᠎ᠤᠨ ᠭᠡᠷ ᠪᠦᠯᠢ ᠪᠠᠢᠭᠤᠯᠪᠠ᠃ 《ᠱᠢᠯᠢ᠎ᠶ᠋ᠢᠨ ᠠᠬᠠᠮᠠᠳ ᠴᠡᠷᠢᠭ᠎ᠤᠨ ᠲᠣᠰᠭᠤᠨ》 ᠪᠤᠯ ᠬᠢᠯᠢ ᠬᠢᠵᠠᠭᠠᠷ ᠤᠷᠤᠨ᠎ᠤ ᠦᠨᠳᠦᠰᠦᠳᠡᠨ᠎ᠤ ᠪᠦᠯᠬᠦᠮᠳᠡᠯ ᠲᠠᠪᠱᠢᠯᠳᠠ᠎ᠶ᠋ᠢᠨ ᠭᠡᠷᠡᠯᠳᠤ ᠬᠠᠭᠤᠳᠠᠰᠤᠨ᠎ᠠ ᠲᠤᠷᠠᠢᠨ ᠦᠯᠡᠳᠡᠬᠦ᠌ ᠦᠢ ᠤᠯᠠᠨ ᠦᠢᠯᠡ ᠶᠠᠪᠤᠳᠠᠯ᠎ᠤᠨ ᠨᠢᠭᠡ ᠪᠦᠭᠡᠳ ᠮᠦᠨ ᠴᠤ᠌ ᠪᠦᠯᠬᠦᠮᠳᠡᠨ ᠬᠠᠪᠰᠤᠷᠤᠯᠴᠠᠭ᠍ᠰᠠᠨ ᠲᠤᠮᠤ ᠭᠡᠷ ᠪᠦᠯᠢ᠎ᠶ᠋ᠢᠨ ᠪᠠᠶᠠᠷ ᠵᠢᠷᠭᠠᠯᠳᠤ ᠠᠮᠢᠳᠤᠷᠠᠯ᠎ᠢ ᠴᠤᠭ᠍ᠴᠠᠯᠠᠨ ᠪᠠᠢᠭᠤᠯᠬᠤ ᠰᠠᠭᠤᠷᠢ ᠴᠢᠯᠠᠭᠤ ᠪᠢᠯᠡ᠃

 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠠᠷᠢᠭᠤᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号