ᠮᠠᠨ᠎ᠤ ᠤᠷᠤᠨ᠎ᠤ ᠠᠩᠬᠠᠳᠤᠭᠠᠷ ᠬᠤᠭᠤᠴᠠᠭᠠᠨ᠎ᠤ 《ᠲᠠᠯ᠎ᠠ ᠨᠤᠳᠤᠭ᠎ᠤᠨ ᠱᠢᠯᠢᠳᠡᠭ ᠦᠬᠡᠷ》 ᠱᠢᠯᠭᠠᠷᠠᠭᠤᠯᠬᠤ ᠨᠠᠢᠷ ᠬᠤᠷᠴᠢᠨ ᠪᠠᠷᠠᠭᠤᠨ ᠭᠠᠷᠤᠨ ᠳᠤᠮᠳᠠᠳᠤ ᠬᠤᠱᠢᠭᠤᠨ᠎ᠳᠤ ᠶᠠᠪᠤᠭ᠍ᠳᠠᠪᠠ
2020-10-09 11:04:15
ᠵᠣᠬᠢᠶᠠᠭ᠍ᠴᠢ᠄
ᠬᠡᠱᠢᠭ᠌ᠪᠦᠶᠡᠨ ᠲᠠᠳᠤᠯᠭ᠎ᠠ᠎ᠶ᠋ᠢᠨ ᠰᠤᠷᠤᠭ᠍ᠴᠢ ᠤᠷᠢᠬᠠᠨ
ᠣᠩᠱᠢᠭ᠍ᠰᠠᠨ ᠣᠳᠠᠭ᠎ᠠ᠄
★★★☆☆

ᠮᠠᠨ᠎ᠤ ᠤᠷᠤᠨ᠎ᠤ ᠠᠩᠬᠠᠳᠤᠭᠠᠷ ᠬᠤᠭᠤᠴᠠᠭᠠᠨ᠎ᠤ 《ᠲᠠᠯ᠎ᠠ ᠨᠤᠳᠤᠭ᠎ᠤᠨ ᠱᠢᠯᠢᠳᠡᠭ ᠦᠬᠡᠷ》 ᠱᠢᠯᠭᠠᠷᠠᠭᠤᠯᠬᠤ ᠨᠠᠢᠷ ᠤᠢ᠍ᠢᠷ᠎ᠠ᠎ᠳᠤ᠂ ᠬᠤᠷᠴᠢᠨ ᠪᠠᠷᠠᠭᠤᠨ ᠭᠠᠷᠤᠨ ᠲᠤᠮᠳᠠᠳᠤ ᠬᠤᠱᠢᠭᠤᠨ᠎ᠤ ᠲᠦᠱᠢᠶᠡᠳᠤ ᠮᠤᠷᠢᠨ ᠤᠷᠤᠯᠳᠤᠭᠠᠨ᠎ᠤ ᠲᠠᠯᠠᠪᠠᠢ᠎ᠳᠤ ᠢᠳᠡ ᠬᠦᠭ᠎ᠲᠠᠢ ᠶᠠᠪᠤᠬ᠍ᠳᠠᠵᠠᠢ᠃


 

ᠨᠠᠢᠷ᠎ᠨᠢ 《ᠲᠠᠯ᠎ᠠ ᠨᠤᠳᠤᠭ᠎ᠤᠨ ᠱᠢᠯᠢᠳᠡᠭ ᠦᠬᠡᠷ》 ᠬᠡᠬᠦ᠌ ᠪᠦᠵᠢᠭ᠎ᠢᠶᠠᠷ ᠤᠷᠠᠨ ᠰᠠᠢᠬᠠᠨ᠎ᠤ ᠲᠤᠬ᠍ᠯᠠᠯᠳᠠ᠎ᠶ᠋ᠢᠨ ᠬᠦᠱᠢᠭᠡ᠎ᠶ᠋ᠢ ᠢᠷᠡᠵᠦ᠍᠂ ᠲᠦᠷᠪᠡᠨ ᠤᠳᠠᠰᠤᠳᠤ ᠬᠤᠭᠤᠷ᠂ ᠮᠤᠷᠢᠨ ᠬᠤᠭᠤᠷ᠎ᠤᠨ ᠬᠦᠭ᠌ᠵᠢᠮ ᠬᠦᠭ᠌ᠯᠠᠬᠦᠯᠵᠦ᠍ ᠬᠤᠷᠠᠬ᠍ᠰᠠᠨ ᠤᠯᠠᠨ᠎ᠢᠶᠠᠨ ᠪᠠᠶᠠᠰᠭᠠᠪᠠ᠃ 100 ᠤᠷᠠᠨ ᠬᠠᠤᠡᠬᠤᠮᠠᠯᠴᠢᠨ 《100 ᠦᠬᠡᠷ᠎ᠤᠨ ᠵᠢᠷᠤᠭ》 ᠎ᠢ ᠠᠮᠢᠳᠤ ᠲᠦᠷᠰᠦᠯᠢᠭ ᠤᠷᠠᠯᠠᠨ ᠬᠠᠤᠡᠬᠤᠵᠤ᠂ ᠮᠤᠩᠭᠤᠯᠴᠤᠳ ᠬᠢᠬᠡᠳ ᠦᠬᠡᠷ᠎ᠤᠨ ᠲᠤᠬᠠᠢ ᠬᠤᠪᠢ ᠪᠠᠷᠢᠯᠳᠤᠯᠭ᠎ᠠ᠂ ᠤᠢ᠍ᠢᠯᠠᠭᠠᠯᠳᠠ᠎ᠶ᠋ᠢ ᠲᠤᠰᠭᠠᠨ᠂ ᠮᠤᠩᠭᠤᠯ ᠦᠨᠳᠦᠰᠦᠳᠡᠨ᠎ᠤ ᠬᠠᠤᠡᠬᠤᠮᠠᠯ᠎ᠤᠨ ᠰᠤᠳᠤᠨ ᠭᠠᠢᠬᠠᠮᠱᠢᠭ᠎ᠢ ᠤᠯᠠᠨ᠎ᠠ ᠭᠠᠢᠬᠠᠭᠤᠯᠵᠠᠢ᠃ ᠤᠷᠠᠨ ᠰᠠᠢᠬᠠᠨ᠎ᠤ ᠲᠤᠬ᠍ᠯᠠᠯᠳᠠ᠎ᠠᠴᠠ ᠭᠠᠳᠠᠨ᠎ᠠ᠂ ᠦᠬᠡᠷ᠎ᠤᠨ ᠬᠦᠴᠦ᠍ ᠱᠢᠯᠭᠠᠷᠠᠭᠤᠯᠬᠤ ᠤᠷᠤᠯᠳᠤᠭᠠᠨ᠂ ᠰᠦ ᠰᠠᠢᠳᠠᠢ ᠦᠨᠢᠶ᠎ᠠ ᠱᠢᠯᠭᠠᠷᠠᠭᠤᠯᠬᠤ ᠵᠡᠷᠬᠡ ᠠᠵᠢᠯᠯᠠᠭ᠎ᠠ᠎ᠶ᠋ᠢ ᠵᠡᠷᠬᠡ᠎ᠪᠠᠷ ᠶᠠᠪᠤᠬ᠍ᠳᠠᠭᠤᠯᠪᠠ᠃

ᠨᠠᠢᠷ᠎ᠢ ᠬᠢᠨᠭ᠌ᠭᠠᠨ ᠠᠢᠮᠠᠭ᠎ᠤᠨ ᠰᠤᠶᠤᠯ ᠵᠢᠭᠤᠯᠴᠢᠯᠠᠯ᠎ᠤᠨ ᠠᠵᠦ᠍ ᠦᠢᠯᠡᠰ᠎ᠤᠨ ᠬᠦᠭ᠌ᠵᠢᠯᠳᠠ᠎ᠶ᠋ᠢᠨ ᠬᠢᠵᠠᠭᠠᠷᠳᠤ ᠺᠤᠮᠫᠠᠨᠢ ᠪᠡ ᠬᠤᠷᠴᠢᠨ ᠪᠠᠷᠠᠭᠤᠨ ᠭᠠᠷᠤᠨ ᠲᠤᠮᠳᠠᠳᠤ ᠬᠤᠱᠢᠭᠤᠨ᠎ᠤ ᠰᠤᠶᠤᠯ ᠵᠢᠭᠤᠯᠴᠢᠯᠠᠯ᠎ᠤᠨ ᠠᠵᠦ᠍ ᠦᠢᠯᠡᠰ᠎ᠤᠨ ᠬᠦᠭ᠌ᠵᠢᠯᠳᠠ᠎ᠶ᠋ᠢᠨ ᠺᠤᠮᠫᠠᠨᠢ ᠭᠤᠤᠯᠯᠠᠨ ᠡᠷᠬᠢᠯᠡᠵᠦ᠍᠂ ᠤᠯᠠᠭᠠᠨᠬᠤᠳᠠ᠂ ᠲᠦᠡᠭ᠌ᠯᠢᠶᠤᠤ᠂ ᠱᠢᠯᠢ᠎ᠶ᠋ᠢᠨ ᠭᠤᠤᠯ ᠵᠡᠷᠬᠡ ᠠᠢᠮᠠᠭ ᠬᠤᠳᠠ ᠵᠢᠴᠢ ᠬᠢᠨᠭ᠌ᠭᠠᠨ ᠠᠢᠮᠠᠭ᠎ᠤᠨ ᠡᠯ᠎ᠠ ᠬᠤᠱᠢᠭᠤ ᠱᠢᠶᠠᠨ ᠬᠤᠳᠠ᠂ ᠬᠡᠰᠡᠭ ᠱᠢᠶᠠᠩ ᠪᠠᠯᠭᠠᠰᠤ᠎ᠶ᠋ᠢᠨ 22 ᠲᠦᠯᠦᠬᠡᠯᠡᠭ᠌ᠴᠢ ᠠᠩᠬᠢ ᠤᠷᠤᠯᠳᠤᠭᠠᠨ᠎ᠳᠤ ᠤᠷᠤᠯᠴᠠᠵᠠᠢ᠃ ᠲᠤᠰ ᠨᠠᠢᠷ 2 ᠡᠳᠦᠷ ᠶᠠᠪᠤᠬ᠍ᠳᠠᠵᠦ᠍᠂ ᠦᠬᠡᠷ ᠱᠢᠯᠭᠠᠷᠠᠭᠤᠯᠬᠤ᠂ ᠦᠬᠡᠷ᠎ᠤᠨ ᠦᠢᠯᠡᠰ᠎ᠤᠨ ᠶᠠᠷᠢᠯᠴᠠᠭᠠᠨ᠎ᠤ ᠬᠤᠷᠠᠯ᠂ ᠦᠬᠡᠷ᠎ᠤᠨ ᠮᠢᠬᠠᠨ᠎ᠤ ᠢᠳᠡᠭᠡᠨ᠎ᠤ ᠤᠷᠤᠯᠳᠤᠭᠠᠨ ᠵᠡᠷᠬᠡ᠎ᠶ᠋ᠢ ᠡᠷᠬᠢᠯᠡᠨ᠂ ᠮᠢᠬᠠᠨ᠎ᠤ ᠦᠬᠡᠷ᠎ᠤᠨ ᠠᠵᠦ᠍ ᠦᠢᠯᠡᠰ᠎ᠤᠨ ᠬᠦᠭ᠌ᠵᠢᠯᠳᠠ᠎ᠶ᠋ᠢ ᠯᠠᠪᠳᠠᠭᠤᠨ ᠪᠠᠳᠤᠳᠠᠢ ᠠᠬᠢᠭᠤᠯᠵᠦ᠍᠂ ᠰᠤᠶᠤᠯ ᠵᠢᠭᠤᠯᠴᠢᠯᠠᠯ᠎ᠤᠨ ᠠᠭᠤᠰᠤᠯᠴᠠᠯ᠎ᠢ ᠪᠦᠬᠦ᠌ ᠲᠠᠯ᠎ᠠ᠎ᠪᠠᠷ ᠬᠦᠨᠵᠡᠬᠡᠢᠷᠡᠬᠦᠯᠦᠭ᠌ᠰᠡᠨ ᠦᠷ᠎ᠠ ᠪᠦᠳᠦᠮᠵᠢ᠎ᠶ᠋ᠢ ᠪᠦᠬᠦ᠌ ᠲᠠᠯ᠎ᠠ᠎ᠪᠠᠷ ᠲᠡᠯᠬᠡᠨ ᠦᠵᠡᠬᠦᠯᠵᠦ᠍᠂ ᠲᠠᠷᠢᠶᠠᠯᠠᠩ᠎ᠤᠨ ᠲᠤᠰᠠᠯᠠᠬᠤ ᠠᠵᠦ᠍ ᠠᠬᠤᠢ᠎ᠶ᠋ᠢᠨ ᠪᠦᠳᠦᠬᠡᠭ᠌ᠳᠡᠬᠦᠨ᠂ ᠦᠬᠡᠷ ᠬᠤᠨᠢᠨ ᠮᠢᠬᠠᠨ᠎ᠤ ᠠᠵᠦ᠍ ᠦᠢᠯᠡᠰ᠎ᠤᠨ ᠨᠡᠷᠡᠳᠤ ᠲᠦᠷᠦᠯ ᠲᠡᠮᠳᠡᠭ᠎ᠢ ᠤᠯᠠᠮ ᠴᠢᠨᠠᠬ᠍ᠰᠢᠳᠡ ᠠᠯᠳᠠᠷᠱᠢᠭᠤᠯᠵᠡᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号