ᠣᠢ ᠮᠤᠳᠤ ᠨᠣᠲᠤᠭ᠎ᠤᠨ ᠴᠢᠮᠡᠭ ᠠᠮᠢᠳᠠᠨ ᠤᠷᠭᠤᠮᠠᠯ ᠲᠠᠯ᠎ᠠ᠎ᠶ᠋ᠢᠨ ᠴᠢᠮᠡᠭ
2020-10-09 11:03:36
ᠵᠣᠬᠢᠶᠠᠭ᠍ᠴᠢ᠄
ᠱᠢᠶᠠᠩ ᠲᠣᠣ
ᠣᠩᠱᠢᠭ᠍ᠰᠠᠨ ᠣᠳᠠᠭ᠎ᠠ᠄
★★★☆☆

downLoad-20201009102917.jpg


ᠮᠠᠨ᠎ᠤ ᠤᠷᠤᠨ᠎ᠳᠤ 46 ᠤᠢ ᠱᠢᠭᠤᠢ᠎ᠶ᠋ᠢᠨ ᠴᠡᠴᠡᠷᠯᠢᠭ ᠳᠠᠷᠬᠠᠨ ᠪᠠᠢᠷᠢᠱᠢᠵᠦ᠍᠂ ᠠᠮᠢ ᠬᠠᠤᠢᠯ᠎ᠤᠨ ᠲᠤᠮᠤ ᠬᠠᠯᠬᠠᠪᠴᠢ ᠪᠤᠯᠵᠦ᠍ ᠪᠦᠷᠢᠯᠳᠦᠭ᠌ᠰᠡᠨ᠎ᠢᠶᠠᠷ ᠪᠠᠷᠠᠬᠤ ᠦᠭᠡᠢ ᠵᠢᠭᠤᠯᠴᠢᠯᠠᠯ᠎ᠤᠨ ᠦᠢᠯᠡᠰ᠎ᠤᠨ ᠴᠢᠬᠤᠯᠠ ᠰᠠᠭᠤᠷᠢᠨ ᠪᠤᠯᠤᠭ᠍ᠰᠠᠨ ᠪᠠᠢᠨ᠎ᠠ᠃

ᠮᠠᠨ᠎ᠤ ᠤᠷᠤᠨ᠎ᠳᠤ 11 ᠡᠭᠦᠰᠦᠮᠡᠯ ᠤᠢ ᠪᠠ ᠡᠳᠦᠢ ᠲᠡᠳᠦᠢ ᠲᠠᠷᠢᠮᠠᠯ ᠤᠢ᠎ᠲᠠᠢ ᠪᠠᠢᠵᠦ᠍᠂ ᠤᠢ᠎ᠶ᠋ᠢᠨ ᠲᠤᠳᠤᠷ᠎ᠠ ᠪᠠᠷᠤᠭ 712 ᠲᠦᠷᠦᠯ᠎ᠤᠨ ᠬᠡᠭᠡᠷ᠎ᠡ᠎ᠶ᠋ᠢᠨ ᠠᠮᠢᠳᠠᠨ ᠪᠠ 2718  ᠲᠦᠷᠦᠯ  ᠎ᠤᠨ ᠤᠷᠭᠤᠮᠠᠯ ᠤᠷᠤᠱᠢᠨ ᠲᠦᠯᠵᠢᠵᠦ᠍ ᠪᠠᠢᠨ᠎ᠠ᠃

 

ᠡᠨᠡ ᠵᠢᠯ᠎ᠤᠨ 7 ᠰᠠᠷ᠎ᠠ᠎ᠶ᠋ᠢᠨ 4 ᠎ᠤ 9 ᠴᠠᠭ᠎ᠲᠤ᠌᠂ 《ᠬᠦᠯᠦᠨ ᠪᠤᠢᠷ ᠨᠤᠮᠧᠷᠲᠦ》 ᠲᠠᠯ᠎ᠠ ᠨᠤᠲᠤᠭ ᠤᠢ ᠱᠢᠭᠤᠢ᠎ᠶ᠋ᠢᠨ ᠵᠢᠭᠤᠯᠴᠢᠯᠠᠯ᠎ᠤᠨ ᠲᠤᠰᠭᠠᠢ ᠭᠠᠯᠳᠤ ᠲᠡᠷᠭᠡ ᠬᠢᠨᠭ᠌ᠭᠠᠨ ᠠᠢᠮᠠᠭ ᠵᠦᠭ ᠲᠤᠭ᠍ᠲᠠᠭ᠍ᠰᠠᠨ ᠴᠠᠭ᠎ᠲᠠᠭᠠᠨ ᠮᠤᠷᠲᠠᠯ᠎ᠠ᠃ ᠡᠨᠡ ᠬᠦ᠌ ᠭᠠᠯᠳᠤ ᠲᠡᠷᠭᠡ ᠬᠦᠯᠦᠨ ᠪᠤᠢᠷ ᠬᠤᠲᠠ ᠪᠠ ᠬᠢᠨᠭ᠌ᠭᠠᠨ ᠠᠢᠮᠠᠭ᠎ᠢ ᠬᠤᠯᠪᠤᠵᠦ᠍᠂ ᠵᠠᠮ ᠲᠤᠵᠢ ᠬᠦᠯᠦᠨ ᠪᠤᠢᠷ᠎ᠤᠨ ᠲᠠᠯ᠎ᠠ ᠨᠤᠲᠤᠭ᠂ ᠴᠠᠭᠠᠨᠨᠠᠭᠤᠷ᠎ᠤᠨ ᠲᠠᠯ᠎ᠠ ᠨᠤᠲᠤᠭ᠂ ᠷᠠᠱᠢᠶᠠᠨ ᠤᠯᠤᠰ᠎ᠤᠨ ᠤᠢ ᠱᠢᠭᠤᠢ᠎ᠶ᠋ᠢᠨ ᠴᠡᠴᠡᠷᠯᠢᠭ ᠵᠡᠷᠭᠡ ᠪᠠᠢᠭᠠᠯᠢ᠎ᠶ᠋ᠢᠨ ᠦᠵᠡᠮᠵᠢ᠎ᠶ᠋ᠢᠨ ᠤᠷᠤᠨ᠎ᠢᠶᠠᠷ ᠦᠡᠭ᠌ᠭᠡᠷᠡᠵᠦ᠍᠂ ᠵᠢᠭᠤᠯᠴᠢᠯᠠᠭ᠍ᠰᠠᠳ᠎ᠲᠤ ᠲᠠᠯ᠎ᠠ ᠨᠤᠲᠤᠭ ᠪᠠ ᠤᠢ ᠱᠢᠭᠤᠢ᠎ᠶ᠋ᠢᠨ ᠭᠤᠶᠤ ᠦᠵᠡᠮᠵᠢ ᠵᠢᠴᠢ ᠤᠢ ᠱᠢᠭᠤᠢ᠎ᠶ᠋ᠢᠨ ᠰᠤᠶᠤᠯ ᠢᠷᠭᠡᠨᠱᠢᠯ᠎ᠢ ᠰᠤᠨᠢᠷᠬᠠᠭᠤᠯᠤᠬ᠍ᠰᠠᠨ ᠪᠠᠢᠨ᠎ᠠ᠃

ᠤᠢ ᠱᠢᠭᠤᠢ ᠪᠤᠯ ᠮᠠᠨ᠎ᠤ ᠤᠷᠤᠨ᠎ᠤ ᠵᠢᠭᠤᠯᠴᠢᠯᠠᠯ᠎ᠤᠨ ᠦᠢᠯᠡᠰ᠎ᠤᠨ ᠴᠢᠬᠤᠯᠠ ᠡᠬᠢ ᠪᠠᠶᠠᠯᠢᠭ ᠶᠤᠮ᠃ ᠤᠢ᠍ᠢᠷ᠎ᠠ᠎ᠶ᠋ᠢᠨ ᠵᠢᠯ᠎ᠳᠤ᠂ ᠮᠠᠨ᠎ᠤ ᠤᠷᠤᠨ ᠷᠠᠱᠢᠶᠠᠨ — ᠴᠠᠢᠾᠧ᠂ ᠴᠦᠡᠭ᠌ᠬᠦᠯ᠎ᠤᠨ ᠭᠤᠤ᠂ ᠭᠡᠭᠡᠨ ᠭᠤᠤᠯ᠎ᠤᠨ ᠬᠦᠢᠳᠡᠨ᠎ᠤ ᠲᠦᠢᠯ᠎ᠤᠨ ᠲᠤᠰᠭᠤᠨ ᠵᠡᠷᠭᠡ ᠤᠢ ᠱᠢᠭᠤᠢ᠎ᠶ᠋ᠢᠨ ᠵᠢᠭᠤᠯᠴᠢᠯᠠᠯ᠎ᠤᠨ ᠦᠵᠡᠮᠵᠢ᠎ᠶ᠋ᠢᠨ ᠤᠷᠤᠨ᠎ᠢ ᠲᠡᠬᠦᠯᠳᠡᠷᠵᠢᠬᠦᠯᠦᠨ ᠬᠦᠭ᠌ᠵᠢᠬᠦᠯᠵᠦ᠍᠂ ᠤᠢ ᠱᠢᠭᠤᠢ᠎ᠶ᠋ᠢᠨ ᠵᠢᠭᠤᠯᠴᠢᠯᠠᠯ᠎ᠤᠨ ᠵᠠᠮ ᠱᠤᠭᠤᠮ᠎ᠢᠶᠠᠨ ᠱᠢᠯᠢᠳᠡᠭ᠌ᠵᠢᠬᠦᠯᠤᠨ ᠵᠢᠭᠤᠯᠴᠢᠯᠠᠯ᠎ᠤᠨ ᠲᠤᠰᠭᠠᠢ ᠭᠠᠯᠳᠤ ᠲᠡᠷᠭᠡ ᠨᠡᠪᠳᠡᠷᠡᠬᠦᠯᠵᠤ᠂ ᠤᠢ ᠱᠢᠭᠤᠢ᠎ᠶ᠋ᠢᠨ ᠵᠢᠭᠤᠯᠴᠢᠯᠠᠯ᠎ᠢ ᠬᠦᠴᠦᠯᠡᠨ ᠬᠦᠭ᠌ᠵᠢᠬᠦᠯᠵᠠᠢ᠃ ᠤᠳᠤ ᠮᠠᠨ᠎ᠤ ᠤᠷᠤᠨ᠎ᠳᠤ ᠶᠡᠭᠡ ᠬᠢᠨᠭ᠌ᠭᠠᠨ ᠲᠠᠪᠠᠭ᠎ᠠ᠎ᠶ᠋ᠢᠨ ᠬᠠᠢᠯᠠᠷ ᠨᠠᠷᠠᠰᠦᠨ ᠤᠢ᠎ᠠᠴᠠ ᠠᠯᠠᠱᠠ᠎ᠶ᠋ᠢᠨ ᠵᠠᠬ᠎ᠤᠨ ᠤᠢ ᠬᠦᠷᠳᠡᠯ᠎ᠡ 46 ᠤᠢ ᠱᠢᠭᠤᠢ᠎ᠶ᠋ᠢᠨ ᠴᠡᠴᠡᠷᠯᠢᠭ ᠲᠠᠷᠬᠠᠨ ᠪᠠᠢᠷᠢᠱᠢᠵᠦ᠍᠂ ᠠᠮᠢ ᠠᠬᠤᠢ᠎ᠶ᠋ᠢᠨ ᠲᠤᠮᠤ ᠬᠠᠯᠬᠠᠪᠴᠢ ᠪᠤᠯᠵᠤ ᠪᠦᠷᠢᠯᠳᠦᠭ᠌ᠰᠡᠨ᠎ᠢᠶᠠᠷ ᠪᠠᠷᠠᠬᠤ ᠦᠬᠡᠢ ᠤᠢ ᠱᠢᠭᠤᠢ ᠲᠤᠲᠤᠷᠠᠬᠢ ᠠᠮᠢᠲᠠᠨ ᠭᠤᠤᠯᠲᠠᠨ᠂ ᠭᠤᠤᠯ ᠮᠦᠷᠡᠨ᠂ ᠦᠵᠡᠮᠵᠢ ᠪᠠᠢᠲᠠᠯ᠂ ᠦᠪᠡᠷᠮᠢᠴᠡ ᠰᠤᠶᠤᠯ ᠢᠷᠭᠡᠨᠱᠢᠯ᠎ᠲᠠᠢ᠎ᠪᠠᠨ ᠤᠶᠠᠯᠲᠤᠨ ᠵᠤᠬᠢᠴᠠᠭᠠᠳ ᠵᠢᠭᠤᠯᠴᠢᠯᠠᠯ᠎ᠤᠨ ᠦᠢᠯᠡᠰ᠎ᠤᠨ ᠴᠢᠬᠤᠯᠠ ᠰᠠᠭᠤᠷᠢᠨ ᠪᠤᠯᠤᠬ᠍ᠰᠠᠨ ᠪᠢᠯᠡ᠃


ᠠᠮᠢ ᠠᠬᠤᠢ᠎ᠶ᠋ᠢᠨ 《ᠨᠤᠮᠢᠨ ᠨᠤᠭᠤᠭᠠᠨ ᠤᠷᠲᠤ ᠴᠠᠭᠠᠨ ᠭᠡᠷᠡᠮ》


ᠮᠠᠨ᠎ᠤ ᠤᠷᠤᠨ ᠪᠤᠯ ᠤᠯᠤᠰ᠎ᠤᠨ ᠴᠢᠬᠤᠯᠠ ᠤᠢ ᠱᠢᠭᠤᠢ᠎ᠶ᠋ᠢᠨ ᠰᠠᠭᠤᠷᠢᠨ᠎ᠤ ᠨᠢᠭᠡ ᠪᠤᠯᠤᠨ᠎ᠠ᠃ ᠪᠦᠬᠦ᠌ ᠤᠷᠤᠨ᠎ᠤ ᠲᠤᠯᠤᠲᠤᠭᠠᠷ ᠤᠳᠠᠭ᠎ᠠ᠎ᠶ᠋ᠢᠨ ᠤᠢ ᠱᠢᠭᠤᠢ᠎ᠶ᠋ᠢᠨ ᠡᠬᠢ ᠪᠠᠶᠠᠯᠢᠭ᠎ᠤᠨ ᠪᠠᠢᠴᠠᠭᠠᠯᠲᠠ᠎ᠶ᠋ᠢ ᠦᠨᠲᠦᠰᠦᠯᠡᠪᠡᠯ᠂ ᠮᠠᠨ᠎ᠤ ᠤᠷᠤᠨ᠎ᠤ ᠤᠢ ᠱᠢᠭᠤᠢ᠎ᠲᠠᠢ ᠭᠠᠵᠠᠷ᠎ᠤᠨ ᠲᠠᠯᠠᠪᠠᠢ 6.6 ᠳ᠋ᠦᠩᠱᠢᠭᠤᠷ ᠮᠦ᠍᠂ ᠤᠢ ᠱᠢᠭᠤᠢ᠎ᠶ᠋ᠢᠨ ᠲᠠᠯᠠᠪᠠᠢ 3.73 ᠳ᠋ᠦᠩᠱᠢᠭᠤᠷ ᠮᠦ᠍᠎ᠳᠤ ᠬᠦᠷᠴᠦ᠍᠂ ᠪᠦᠬᠦ᠌ ᠤᠯᠤᠰ᠎ᠤᠨ ᠮᠤᠵᠢ ᠬᠤᠳᠠ ᠦᠪᠡᠷᠳᠡᠭᠡᠨ ᠵᠠᠰᠠᠬᠤ ᠤᠷᠤᠨ᠎ᠤ ᠲᠤᠳᠤᠷ᠎ᠠ ᠮᠠᠩᠯᠠᠢ ᠪᠠᠢᠷᠢᠨ᠎ᠳᠤ ᠲᠤᠳᠤᠷᠠᠭ᠍ᠰᠠᠨ ᠠᠵᠢ᠃

ᠮᠠᠨ᠎ᠤ ᠤᠷᠤᠨ᠎ᠳᠤ ᠵᠡᠬᠦᠨ᠎ᠠᠴᠠ ᠪᠠᠷᠠᠭᠤᠨᠰᠢ ᠶᠡᠭᠡ ᠬᠢᠨᠭ᠌ᠭᠠᠨ ᠲᠠᠪᠠᠭ᠎ᠠ᠎ᠶ᠋ᠢᠨ ᠡᠬᠦᠰᠦᠮᠡᠯ ᠤᠢ᠂ ᠪᠤᠬ᠍ᠲᠠ ᠠᠭᠤᠯᠠ᠎ᠶ᠋ᠢᠨ ᠡᠬᠦᠰᠦᠮᠡᠯ ᠤᠢ᠂ ᠲᠠᠯᠠᠨ ᠬᠠᠷ᠎ᠠ ᠠᠭᠤᠯᠠ᠎ᠶ᠋ᠢᠨ ᠡᠬᠦᠰᠦᠮᠡᠯ ᠤᠢ᠂ ᠮᠠᠩᠬᠠᠨ ᠠᠭᠤᠯᠠ᠎ᠶ᠋ᠢᠨ ᠡᠬᠦᠰᠦᠮᠡᠯ ᠤᠢ᠂ ᠠᠯᠠᠱᠠ ᠠᠭᠤᠯᠠ᠎ᠶ᠋ᠢᠨ ᠡᠬᠦᠰᠦᠮᠡᠯ ᠤᠢ ᠵᠡᠷᠭᠡ 11 ᠡᠬᠦᠰᠦᠮᠡᠯ ᠤᠢ ᠲᠠᠷᠬᠠᠵᠦ᠍ ᠪᠠᠢᠭ᠎ᠠ ᠪᠦᠬᠡᠳ ᠪᠠᠰᠠ ᠬᠦᠮᠦᠨ᠎ᠤ ᠬᠦᠴᠦ᠎ᠪᠠᠷ ᠤᠢ᠍ᠢᠵᠢᠭᠤᠯᠤᠬ᠍ᠰᠡᠨ ᠡᠳᠤᠢ ᠲᠡᠳᠤᠢ ᠲᠠᠷᠢᠮᠠᠯ ᠤᠢ ᠲᠠᠷᠬᠠᠵᠦ᠍ ᠪᠠᠢᠲᠠᠭ᠃ ᠪᠦᠬᠦ᠌ ᠤᠷᠤᠨ᠎ᠤ ᠤᠢ ᠱᠢᠭᠤᠢ᠎ᠳᠤ ᠪᠠᠷᠤᠭ 712 ᠲᠦᠷᠦᠯ᠎ᠤᠨ ᠭᠡᠭᠡᠷ᠎ᠡ᠎ᠶ᠋ᠢᠨ ᠠᠮᠢᠲᠠᠨ ᠤᠷᠤᠱᠢᠨ ᠠᠮᠢᠲᠤᠷᠠᠵᠦ᠍᠂ 2718 ᠲᠦᠷᠦᠯ᠎ᠤᠨ ᠤᠷᠭᠤᠮᠠᠯ ᠤᠷᠭᠤᠨ ᠲᠦᠯᠵᠢᠵᠤ ᠪᠠᠢᠨ᠎ᠠ᠃ ᠡᠬᠦᠨ᠎ᠳᠤ ᠬᠠᠨ ᠠᠭᠤᠯᠠ᠎ᠶ᠋ᠢᠨ ᠭᠠᠴᠤᠷ᠎ᠠ᠂ ᠨᠠᠷᠠᠰᠦ᠂ ᠤᠯᠢᠶᠠᠰᠦ ᠪᠤᠯᠤᠨ ᠲᠠᠯᠠᠨ ᠬᠠᠷ᠎ᠠ ᠠᠭᠤᠯᠠ ᠪᠠ ᠠᠯᠠᠱᠠ ᠠᠭᠤᠯᠠᠨ᠎ᠤ ᠭᠠᠴᠤᠷ᠎ᠠ᠂ ᠨᠠᠷᠠᠰᠦ ᠵᠢᠴᠢ ᠴᠦᠡᠭ᠌ᠬᠦᠯ᠎ᠤᠨ ᠭᠤᠤ᠎ᠶ᠋ᠢᠨ ᠦᠷᠭᠡᠨ ᠨᠠᠪᠴᠢᠲᠦ ᠤᠢ ᠵᠡᠷᠭᠡ᠎ᠨᠢ ᠪᠦᠷ ᠲᠦᠢᠯ᠎ᠤᠨ ᠶᠡᠭᠡ ᠠᠵᠦ᠍ ᠠᠬᠤᠢ᠎ᠶ᠋ᠢᠨ ᠪᠠ ᠱᠢᠨᠵᠢᠯᠡᠬᠦ᠌ ᠤᠬᠠᠭᠠᠨ᠎ᠤ ᠰᠤᠲᠤᠯᠭᠠᠨ᠎ᠤ ᠦᠨ᠎ᠡ ᠦᠷᠳᠡᠭ᠎ᠲᠠᠢ ᠬᠤᠪᠤᠷ ᠴᠤᠬᠠᠬ ᠤᠢ ᠮᠤᠲᠤᠨ᠎ᠤ ᠲᠦᠷᠦᠯ ᠵᠦᠢᠯ ᠪᠤᠯᠬᠤ ᠶᠤᠮ᠃

ᠤᠷᠲᠤ ᠬᠤᠭᠤᠴᠠᠭᠠᠨ᠎ᠤ ᠴᠦᠬᠦᠷᠡᠰᠢ ᠦᠬᠡᠢ ᠤᠢ᠍ᠢᠵᠢᠭᠤᠯᠤᠯᠲᠠ ᠨᠤᠭᠤᠭᠠᠷᠠᠭᠤᠯᠤᠯᠲᠠ᠎ᠪᠠᠷ ᠲᠠᠮᠵᠢᠨ ᠡᠳᠦᠬᠡ ᠮᠤᠤᠠᠤᠰᠤ᠎ᠶ᠋ᠢᠨ ᠡᠯᠡᠰᠦᠷᠬᠡᠭ ᠭᠠᠵᠠᠷ 《ᠨᠤᠭᠤᠭᠠᠨ ᠬᠦᠷᠮ᠎ᠡ》 ᠬᠡᠲᠡᠷᠴᠦ᠍᠂ ᠬᠦᠪᠴᠢ᠎ᠶ᠋ᠢᠨ ᠡᠯᠡᠰᠤ 《ᠤᠬᠤᠷᠢᠨ》᠂ ᠬᠤᠯᠠᠨ ᠱᠢᠷᠭ᠎ᠠ ᠲᠠᠭ᠎ᠠ᠎ᠶ᠋ᠢᠨ ᠡᠯᠡᠰᠦᠷᠬᠡᠭ ᠭᠠᠵᠠᠷ 《ᠨᠤᠮᠤᠬᠠᠷᠠᠪᠠ》; ᠪᠤᠷᠤᠯᠲᠠᠢ᠂ ᠰᠦᠬᠡ ᠵᠡᠷᠭᠡ ᠡᠯᠡᠰᠦ ᠵᠠᠰᠠᠬ᠍ᠰᠠᠨ ᠪᠠᠭᠠᠲᠤᠷ᠎ᠤᠳ ᠴᠤᠯᠭᠤᠷᠠᠨ ᠭᠠᠷᠴᠦ᠍᠂ ᠡᠯᠡᠰᠦ ᠮᠠᠩᠬ᠎ᠠ᠎ᠲᠠᠢ ᠲᠠᠢᠨ ᠵᠠᠷᠯᠠᠬ᠍ᠰᠠᠨ ᠦᠶ᠎ᠡ ᠦᠶ᠎ᠡ᠎ᠶ᠋ᠢᠨ ᠬᠦᠮᠦᠰ᠎ᠤᠨ ᠬᠠᠮᠳᠤ᠎ᠶ᠋ᠢᠨ ᠴᠢᠷᠮᠠᠢᠯᠭ᠎ᠠ᠎ᠪᠠᠷ ᠦᠷᠬᠡᠨ ᠠᠭᠤᠳᠠᠮ ᠦᠪᠤᠷ ᠮᠤᠩᠭᠤᠯ᠎ᠳᠤ ᠠᠮᠢ ᠠᠬᠤᠢ᠎ᠶ᠋ᠢᠨ 《ᠨᠤᠮᠢᠨ ᠨᠤᠭᠤᠭᠠᠨ ᠤᠷᠲᠤ ᠴᠠᠭᠠᠨ ᠬᠡᠷᠡᠮ》 ᠰᠦᠨᠳᠡᠷᠯᠡᠨ ᠪᠤᠰᠤᠯ᠎ᠠ᠃



ᠵᠢᠭᠤᠯᠴᠢᠯᠠᠯ᠎ᠤᠨ ᠦᠢᠯᠡᠰ᠎ᠤᠨ 《ᠨᠤᠮᠢᠨ ᠨᠤᠭᠤᠭᠠᠨ ᠡᠷᠳᠡᠨᠢ᠎ᠶ᠋ᠢᠨ ᠰᠠᠩ》


ᠡᠨᠡ ᠵᠢᠯ᠎ᠤᠨ 6 ᠰᠠᠷ᠎ᠠ᠎ᠶ᠋ᠢᠨ 15 ᠎ᠤ ᠡᠲᠦᠷ᠂ ᠬᠢᠵᠢᠭ᠎ᠤᠨ ᠨᠦᠯᠦᠬᠡ᠎ᠠᠴᠠ ᠪᠤᠯᠵᠦ᠍ ᠡᠬᠦᠳᠡ᠎ᠪᠠᠨ ᠲᠦᠷ ᠬᠠᠭᠠᠭᠠᠳ ᠪᠠᠢᠬ᠍ᠰᠠᠨ ᠤᠯᠤᠰ᠎ᠤᠨ AAA ᠲᠡᠰ᠎ᠤᠨ ᠵᠢᠭᠤᠯᠴᠢᠯᠠᠯ᠎ᠤᠨ ᠦᠵᠡᠮᠵᠢ᠎ᠶ᠋ᠢᠨ ᠤᠷᠤᠨ ᠪᠤᠯᠬᠤ ᠤᠯᠭᠤᠶᠠ ᠦᠵᠡᠮᠵᠢ᠎ᠶ᠋ᠢᠨ ᠤᠷᠤᠨ ᠡᠬᠦᠳᠡ᠎ᠪᠠᠨ ᠨᠡᠭᠡᠭᠡᠵᠦ᠍ ᠵᠢᠭᠤᠯᠴᠢᠯᠠᠭ᠍ᠰᠠᠳ᠎ᠢᠶᠠᠨ ᠤᠬ᠍ᠲᠤᠯ᠎ᠠ᠃ ᠤᠢ ᠱᠢᠭᠤᠢ᠎ᠶ᠋ᠢᠨ ᠵᠢᠭᠤᠯᠴᠢᠯᠠᠯ᠎ᠢᠶᠠᠷ ᠭᠤᠤᠯᠯᠠᠬ᠍ᠰᠠᠨ ᠲᠤᠰ ᠦᠵᠡᠮᠵᠢ᠎ᠶ᠋ᠢᠨ ᠤᠷᠤᠨ᠎ᠨᠢ ᠦᠵᠡᠮᠵᠢ ᠰᠤᠨᠢᠷᠬᠠᠬᠤ ᠵᠢᠭᠤᠯᠴᠢᠯᠠᠯ᠎ᠠᠴᠠ ᠭᠠᠲᠠᠨ᠎ᠠ ᠤᠯᠭᠤᠶᠠ᠎ᠶ᠋ᠢᠨ ᠡᠸᠠᠩᠬᠢᠴᠤᠳ᠎ᠤᠨ ᠬᠤᠷᠢᠮ᠎ᠤᠨ ᠶᠤᠰᠤᠯᠠᠯ᠂ ᠤᠢ᠍ᠢᠰᠦᠨ ᠵᠢᠷᠤᠭ᠂ ᠴᠠ ᠪᠤᠭᠤ᠎ᠶ᠋ᠢᠨ ᠰᠤᠶᠤᠯ ᠵᠡᠷᠭᠡ ᠪᠤᠲᠠᠰ᠎ᠤᠨ ᠪᠤᠰᠤ ᠰᠤᠶᠤᠯ᠎ᠤᠨ ᠦᠪ᠎ᠢᠶᠠᠷ᠎ᠢᠶᠠᠨ ᠲᠦᠷᠪᠡᠨ ᠵᠦᠭ ᠨᠠᠢ᠍ᠮᠠᠨ ᠵᠤᠪᠬᠢᠰ᠎ᠤᠨ ᠵᠢᠭᠤᠯᠴᠢᠯᠠᠭ᠍ᠴᠢ᠎ᠶ᠋ᠢ ᠲᠠᠲᠠᠵᠤ ᠪᠤᠢ᠃

ᠤᠯᠭᠤᠶᠠ ᠦᠵᠡᠮᠵᠢ᠎ᠶ᠋ᠢᠨ ᠤᠷᠤᠨ᠎ᠲᠠᠢ ᠠᠲᠠᠯᠢ᠎ᠪᠠᠷ ᠮᠠᠨ᠎ᠤ ᠤᠷᠤᠨ᠎ᠤ ᠤᠢ ᠱᠢᠭᠤᠢ᠎ᠶ᠋ᠢᠨ ᠵᠢᠭᠤᠯᠴᠢᠯᠠᠯ ᠶᠠᠭ ᠦᠵᠡᠮᠵᠢ ᠰᠤᠨᠢᠷᠬᠠᠬᠤ ᠳ᠋ᠠᠩ ᠴᠤᠯᠭᠤᠢ ᠵᠢᠭᠤᠯᠴᠢᠯᠠᠯ᠎ᠠᠴᠠ 《ᠵᠢᠭᠤᠯᠴᠢᠯᠠᠯ +》 ᠲᠡᠢᠰᠢ ᠬᠦᠭ᠌ᠵᠢᠵᠦ᠍᠂ ᠬᠠᠯᠠᠭᠤᠨ ᠷᠠᠱᠢᠶᠠᠨ᠂ ᠴᠠᠰᠦ ᠮᠦᠰᠦ᠂ ᠲᠠᠯ᠎ᠠ ᠨᠤᠲᠤᠭ᠂ ᠭᠠᠯᠲᠦ ᠠᠭᠤᠯᠠ ᠵᠡᠷᠭᠡ ᠪᠠᠢᠭᠠᠯᠢ᠎ᠶ᠋ᠢᠨ ᠦᠵᠡᠮᠵᠢ ᠬᠢᠬᠡᠳ ᠦᠪᠡᠷᠮᠢᠴᠨ ᠤᠨᠴᠠᠯᠢᠭ᠎ᠲᠠᠢ ᠤᠢ ᠱᠢᠭᠤᠢ᠎ᠶ᠋ᠢᠨ ᠵᠠᠩ ᠦᠶᠯᠡ ᠤᠶᠠᠯᠲᠤᠨ ᠬᠦᠭ᠌ᠵᠢᠭᠡᠳ ᠰᠤᠶᠤᠯ ᠵᠢᠭᠤᠯᠴᠢᠯᠠᠯ᠎ᠤᠨ ᠦᠢᠯᠡᠰ᠎ᠤᠨ ᠠᠭᠤᠲᠠᠯᠤᠭᠠᠳ ᠪᠠᠷᠠᠰᠢ ᠦᠬᠡᠢ 《ᠨᠤᠮᠢᠨ ᠨᠤᠭᠤᠭᠠᠨ ᠡᠷᠳᠡᠨᠢ᠎ᠶ᠋ᠢᠨ ᠰᠠᠩ》 ᠪᠤᠯᠤᠬ᠍ᠰᠠᠨ ᠪᠢᠯᠡ᠃

ᠲᠡᠯᠡᠭᠡᠢ᠎ᠶ᠋ᠢᠨ ᠬᠠᠮᠤᠭ᠎ᠤᠨ ᠶᠡᠭᠡ ᠴᠢᠲᠠᠪᠬᠢᠲᠦ ᠷᠠᠱᠢᠶᠠᠨ᠎ᠤ ᠲᠦᠷᠦᠯ ᠪᠤᠯᠬᠤ ᠷᠠᠱᠢᠶᠠᠨ — ᠴᠠᠢ ᠾᠧ ᠵᠢᠭᠤᠯᠴᠢᠯᠠᠯ᠎ᠤᠨ ᠤᠷᠤᠨ᠎ᠤ ᠬᠠᠯᠠᠭᠤᠨ ᠷᠠᠱᠢᠶᠠᠨ᠎ᠤ ᠡᠬᠢ ᠪᠠᠶᠠᠯᠢᠭ ᠨᠢᠬᠡᠨᠳᠡ ᠷᠠᠱᠢᠶᠠᠨ ᠬᠤᠲᠠ᠎ᠶ᠋ᠢᠨ ᠵᠢᠭᠤᠯᠴᠢᠯᠠᠯ᠎ᠤᠨ ᠦᠢᠯᠡᠰ᠎ᠤᠨ ᠭᠤᠤᠯ ᠲᠠᠲᠠᠬᠤ ᠬᠦᠴᠦᠨ ᠪᠤᠯᠪᠠ; ᠵᠠᠯᠠᠨ ᠠᠢᠯ ᠬᠤᠳᠠ᠎ᠶ᠋ᠢᠨ ᠹᠧᠩ ᠬᠤᠸᠠᠩ ᠱᠠᠨ ᠠᠭᠤᠯᠠᠨ᠎ᠤ ᠴᠠᠰᠦᠨ᠎ᠳᠤ ᠭᠤᠯᠭᠤᠬᠤ ᠲᠠᠯᠠᠪᠠᠢ᠂ ᠤᠯᠠᠭᠠᠨᠬᠠᠲᠠ ᠬᠤᠲᠠ᠎ᠶ᠋ᠢᠨ ᠮᠡᠢᠷᠡᠨ ᠭᠤᠤ᠎ᠶ᠋ᠢᠨ ᠴᠠᠰᠦᠨ᠎ᠳᠤ ᠭᠤᠯᠭᠤᠬᠤ ᠲᠠᠯᠠᠪᠠᠢ᠂ ᠬᠦᠬᠡᠬᠤᠲᠠ᠎ᠶ᠋ᠢᠨ ᠤᠢ ᠱᠢᠭᠤᠢ᠎ᠶ᠋ᠢᠨ ᠴᠡᠴᠡᠷᠯᠢᠭ᠎ᠲᠠᠬᠢ᠎ᠲᠠᠢ ᠸᠧᠢ ᠴᠠᠰᠦᠨ᠎ᠳᠤ ᠭᠤᠯᠭᠤᠬᠤ ᠲᠠᠯᠠᠪᠠᠢ ᠵᠡᠷᠭᠡ᠎ᠨᠢ ᠤᠢ ᠱᠢᠭᠤᠢ ᠪᠠ ᠴᠠᠰᠦ ᠮᠦᠰᠦ᠂ ᠴᠠᠰᠦ ᠮᠦᠰᠦ ᠪᠠ ᠪᠡᠶ᠎ᠡ᠎ᠶ᠋ᠢᠨ ᠲᠠᠮᠢᠷ᠎ᠢ ᠤᠶᠠᠯᠲᠤᠭᠤᠯᠤᠬ᠍ᠰᠠᠨ᠎ᠢᠶᠠᠷ ᠤᠯᠤᠰ᠎ᠤᠨ ᠲᠤᠲᠤᠭᠠᠲᠦ ᠭᠠᠲᠠᠭᠠᠲᠦ᠎ᠶ᠋ᠢᠨ ᠴᠠᠰᠦᠨ᠎ᠳᠤ ᠭᠤᠯᠭᠤᠬᠤ ᠲᠤᠷ᠎ᠠ ᠪᠠᠭ᠍ᠠᠲᠠᠳ᠎ᠤᠨ ᠲᠠᠭᠠᠱᠢᠶᠠᠯ᠎ᠢ ᠤᠯᠵᠦ᠍ ᠪᠠᠢᠨ᠎ᠠ; ᠬᠦᠯᠦᠨ ᠪᠤᠢᠷ᠎ᠤᠨ ᠲᠠᠯ᠎ᠠ ᠨᠤᠲᠤᠭ᠂ ᠱᠢᠯᠢ᠎ᠶ᠋ᠢᠨ ᠭᠤᠤᠯ᠎ᠤᠨ ᠲᠠᠯ᠎ᠠ ᠨᠤᠲᠤᠭ᠂ ᠬᠤᠷᠴᠢᠨ᠎ᠤ ᠲᠠᠯ᠎ᠠ ᠨᠤᠲᠤᠭ᠎ᠤᠨ ᠰᠤᠯᠪᠢᠴᠠᠯ ᠤᠷᠤᠨ ᠪᠤᠯᠬᠤ ᠶᠡᠭᠡ ᠬᠢᠨᠭ᠌ᠭᠠᠨ ᠲᠠᠪᠠᠭ᠎ᠠ᠎ᠶ᠋ᠢᠨ ᠱᠢᠭᠤᠢ᠍ᠢᠲᠦ ᠤᠷᠤᠨ᠎ᠨᠢ ᠡᠪᠡᠰᠤ ᠤᠷᠭᠤᠮᠠᠯ ᠤᠢ ᠮᠤᠳᠤ᠎ᠶ᠋ᠢᠨ ᠪᠦᠷᠬᠦᠴᠡ ᠰᠠᠢᠳᠠᠢ᠎ᠪᠠᠷ᠎ᠢᠶᠠᠨ ᠰᠡᠯᠡᠬᠦᠴᠡᠵᠦ᠍ ᠵᠢᠭᠤᠯᠴᠢᠯᠠᠬᠤ ᠪᠠ ᠰᠤᠪᠢᠯᠠᠵᠤ ᠠᠮᠠᠷᠠᠬᠤ ᠬᠠᠮᠤᠭ᠎ᠤᠨ ᠲᠤᠬᠢᠷᠠᠮᠵᠢᠲᠠᠢ ᠭᠠᠵᠠᠷ ᠪᠤᠯᠵᠠᠢ; ᠷᠠᠱᠢᠶᠠᠨ — ᠴᠠᠢ ᠾᠧ ᠵᠢᠭᠤᠯᠴᠢᠯᠠᠯ᠎ᠤᠨ ᠤᠷᠤᠨ᠎ᠤ 200 ᠭᠠᠷᠤᠢ ᠲᠡᠭ᠌ᠰᠢ ᠲᠦᠷᠪᠡᠯᠵᠢᠨ ᠺᠢᠯᠤᠮᠧᠲᠷ᠎ᠤᠨ ᠪᠦᠷᠢᠨ ᠬᠠᠲᠠᠭᠠᠯᠠᠯᠲᠠ᠎ᠲᠠᠢ ᠠᠽᠢᠶ᠎ᠡ ᠲᠢᠪ᠎ᠤᠨ ᠬᠠᠮᠤᠭ᠎ᠤᠨ ᠶᠡᠭᠡ ᠭᠠᠯᠲᠦ ᠠᠭᠤᠯᠠᠨ᠎ᠤ ᠮᠠᠬ᠍ᠮᠠ᠎ᠶ᠋ᠢᠨ ᠭᠠᠵᠠᠷ᠎ᠤᠨ ᠪᠠᠢᠴᠠ᠂ ᠤᠯᠠᠨ ᠦᠨᠲᠦᠰᠦᠳᠡᠨ᠎ᠤ ᠰᠤᠶᠤᠯ ᠬᠠᠷᠢᠯᠴᠠᠨ ᠠᠭᠤᠰᠤᠯᠴᠠᠭ᠍ᠰᠠᠨ ᠦᠪᠡᠷᠮᠢᠴᠡ ᠰᠤᠶᠤᠯ ᠢᠷᠭᠡᠨᠱᠢᠯ ᠵᠡᠷᠭᠡ᠎ᠨᠢ ᠠᠳᠡᠬᠢ᠎ᠶ᠋ᠢᠨ ᠤᠢ ᠱᠢᠭᠤᠢ᠎ᠶ᠋ᠢᠨ ᠠᠮᠢ ᠠᠬᠤᠢ᠎ᠶ᠋ᠢᠨ ᠵᠢᠭᠤᠯᠴᠢᠯᠠᠯ᠎ᠤᠨ ᠯᠤᠲᠦ ᠶᠡᠭᠡ ᠲᠠᠲᠠᠬᠤ ᠬᠦᠴᠦᠨ᠎ᠢ ᠪᠦᠷᠢᠯᠲᠦᠬᠦᠯᠦᠭ᠌ᠰᠡᠨ ᠠᠵᠢ᠃


 

ᠠᠵᠤ ᠠᠬᠤᠢ᠎ᠶ᠋ᠢᠨ 《ᠨᠤᠮᠢᠨ ᠨᠤᠭᠤᠭᠠᠨ ᠬᠦᠳᠡᠯᠭᠡᠬᠦ᠌ ᠬᠦᠴᠦᠨ》


8 ᠰᠠᠷ᠎ᠠ᠎ᠶ᠋ᠢᠨ ᠷᠠᠱᠢᠶᠠᠨ ᠬᠤᠲᠠ᠎ᠳᠤ ᠨᠠᠷᠠ ᠨᠠᠯᠠᠢᠵᠦ᠍ ᠨᠠᠪᠴᠢ ᠭᠤᠨᠭ᠌ᠬᠠᠨ᠂ ᠠᠭᠠᠷ᠎ᠨᠢ ᠬᠦᠷᠳᠡᠯ᠎ᠡ ᠴᠡᠭᠡᠵᠢ ᠤᠡᠭ᠌ᠭᠤᠢ᠍ᠢᠯᠭᠠᠨ ᠤᠬᠠᠭᠠᠨ᠎ᠢ ᠰᠠᠷᠠᠭᠤᠯᠵᠢᠭᠤᠯᠤᠨ᠎ᠠ᠃ ᠷᠠᠱᠢᠶᠠᠨ ᠬᠤᠲᠠ᠎ᠶ᠋ᠢᠨ ᠤᠢ ᠱᠢᠭᠤᠢ᠎ᠶ᠋ᠢᠨ ᠰᠤᠶᠤᠯ ᠢᠷᠭᠡᠨᠱᠢᠯ᠎ᠤᠨ ᠰᠤᠶᠤᠯ᠎ᠤᠨ ᠠᠵᠦ᠍ ᠦᠢᠯᠡᠰ᠎ᠤᠨ ᠬᠦᠭ᠌ᠵᠢᠯᠳᠡ᠎ᠶ᠋ᠢᠨ ᠬᠢᠵᠠᠭᠠᠷᠲᠦ ᠺᠤᠮᠫᠠᠨᠢ᠎ᠳᠤ ᠬᠡᠲᠦᠨ ᠪᠦᠰᠡᠬᠦᠢ ᠤᠢ᠍ᠢᠰᠦᠨ ᠵᠢᠷᠤᠭ ᠬᠠᠢᠴᠢᠯᠠᠭᠠᠳ ᠶᠠᠭᠠᠷᠠᠯᠲᠤᠨ᠎ᠠ᠃ 《2017 ᠤᠨ᠎ᠠᠴᠠ ᠪᠢ ᠤᠢ᠍ᠢᠰᠦᠨ ᠵᠢᠷᠤᠭ ᠬᠢᠬᠦ᠌᠎ᠶ᠋ᠢ ᠰᠤᠷᠤᠭ᠍ᠰᠠᠨ᠂ ᠤᠲᠤ ᠰᠠᠷ᠎ᠠ ᠪᠦᠷᠢ ᠤᠢ᠍ᠢᠰᠦᠨ ᠵᠢᠷᠤᠭ᠎ᠠᠴᠠ᠎ᠪᠠᠨ 2000 ᠭᠠᠷᠤᠢ ᠲᠦᠬᠦᠷᠢᠭ᠎ᠤᠨ ᠤᠷᠤᠯᠭ᠎ᠠ ᠤᠯᠵᠤ ᠲᠠᠨᠢᠭᠦᠨ ᠵᠢᠷᠭᠠᠯᠳᠠᠢ ᠠᠮᠢᠳᠤᠷᠠᠵᠤ ᠪᠠᠢᠨ᠎ᠠ》 ᠭᠡᠵᠦ᠍ ᠷᠠᠱᠢᠶᠠᠨ ᠬᠤᠲᠠ᠎ᠶ᠋ᠢᠨ ᠰᠠᠭᠤᠭᠠᠯᠢ ᠠᠷᠠᠳ ᠬᠦ᠋ ᠴᠠᠩ ᠶᠦᠨ ᠤᠢ᠍ᠢᠰᠦᠨ ᠵᠢᠷᠤᠭ᠎ᠢᠶᠠᠨ ᠬᠠᠢᠴᠢᠯᠠᠬᠤ᠎ᠶ᠋ᠢᠨ ᠲᠠᠭᠠᠦ ᠪᠠᠶᠠᠷᠲᠠᠢ ᠶᠠᠷᠢᠨ᠎ᠠ᠃

ᠷᠠᠱᠢᠶᠠᠨ ᠬᠤᠲᠠ᠎ᠶ᠋ᠢᠨ ᠵᠢᠭᠤᠯᠴᠢᠯᠠᠯ᠎ᠤᠨ ᠦᠢᠯᠡᠰ᠎ᠤᠨ ᠬᠦᠭ᠌ᠵᠢᠯᠳᠡ᠎ᠶ᠋ᠢ ᠲᠠᠭᠠᠯᠲᠤᠨ ᠤᠢ ᠱᠢᠭᠤᠢ᠎ᠶ᠋ᠢᠨ ᠰᠤᠶᠤᠯ ᠢᠷᠭᠡᠨᠱᠢᠯ᠎ᠤᠨ ᠪᠦᠲᠦᠭᠡᠭ᠌ᠳᠡᠬᠦᠨ᠎ᠤ ᠪᠤᠷᠤᠯᠠᠭᠤᠯᠭ᠎ᠠ ᠰᠠᠢᠵᠢᠷᠠᠵᠦ᠍᠂ ᠵᠢᠭᠤᠯᠴᠢᠯᠠᠯ᠎ᠤᠨ ᠲᠠᠸᠠᠷ᠎ᠤᠨ ᠲᠦᠷᠦᠯ ᠵᠦᠢᠯ ᠪᠠᠶᠠᠯᠢᠬ᠍ᠵᠢᠨ᠂ ᠪᠦᠬᠦ᠌ ᠬᠤᠲᠠ᠎ᠶ᠋ᠢᠨ ᠠᠵᠤ ᠠᠬᠤᠢ᠎ᠶ᠋ᠢᠨ ᠬᠦᠭ᠌ᠵᠢᠯᠳᠡ᠎ᠶ᠋ᠢᠨ 《ᠨᠤᠮᠢᠨ ᠨᠤᠭᠤᠭᠠᠨ ᠬᠦᠳᠡᠯᠭᠡᠬᠦ᠌ ᠬᠦᠴᠦᠨ》 ᠪᠤᠯᠪᠠ᠃ ᠷᠠᠱᠢᠶᠠᠨ ᠬᠤᠲᠠ᠎ᠲᠠᠢ ᠠᠳᠠᠯᠢ᠎ᠪᠠᠷ ᠪᠦᠬᠦ᠌ ᠤᠷᠤᠨ᠎ᠤ ᠬᠠᠮᠢᠶ᠎ᠠ ᠪᠦᠬᠦᠢ ᠭᠠᠵᠠᠷ᠎ᠤᠨ᠎ᠬᠢᠨ ᠤᠷᠤᠨ ᠨᠤᠳᠤᠭ᠎ᠤᠨ ᠤᠨᠴᠠᠯᠢᠭ ᠪᠠ ᠦᠪᠡᠷᠮᠢᠴᠡ ᠤᠢ ᠱᠢᠭᠤᠢ᠎ᠶ᠋ᠢᠨ ᠡᠬᠢ ᠪᠠᠶᠠᠯᠢᠭ᠎ᠲᠠᠭᠠᠨ ᠲᠦᠱᠢᠭ᠌ᠯᠡᠨ ᠤᠢ ᠱᠢᠭᠤᠢ᠎ᠶ᠋ᠢᠨ ᠵᠢᠭᠤᠯᠴᠢᠯᠠᠯ᠎ᠤᠨ ᠲᠦᠷᠦᠯ ᠵᠦᠢᠯ᠎ᠳᠡᠭᠡᠨ ᠲᠤᠬᠢᠷᠠᠭᠤᠯᠤᠯᠲᠠ ᠬᠢᠵᠦ᠍᠂ ᠵᠢᠭᠤᠯᠴᠢᠯᠠᠯ᠎ᠤᠨ ᠲᠤᠨᠤᠭ ᠲᠦᠬᠦᠬᠡᠷᠦᠮᠵᠢ᠎ᠪᠠᠨ ᠱᠢᠯᠢᠳᠡᠭ᠌ᠵᠢᠬᠦᠯᠦᠨ ᠠᠵᠦ᠍ ᠠᠬᠤᠢ᠎ᠶ᠋ᠢᠨ ᠤᠷᠤᠯᠭ᠎ᠠ᠎ᠪᠠᠨ ᠨᠡᠮᠡᠭ᠌ᠳᠡᠬᠦᠯᠵᠦ᠍ ᠪᠠᠢᠨ᠎ᠠ᠃

2019 ᠤᠨ᠎ᠤ 《10.1 ᠎ᠤ ᠠᠮᠠᠷᠠᠯᠳᠠ》 ᠎ᠶ᠋ᠢᠨ ᠬᠤᠭᠤᠴᠠᠭᠠᠨ᠎ᠳᠤ ᠮᠠᠨ᠎ᠤ ᠤᠷᠤᠨ᠎ᠤ 28 ᠭᠤᠤᠯᠲᠠᠯᠭᠠᠲᠦ ᠵᠢᠭᠤᠯᠴᠢᠯᠠᠯ᠎ᠤᠨ ᠦᠵᠡᠮᠵᠢ᠎ᠶ᠋ᠢᠨ ᠤᠷᠤᠨ᠎ᠤ ᠬᠦᠯᠢᠶᠠᠨ ᠠᠪᠤᠬ᠍ᠰᠡᠨ ᠵᠢᠭᠤᠯᠴᠢᠯᠠᠬ᠍ᠴᠢ ᠪᠦᠬᠦ᠌ ᠤᠷᠤᠨ᠎ᠤ ᠬᠦᠯᠢᠶᠡᠨ ᠠᠪᠤᠬ᠍ᠰᠠᠨ ᠵᠢᠭᠤᠯᠴᠢᠯᠠᠭ᠍ᠴᠢ᠎ᠶ᠋ᠢᠨ ᠶᠡᠷᠦᠩᠭᠡᠢ ᠲᠤᠭᠠᠨ᠎ᠤ 11.5% ᠎ᠶ᠋ᠢ ᠡᠵᠡᠯᠡᠵᠤ᠂ ᠵᠢᠭᠤᠯᠴᠢᠯᠠᠯ᠎ᠤᠨ ᠪᠦᠬᠦ᠌ ᠤᠷᠤᠯᠭ᠎ᠠ᠎ᠨᠢ ᠪᠦᠬᠦ᠌ ᠤᠷᠤᠨ᠎ᠤ ᠵᠢᠭᠤᠯᠴᠢᠯᠠᠯ᠎ᠤᠨ ᠶᠡᠷᠦᠩᠭᠡᠢ ᠤᠷᠤᠯᠭ᠎ᠠ᠎ᠶ᠋ᠢᠨ 5% ᠎ᠶ᠋ᠢ ᠡᠵᠡᠯᠡᠭ᠌ᠰᠡᠨ ᠪᠠᠢᠨ᠎ᠠ᠃ ᠡᠳᠡᠭᠡᠷ ᠦᠵᠡᠮᠵᠢ᠎ᠶ᠋ᠢᠨ ᠤᠷᠤᠨ᠎ᠳᠤ ᠠᠯᠠᠱᠠ᠎ᠶ᠋ᠢᠨ ᠲᠤᠤᠷᠠᠢ᠎ᠶ᠋ᠢᠨ ᠤᠢ᠎ᠶ᠋ᠢᠨ ᠵᠢᠭᠤᠯᠴᠢᠯᠠᠯ᠎ᠤᠨ ᠤᠷᠤᠨ᠂ ᠬᠢᠨᠭ᠌ᠭᠠᠨ ᠠᠢᠮᠠᠭ᠎ᠤᠨ ᠷᠠᠱᠢᠶᠠᠨ ᠤᠯᠤᠰ᠎ᠤᠨ ᠤᠢ ᠱᠢᠭᠤᠢ᠎ᠶ᠋ᠢᠨ ᠴᠡᠴᠡᠷᠯᠢᠭ᠂ ᠤᠯᠠᠭᠠᠨᠴᠠᠪ ᠬᠤᠲᠠ᠎ᠶ᠋ᠢᠨ ᠰᠤᠮᠤ ᠠᠭᠤᠯᠠ᠎ᠶ᠋ᠢᠨ ᠵᠢᠭᠤᠯᠴᠢᠯᠠᠯ᠎ᠤᠨ ᠤᠷᠤᠨ ᠵᠡᠷᠭᠡ ᠪᠠᠭ᠍ᠲᠠᠵᠦ᠍ ᠪᠤᠢ᠃ ᠡᠨᠡ ᠬᠦ᠌ ᠲᠤᠭ᠎ᠠ ᠪᠠᠷᠢᠮᠲᠠ᠎ᠠᠴᠠ ᠪᠢᠳᠡ ᠤᠢ ᠱᠢᠭᠤᠢ᠎ᠶ᠋ᠢᠨ ᠵᠢᠭᠤᠯᠴᠢᠯᠠᠯ᠎ᠤᠨ ᠦᠢᠯᠡᠰ᠎ᠤᠨ ᠴᠢᠬᠤᠯᠠ ᠴᠢᠨᠠᠷ ᠪᠠ ᠬᠦᠭ᠌ᠵᠢᠯᠳᠡ᠎ᠶ᠋ᠢᠨ ᠲᠠᠯᠲᠠ ᠬᠦᠴᠦᠨ᠎ᠢ ᠤᠢ᠍ᠢᠯᠠᠭᠠᠵᠦ᠍ ᠪᠤᠯᠬᠤ ᠪᠦᠬᠡᠳ ᠬᠠᠮᠤᠭ᠎ᠤᠨ ᠴᠢᠬᠤᠯᠠ᠎ᠨᠢ ᠱᠢᠭᠤᠢ᠍ᠢᠲᠦ ᠤᠷᠤᠨ᠎ᠤ ᠰᠠᠭᠤᠭᠠᠯᠢ ᠠᠷᠠᠳ ᠨᠢᠭᠡᠨᠳᠡ ᠤᠢ ᠱᠢᠭᠤᠢ᠎ᠶ᠋ᠢᠨ ᠵᠢᠭᠤᠯᠴᠢᠯᠠᠯ᠎ᠠᠴᠠ ᠪᠤᠲᠠᠲᠠᠢ ᠦᠷ᠎ᠡ ᠠᠱᠢᠭ ᠬᠦᠷᠳᠡᠭ᠌ᠰᠡᠨ ᠭᠡᠳᠡᠭ᠎ᠢ ᠮᠡᠳᠡᠵᠦ᠍ ᠪᠤᠯᠬᠤ ᠶᠤᠮ᠃

2020 ᠤᠨ᠎ᠤ ᠠᠷᠪᠠᠨ ᠲᠠᠪᠤᠲᠤᠭᠠᠷ ᠬᠤᠭᠤᠴᠠᠭᠠᠨ᠎ᠤ ᠠᠯᠠᠱᠠ᠎ᠶ᠋ᠢᠨ ᠪᠠᠭᠠᠲᠤᠳ᠎ᠤᠨ ᠴᠤᠭ᠍ᠯᠠᠭᠠᠨ 10 ᠰᠠᠷ᠎ᠠ᠎ᠶ᠋ᠢᠨ 1 — 5 ᠎ᠤ ᠡᠲᠦᠷ ᠪᠤᠯᠲᠠᠯ᠎ᠠ ᠠᠯᠠᠱᠠ ᠵᠡᠬᠦᠨ ᠬᠤᠱᠢᠭᠤᠨ᠎ᠳᠤ ᠶᠠᠪᠤᠭ᠍ᠲᠠᠬᠤ᠎ᠪᠠᠷ ᠪᠤᠢ᠃ ᠮᠠᠱᠢᠨ ᠲᠡᠷᠭᠡ᠎ᠶ᠋ᠢᠨ ᠲᠤᠷ᠎ᠠ ᠪᠠᠭ᠍ᠠᠲᠠᠳ᠎ᠤᠨ ᠰᠤᠨᠢᠷᠬᠠᠯ᠎ᠢ ᠲᠠᠲᠠᠭ᠍ᠰᠠᠨ ᠲᠤᠰ ᠤᠷᠤᠯᠲᠤᠭᠠᠨ᠎ᠨᠢ ᠡᠬᠢᠯᠡᠨ ᠵᠤᠬᠢᠶᠠᠨ ᠪᠠᠢᠭᠤᠯᠤᠬ᠍ᠲᠠᠬ᠍ᠰᠠᠨ᠎ᠠᠴᠠ᠎ᠪᠠᠨ ᠠᠪᠤᠭᠠᠳ ᠰᠤᠶᠤᠯ ᠵᠢᠭᠤᠯᠴᠢᠯᠠᠯ᠎ᠤᠨ ᠦᠢᠯᠡᠰ᠎ᠲᠠᠢ ᠰᠠᠯᠤᠰᠢ ᠦᠬᠡᠢ ᠨᠢᠬ᠍ᠲᠠ ᠬᠤᠯᠪᠤᠭ᠎ᠠ᠎ᠲᠠᠢ ᠪᠠᠢᠵᠦ᠍᠂ ᠳ᠋ᠦᠩ ᠹᠧᠩ ᠰᠠᠨᠰᠠᠷ᠎ᠤᠨ ᠬᠤᠲᠠ᠂ ᠪᠠᠲᠠᠢ᠎ᠶ᠋ᠢᠨ ᠵᠢᠷᠠᠨ᠎ᠤ ᠡᠯᠡᠰᠦ᠂ ᠲᠤᠤᠷᠠᠢ᠎ᠶ᠋ᠢᠨ ᠤᠢ᠎ᠶ᠋ᠢᠨ ᠦᠵᠡᠮᠵᠢ᠎ᠶ᠋ᠢᠨ ᠤᠷᠤᠨ᠎ᠲᠠᠢ ᠨᠡᠢᠯᠡᠬᠡᠳ 《ᠠᠯᠠᠱᠠ᠎ᠶ᠋ᠢᠨ ᠪᠠᠭᠠᠲᠤᠳ᠎ᠤᠨ ᠴᠤᠭ᠍ᠯᠠᠭᠠᠨ + ᠪᠦᠬᠦ᠌ ᠤᠷᠤᠨ ᠪᠦᠰᠡ᠎ᠶ᠋ᠢᠨ ᠵᠢᠭᠤᠯᠴᠢᠯᠠᠯ》 ᠎ᠤᠨ ᠱᠢᠨ᠎ᠡ ᠵᠠᠬ᠍ᠪᠦᠷ᠎ᠢ ᠪᠤᠢ ᠪᠤᠯᠭᠠᠵᠦ᠍᠂ ᠠᠯᠠᠱᠠ ᠠᠢᠮᠠᠬ᠎ᠤᠨ ᠰᠤᠶᠤᠯ ᠵᠢᠭᠤᠯᠴᠢᠯᠠᠯ᠎ᠤᠨ ᠦᠢᠯᠡᠰ᠎ᠤᠨ ᠬᠢᠯᠠᠰ ᠴᠡᠭ᠂ ᠠᠵᠦ᠍ ᠠᠬᠤᠢ᠎ᠶ᠋ᠢᠨ ᠤᠷᠤᠯᠭ᠎ᠠ᠎ᠶ᠋ᠢᠨ ᠴᠢᠬᠤᠯᠠ ᠢᠷᠡᠯᠳᠡ ᠪᠤᠯᠵᠠᠢ᠃

ᠡᠵᠡᠨ᠎ᠡ᠎ᠶ᠋ᠢᠨ ᠲᠤᠤᠷᠠᠢ᠎ᠶ᠋ᠢᠨ ᠤᠢ᠎ᠶ᠋ᠢᠨ ᠦᠵᠡᠮᠵᠢ᠎ᠶ᠋ᠢᠨ ᠤᠷᠤᠨ᠂ ᠶᠡᠭᠡ ᠬᠢᠨᠭ᠌ᠭᠠᠨ ᠲᠠᠪᠠᠭ᠎ᠠ᠎ᠶ᠋ᠢᠨ ᠱᠢᠭᠤᠢ᠍ᠢᠲᠦ ᠤᠷᠤᠨ᠂ ᠷᠠᠱᠢᠶᠠᠨ — ᠴᠠᠢ ᠾᠧ᠂ ᠬᠤᠷᠴᠢᠨ ᠵᠡᠬᠦᠨ ᠭᠠᠷᠤᠨ ᠬᠤᠢᠳᠤ ᠬᠤᠱᠢᠭᠤᠨ᠎ᠤ ᠴᠦᠡᠭ᠌ᠬᠦᠯ᠎ᠤᠨ ᠭᠤᠤ᠂ ᠤᠯᠠᠭᠠᠨᠬᠠᠲᠠ᠎ᠶ᠋ᠢᠨ ᠮᠡᠢᠷᠡᠨ ᠭᠤᠤ᠂ ᠠᠯᠠᠱᠠ ᠠᠭᠤᠯᠠ ᠁ ᠮᠠᠨ᠎ᠤ ᠤᠷᠤᠨ᠎ᠤ ᠤᠢ ᠱᠢᠭᠤᠢ᠎ᠶ᠋ᠢᠨ ᠵᠢᠭᠤᠯᠴᠢᠯᠠᠯ᠎ᠤᠨ ᠤᠷᠤᠨ᠎ᠤᠳ ᠨᠢᠭᠡᠨᠳᠡ ᠤᠯᠤᠰ᠎ᠤᠨ ᠲᠤᠲᠤᠭᠠᠲᠦ ᠭᠠᠲᠠᠭᠠᠲᠦ᠎ᠶ᠋ᠢᠨ ᠵᠢᠭᠤᠯᠴᠢᠯᠠᠭ᠍ᠰᠠᠳ᠎ᠤᠨ ᠠᠩᠬᠠᠷᠤᠯ᠎ᠢ ᠲᠠᠲᠠᠭ᠍ᠰᠠᠨ ᠬᠠᠷᠠᠯᠳᠠᠳᠤ ᠤᠷᠤᠨ ᠪᠤᠯᠵᠦ᠍᠂ ᠮᠠᠨ᠎ᠤ ᠤᠷᠤᠨ᠎ᠤ ᠤᠢ ᠱᠢᠭᠤᠢ᠎ᠶ᠋ᠢᠨ ᠵᠢᠭᠤᠯᠴᠢᠯᠠᠯ ᠶᠠᠭ ᠲᠦᠷᠪᠡᠨ ᠤᠯᠠᠷᠢᠯ᠎ᠤᠨ ᠵᠢᠭᠤᠯᠴᠢᠯᠠᠯ᠂ ᠪᠦᠬᠦ᠌ ᠤᠷᠤᠨ ᠪᠦᠰᠡ᠎ᠶ᠋ᠢᠨ ᠵᠢᠭᠤᠯᠴᠢᠯᠠᠯ ᠲᠡᠢᠰᠢ ᠡᠷᠴᠢᠮᠳᠡᠢ ᠠᠬᠢᠵᠤ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号