— ᠮᠠᠨ᠎ᠤ ᠤᠷᠤᠨ᠎ᠤ ᠠᠵᠦ᠍ ᠦᠢᠯᠡᠰ᠎ᠤᠨ ᠬᠡᠯᠬᠢᠶ᠎ᠠ᠎ᠶ᠋ᠢ ᠬᠦᠴᠦᠯᠡᠨ ᠲᠡᠭᠡᠭ᠌ᠰᠢᠯᠡᠬᠦᠯᠵᠤ ᠪᠠᠢᠬᠤ ᠲᠤᠬᠠᠢ ᠬᠦᠦᠷᠨᠢᠯ ᠱᠢᠭᠦᠮᠵᠢ
ᠡᠨᠡ ᠵᠢᠯ᠎ᠠᠴᠠ ᠨᠠᠭᠠᠰᠢ᠂ ᠮᠠᠨ᠎ᠤ ᠤᠷᠤᠨ ᠬᠢᠵᠢᠭ᠎ᠤᠨ ᠪᠠᠢᠳᠠᠯ᠎ᠤᠨ ᠠᠱᠢᠬ ᠦᠬᠡᠢ ᠬᠦᠴᠦᠨ ᠵᠦᠢᠯ᠎ᠢ ᠵᠤᠷᠢᠬ᠍ᠳᠠᠢ ᠢᠯᠠᠨ ᠲᠠᠪᠠᠵᠦ᠍᠂ ᠠᠵᠦ᠍ ᠦᠢᠯᠡᠰ᠎ᠤᠨ ᠬᠡᠯᠬᠢᠶ᠎ᠠ᠎ᠶ᠋ᠢ ᠲᠡᠭᠡᠭ᠌ᠰᠢᠯᠡᠬᠦᠯᠬᠦ᠌᠎ᠪᠠᠷ ᠠᠵᠦ᠍ ᠠᠬᠤᠢ᠎ᠶ᠋ᠢᠨ ᠴᠢᠨᠠᠷ ᠰᠠᠢᠳᠠᠢ ᠬᠦᠭ᠌ᠵᠢᠯᠳᠡ᠎ᠶ᠋ᠢ ᠢᠳᠡᠪᠬᠢᠳᠡᠢ ᠠᠬᠢᠭᠤᠯᠵᠦ᠍᠂ ᠠᠵᠦ᠍ ᠦᠢᠯᠡᠰ᠎ᠢ ᠲᠤᠮᠳᠠ ᠦᠨᠳᠦᠷ ᠲᠡᠢᠰᠢ ᠬᠦᠭ᠌ᠵᠢᠬᠦᠯᠬᠦ᠌᠎ᠪᠠᠷ ᠲᠠᠰᠤᠷᠠᠯᠳᠠ ᠦᠬᠡᠢ ᠴᠢᠷᠮᠠᠢᠬ᠍ᠰᠠᠨ᠎ᠢᠶᠠᠷ ᠠᠵᠦ᠍ ᠦᠢᠯᠡᠰ᠎ᠤᠨ ᠬᠡᠯᠪᠡᠷᠢ᠎ᠶ᠋ᠢ ᠬᠤᠪᠢᠷᠠᠭᠤᠯᠤᠨ ᠲᠡᠰ ᠲᠡᠪᠱᠢᠬᠦᠯᠬᠦ᠌ ᠲᠠᠯ᠎ᠠ᠎ᠪᠠᠷ ᠪᠠᠶᠠᠷᠯᠠᠭᠤᠱᠢᠳᠠᠢ ᠪᠠᠢᠳᠠᠯ ᠦᠷᠬᠦᠯᠵᠢᠯᠡᠨ ᠢᠯᠡᠷᠡᠯᠠ᠃
ᠬᠡᠯᠬᠢᠶ᠎ᠠ ᠲᠡᠰ ᠲᠡᠪᠱᠢᠵᠦ᠍ ᠦᠷ᠎ᠠ ᠠᠱᠢᠬ ᠨᠡᠮᠡᠭ᠌ᠳᠡᠯᠠ
168 ᠭᠠᠷᠤᠢ ᠳ᠋ᠦᠩᠱᠢᠭᠤᠷ ᠲᠦᠬᠦᠷᠢᠭ᠎ᠤᠨ ᠪᠡᠯᠡ ᠤᠷᠤᠭᠤᠯᠤᠬ᠍ᠰᠠᠨ ᠦᠪᠦᠷ ᠮᠤᠩᠭᠤᠯ᠎ᠤᠨ ᠢ᠎ᠲᠠᠢ ᠬᠢᠮᠢ᠎ᠶ᠋ᠢᠨ ᠠᠵᠦ᠍ ᠦᠢᠯᠡᠳᠪᠦᠷᠢ᠎ᠶ᠋ᠢᠨ ᠬᠢᠵᠠᠭᠠᠷᠳᠤ ᠺᠤᠮᠫᠠᠨᠢ᠎ᠶ᠋ᠢᠨ ᠵᠢᠯ᠎ᠳᠤ 120 ᠲᠦᠮᠡᠨ ᠲᠤᠨ ᠤᠬᠢ ᠨᠠᠷᠢᠯᠢᠬ ᠬᠢᠮᠢ᠎ᠶ᠋ᠢᠨ ᠦᠢᠯᠡᠳᠬᠦᠨ ᠦᠢᠯᠡᠳᠪᠦᠷᠢᠯᠡᠬᠦ᠌ ᠲᠦᠷᠦᠯ ᠵᠦᠢᠯ ᠪᠤᠯ ᠬᠠᠩᠬᠢᠨ ᠬᠤᠱᠢᠭᠤᠨ᠎ᠤ ᠲᠤᠭᠤᠢ᠍ᠢᠳᠠᠯᠠ ᠠᠵᠦ᠍ ᠦᠢᠯᠡᠳᠪᠦᠷᠢ᠎ᠶ᠋ᠢᠨ ᠬᠦᠷᠢᠶᠡᠯᠡᠩ ᠲᠤᠭᠤᠷᠢᠬ᠎ᠲᠤ ᠬᠠᠮᠤᠬ᠎ᠤᠨ ᠡᠷᠳᠡ ᠨᠤᠳᠤᠬ᠍ᠰᠢᠬ᠍ᠰᠠᠨ ᠲᠦᠷᠦᠯ ᠵᠦᠢᠯ ᠪᠢᠯᠡ᠃
《ᠮᠠᠨ᠎ᠤ ᠺᠤᠮᠫᠠᠨᠢ ᠤᠳᠤᠬᠠᠨ᠎ᠳᠤ ᠨᠡᠬᠦᠷᠡᠰᠤ ᠬᠢᠮᠢ᠎ᠶ᠋ᠢᠨ ᠠᠵᠦ᠍ ᠦᠢᠯᠡᠳᠪᠦᠷᠢ᠎ᠶ᠋ᠢᠨ 13 ᠵᠦᠢᠯ᠎ᠤᠨ ᠦᠢᠯᠡᠳᠬᠦᠨ᠎ᠢ ᠦᠢᠯᠡᠳᠪᠦᠷᠢᠯᠡᠵᠦ᠍ ᠪᠠᠢᠬᠤ᠎ᠪᠠᠷ ᠪᠠᠷᠠᠬᠤ ᠦᠬᠡᠢ᠂ ᠡᠨᠡ 13 ᠵᠦᠢᠯ᠎ᠤᠨ ᠦᠢᠯᠡᠳᠬᠦᠨ ᠲᠠᠬᠢᠭᠠᠳ ᠲᠤᠤᠷᠠᠳᠤ ᠬᠡᠯᠬᠢᠶ᠎ᠠ᠎ᠶ᠋ᠢᠨ ᠬᠢᠮᠢ᠎ᠶ᠋ᠢᠨ ᠠᠵᠦ᠍ ᠦᠢᠯᠡᠳᠪᠦᠷᠢ᠎ᠶ᠋ᠢᠨ 17 ᠠᠵᠦ᠍ ᠠᠬᠤᠢ᠍ᠢᠯᠠᠯ᠎ᠢ ᠲᠠᠳᠠᠵᠦ᠍ ᠲᠠᠢᠴᠢᠯᠠᠨ᠂ ᠠᠳᠡ ᠪᠡᠯᠡ ᠤᠷᠤᠭᠤᠯᠤᠨ ᠦᠢᠯᠡᠳᠪᠦᠷᠢ ᠪᠠᠢᠭᠤᠯᠵᠠᠢ᠃ ᠤᠳᠤ ᠡᠳᠡᠬᠡᠷ ᠠᠵᠦ᠍ ᠠᠬᠤᠢ᠍ᠢᠯᠠᠯ᠎ᠤᠳ ᠬᠠᠮᠳᠤ᠎ᠪᠠᠷ ᠬᠢᠮᠢ᠎ᠶ᠋ᠢᠨ ᠠᠵᠦ᠍ ᠦᠢᠯᠡᠳᠪᠦᠷᠢ᠎ᠶ᠋ᠢᠨ ᠲᠠᠭᠠᠯᠳᠠ ᠦᠢᠯᠡᠳᠬᠦᠨ᠎ᠢ ᠦᠯᠡᠳᠡᠬᠡᠯ ᠦᠬᠡᠢ 〈ᠱᠢᠩᠬᠡᠬᠡᠳᠡᠭ〉 ᠠᠴᠠ ᠤᠷᠴᠢᠨ ᠲᠤᠭᠤᠷᠢᠨ᠎ᠳᠤ ᠶᠠᠮᠠᠷ ᠴᠤ᠌ ᠪᠤᠬᠢᠷᠳᠤᠯ ᠦᠬᠡᠢ ᠪᠤᠯᠪᠠ》 ᠬᠡᠵᠦ᠍ ᠺᠤᠮᠫᠠᠨᠢ᠎ᠶ᠋ᠢᠨ ᠲᠡᠳ᠋ ᠶᠡᠷᠦᠩᠬᠡᠢ ᠲᠠᠭᠠᠭᠠᠮᠠᠯ ᠰᠦ᠋ ᠵᠠᠨ ᠮᠢᠩ ᠬᠡᠯᠡᠪᠡ᠃
ᠤᠳᠤᠬᠠᠨ ᠪᠤᠯᠳᠠᠯ᠎ᠠ᠂ ᠲᠤᠰ ᠺᠤᠮᠫᠠᠨᠢ᠎ᠶ᠋ᠢᠨ ᠡᠨᠡ ᠵᠢᠯ᠎ᠤᠨ ᠦᠢᠯᠡᠳᠬᠦᠨ᠎ᠤ ᠦᠷᠳᠡᠭ ᠨᠢᠬᠡᠨᠳᠡ 48 ᠳ᠋ᠦᠩᠱᠢᠭᠤᠷ ᠲᠦᠬᠦᠷᠢᠭ᠎ᠢ ᠲᠠᠪᠠᠵᠠᠢ᠃ ᠲᠤᠰ ᠺᠤᠮᠫᠠᠨᠢ᠎ᠶ᠋ᠢᠨ ᠭᠤᠤᠯᠯᠠᠬ᠍ᠴᠢ ᠮᠡᠷᠬᠡᠵᠢᠯ ᠪᠤᠯᠬᠤ f -t ᠨᠡᠢᠯᠡᠯᠬᠡᠵᠢᠬᠦᠯᠬᠦ᠌ ᠲᠤᠨᠤᠬ᠍ᠯᠠᠯ᠎ᠤᠨ ᠤᠷ᠎ᠠ ᠮᠡᠷᠬᠡᠱᠢᠯ ᠲᠡᠯᠡᠬᠡᠢ᠎ᠶ᠋ᠢᠨ ᠬᠠᠮᠤᠬ᠎ᠤᠨ ᠲᠡᠷᠢᠬᠦᠨ ᠲᠦᠪᠱᠢᠨ᠎ᠳᠤ ᠬᠦᠷᠴᠤ᠌᠂ ᠡᠳᠦᠷ ᠪᠦᠷᠢ ᠭᠠᠷᠭᠠᠵᠦ᠍ ᠪᠠᠢᠭ᠎ᠠ ᠬᠠᠶᠠᠬ᠍ᠳᠠᠮᠠᠯ ᠤᠰᠤ᠎ᠠᠴᠠ 70 ᠲᠤᠨ ᠲᠠᠪᠤᠰᠤ ᠪᠠ ᠨᠢᠲᠷᠣ᠌ ᠢᠯᠭᠠᠷᠠᠭᠤᠯᠤᠨ ᠠᠪᠴᠤ᠌᠂ ᠤᠰᠤ᠎ᠶ᠋ᠢ ᠴᠡᠪᠡᠷᠱᠢᠬᠦᠯᠦᠭ᠌ᠰᠡᠨᠤ ᠲᠠᠷᠠᠭ᠎ᠠ ᠪᠦᠬᠦᠨ᠎ᠢ ᠲᠠᠬᠢᠨ ᠠᠱᠢᠬ᠍ᠯᠠᠵᠦ᠍ ᠪᠠᠢᠬᠤ ᠠᠵᠢ᠃
ᠦᠪᠦᠷ ᠮᠤᠩᠭᠤᠯ᠎ᠤᠨ ᠢ᠎ᠲᠠᠢ ᠬᠢᠮᠢ᠎ᠶ᠋ᠢᠨ ᠠᠵᠦ᠍ ᠦᠢᠯᠡᠳᠪᠦᠷᠢ᠎ᠶ᠋ᠢᠨ ᠬᠢᠵᠠᠭᠠᠷᠳᠤ ᠺᠤᠮᠫᠠᠨᠢ᠎ᠶ᠋ᠢᠨ ᠢᠩᠬᠢᠵᠦ᠍ ᠯᠤᠳᠤ ᠶᠡᠭᠡ ᠠᠵᠦ᠍ ᠠᠬᠤᠢ᠎ᠶ᠋ᠢᠨ ᠦᠷ᠎ᠠ ᠠᠱᠢᠬ ᠡᠬᠦᠳᠬᠦ᠌᠎ᠶ᠋ᠢᠨ ᠬᠠᠮᠳᠤ ᠤᠷᠴᠢᠨ ᠲᠤᠭᠤᠷᠢᠨ᠎ᠢ ᠪᠦᠲᠦᠮᠵᠢᠳᠡᠢ ᠬᠠᠮᠠᠭᠠᠯᠠᠬ᠍ᠰᠠᠨ ᠠᠷᠭ᠎ᠠ ᠬᠢᠳᠡᠯ᠎ᠨᠢ ᠮᠠᠨ᠎ᠤ ᠤᠷᠤᠨ᠎ᠤ ᠲᠦᠬᠦᠬᠡᠢ ᠨᠡᠬᠦᠷᠡᠰᠤ᠎ᠶ᠋ᠢ ᠲᠤᠬᠠᠢ᠎ᠶ᠋ᠢᠨ ᠭᠠᠵᠠᠷ᠎ᠲᠠᠭᠠᠨ ᠤᠨᠳᠤᠤᠱᠢᠭᠤᠯᠵᠦ᠍ ᠤᠬᠢ ᠨᠠᠷᠢᠯᠢᠬ ᠡᠳ᠋ᠱᠢᠬᠦᠯᠦᠨ ᠪᠤᠯᠪᠠᠰᠤᠷᠠᠭᠤᠯᠵᠦ᠍ ᠪᠠᠢᠭ᠎ᠠ ᠨᠢᠬᠡ ᠵᠢᠱ᠌ᠢᠶ᠎ᠠ ᠲᠡᠳᠦᠢ ᠯᠡ ᠪᠢᠯᠡ᠃ ᠡᠨᠡ ᠵᠢᠯ᠎ᠠᠴᠠ ᠨᠠᠭᠠᠰᠢ᠂ ᠮᠠᠨ᠎ᠤ ᠤᠷᠤᠨ ᠨᠡᠬᠦᠷᠡᠰᠤ᠂ ᠴᠠᠬᠢᠯᠭᠠᠨ ᠬᠦᠴᠤᠨ᠎ᠤ ᠰᠠᠭᠤᠷᠢ ᠡᠨᠧᠷᠬᠢ᠎ᠶ᠋ᠢᠨ ᠬᠠᠩᠭᠠᠯᠭ᠎ᠠ᠎ᠶ᠋ᠢ ᠪᠠᠳᠤᠯᠠᠬᠤ ᠠᠵᠢᠯ᠎ᠢ ᠦᠷᠬᠦᠯᠵᠢᠯᠡᠨ ᠯᠠᠪᠳᠠᠭᠤᠨ ᠪᠠᠳᠤᠳᠠᠢ ᠰᠠᠢᠳᠤᠷ ᠬᠢᠭ᠌ᠰᠡᠨ᠎ᠠᠴᠠ ᠨᠡᠬᠦᠷᠡᠰᠤ᠎ᠶ᠋ᠢ ᠬᠦᠨᠵᠡᠬᠡᠢ ᠡᠳ᠋ᠱᠢᠬᠦᠯᠦᠨ ᠪᠤᠯᠪᠠᠰᠤᠷᠠᠭᠤᠯᠬᠤ ᠠᠵᠦ᠍ ᠦᠢᠯᠡᠰ᠎ᠤᠨ ᠬᠡᠯᠬᠢᠶ᠎ᠠ ᠲᠠᠰᠤᠷᠠᠯᠳᠠ ᠦᠬᠡᠢ ᠤᠷᠳᠤᠰᠴᠤ᠌᠂ ᠲᠠᠭᠠᠯᠳᠠ ᠦᠷᠳᠡᠭ᠎ᠨᠢ ᠶᠠᠪᠤᠬᠤ ᠲᠤᠳᠤᠮ ᠨᠡᠮᠡᠭ᠌ᠳᠡᠵᠦ᠍᠂ ᠰᠠᠯᠬᠢᠨ ᠬᠦᠴᠤ᠎ᠪᠠᠷ ᠴᠠᠬᠢᠯᠭᠠᠨ ᠭᠠᠷᠭᠠᠬᠤ ᠵᠡᠷᠬᠡ ᠪᠤᠬᠢᠷᠳᠤᠯ ᠦᠬᠡᠢ ᠡᠨᠧᠷᠬᠢ᠎ᠶ᠋ᠢᠨ ᠡᠵᠡᠯᠡᠬᠦ᠌ ᠬᠠᠷᠢᠴᠠᠯ ᠠᠯᠬᠤᠮ ᠠᠯᠬᠤᠮ᠎ᠢᠶᠠᠷ ᠲᠡᠭᠡᠭ᠌ᠰᠢᠯᠡᠵᠦ᠍᠂ ᠡᠨᠧᠷᠬᠢ᠎ᠶ᠋ᠢᠨ ᠠᠵᠦ᠍ ᠦᠢᠯᠡᠰ᠎ᠤᠨ ᠪᠦᠲᠦᠴᠡ ᠴᠢᠨᠠᠬ᠍ᠰᠢᠳᠠ ᠤᠯᠠᠨ ᠶᠠᠩᠵᠤᠴᠢᠯᠠᠨ ᠱᠢᠯᠢᠳᠡᠭ᠌ᠵᠢᠵᠦ᠍᠂ ᠤᠳᠤᠬᠠᠨ᠎ᠳᠤ᠂ ᠪᠦᠬᠦ᠌ ᠤᠷᠤᠨ᠎ᠤ ᠡᠨᠧᠷᠬᠢ᠎ᠶ᠋ᠢᠨ ᠠᠵᠦ᠍ ᠦᠢᠯᠡᠳᠪᠦᠷᠢ᠎ᠶ᠋ᠢᠨ ᠨᠡᠮᠡᠭ᠌ᠳᠡᠯ ᠦᠷᠳᠡᠭ᠎ᠤᠨ ᠬᠡᠪᠴᠢᠶᠡᠵᠢᠯ᠎ᠠᠴᠠ ᠲᠡᠭᠡᠭ᠌ᠰᠢᠬᠢ ᠠᠵᠦ᠍ ᠦᠢᠯᠡᠳᠪᠦᠷᠢ᠎ᠳᠠᠬᠢ ᠡᠵᠡᠯᠡᠬᠦ᠌ ᠬᠠᠷᠢᠴᠠᠯ ᠬᠠᠭᠠᠰ᠎ᠢ ᠲᠠᠪᠠᠵᠦ᠍᠂ ᠡᠨᠧᠷᠬᠢ᠎ᠶ᠋ᠢᠨ ᠠᠵᠢᠯ ᠲᠦᠷᠦᠯ᠎ᠤᠨ ᠭᠠᠢᠯᠢ᠎ᠶ᠋ᠢᠨ ᠤᠷᠤᠯᠭ᠎ᠠ᠂ ᠠᠱᠢᠬ ᠤᠯᠵᠠᠪᠤᠷᠢ᠎ᠶ᠋ᠢᠨ ᠡᠵᠡᠯᠡᠬᠦ᠌ ᠬᠠᠷᠢᠴᠠᠯ 60% ᠶ᠋ᠢ ᠲᠠᠪᠠᠵᠦ᠍᠂ ᠡᠨᠧᠷᠬᠢ᠎ᠶ᠋ᠢᠨ ᠠᠵᠦ᠍ ᠠᠬᠤᠢ᠎ᠶ᠋ᠢᠨ ᠪᠦᠬᠦ᠌ ᠤᠷᠤᠨ᠎ᠤ ᠤᠯᠤᠰ ᠠᠷᠠᠳ᠎ᠤᠨ ᠠᠵᠦ᠍ ᠠᠬᠤᠢ᠎ᠳᠠᠬᠢ ᠦᠢᠯᠡᠳᠦᠯ ᠪᠠ ᠪᠠᠢᠷᠢ ᠰᠠᠭᠤᠷᠢ ᠴᠢᠨᠠᠬ᠍ᠰᠢᠳᠠ ᠴᠢᠩᠭᠠᠷᠠᠬ᠍ᠰᠠᠨ ᠠᠵᠢ᠃
ᠨᠡᠬᠦᠷᠡᠰᠤ ᠪᠤᠯ ᠠᠵᠦ᠍ ᠦᠢᠯᠡᠳᠪᠦᠷᠢ᠎ᠶ᠋ᠢᠨ ᠠᠮᠤ ᠬᠦᠨᠡᠰᠤ᠃ ᠪᠦᠷᠢᠳᠭᠡᠯ᠎ᠢᠶᠠᠷ᠂ ᠡᠨᠡ ᠵᠢᠯ᠎ᠤᠨ ᠲᠡᠭᠡᠷ᠎ᠠ ᠬᠠᠭᠠᠰ ᠵᠢᠯ᠎ᠳᠤ᠂ ᠮᠠᠨ᠎ᠤ ᠤᠷᠤᠨ 2.2 ᠳ᠋ᠦᠩᠱᠢᠭᠤᠷ ᠲᠤᠨ ᠲᠦᠬᠦᠬᠡᠢ ᠨᠡᠬᠦᠷᠡᠰᠤ᠎ᠶ᠋ᠢ ᠭᠠᠳᠠᠬ᠍ᠰᠢ ᠪᠤᠷᠤᠯᠠᠭᠤᠯᠵᠦ᠍᠂ 933 ᠳ᠋ᠦᠩᠱᠢᠭᠤᠷ ᠺᠢᠯᠤᠸᠠᠲ ᠴᠠᠭ ᠴᠠᠬᠢᠯᠭᠠᠨ᠎ᠢ ᠭᠠᠳᠠᠬ᠍ᠰᠢ ᠬᠦᠷᠬᠡᠵᠦ᠍ ᠬᠠᠮᠢᠶ᠎ᠠ ᠪᠦᠬᠦᠢ ᠮᠤᠵᠢ ᠤᠷᠤᠨ ᠬᠤᠳᠠ᠎ᠶ᠋ᠢᠨ ᠡᠨᠧᠷᠬᠢ᠎ᠶ᠋ᠢᠨ ᠬᠠᠩᠭᠠᠯᠭ᠎ᠠ᠎ᠶ᠋ᠢ ᠬᠦᠴᠦᠳᠡᠢ ᠪᠠᠳᠤᠯᠠᠬ᠍ᠰᠠᠨ ᠠᠵᠢ᠃ ᠤᠨᠴᠠᠯᠠᠨ ᠲᠤᠷᠠᠳᠤᠭᠤᠱᠢᠲᠠᠢᠨᠢ᠂ ᠲᠡᠭᠡᠷ᠎ᠠ ᠬᠠᠭᠠᠰ ᠵᠢᠯ᠎ᠳᠤ᠂ ᠮᠠᠨ᠎ᠤ ᠤᠷᠤᠨ᠎ᠤ ᠬᠡᠪᠴᠢᠶᠡᠵᠢᠯ᠎ᠠᠴᠠ ᠲᠡᠭᠡᠭ᠌ᠰᠢᠬᠢ ᠠᠵᠦ᠍ ᠦᠢᠯᠡᠳᠪᠦᠷᠢ᠎ᠶ᠋ᠢᠨ ᠠᠵᠦ᠍ ᠠᠬᠤᠢ᠍ᠢᠯᠠᠯ᠎ᠤᠨ ᠱᠢᠨ᠎ᠠ ᠡᠨᠧᠷᠬᠢ᠎ᠪᠠᠷ ᠴᠠᠬᠢᠯᠭᠠᠨ ᠭᠠᠷᠭᠠᠬ᠍ᠰᠠᠨ ᠬᠡᠮᠵᠢᠶ᠎ᠠ 408 ᠳ᠋ᠦᠩᠱᠢᠭᠤᠷ ᠺᠢᠯᠤᠸᠠᠲ ᠴᠠᠬ᠎ᠲᠤ ᠬᠦᠷᠴᠤ᠌᠂ ᠪᠦᠬᠦ᠌ ᠴᠠᠬᠢᠯᠭᠠᠨ ᠭᠠᠷᠭᠠᠬ᠍ᠰᠠᠨ ᠬᠡᠮᠵᠢᠶ᠎ᠠ᠎ᠶ᠋ᠢᠨ 15.6% ᠶ᠋ᠢ ᠡᠵᠡᠯᠡᠵᠦ᠍᠂ 6 ᠰᠠᠷ᠎ᠠ᠎ᠶ᠋ᠢᠨ ᠰᠡᠬᠦᠯᠴᠢ ᠪᠤᠯᠳᠠᠯ᠎ᠠ᠂ ᠮᠠᠨ᠎ᠤ ᠤᠷᠤᠨ᠎ᠤ ᠱᠢᠨ᠎ᠠ ᠡᠨᠧᠷᠬᠢ᠎ᠶ᠋ᠢᠨ ᠴᠠᠬᠢᠯᠭᠠᠨ ᠬᠦᠴᠦᠨ᠎ᠤ ᠮᠠᠱᠢᠨ ᠴᠤᠬ᠍ᠴᠠᠯᠠᠪᠤᠷᠢ᠎ᠶ᠋ᠢᠨ ᠪᠠᠭ᠍ᠳᠠᠭᠠᠮᠵᠢ 4000 ᠲᠦᠮᠡᠨ ᠺᠢᠯᠤᠸᠠᠲ᠎ᠢ ᠲᠠᠪᠠᠵᠦ᠍᠂ ᠪᠦᠬᠦ᠌ ᠤᠷᠤᠨ᠎ᠤ ᠴᠠᠬᠢᠯᠭᠠᠨ ᠬᠦᠴᠤᠨ᠎ᠤ ᠮᠠᠱᠢᠨ ᠴᠤᠬ᠍ᠴᠠᠯᠠᠪᠤᠷᠢ᠎ᠶ᠋ᠢᠨ ᠪᠠᠭ᠍ᠳᠠᠭᠠᠮᠵᠢ᠎ᠶ᠋ᠢᠨ 30% ᠭᠠᠷᠤᠢ᠎ᠶ᠋ᠢ ᠡᠵᠡᠯᠡᠵᠡᠢ᠃
ᠮᠠᠨ᠎ᠤ ᠤᠷᠤᠨ ᠪᠠᠰᠠ ᠬᠠᠷ᠎ᠠ ᠦᠩᠬᠡᠳᠤ ᠲᠡᠮᠦᠷᠯᠢᠭ ᠬᠠᠢᠯᠤᠭᠤᠯᠬᠤ ᠪᠠ ᠡᠳ᠋ᠱᠢᠬᠦᠯᠦᠨ ᠪᠤᠯᠪᠠᠰᠤᠷᠠᠭᠤᠯᠬᠤ᠂ ᠦᠩᠬᠡᠳᠤ ᠲᠡᠮᠦᠷᠯᠢᠭ ᠪᠤᠯᠪᠠᠰᠤᠷᠠᠭᠤᠯᠬᠤ ᠠᠵᠦ᠍ ᠦᠢᠯᠡᠰ᠎ᠤᠨ ᠬᠦᠭ᠌ᠵᠢᠯᠳᠡ᠎ᠶ᠋ᠢ ᠢᠳᠡᠪᠬᠢᠳᠡᠢ ᠠᠬᠢᠭᠤᠯᠤᠬ᠍ᠰᠠᠨ᠎ᠠᠴᠠ ᠲᠦᠷᠦᠬᠦᠦ 7 ᠰᠠᠷ᠎ᠠ᠎ᠳᠤ᠂ ᠡᠨᠡ ᠬᠤᠶᠠᠷ ᠠᠵᠦ᠍ ᠦᠢᠯᠡᠰ᠎ᠤᠨ ᠨᠡᠮᠡᠭ᠌ᠳᠡᠯ ᠦᠷᠳᠡᠭ᠎ᠨᠢ ᠨᠢᠳᠤᠨᠤᠨ᠎ᠤ ᠠᠳᠠᠯᠢ ᠬᠤᠭᠤᠴᠠᠭ᠎ᠠ᠎ᠶ᠋ᠢᠨ᠎ᠬᠢ᠎ᠠᠴᠠ ᠲᠤᠰ ᠲᠤᠰ 10% ᠪᠠ 9.8% ᠪᠠᠷ ᠨᠡᠮᠡᠭ᠌ᠳᠡᠵᠡᠢ᠃
ᠵᠤᠯᠭᠠᠯᠴᠠᠭ᠎ᠠ ᠨᠢᠬ᠍ᠳᠠᠷᠠᠵᠦ᠍ ᠦᠢᠯᠡᠳᠪᠦᠷᠢᠯᠡᠯ ᠪᠤᠷᠤᠯᠠᠭᠤᠯᠤᠯᠳᠠ ᠰᠠᠢᠵᠢᠷᠠᠯᠠ
ᠪᠠᠰᠠ ᠨᠢᠬᠡᠨ ᠪᠠᠶᠠᠨ ᠨᠠᠮᠤᠷ᠎ᠤᠨ ᠲᠠᠩᠰᠤᠬ ᠬᠤᠷᠢᠶᠠᠯᠳᠠ᠎ᠶ᠋ᠢᠨ ᠬᠤᠭᠤᠴᠠᠭ᠎ᠠ ᠬᠦᠷᠴᠤ᠌ ᠢᠷᠡᠬᠦ᠌᠎ᠶ᠋ᠢ ᠲᠠᠭᠠᠯᠳᠤᠵᠦ᠍᠂ ᠲᠠᠷᠢᠶᠠᠴᠢᠳ᠎ᠤᠨ ᠭᠠᠷ᠎ᠠᠴᠠ ᠡᠷᠳᠡᠨᠢ ᠱᠢᠰᠢ ᠬᠤᠳᠠᠯᠳᠤᠨ ᠠᠪᠤᠬ᠍ᠰᠠᠨ ᠮᠠᠢᠮᠠᠢᠴᠢᠳ ᠡᠷᠳᠡᠨᠢ ᠱᠢᠰᠢ ᠲᠦᠬᠦᠷᠳᠡᠯ᠎ᠠ ᠠᠴᠢᠶᠠᠯᠠᠬ᠍ᠰᠠᠨ ᠮᠠᠱᠢᠨ ᠲᠡᠷᠬᠡ᠎ᠪᠠᠷ᠎ᠢᠶᠠᠨ ᠲᠤᠬ᠍ᠳᠠᠬᠤ ᠱᠢᠶᠠᠨ᠎ᠤ ᠠᠵᠦ᠍ ᠦᠢᠯᠡᠳᠪᠦᠷᠢ᠎ᠶ᠋ᠢᠨ ᠬᠦᠷᠢᠶᠡᠯᠡᠩ ᠲᠤᠭᠤᠷᠢᠬ ᠲᠡᠢᠰᠢ ᠴᠤᠪᠤᠷᠠᠵᠠᠭᠠᠨᠠ᠃
ᠡᠳᠡᠬᠡᠷ ᠡᠷᠳᠡᠨᠢ ᠱᠢᠰᠢ ᠤᠷᠢᠳ᠎ᠢᠶᠠᠷ ᠦᠪᠦᠷ ᠮᠤᠩᠭᠤᠯ᠎ᠤᠨ ᠷᠦᠩ ᠴᠧᠩ ᠡᠷᠳᠡᠨᠢ ᠱᠢᠰᠢ᠎ᠶ᠋ᠢᠨ ᠨᠡᠬᠡᠬᠡᠨ ᠬᠦᠭ᠌ᠵᠢᠬᠦᠯᠦᠯᠳᠡ᠎ᠶ᠋ᠢᠨ ᠬᠢᠵᠠᠭᠠᠷᠳᠤ ᠺᠤᠮᠫᠠᠨᠢ᠎ᠶ᠋ᠢᠨ ᠦᠢᠯᠡᠳᠪᠦᠷᠢᠯᠡᠯ᠎ᠤᠨ ᠲᠠᠰᠤᠭ᠎ᠲᠤ ᠴᠠᠷᠳᠠᠭᠤᠯ᠎ᠤᠨ ᠡᠬᠡᠳᠡᠩ ᠪᠤᠯᠵᠦ᠍ ᠬᠤᠪᠢᠷᠠᠬ᠍ᠰᠨᠨᠤ ᠲᠠᠷᠠᠭ᠎ᠠ᠂ ᠲᠠᠬᠢᠭᠠᠳ ᠮᠦᠨ ᠠᠵᠦ᠍ ᠦᠢᠯᠡᠳᠪᠦᠷᠢ᠎ᠶ᠋ᠢᠨ ᠬᠦᠷᠢᠶᠡᠯᠡᠩ ᠲᠤᠭᠤᠷᠢᠬ᠎ᠲᠤ ᠪᠠᠢᠷᠢᠯᠠᠵᠦ᠍ ᠪᠠᠢᠭ᠎ᠠ ᠦᠪᠦᠷ ᠮᠤᠩᠭᠤᠯ᠎ᠤᠨ ᠴᠠᠩ ᠱᠧᠩ ᠡᠮ ᠦᠢᠯᠡᠳᠬᠦ᠌ ᠺᠤᠮᠫᠠᠨᠢ᠎ᠶ᠋ᠢᠨ ᠦᠢᠯᠡᠳᠪᠦᠷᠢᠯᠡᠯ᠎ᠤᠨ ᠱᠤᠭᠤᠮ᠎ᠢᠶᠠᠷ ᠲᠠᠮᠵᠢᠭᠠᠳ᠂ ᠡᠮ᠎ᠤᠨ ᠲᠦᠬᠦᠬᠡᠢ ᠮᠠᠲ᠋ᠧᠷᠢᠶᠠᠯ ᠪᠤᠯᠵᠦ᠍ ᠪᠤᠭᠤᠳᠠᠯᠯᠠᠭ᠍ᠳᠠᠭᠠᠳ ᠾᠧᠪᠧᠢ ᠵᠡᠷᠬᠡ ᠭᠠᠳᠠᠨ᠎ᠠ ᠤᠷᠤᠨ᠎ᠢ 《ᠵᠤᠷᠢᠳᠠᠬ》 ᠠᠵᠢ᠃
《ᠬᠢᠵᠢᠭ᠎ᠤᠨ ᠪᠠᠢᠳᠠᠯ ᠬᠠᠮᠤᠬ᠎ᠤᠨ ᠬᠡᠴᠡᠬᠦᠦ ᠦᠶ᠎ᠠ᠎ᠳᠤ ᠴᠤ᠌ ᠪᠢᠳᠡ ᠦᠢᠯᠡᠳᠪᠦᠷᠢᠯᠡᠯ᠎ᠢᠶᠠᠨ ᠵᠤᠬ᠍ᠰᠤᠭ᠍ᠰᠠᠨ ᠦᠬᠡᠢ᠃ ᠢᠯᠠᠩᠭᠤᠶ᠎ᠠ ᠲᠡᠬᠡᠳᠤ ᠲᠤᠤᠷᠠᠳᠤ ᠬᠡᠯᠬᠢᠶ᠎ᠠ᠎ᠶ᠋ᠢᠨ ᠠᠵᠦ᠍ ᠠᠬᠤᠢ᠍ᠢᠯᠠᠯ᠎ᠤᠳ ᠠᠵᠢᠯ ᠦᠢᠯᠡᠳᠪᠦᠷᠢᠯᠡᠯ᠎ᠢᠶᠠᠨ ᠪᠦᠬᠦ᠌ ᠲᠠᠯ᠎ᠠ᠎ᠪᠠᠷ ᠰᠡᠷᠬᠦᠭᠡᠭ᠌ᠰᠡᠨᠤ ᠲᠠᠷᠠᠭ᠎ᠠ᠂ ᠪᠦᠬᠦ᠋ᠢᠯᠡ ᠡᠮ ᠦᠢᠯᠡᠳᠬᠦ᠌ ᠠᠵᠦ᠍ ᠦᠢᠯᠡᠰ᠎ᠤᠨ ᠬᠡᠯᠬᠢᠶ᠎ᠠ ᠰᠠᠭᠠᠳ ᠦᠬᠡᠢ ᠨᠡᠪᠲᠡᠷᠡᠵᠦ᠍᠂ ᠮᠠᠨ᠎ᠤ ᠺᠤᠮᠫᠠᠨᠢ᠎ᠶ᠋ᠢᠨ ᠦᠢᠯᠡᠳᠪᠦᠷᠢᠯᠡᠯ᠎ᠤᠨ ᠴᠢᠳᠠᠪᠤᠷᠢ ᠬᠡᠳᠦ᠋ᠢᠨ ᠬᠡᠪ᠎ᠤᠨ ᠲᠦᠪᠱᠢᠨ᠎ᠳᠡᠭᠡᠨ ᠬᠦᠷᠦᠭ᠌ᠰᠡᠨ》 ᠬᠡᠵᠦ᠍ ᠦᠪᠦᠷ ᠮᠤᠩᠭᠤᠯ᠎ᠤᠨ ᠴᠠᠩ ᠱᠧᠩ ᠡᠮ ᠦᠢᠯᠡᠳᠬᠦ᠌ ᠺᠤᠮᠫᠠᠨᠢ᠎ᠶ᠋ᠢᠨ ᠬᠡᠷᠡᠭ ᠮᠡᠳᠡᠭ᠌ᠴᠢᠳ᠎ᠤᠨ ᠲᠠᠷᠤᠭ᠎ᠠ᠂ ᠶᠡᠷᠦᠩᠬᠡᠢ ᠲᠠᠭᠠᠭᠠᠮᠠᠯ ᠵᠠᠩ ᠬᠤᠩ ᠪᠢᠨ ᠬᠡᠯᠡᠪᠡ᠃ ᠲᠤᠰ ᠺᠤᠮᠫᠠᠨᠢ ᠦᠢᠯᠡᠳᠪᠦᠷᠢᠯᠡᠵᠦ᠍ ᠪᠠᠢᠭ᠎ᠠ ᠡᠮ᠎ᠤᠨ᠎ᠢᠶᠠᠨ 60% ᠶ᠋ᠢ ᠤᠯᠤᠰ᠎ᠤᠨ ᠲᠤᠳᠤᠭᠠᠳᠤ᠎ᠳᠠᠬᠢ ᠡᠮ᠎ᠤᠨ ᠠᠵᠦ᠍ ᠠᠬᠤᠢ᠍ᠢᠯᠠᠯᠨᠤᠭᠤᠳᠲᠤ ᠪᠤᠷᠤᠯᠠᠭᠤᠯᠵᠦ᠍ ᠪᠠᠢᠬᠤ᠎ᠠᠴᠠ ᠭᠠᠳᠠᠨ᠎ᠠ 40% ᠶ᠋ᠢ ᠠᠮᠧᠷᠢᠺᠠ᠂ ᠡᠨᠡᠳᠭᠡᠭ ᠵᠡᠷᠬᠡ ᠤᠯᠤᠰ᠎ᠤᠳ᠎ᠲᠤ ᠪᠤᠷᠤᠯᠠᠭᠤᠯᠵᠦ᠍ ᠪᠠᠢᠬᠤ ᠠᠵᠢ᠃
ᠬᠢᠵᠢᠭ᠎ᠤᠨ ᠪᠠᠢᠳᠠᠯ᠎ᠢ ᠰᠡᠷᠬᠡᠢᠯᠡᠨ ᠡᠵᠡᠮᠳᠡᠬᠦ᠌ ᠠᠵᠢᠯ᠎ᠢ ᠦᠷᠬᠦᠯᠵᠢᠯᠡᠨ ᠰᠠᠢᠳᠤᠷ ᠬᠢᠬᠦ᠌᠎ᠶ᠋ᠢᠨ ᠬᠠᠮᠳᠤ᠂ ᠮᠠᠨ᠎ᠤ ᠤᠷᠤᠨ ᠤᠷᠤᠨ ᠬᠤᠪᠢᠶᠠᠵᠦ᠍᠂ ᠲᠡᠰ ᠬᠤᠪᠢᠶᠠᠵᠦ᠍ ᠤᠨᠤᠴᠠᠳᠠᠢ ᠪᠤᠳᠤᠯᠭ᠎ᠠ ᠬᠡᠷᠡᠭ᠌ᠵᠢᠬᠦᠯᠦᠨ᠂ ᠲᠡᠬᠡᠳᠤ ᠲᠤᠤᠷᠠᠳᠤ ᠠᠵᠦ᠍ ᠦᠢᠯᠡᠰ᠎ᠤᠨ ᠬᠡᠯᠬᠢᠶ᠎ᠠ᠎ᠶ᠋ᠢᠨ ᠦᠢᠯᠡᠳᠪᠦᠷᠢᠯᠡᠯ ᠪᠤᠷᠤᠯᠠᠭᠤᠯᠭ᠎ᠠ᠎ᠶ᠋ᠢ ᠵᠤᠯᠭᠠᠯᠴᠠᠭᠤᠯᠬᠤ᠎ᠶ᠋ᠢ ᠴᠢᠩᠭᠠᠳᠭᠠᠵᠦ᠍᠂ ᠪᠦᠬᠦ᠌ ᠠᠵᠦ᠍ ᠦᠢᠯᠡᠰ᠎ᠤᠨ ᠬᠡᠯᠬᠢᠶ᠎ᠠ᠎ᠶ᠋ᠢᠨ ᠠᠵᠢᠯ ᠦᠢᠯᠡᠳᠪᠦᠷᠢᠯᠡᠯ᠎ᠢᠶᠠᠨ ᠲᠦᠷᠬᠡᠳᠭᠡᠨ ᠰᠡᠷᠬᠦᠬᠡᠬᠦ᠌᠎ᠶ᠋ᠢ ᠬᠦᠴᠦᠳᠡᠢ ᠠᠬᠢᠭᠤᠯᠬᠤ᠎ᠪᠠᠷ ᠲᠠᠮᠵᠢᠵᠦ᠍᠂ ᠪᠦᠬᠦ᠌ ᠤᠷᠤᠨ᠎ᠤ ᠲᠤᠮᠳᠠ ᠪᠠᠭ᠎ᠠ ᠠᠵᠤ ᠠᠬᠤᠢ᠍ᠢᠯᠠᠯ᠎ᠤᠳ ᠬᠤᠭᠤᠷᠤᠨᠳᠤ᠎ᠪᠠᠨ ᠲᠠᠬᠢᠨ ᠨᠡᠪᠲᠡᠷᠡᠯᠴᠡᠨ ᠵᠤᠯᠭᠠᠯᠴᠠᠵᠦ᠍᠂ ᠪᠦᠬᠦ᠌ ᠤᠷᠤᠨ᠎ᠤ ᠠᠵᠦ᠍ ᠠᠬᠤᠢ᠎ᠶ᠋ᠢᠨ ᠦᠳᠳᠡᠷ ᠲᠦᠷᠬᠡᠨ ᠰᠡᠷᠬᠦᠵᠦ᠍ ᠬᠦᠭ᠌ᠵᠢᠬᠦ᠌᠎ᠳᠤ ᠴᠢᠬᠤᠯᠠ ᠦᠢᠯᠡᠳᠦᠯ ᠦᠵᠡᠬᠦᠯᠵᠡᠢ᠃ ᠪᠦᠬᠦ᠌ ᠠᠵᠦ᠍ ᠦᠢᠯᠡᠰ᠎ᠤᠨ ᠬᠡᠯᠬᠢᠶ᠎ᠠ᠎ᠶ᠋ᠢᠨ ᠠᠵᠢᠯ ᠦᠢᠯᠡᠳᠪᠦᠷᠢᠯᠡᠯ᠎ᠢᠶᠠᠨ ᠰᠡᠷᠬᠦᠬᠡᠬᠦ᠌᠎ᠶ᠋ᠢ ᠠᠬᠢᠭᠤᠯᠬᠤ᠎ᠶ᠋ᠢᠨ ᠲᠦᠯᠦᠬᠡ᠂ ᠦᠪᠡᠷᠳᠡᠬᠡᠨ ᠵᠠᠰᠠᠬᠤ ᠤᠷᠤᠨ᠎ᠤ ᠬᠦᠭ᠌ᠵᠢᠬᠦᠯᠦᠯᠳᠡ ᠪᠡ ᠦᠬᠡᠷᠡᠴᠢᠯᠡᠯᠳᠡ᠎ᠶ᠋ᠢᠨ ᠵᠦᠪᠯᠡᠯ᠂ ᠠᠵᠦ᠍ ᠦᠢᠯᠡᠳᠪᠦᠷᠢ ᠪᠠ ᠮᠡᠳᠡᠭᠡ ᠵᠠᠩᠬᠢᠵᠢᠯᠳᠠ᠎ᠶ᠋ᠢᠨ ᠲᠢᠩᠬᠢᠮ᠂ ᠲᠠᠷᠢᠶᠠᠯᠠᠩ ᠮᠠᠯ ᠠᠵᠦ᠍ ᠠᠬᠤᠢ ᠪᠠ ᠲᠠᠷᠢᠶᠠᠯᠠᠬᠤ ᠮᠠᠯᠵᠢᠬᠤ ᠤᠷᠤᠨ᠎ᠤ ᠲᠢᠩᠬᠢᠮ᠂ ᠬᠤᠳᠠᠯᠳᠤᠭᠠᠨ᠎ᠤ ᠶᠠᠪᠤᠳᠠᠯ᠎ᠤᠨ ᠲᠢᠩᠬᠢᠮ ᠵᠡᠷᠬᠡ ᠰᠠᠯᠠᠭ᠎ᠠ ᠮᠦᠴᠢᠷ ᠬᠠᠮᠳᠤᠷᠠᠨ ᠠᠵᠦ᠍ ᠠᠬᠤᠢ᠍ᠢᠯᠠᠯ᠎ᠤᠨ ᠠᠵᠢᠯ ᠦᠢᠯᠡᠳᠪᠦᠷᠢᠯᠡᠯ᠎ᠢᠶᠠᠨ ᠰᠡᠷᠬᠦᠬᠡᠬᠦ᠌ ᠪᠠ ᠵᠤᠯᠭᠠᠯᠴᠠᠬᠤ᠎ᠶ᠋ᠢ ᠶᠡᠷᠦᠩᠬᠡᠢᠯᠡᠨ ᠵᠤᠬᠢᠴᠠᠭᠤᠯᠵᠦ᠍᠂ ᠬᠠᠮᠢᠶ᠎ᠠ ᠪᠦᠬᠦᠢ ᠢᠵᠢ ᠪᠦᠷᠢᠳᠦᠭ᠌ᠰᠡᠨ ᠲᠦᠷᠦ᠎ᠶ᠋ᠢᠨ ᠪᠤᠳᠤᠯᠭ᠎ᠠ ᠪᠠ ᠠᠷᠭ᠎ᠠ ᠬᠡᠮᠵᠢᠶ᠎ᠠ᠎ᠨᠦᠭᠦᠳ᠎ᠢ ᠬᠠᠮᠳᠤ᠎ᠪᠠᠷ ᠰᠤᠳᠤᠯᠤᠨ ᠲᠤᠬ᠍ᠳᠠᠭᠠᠵᠦ᠍ ᠬᠡᠷᠡᠭ᠌ᠵᠢᠬᠦᠯᠤᠨ᠂ ᠠᠵᠢᠯ ᠦᠢᠯᠡᠳᠪᠦᠷᠢᠯᠡᠯ᠎ᠢᠶᠠᠨ ᠴᠢᠨᠠᠷ ᠰᠠᠢᠳᠠᠢ ᠰᠡᠷᠬᠦᠬᠡᠬᠦ᠌᠎ᠶ᠋ᠢ ᠪᠦᠲᠦᠮᠵᠢᠳᠡᠢ ᠠᠬᠢᠭᠤᠯᠤᠬ᠍ᠰᠠᠨ ᠠᠵᠢ᠃
ᠮᠠᠨ᠎ᠤ ᠤᠷᠤᠨ ᠪᠠᠰᠠ ᠭᠤᠤᠯᠳᠠᠯᠭ᠎ᠠ᠎ᠲᠠᠢ ᠠᠵᠢᠯ ᠲᠦᠷᠦᠯ᠎ᠢ ᠤᠷᠢᠳ᠎ᠢᠶᠠᠷ ᠲᠡᠳᠬᠦᠨ ᠲᠡᠮᠵᠢᠵᠦ᠍᠂ ᠠᠵᠦ᠍ ᠦᠢᠯᠡᠰ᠎ᠤᠨ ᠬᠡᠯᠬᠢᠶ᠎ᠠ ᠤᠷᠳᠤ᠂ ᠲᠠᠢᠴᠢᠯᠠᠬᠤ ᠴᠢᠳᠠᠪᠤᠷᠢ ᠴᠢᠩᠭ᠎ᠠ ᠠᠵᠦ᠍ ᠠᠬᠤᠢ᠍ᠢᠯᠠᠯ᠎ᠢ ᠤᠷᠢᠳ᠎ᠢᠶᠠᠷ ᠠᠵᠢᠯ ᠦᠢᠯᠡᠳᠪᠦᠷᠢᠯᠡᠯ᠎ᠢ᠎ᠨᠢ ᠡᠬᠢᠯᠡᠬᠦᠯᠬᠦ᠌᠎ᠶ᠋ᠢᠨ ᠤᠯᠠᠮ᠎ᠢᠶᠠᠷ ᠲᠤᠮᠳᠠ ᠪᠠᠭ᠎ᠠ ᠠᠵᠦ᠍ ᠠᠬᠤᠢ᠍ᠢᠯᠠᠯ᠎ᠤᠨ 《ᠰᠤᠳᠠᠰᠤ》 ᠶ᠋ᠢ ᠨᠡᠪᠲᠡᠷᠡᠬᠦᠯᠵᠦ᠍᠂ ᠪᠦᠬᠦ᠋ᠢᠯᠡ ᠠᠵᠦ᠍ ᠦᠢᠯᠡᠰ᠎ᠤᠨ ᠬᠡᠯᠬᠢᠶ᠎ᠠ᠎ᠶ᠋ᠢᠨ ᠬᠤᠭᠤᠷᠤᠨᠳᠤ᠎ᠪᠠᠨ ᠰᠠᠭᠠᠳ ᠦᠬᠡᠢ ᠨᠡᠪᠲᠡᠷᠡᠬᠦ᠌᠎ᠶ᠋ᠢ ᠬᠦᠴᠦᠳᠡᠢ ᠠᠬᠢᠭᠤᠯᠤᠬ᠍ᠰᠠᠨ ᠪᠠᠢᠨ᠎ᠠ᠃ ᠤᠨᠴᠠᠭᠠᠢᠯᠠᠨ᠂ ᠤᠯᠤᠰ᠎ᠤᠨ ᠡᠨᠧᠷᠬᠢ᠎ᠶ᠋ᠢᠨ ᠴᠢᠬᠤᠯᠠ ᠰᠠᠭᠤᠷᠢᠨ ᠪᠤᠯᠤᠬ᠍ᠰᠠᠨ᠎ᠤ ᠬᠤᠪᠢ᠎ᠳᠤ᠂ ᠮᠠᠨ᠎ᠤ ᠤᠷᠤᠨ ᠨᠡᠬᠦᠷᠡᠰᠤᠨ ᠠᠭᠤᠷᠬᠠᠢ᠂ ᠬᠢᠮᠢ᠎ᠶ᠋ᠢᠨ ᠠᠵᠦ᠍ ᠦᠢᠯᠡᠳᠪᠦᠷᠢ ᠵᠡᠷᠬᠡ ᠠᠵᠦ᠍ ᠠᠬᠤᠢ᠍ᠢᠯᠠᠯ᠎ᠤᠨ ᠠᠵᠢᠯ ᠦᠢᠯᠡᠳᠪᠦᠷᠢᠯᠡᠯ᠎ᠢᠶᠠᠨ ᠰᠡᠷᠬᠦᠬᠡᠬᠦ᠌᠎ᠶ᠋ᠢ ᠢᠳᠡᠪᠬᠢᠳᠡᠢ ᠠᠬᠢᠭᠤᠯᠵᠦ᠍᠂ ᠲᠡᠬᠡᠳᠤ ᠲᠤᠤᠷᠠᠳᠤ ᠠᠵᠦ᠍ ᠦᠢᠯᠡᠰ᠎ᠤᠨ ᠬᠡᠯᠬᠢᠶ᠎ᠠ ᠵᠢᠴᠢ ᠠᠵᠦ᠍ ᠠᠬᠤᠢ᠍ᠢᠯᠠᠯ᠎ᠤᠨ ᠡᠨᠧᠷᠬᠢ᠎ᠶ᠋ᠢᠨ ᠬᠡᠷᠡᠭ᠌ᠴᠡᠭᠡ ᠱᠠᠭᠠᠷᠳᠠᠯᠭ᠎ᠠ᠎ᠶ᠋ᠢ ᠪᠦᠬᠦ᠌ ᠬᠦᠴᠦᠨ᠎ᠢᠶᠠᠷ᠎ᠢᠶᠠᠨ ᠪᠠᠳᠤᠯᠠᠬ᠍ᠰᠠᠨ ᠠᠵᠢ᠃
ᠲᠦᠷᠦᠬᠦᠦ 8 ᠰᠠᠷ᠎ᠠ᠎ᠳᠤ᠂ ᠪᠦᠬᠦ᠌ ᠤᠷᠤᠨ᠎ᠤ ᠬᠡᠪᠴᠢᠶᠡᠵᠢᠯ᠎ᠠᠴᠠ ᠲᠡᠭᠡᠭ᠌ᠰᠢᠬᠢ ᠠᠵᠦ᠍ ᠦᠢᠯᠡᠳᠪᠦᠷᠢ᠎ᠶ᠋ᠢᠨ ᠦᠢᠯᠡᠳᠪᠦᠷᠢᠯᠡᠯ ᠪᠤᠷᠤᠯᠠᠭᠤᠯᠤᠯᠳᠠ᠎ᠶ᠋ᠢᠨ ᠨᠤᠷᠮ᠎ᠠ 99.8% ᠳᠤ ᠬᠦᠷᠴᠤ᠌᠂ ᠨᠢᠳᠤᠨᠤᠨ᠎ᠤ ᠠᠳᠠᠯᠢ ᠬᠤᠭᠤᠴᠠᠭ᠎ᠠ᠎ᠶ᠋ᠢᠨ᠎ᠬᠢ᠎ᠠᠴᠠ ᠵᠠᠭᠤᠨ᠎ᠤ ᠬᠠᠷᠢᠴᠠᠯ᠎ᠢᠶᠠᠷ 0.9 ᠬᠤᠪᠢ ᠲᠡᠭᠡᠭ᠌ᠰᠢᠯᠡᠵᠦ᠍᠂ ᠡᠬᠦᠨ᠎ᠳᠤ᠂ ᠬᠠᠷ᠎ᠠ ᠦᠩᠬᠡᠳᠤ ᠲᠡᠮᠦᠷᠯᠢᠭ ᠪᠠ ᠦᠩᠬᠡᠳᠤ ᠲᠡᠮᠦᠷᠯᠢᠭ᠎ᠤᠨ ᠠᠵᠦ᠍ ᠦᠢᠯᠡᠰ᠎ᠤᠨ ᠦᠢᠯᠡᠳᠪᠦᠷᠢᠯᠡᠯ ᠪᠤᠷᠤᠯᠠᠭᠤᠯᠤᠯᠳᠠ᠎ᠶ᠋ᠢᠨ ᠨᠤᠷᠮ᠎ᠠ ᠲᠤᠰ ᠲᠤᠰ ᠨᠢᠳᠤᠨᠤᠨ᠎ᠤ ᠠᠳᠠᠯᠢ ᠬᠤᠭᠤᠴᠠᠭ᠎ᠠ᠎ᠶ᠋ᠢᠨ᠎ᠬᠢ᠎ᠠᠴᠠ 5.6 ᠪᠠ 5.1 ᠬᠤᠪᠢ ᠲᠡᠭᠡᠭ᠌ᠰᠢᠯᠡᠵᠡᠢ᠃
ᠲᠦᠪᠯᠡᠷᠡᠬᠦᠯᠦᠨ ᠬᠦᠭ᠌ᠵᠢᠬᠦᠯᠵᠦ᠍ ᠴᠢᠨᠠᠷ ᠰᠠᠢᠳᠠᠢ ᠬᠦᠭ᠌ᠵᠢᠯᠳᠡ᠎ᠶ᠋ᠢ ᠠᠬᠢᠭᠤᠯᠤᠯ᠎ᠠ
ᠠᠵᠦ᠍ ᠦᠢᠯᠡᠳᠪᠦᠷᠢ ᠬᠦᠭ᠌ᠵᠢᠮᠡᠨᠵᠢᠨ ᠠᠵᠤ ᠠᠬᠤᠢ ᠬᠦᠭ᠌ᠵᠢᠳᠡᠭ᠃
ᠠᠵᠦ᠍ ᠦᠢᠯᠡᠳᠪᠦᠷᠢ᠎ᠶ᠋ᠢᠨ ᠬᠦᠷᠢᠶᠡᠯᠡᠩ ᠲᠤᠭᠤᠷᠢᠬ ᠪᠤᠯ ᠠᠵᠦ᠍ ᠦᠢᠯᠡᠳᠪᠦᠷᠢᠵᠢᠯᠳᠡ᠎ᠶ᠋ᠢ ᠠᠬᠢᠭᠤᠯᠬᠤ ᠴᠢᠬᠤᠯᠠ ᠲᠠᠪᠴᠠᠩ ᠶᠤᠮ᠃ ᠠᠵᠦ᠍ ᠦᠢᠯᠡᠳᠪᠦᠷᠢ᠎ᠶ᠋ᠢᠨ ᠬᠦᠷᠢᠶᠡᠯᠡᠩ ᠲᠤᠭᠤᠷᠢᠬ ᠪᠤᠯ ᠮᠦᠨ ᠴᠤ᠌ ᠮᠠᠨ᠎ᠤ ᠤᠷᠤᠨ᠎ᠤ ᠠᠵᠦ᠍ ᠠᠬᠤᠢ᠎ᠶ᠋ᠢᠨ ᠪᠦᠲᠦᠬᠡᠨ ᠪᠠᠢᠭᠤᠯᠤᠯᠳᠠ᠎ᠶ᠋ᠢᠨ ᠭᠤᠤᠯ 《ᠲᠠᠢᠯᠠᠯᠳᠤᠭᠠᠨ》 ᠤ ᠲᠠᠯᠠᠪᠤᠷ ᠪᠠ ᠠᠵᠦ᠍ ᠦᠢᠯᠡᠰ᠎ᠢ ᠲᠦᠪᠯᠡᠷᠡᠬᠦᠯᠦᠨ ᠬᠦᠭ᠌ᠵᠢᠬᠦᠯᠬᠦ᠌ ᠭᠤᠤᠯ ᠠᠴᠢᠶᠠᠯᠠᠬ᠍ᠴᠢ ᠪᠤᠯᠬᠤ ᠶᠤᠮ᠃
ᠵᠡᠬᠦᠨᠭᠠᠷ ᠬᠤᠱᠢᠭᠤᠨ᠎ᠤ ᠳ᠋ᠠ ᠯᠦ᠍ ᠠᠵᠦ᠍ ᠦᠢᠯᠡᠳᠪᠦᠷᠢ᠎ᠶ᠋ᠢᠨ ᠬᠦᠷᠢᠶᠡᠯᠡᠩ ᠲᠤᠭᠤᠷᠢᠬ᠎ᠲᠤ ᠪᠠᠢᠷᠢᠯᠠᠵᠦ᠍ ᠪᠠᠢᠭ᠎ᠠ ᠦᠪᠦᠷ ᠮᠤᠩᠭᠤᠯ᠎ᠤᠨ ᠶᠤᠤ ᠶᠤᠧᠠᠨ ᠮᠠᠲ᠋ᠧᠷᠢᠶᠠᠯ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠬᠡᠵᠢᠯ᠎ᠤᠨ ᠬᠢᠵᠠᠭᠠᠷᠳᠤ ᠺᠤᠮᠫᠠᠨᠢ᠎ᠶ᠋ᠢᠨ ᠵᠢᠯ᠎ᠳᠤ 5 ᠲᠦᠮᠡᠨ ᠲᠤᠨ ᠭᠤᠮ ᠪᠠ ᠴᠠᠪᠠᠤ᠎ᠶ᠋ᠢᠨ ᠲᠤᠰᠠᠯᠠᠬᠤ ᠡᠳ᠋ ᠦᠢᠯᠡᠳᠪᠦᠷᠢᠯᠡᠬᠦ᠌ ᠲᠦᠷᠦᠯ ᠵᠦᠢᠯ᠎ᠤᠨ ᠦᠢᠯᠡᠳᠪᠦᠷᠢᠯᠡᠯ᠎ᠤᠨ ᠲᠠᠰᠤᠬ᠎ᠲᠤ ᠬᠦᠷᠪᠡᠯ᠂ ᠮᠠᠱᠢᠨ ᠬᠦᠮᠦᠨ ᠦᠢᠯᠡᠳᠪᠦᠷᠢᠯᠡᠵᠦ᠍ ᠭᠠᠷᠤᠬ᠍ᠰᠠᠨ ᠴᠠᠭᠠᠨ ᠦᠩᠬᠡᠳᠤ ᠮᠦᠬᠦᠯᠢᠭ ᠦᠢᠯᠡᠳᠬᠦᠨᠤᠳᠢ ᠪᠤᠭᠤᠳᠠᠯᠯᠠᠨ ᠤᠭᠤᠳᠠᠯᠯᠠᠵᠦ᠍ ᠪᠠᠢᠬᠤ᠎ᠶ᠋ᠢ ᠤᠯᠵᠦ᠍ ᠬᠠᠷᠠᠨ᠎ᠠ᠃
《ᠮᠠᠨᠤᠰ᠎ᠤᠨ ᠲᠦᠬᠦᠬᠡᠢ ᠮᠠᠲ᠋ᠧᠷᠢᠶᠠᠯ ᠶᠤᠧᠠᠨ ᠵᠶ᠋ᠢ ᠬᠢᠮᠢ᠎ᠶ᠋ᠢᠨ ᠠᠵᠦ᠍ ᠦᠢᠯᠡᠳᠪᠦᠷᠢ᠎ᠶ᠋ᠢᠨ ᠺᠤᠮᠫᠠᠨᠢ᠎ᠠᠴᠠ ᠢᠷᠡᠯᠳᠡ᠎ᠲᠠᠢ᠂ ᠲᠡᠳᠡᠨᠦᠰ᠎ᠤᠨ ᠦᠢᠯᠡᠳᠬᠦᠨ᠎ᠢ ᠪᠤᠯ ᠢ᠎ᠲᠠᠢ ᠺᠤᠮᠫᠠᠨᠢ᠎ᠶ᠋ᠢᠨ ᠨᠡᠬᠦᠷᠡᠰᠤ᠎ᠪᠠᠷ ᠴᠢᠯᠠᠭᠤᠨ ᠲᠤᠰᠤ ᠦᠢᠯᠡᠳᠬᠦ᠌ ᠲᠦᠷᠦᠯ ᠵᠦᠢᠯ᠎ᠠᠴᠠ ᠦᠢᠯᠡᠳᠪᠦᠷᠢᠯᠡᠳᠡᠭ᠃ ᠬᠡᠬᠦ᠌᠎ᠳᠡᠭᠡᠨ ᠬᠠᠮᠢᠶ᠎ᠠ ᠪᠦᠬᠦᠢ ᠮᠡᠷᠬᠡᠵᠢᠯ᠎ᠢ ᠪᠤᠯ ᠪᠦᠷ ᠡᠯ᠎ᠠ ᠠᠵᠦ᠍ ᠠᠬᠤᠢ᠍ᠢᠯᠠᠯ ᠪᠡᠶ᠎ᠠ᠎ᠪᠠᠨ ᠲᠠᠭᠠᠭᠠᠵᠤ ᠰᠤᠳᠤᠯᠤᠨ ᠨᠡᠬᠡᠭᠡᠵᠦ᠍᠂ ᠪᠦᠷ ᠲᠤᠰᠭᠠᠢ ᠠᠱᠢᠬ᠎ᠤᠨ ᠡᠷᠬᠡ᠎ᠲᠠᠢ ᠱᠢᠤ》 ᠬᠡᠵᠦ᠍ ᠲᠤᠰ ᠲᠦᠷᠦᠯ ᠵᠦᠢᠯ᠎ᠤᠨ ᠬᠠᠷᠢᠭᠤᠴᠠᠯᠭᠠᠳᠠᠨ ᠯᠢ ᠬᠤᠩ ᠸᠧᠢ ᠬᠡᠯᠡᠪᠡ᠃
2005 ᠤᠨ᠎ᠠᠴᠠ ᠲᠦᠯᠦᠪᠵᠢᠬᠦᠯᠵᠦ᠍ ᠪᠦᠲᠦᠬᠡᠨ ᠪᠠᠢᠭᠤᠯᠤᠬ᠍ᠰᠠᠨ ᠳ᠋ᠠ ᠯᠦ᠍ ᠠᠵᠦ᠍ ᠦᠢᠯᠡᠳᠪᠦᠷᠢ᠎ᠶ᠋ᠢᠨ ᠬᠦᠷᠢᠶᠡᠯᠡᠩ ᠲᠤᠭᠤᠷᠢᠬ 《ᠲᠡᠷᠢᠬᠦᠨ᠎ᠤ ᠮᠡᠷᠬᠡᠵᠢᠯ ᠪᠠ ᠪᠤᠬᠢᠷᠳᠤᠯ ᠦᠬᠡᠢ ᠤᠷ᠎ᠠ ᠮᠡᠷᠬᠡᠱᠢᠯᠢ ᠬᠡᠷᠡᠭ᠌ᠯᠡᠨ᠂ ᠡᠬᠢ ᠪᠠᠶᠠᠯᠢᠬ᠎ᠢ ᠠᠱᠢᠬ᠍ᠯᠠᠬᠤ ᠨᠤᠷᠮ᠎ᠠ᠎ᠶ᠋ᠢ ᠲᠡᠭᠡᠭ᠌ᠰᠢᠯᠡᠬᠦᠯᠬᠦ᠌》 《ᠲᠤᠮᠤ ᠠᠵᠦ᠍ ᠠᠬᠤᠢ᠍ᠢᠯᠠᠯ ᠳ᠋ᠤ ᠲᠦᠱᠢᠭ᠌ᠯᠡᠨ᠂ ᠨᠢᠬᠡ ᠴᠤᠬ᠍ᠴᠠᠵᠢᠭᠤᠯᠬᠤ᠂ ᠬᠡᠪᠴᠢᠶᠡᠵᠢᠬᠦᠯᠬᠦ᠂ ᠲᠡᠰ ᠲᠡᠪᠱᠢᠬᠦᠯᠬᠦ᠌᠎ᠶ᠋ᠢ ᠴᠢᠬᠤᠯᠠᠴᠢᠯᠠᠬᠤ》 ᠵᠡᠷᠬᠡ ᠪᠠᠢᠯᠳᠤᠬᠤ ᠪᠤᠳᠤᠯᠭ᠎ᠠ᠎ᠶ᠋ᠢ ᠲᠤᠭ᠍ᠳᠠᠭᠠᠨ ᠬᠡᠷᠡᠭ᠌ᠵᠢᠬᠦᠯᠵᠦ᠍᠂ ᠡᠷᠬᠢᠯᠳᠡᠳᠤ ᠠᠵᠦ᠍ ᠠᠬᠤᠢ᠎ᠶ᠋ᠢ ᠬᠦᠭ᠌ᠵᠢᠬᠦᠯᠦᠬᠡᠳ ᠢᠯᠡᠷᠬᠡᠢ ᠦᠷ᠎ᠠ ᠠᠱᠢᠬ ᠤᠯᠵᠦ᠍ ᠪᠠᠢᠭ᠎ᠠ᠎ᠶ᠋ᠢ ᠡᠨᠡ ᠵᠢᠱ᠌ᠢᠶ᠎ᠠ᠎ᠠᠴᠠ ᠦᠵᠡᠵᠦ᠍ ᠭᠠᠷᠴᠤ᠌ ᠪᠤᠯᠤᠨ᠎ᠠ᠃
ᠡᠷᠬᠢᠯᠳᠡᠳᠤ ᠠᠵᠦ᠍ ᠠᠬᠤᠢ᠎ᠶ᠋ᠢ ᠬᠦᠭ᠌ᠵᠢᠬᠦᠯᠬᠦ᠌ ᠪᠤᠯ ᠠᠵᠦ᠍ ᠦᠢᠯᠡᠰ᠎ᠤᠨ ᠲᠡᠰ ᠲᠡᠪᠱᠢᠯᠳᠠᠶ᠋ᠢ ᠠᠬᠢᠭᠤᠯᠬᠤ᠂ ᠠᠵᠦ᠍ ᠠᠬᠤᠢ᠎ᠶ᠋ᠢᠨ ᠬᠦᠭ᠌ᠵᠢᠯᠳᠡ᠎ᠶ᠋ᠢᠨ ᠠᠷᠭ᠎ᠠ ᠬᠡᠯᠪᠡᠷᠢ᠎ᠶ᠋ᠢ ᠬᠤᠪᠢᠷᠠᠭᠤᠯᠬᠤ᠂ ᠱᠢᠨ᠎ᠠ ᠬᠠᠭᠤᠴᠢᠨ ᠬᠦᠳᠡᠯᠬᠡᠬᠦ᠌ ᠬᠦᠴᠦᠨ᠎ᠤ ᠰᠤᠯᠢᠬ᠍ᠳᠠᠯᠢ ᠪᠡᠶᠡᠯᠡᠬᠦᠯᠬᠦ᠂ ᠴᠢᠨᠠᠷ ᠰᠠᠢᠳᠠᠢ ᠬᠦᠭ᠌ᠵᠢᠬᠦᠯᠬᠦ᠌ ᠴᠢᠬᠤᠯᠠ ᠬᠦᠳᠡᠯᠬᠡᠬᠦ᠌ ᠬᠦᠴᠦᠨ ᠪᠤᠯᠬᠤ᠎ᠪᠠᠷ ᠪᠠᠷᠠᠬᠤ ᠦᠬᠡᠢ᠂ ᠪᠠᠰᠠ ᠴᠤ᠌ ᠡᠨᠧᠷᠬᠢ ᠠᠷᠪᠢᠯᠠᠬᠤ ᠪᠤᠬᠢᠷᠳᠤᠯ᠎ᠢ ᠪᠠᠭᠠᠰᠭᠠᠬᠤ ᠴᠢᠬᠤᠯᠠ ᠠᠷᠭ᠎ᠠ ᠬᠡᠮᠵᠢᠶ᠎ᠠ ᠪᠢᠯᠡ᠃
ᠡᠨᠡ ᠵᠢᠯ᠎ᠠᠴᠠ ᠨᠠᠭᠠᠰᠢ᠂ ᠮᠠᠨ᠎ᠤ ᠤᠷᠤᠨ ᠠᠵᠦ᠍ ᠦᠢᠯᠡᠳᠪᠦᠷᠢ᠎ᠶ᠋ᠢᠨ ᠬᠦᠷᠢᠶᠡᠯᠡᠩ ᠲᠤᠭᠤᠷᠢᠬ᠎ᠤᠨ ᠴᠢᠨᠠᠷ ᠰᠠᠢᠳᠠᠢ ᠬᠦᠭ᠌ᠵᠢᠯᠳᠡ᠎ᠶ᠋ᠢ ᠴᠢᠨᠠᠬ᠍ᠰᠢᠳᠠ ᠠᠬᠢᠭᠤᠯᠬᠤ᠎ᠪᠠᠷ 《ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠷᠠᠳ᠎ᠤᠨ ᠵᠠᠰᠠᠬ᠎ᠤᠨ ᠤᠷᠳᠤᠨ᠎ᠤ ᠠᠵᠦ᠍ ᠦᠢᠯᠡᠳᠪᠦᠷᠢ᠎ᠶ᠋ᠢᠨ ᠬᠦᠷᠢᠶᠡᠯᠡᠩ ᠲᠤᠭᠤᠷᠢᠬ᠎ᠤᠨ ᠴᠢᠨᠠᠷ ᠰᠠᠢᠳᠠᠢ ᠬᠦᠭ᠌ᠵᠢᠯᠳᠡ᠎ᠶ᠋ᠢ ᠠᠬᠢᠭᠤᠯᠬᠤ ᠲᠤᠬᠠᠢ ᠰᠠᠨᠠᠯ᠎ᠤᠳ》 ᠢ ᠲᠠᠷᠤᠮᠠᠯᠯᠠᠨ ᠲᠠᠷᠬᠠᠭᠠᠵᠤ᠂ ᠠᠵᠦ᠍ ᠦᠢᠯᠡᠳᠪᠦᠷᠢ᠎ᠶ᠋ᠢᠨ ᠬᠦᠷᠢᠶᠡᠯᠡᠩ ᠲᠤᠭᠤᠷᠢᠬ᠎ᠢ ᠲᠤᠬᠢᠷᠠᠭᠤᠯᠤᠨ ᠨᠡᠢᠳᠭᠡᠬᠦ᠌᠎ᠶ᠋ᠢ ᠲᠦᠷᠬᠡᠳᠭᠡᠵᠦ᠍᠂ ᠠᠵᠦ᠍ ᠦᠢᠯᠡᠰ᠎ᠤᠨ ᠬᠡᠯᠪᠡᠷᠢ᠎ᠶ᠋ᠢ ᠬᠤᠪᠢᠷᠠᠭᠤᠯᠤᠨ ᠲᠡᠰ ᠲᠡᠪᠱᠢᠬᠦᠯᠬᠦ᠌᠎ᠶ᠋ᠢ ᠠᠬᠢᠭᠤᠯᠵᠦ᠍᠂ ᠱᠢᠨ᠎ᠠ᠎ᠶ᠋ᠢ ᠡᠬᠦᠳᠤᠨ ᠬᠦᠭ᠌ᠵᠢᠬᠦ᠌ ᠴᠢᠳᠠᠪᠤᠷᠢ᠎ᠶ᠋ᠢ ᠲᠡᠭᠡᠭ᠌ᠰᠢᠯᠡᠬᠦᠯᠵᠦ᠍᠂ ᠲᠠᠭᠠᠭᠠᠯᠳᠠ᠎ᠶ᠋ᠢᠨ ᠴᠢᠳᠠᠪᠤᠷᠢ᠎ᠶ᠋ᠢ ᠴᠢᠩᠭᠠᠳᠭᠠᠬ᠍ᠰᠠᠨ ᠪᠠᠢᠨ᠎ᠠ᠃ ᠪᠦᠷᠢᠳᠭᠡᠯ᠎ᠢᠶᠠᠷ᠂ ᠨᠢᠳᠤᠨᠤᠨ᠎ᠤ ᠵᠢᠯ᠎ᠤᠨ ᠡᠴᠦᠰ ᠪᠤᠯᠳᠠᠯ᠎ᠠ᠂ ᠮᠠᠨ᠎ᠤ ᠤᠷᠤᠨ᠎ᠤ ᠠᠵᠦ᠍ ᠦᠢᠯᠡᠳᠪᠦᠷᠢ᠎ᠶ᠋ᠢᠨ ᠬᠦᠷᠢᠶᠡᠯᠡᠩ ᠲᠤᠭᠤᠷᠢᠬ 112 ᠪᠤᠯᠵᠦ᠍᠂ ᠠᠵᠦ᠍ ᠦᠢᠯᠡᠳᠪᠦᠷᠢ᠎ᠶ᠋ᠢᠨ ᠬᠦᠷᠢᠶᠡᠯᠡᠩ ᠲᠤᠭᠤᠷᠢᠬ᠎ᠤᠨ ᠦᠢᠯᠡᠳᠬᠦᠨ᠎ᠤ ᠦᠷᠳᠡᠭ ᠪᠦᠬᠦ᠌ ᠤᠷᠤᠨ᠎ᠤ ᠠᠵᠦ᠍ ᠦᠢᠯᠡᠳᠪᠦᠷᠢ᠎ᠶ᠋ᠢᠨ ᠶᠡᠷᠦᠩᠬᠡᠢ ᠦᠢᠯᠡᠳᠬᠦᠨ᠎ᠤ ᠦᠷᠳᠡᠭ᠎ᠤᠨ 88% ᠭᠠᠷᠤᠢ᠎ᠶ᠋ᠢ ᠡᠵᠡᠯᠡᠵᠤ᠂ ᠠᠵᠦ᠍ ᠦᠢᠯᠡᠳᠪᠦᠷᠢ᠎ᠶ᠋ᠢᠨ ᠬᠦᠷᠢᠶᠡᠯᠡᠩ ᠲᠤᠭᠤᠷᠢᠬ ᠨᠢᠬᠡᠨᠳᠡ ᠮᠠᠨ᠎ᠤ ᠤᠷᠤᠨ᠎ᠤ ᠠᠵᠤ ᠠᠬᠤᠢ᠎ᠶ᠋ᠢᠨ ᠬᠦᠭ᠌ᠵᠢᠯᠳᠡ᠎ᠳᠤ ᠴᠢᠬᠤᠯᠠ ᠦᠢᠯᠡᠳᠦᠯ᠎ᠢᠶᠠᠨ ᠪᠠᠳᠠᠷᠠᠭᠤᠯᠬᠤ ᠪᠤᠯᠵᠠᠢ᠃
ᠠᠶᠤᠯ᠎ᠳᠤ ᠬᠢᠵᠢᠭ ᠠᠵᠦ᠍ ᠠᠬᠤᠢ᠎ᠳᠤ ᠬᠡᠴᠡᠬᠦᠦ ᠱᠢᠯᠭᠠᠯᠳᠠ ᠠᠪᠴᠢᠷᠠᠬ᠍ᠰᠠᠨ ᠴᠤ᠌᠂ ᠲᠠᠶᠠᠭᠠᠷ ᠤᠯᠠᠨ᠎ᠤ ᠬᠠᠮᠳᠤ᠎ᠶ᠋ᠢᠨ ᠴᠢᠷᠮᠠᠢᠯᠭ᠎ᠠ ᠲᠤᠤᠷ᠎ᠠ᠂ ᠮᠠᠨ᠎ᠤ ᠤᠷᠤᠨ᠎ᠤ ᠠᠵᠦ᠍ ᠦᠢᠯᠡᠰ᠎ᠤᠨ ᠬᠡᠯᠬᠢᠶ᠎ᠠ ᠦᠷᠬᠦᠯᠵᠢᠯᠡᠨ ᠲᠡᠭᠡᠭ᠌ᠰᠢᠯᠡᠵᠦ᠍ ᠴᠢᠨᠠᠷ ᠰᠠᠢᠳᠠᠢ ᠬᠦᠭ᠌ᠵᠢᠯᠳᠡ᠎ᠶ᠋ᠢᠨ ᠡᠷᠴᠢᠮ ᠤᠯᠠᠮ ᠴᠢᠩᠭᠠᠷᠠᠬ᠍ᠰᠠᠭᠠᠷ!