ᠣᠢᠷ᠎ᠠ᠎ᠳᠤ᠂ ᠲᠦᠩᠯᠢᠶᠣᠤ ᠬᠤᠲᠠ᠎ᠶ᠋ᠢᠨ ᠳᠡᠭᠡᠳᠦ ᠱᠢᠨ᠎ᠡ ᠮᠡᠷᠭᠡᠵᠢᠯ᠎ᠤᠨ ᠨᠡᠭᠡᠭᠡᠯᠲᠠ᠎ᠶ᠋ᠢᠨ ᠲᠣᠭᠤᠷᠢᠭ᠎ᠤᠨ ᠴᠢᠬᠤᠯᠠ ᠶᠡᠭᠡ ᠱᠢᠨ᠎ᠡ᠎ᠶ᠋ᠢ ᠡᠭᠦᠳᠬᠦ᠌ ᠠᠴᠢᠶᠠᠯᠠᠪᠤᠷᠢ᠎ᠶ᠋ᠢᠨ ᠪᠥᠲᠥᠭᠡᠨ ᠪᠠᠢᠭᠤᠯᠤᠯᠲᠠ᠂ ᠥᠪᠡᠷᠲᠡᠭᠡᠨ ᠵᠠᠰᠠᠬᠤ ᠣᠷᠣᠨ᠎ᠤ ᠡᠷᠳᠡᠨᠢ ᠱᠢᠰᠢ᠎ᠶ᠋ᠢᠨ ᠥᠷ᠎ᠡ᠎ᠶ᠋ᠢᠨ ᠦᠢᠯᠡᠰ᠎ᠤᠨ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌ ᠲᠥᠪ᠂ ᠥᠪᠡᠷᠲᠡᠭᠡᠨ ᠵᠠᠰᠠᠬᠤ ᠣᠷᠣᠨ᠎ᠤ ᠮᠢᠬᠠᠨ᠎ᠤ ᠦᠬᠡᠷ᠎ᠤᠨ ᠦᠷ᠎ᠡ᠎ᠶ᠋ᠢᠨ ᠦᠢᠯᠡᠰ᠎ᠤᠨ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌ ᠲᠥᠪ ᠵᠡᠷᠭᠡ ᠭᠤᠷᠪᠠᠨ ᠲᠥᠷᠥᠯ ᠵᠦᠢᠯ᠎ᠨᠢ ᠥᠪᠡᠷᠲᠡᠭᠡᠨ ᠵᠠᠰᠠᠬᠤ ᠣᠷᠣᠨ᠎ᠤ 2020 ᠣᠨ᠎ᠤ 《ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢᠶᠠᠷ ᠥᠪᠥᠷ ᠮᠣᠩᠭᠤᠯ᠎ᠢᠶᠠᠨ ᠮᠠᠨᠳᠤᠭᠤᠯᠬᠤ》 ᠠᠵᠢᠯᠯᠠᠭ᠎ᠠ᠎ᠶ᠋ᠢᠨ ᠭᠤᠤᠯᠳᠠᠯᠭ᠎ᠠ᠎ᠲᠠᠢ ᠲᠤᠰᠭᠠᠶ ᠲᠥᠷᠥᠯ ᠵᠥᠢᠯ᠎ᠤᠨ ᠪᠠᠯᠠ ᠮᠥᠩᠭᠦ᠎ᠶ᠋ᠢ 4000 ᠲᠦᠮᠡᠨ ᠲᠥᠭᠦᠷᠢᠭ ᠤᠯᠤᠬ᠍ᠰᠠᠨ ᠪᠠᠢᠨ᠎ᠠ᠃
《ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢᠶᠠᠷ ᠥᠪᠥᠷ ᠮᠣᠩᠭᠤᠯ᠎ᠢᠶᠠᠨ ᠮᠠᠨᠳᠤᠭᠤᠯᠬᠤ》 ᠠᠵᠢᠯᠯᠠᠭ᠎ᠠ᠎ᠶ᠋ᠢᠨ ᠭᠤᠤᠯᠳᠠᠯᠭ᠎ᠠ᠎ᠲᠠᠢ ᠲᠤᠰᠭᠠᠶ ᠲᠥᠷᠥᠯ ᠵᠦᠢᠯ᠎ᠨᠢ ᠥᠪᠡᠷᠲᠡᠭᠡᠨ ᠵᠠᠰᠠᠬᠤ ᠣᠷᠣᠨ ᠬᠢᠭᠡᠳ ᠠᠢᠮᠠᠭ ᠬᠤᠲᠠ ᠬᠠᠮᠲᠤᠷᠠᠨ ᠭᠤᠤᠯᠯᠠᠨ ᠤᠳᠤᠷᠢᠳᠭᠤ ᠠᠷᠭ᠎ᠠ ᠮᠠᠶᠢᠭ᠎ᠢ ᠠᠪᠴᠤ᠌᠂ ᠣᠷᠣᠨ᠎ᠤ ᠳᠣᠲᠣᠨ᠎ᠠ ᠭᠠᠳᠠᠨᠠᠬᠢ ᠳᠠᠪᠠᠭᠤᠯᠢᠭ ᠪᠥᠬᠦᠢ ᠡᠷᠳᠡᠮ ᠱᠢᠨᠵᠢᠯᠡᠭᠡᠨ᠎ᠤ ᠬᠦᠴᠦᠨ᠎ᠢ ᠲᠥᠪᠯᠡᠷᠡᠭᠦᠯᠵᠦ᠍᠂ ᠣᠷᠣᠨ ᠪᠦᠰᠡ᠎ᠶ᠋ᠢᠨ ᠱᠢᠨ᠎ᠡ᠎ᠶ᠋ᠢ ᠡᠭᠦᠳᠬᠦ᠌ ᠠᠴᠢᠶᠠᠯᠠᠪᠤᠷᠢ᠎ᠶ᠋ᠢᠨ ᠪᠥᠲᠥᠭᠡᠨ ᠪᠠᠢᠭᠤᠯᠤᠯᠲᠠ᠂ ᠴᠢᠬᠤᠯᠠ ᠶᠡᠭᠡ ᠱᠢᠨ᠎ᠡ᠎ᠶ᠋ᠢ ᠡᠭᠦᠳᠬᠦ᠌ ᠲᠠᠪᠴᠠᠩ᠎ᠤᠨ ᠪᠦᠲᠦᠭᠡᠨ ᠪᠠᠢᠭᠤᠯᠤᠯᠲᠠ ᠪᠣᠯᠤᠨ ᠭᠤᠤᠯᠳᠠᠯᠭ᠎ᠠ᠎ᠲᠠᠢ ᠲᠥᠷᠥᠯ ᠵᠦᠢᠯ᠎ᠤᠨ ᠪᠣᠭᠤᠮᠲᠠ ᠱᠢᠪᠲᠤᠯᠬᠤ ᠵᠡᠷᠭᠡ᠎ᠶ᠋ᠢ ᠭᠤᠤᠯᠳᠠᠯᠭ᠎ᠠ᠎ᠲᠠᠢ ᠳᠡᠮᠵᠢᠵᠤ᠂ ᠥᠪᠡᠷᠲᠡᠭᠡᠨ ᠵᠠᠰᠠᠬᠤ ᠣᠷᠣᠨ᠎ᠠᠴᠠ ᠠᠢᠮᠠᠭ ᠬᠤᠲᠠ᠎ᠶ᠋ᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌᠎ᠶ᠋ᠢ ᠳᠡᠮᠵᠢᠬᠦ᠌ ᠨᠢᠭᠡ ᠵᠦᠢᠯ᠎ᠤᠨ ᠰᠦᠪᠡᠭ᠌ᠴᠢᠯᠡᠯᠲᠡ ᠪᠠ ᠦᠶᠯᠡᠳᠦᠯᠭᠡ ᠪᠣᠯᠤᠨ᠎ᠠ᠃ ᠲᠦᠩᠯᠢᠶᠣᠤ ᠬᠤᠲᠠ᠎ᠶ᠋ᠢᠨ ᠳᠡᠭᠡᠳᠥ ᠱᠢᠨ᠎ᠡ ᠮᠡᠷᠭᠡᠵᠢᠯ᠎ᠤᠨ ᠨᠡᠭᠡᠭᠡᠯᠲᠠ᠎ᠶ᠋ᠢᠨ ᠲᠣᠭᠤᠷᠢᠭ᠎ᠤᠨ ᠴᠢᠬᠤᠯᠠ ᠶᠡᠭᠡ ᠱᠢᠨ᠎ᠡ᠎ᠶ᠋ᠢ ᠡᠭᠦᠳᠬᠦ᠌ ᠠᠴᠢᠶᠠᠯᠠᠪᠤᠷᠢ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠲᠥᠷᠥᠯ ᠵᠥᠢᠯ᠎ᠨᠢ ᠲᠤᠰ ᠬᠤᠲᠠ᠎ᠶ᠋ᠢᠨ ᠠᠵᠤ ᠠᠬᠤᠶ᠎ᠶ᠋ᠢᠨ ᠪᠦᠲᠦᠴᠡ᠎ᠶ᠋ᠢᠨ ᠲᠣᠬᠢᠷᠠᠭᠤᠯᠤᠯᠲᠠ᠂ ᠭᠤᠤᠯᠯᠠᠬᠤ ᠠᠵᠤ ᠦᠢᠯᠡᠰ᠎ᠢ ᠱᠢᠯᠢᠳᠡᠭ᠌ᠵᠢᠭᠦᠯᠦᠨ ᠳᠡᠰ ᠳᠡᠪᠱᠢᠭᠦᠯᠬᠦ᠂ ᠠᠵᠤ ᠦᠢᠯᠡᠰ᠎ᠤᠨ ᠳᠤᠮᠳᠠ ᠳᠡᠭᠡᠳᠦ ᠲᠠᠰ᠎ᠤᠨ ᠬᠥᠭ᠌ᠵᠢᠯᠲᠡ᠎ᠶ᠋ᠢ ᠲᠦᠷᠭᠡᠳᠭᠡᠬᠦ᠌᠎ᠳᠤ ᠬᠦᠴᠦᠷᠬᠡᠭ ᠶᠡᠭᠡ ᠬᠥᠳᠡᠯᠭᠡᠬᠦ᠌ ᠬᠦᠴᠦᠨ ᠨᠡᠮᠡᠷᠢᠯᠡᠵᠦ᠍᠂ ᠲᠥᠷᠥ᠎ᠶ᠋ᠢᠨ ᠪᠣᠳᠣᠯᠭ᠎ᠠ᠎ᠶ᠋ᠢᠨ ᠳᠠᠪᠠᠭᠤᠯᠢᠭ᠎ᠲᠤ ᠲᠦᠱᠢᠭ᠌ᠯᠡᠨ ᠣᠷᠣᠨ ᠪᠦᠰᠡ᠎ᠶ᠋ᠢᠨ ᠳᠠᠢᠴᠢᠯᠠᠬᠤ ᠴᠢᠨᠠᠷ᠎ᠢ ᠰᠠᠢᠲᠤᠷ ᠪᠠᠳᠠᠷᠠᠭᠤᠯᠥᠨ᠂ ᠲᠤᠰ ᠬᠤᠲᠠ ᠲᠡᠷᠡᠴᠢᠯᠡᠨ ᠥᠪᠥᠷ ᠮᠣᠩᠭᠤᠯ᠎ᠤᠨ ᠵᠡᠭᠦᠨ ᠬᠡᠰᠡᠭ᠎ᠤᠨ ᠭᠠᠵᠠᠷ ᠣᠷᠣᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌ ᠠᠵᠢᠯ᠎ᠳᠤ ᠬᠦᠴᠦᠨ ᠨᠡᠮᠡᠷᠢᠯᠡᠬᠦ᠌ ᠪᠤᠯᠤᠨ᠎ᠠ᠃
ᠥᠪᠡᠷᠲᠡᠭᠡᠨ ᠵᠠᠰᠠᠬᠤ ᠣᠷᠣᠨ᠎ᠤ ᠡᠷᠳᠡᠨᠢ ᠱᠢᠰᠢ᠎ᠶ᠋ᠢᠨ ᠦᠷ᠎ᠡ᠎ᠶ᠋ᠢᠨ ᠦᠢᠯᠡᠰ᠎ᠤᠨ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌ ᠲᠥᠪ ᠪᠠ ᠥᠪᠡᠷᠲᠡᠭᠡᠨ ᠵᠠᠰᠠᠬᠤ ᠣᠷᠣᠨ᠎ᠤ ᠮᠢᠬᠠᠨ᠎ᠤ ᠦᠬᠡᠷ᠎ᠤᠨ ᠦᠷ᠎ᠡ᠎ᠶ᠋ᠢᠨ ᠦᠢᠯᠡᠰ᠎ᠤᠨ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌ ᠲᠥᠪ᠎ᠤᠨ ᠲᠥᠷᠥᠯ ᠵᠥᠢᠯ᠎ᠨᠢ ᠲᠥᠩᠯᠢᠶᠤᠤ ᠬᠤᠲᠠ ᠳᠡᠷᠡᠴᠢᠯᠡᠨ ᠥᠪᠡᠷᠲᠡᠭᠡᠨ ᠵᠠᠰᠠᠬᠤ ᠣᠷᠣᠨ᠎ᠤ ᠡᠷᠳᠡᠮ ᠱᠢᠨᠵᠢᠯᠡᠭᠡᠨ᠎ᠤ ᠪᠣᠭᠤᠮᠲᠠ ᠱᠢᠪᠲᠤᠯᠬᠤ ᠬᠦᠴᠦᠨ᠎ᠢ ᠨᠡᠢᠳᠭᠡᠵᠤ᠂ ᠦᠷ᠎ᠡ᠎ᠶ᠋ᠢᠨ ᠡᠬᠢ ᠪᠠᠶᠠᠯᠢᠭ᠎ᠤᠨ ᠱᠢᠨ᠎ᠡ᠎ᠶ᠋ᠢ ᠡᠭᠦᠳᠬᠦ᠂ ᠴᠢᠬᠤᠯᠠ ᠶᠡᠭᠡ ᠡᠭᠦᠯᠳᠡᠷ᠎ᠢ ᠪᠤᠢᠵᠢᠭᠤᠯᠬᠤ᠂ ᠪᠦᠬᠦ᠌ ᠭᠧᠨ᠎ᠢ ᠳᠠᠬᠢᠨ ᠵᠣᠬᠢᠶᠠᠨ ᠪᠠᠢᠭᠤᠯᠵᠤ ᠪᠠᠢᠴᠠᠭᠠᠨ ᠬᠡᠮᠵᠢᠬᠦ᠌ ᠮᠡᠷᠭᠡᠵᠢᠯ᠂ ᠬᠦᠪᠦᠷᠡᠯ᠎ᠤᠨ ᠠᠮᠢᠳᠤ ᠪᠣᠳᠠᠰ᠎ᠤᠨ ᠢᠨᠵᠧᠨᠧᠷᠢᠩ᠎ᠤᠨ ᠢᠵᠢ ᠪᠦᠷᠢᠳᠦᠭᠦᠯᠬᠦ᠌ ᠮᠡᠷᠭᠡᠵᠢᠯ ᠵᠡᠷᠭᠡ ᠲᠠᠯ᠎ᠠ᠎ᠪᠠᠷ ᠴᠢᠬᠤᠯᠠ ᠶᠡᠭᠡ ᠱᠢᠪᠲᠤᠯᠤᠯᠲᠠ᠎ᠶ᠋ᠢ ᠪᠡᠶᠡᠯᠡᠭᠦᠯᠥᠨ᠂ ᠬᠤᠷᠴᠢᠨ ᠤᠯᠠᠭᠠᠨ ᠦᠬᠡᠷ ᠪᠠ ᠲᠦᠩᠯᠢᠶᠣᠤ᠎ᠶ᠋ᠢᠨ ᠱᠢᠷ᠎ᠠ ᠡᠷᠳᠡᠨᠢ ᠱᠢᠰᠢ᠎ᠶ᠋ᠢᠨ ᠠᠮᠢᠳᠤ ᠪᠣᠳᠠᠰ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠡᠨᠡ ᠬᠦ᠌ ᠬᠤᠶᠠᠷ ᠲᠥᠷᠥᠯ ᠲᠡᠮᠳᠡᠭ᠎ᠤᠨ ᠪᠦᠲᠦᠭᠡᠨ ᠪᠠᠢᠭᠤᠯᠤᠯᠲᠠ᠎ᠶ᠋ᠢ ᠤᠯᠠᠮ ᠨᠢᠭᠡ ᠠᠯᠬᠤᠮ ᠳᠡᠭᠡᠭ᠌ᠰᠢᠯᠡᠭᠦᠯᠬᠦ᠌ ᠪᠤᠯᠤᠨ᠎ᠠ᠃
ᠣᠲᠣ ᠪᠣᠯᠲᠠᠯ᠎ᠠ᠂ ᠲᠥᠩᠯᠢᠶᠤᠤ ᠬᠤᠲᠠ᠎ᠶ᠋ᠢᠨ ᠨᠡᠢᠲᠡ 57 ᠲᠥᠷᠥᠯ ᠵᠦᠢᠯ ᠥᠪᠡᠷᠲᠡᠭᠡᠨ ᠵᠠᠰᠠᠬᠤ ᠣᠷᠣᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠱᠠᠩᠨᠠᠯ᠎ᠤᠨ ᠨᠥᠬᠦᠪᠥᠷᠢ ᠮᠥᠩᠭᠦ᠎ᠶ᠋ᠢ 282.1 ᠲᠦᠮᠡᠨ ᠲᠥᠭᠦᠷᠢᠭ ᠭᠥᠷᠳᠡᠪᠡ; ᠥᠪᠡᠷᠲᠡᠭᠡᠨ ᠵᠠᠰᠠᠬᠤ ᠣᠷᠣᠨ᠎ᠤ ᠲᠠᠰ᠎ᠠᠴᠠ ᠳᠡᠭᠡᠭ᠌ᠰᠢᠬᠢ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠲᠥᠷᠥᠯ ᠵᠦᠢᠯ᠎ᠢ ᠨᠡᠢᠲᠡ 48 ᠬᠡᠷᠡᠭ᠌ᠵᠢᠭᠦᠯᠵᠤ᠂ 8593.3 ᠲᠦᠮᠡᠨ ᠲᠥᠭᠦᠷᠢᠭ᠎ᠤᠨ ᠪᠠᠯᠠ ᠮᠥᠩᠭᠦ᠎ᠶ᠋ᠢ ᠴᠢᠷᠮᠠᠢᠨ ᠤᠯᠵᠠᠢ᠃