《ᠮᠠᠩᠬᠠᠨ ᠠᠶᠠᠯᠭᠤ》 ᠺᠢᠨᠣ᠋᠎ᠶ᠋ᠢᠨ ᠰᠤᠳᠤᠯᠤᠨ ᠶᠠᠷᠢᠯᠴᠠᠬᠤ ᠬᠤᠷᠠᠯ ᠶᠠᠪᠤᠭ᠍ᠳᠠᠪᠠ
2020-11-01 12:36:43
ᠵᠣᠬᠢᠶᠠᠭ᠍ᠴᠢ᠄
ᠪᠤᠤ ᠰᠠᠷᠠᠭᠤᠯ
ᠣᠩᠱᠢᠭ᠍ᠰᠠᠨ ᠣᠳᠠᠭ᠎ᠠ᠄
★★★☆☆

ᠤᠢ᠍ᠢᠷ᠎ᠠ᠎ᠳᠤ᠂ ᠥᠪᠥᠷ ᠮᠣᠩᠭᠤᠯ᠎ᠤᠨ ᠤᠳᠭ᠎ᠠ ᠤᠷᠠᠯᠢᠭ᠎ᠤᠨ᠎ᠬᠢᠨ᠎ᠤ ᠬᠤᠯᠪᠣᠭ᠎ᠠ ᠪᠣᠯᠤᠨ ᠥᠪᠥᠷ ᠮᠣᠩᠭᠤᠯ᠎ᠤᠨ ᠺᠢᠨᠣ᠋᠎ᠶ᠋ᠢᠨ ᠪᠦᠯᠦᠭ᠌ᠯᠡᠯ ᠬᠠᠮᠲᠤᠷᠠᠨ ᠭᠤᠤᠯᠯᠠᠨ ᠡᠷᠭᠢᠯᠡᠵᠦ᠍᠂ ᠤᠷᠳᠤᠰ ᠬᠤᠳᠠ᠎ᠶ᠋ᠢᠨ ᠵᠡᠬᠦᠨᠭᠠᠷ ᠬᠤᠱᠢᠭᠤᠨ᠎ᠤ ᠨᠠᠮ᠎ᠤᠨ ᠬᠤᠷᠢᠶ᠎ᠠ᠎ᠶ᠋ᠢᠨ ᠤᠬᠠᠭᠤᠯᠬᠤ ᠬᠡᠯᠳᠡᠰ ᠪᠣᠯᠤᠨ ᠣᠷᠳᠣᠰ ᠬᠤᠲᠠ᠎ᠶ᠋ᠢᠨ ᠺᠢᠨᠣ᠋ ᠲᠧᠯᠸᠢᠰ᠎ᠤᠨ᠎ᠬᠢᠨ᠎ᠤ ᠨᠡᠢᠭᠡᠮᠯᠢᠭ᠎ᠠᠴᠠ ᠳᠠᠭᠠᠭᠠᠴᠢᠯᠡᠨ ᠡᠷᠭᠢᠯᠡᠭ᠌ᠰᠡᠨ 《ᠺᠢᠨᠣ᠋ 〈ᠮᠠᠩᠬᠠᠨ ᠳᠠᠭᠤᠤ〉 ᠎ᠶ᠋ᠢᠨ ᠰᠤᠳᠤᠯᠤᠨ ᠶᠠᠷᠢᠯᠴᠠᠬᠤ ᠬᠤᠷᠠᠯ》 ᠣᠷᠳᠣᠰ ᠬᠤᠲᠠ᠎ᠳᠤ ᠶᠠᠪᠤᠭ᠍ᠳᠠᠪᠠ᠃

ᠰᠤᠳᠤᠯᠤᠨ ᠶᠠᠷᠢᠯᠴᠠᠬᠤ ᠬᠤᠷᠠᠯ᠎ᠳᠤ ᠣᠷᠣᠯᠴᠠᠭ᠍ᠰᠠᠨ ᠡᠷᠳᠡᠮᠲᠡᠨ ᠮᠡᠷᠭᠡᠵᠢᠯᠲᠡᠳ᠂ 《ᠮᠠᠩᠬᠠᠨ ᠠᠶᠠᠯᠭᠤ》 ᠪᠣᠯ ᠦᠨᠳᠦᠰᠦᠲᠡᠨ᠎ᠤ ᠱᠢᠯᠢᠳᠡᠭ ᠰᠡᠳᠦᠪᠲᠦ ᠰᠠᠢᠨ ᠺᠢᠨᠣ᠋ ᠮᠥᠨ ᠭᠡᠵᠦ᠍ ᠰᠠᠨᠠᠯ ᠨᠢᠭᠡᠲᠡᠢ ᠦᠨᠡᠯᠡᠪᠡ᠃ ᠲᠤᠰ ᠺᠢᠨᠣ᠋᠎ᠨᠢ ᠤᠯᠤᠰ᠎ᠤᠨ ᠲᠠᠰ᠎ᠤᠨ ᠪᠣᠳᠠᠰ᠎ᠤᠨ ᠪᠤᠰᠤ ᠰᠣᠶᠣᠯ᠎ᠤᠨ ᠥᠪ ᠪᠤᠯᠬᠤ 《ᠮᠠᠩᠬᠠᠨ ᠠᠶᠠᠯᠭᠤ》 ᠎ᠪᠠᠷ ᠰᠡᠳᠦᠪᠯᠡᠵᠤ᠂ ᠱᠠᠨ ᠰᠢ᠎ᠶ᠋ᠢᠨ ᠬᠢᠳᠠᠳ ᠵᠠᠯᠠᠭᠤ ᠪᠤᠯᠤᠨ ᠮᠣᠩᠭᠤᠯ ᠬᠡᠦᠭᠡᠨ ᠳᠤᠯᠮ᠎ᠠ ᠬᠤᠶᠠᠷ᠎ᠤᠨ ᠦᠨᠡᠨᠴᠢ ᠱᠢᠳᠤᠷᠭᠤ ᠬᠠᠢᠷ᠎ᠠ ᠰᠡᠳᠭᠢᠯᠭᠡ᠎ᠶ᠋ᠢᠨ ᠦᠯᠢᠭᠡᠷ᠎ᠢ ᠪᠢᠴᠢᠭ᠌ᠯᠡᠬᠦ᠌᠎ᠪᠠᠷ ᠳᠠᠮᠵᠢᠨ 《ᠮᠠᠩᠬᠠᠨ ᠠᠶᠠᠯᠭᠤ》 ᠎ᠶ᠋ᠢᠨ ᠥᠪᠡᠷᠮᠢᠴᠡ ᠷᠢᠳᠢ ᠱᠢᠳᠢ᠎ᠶ᠋ᠢ ᠢᠯᠡᠷᠡᠭᠦᠯᠵᠦ᠍᠂ ᠴᠢᠩ ᠤᠯᠤᠰ᠎ᠤᠨ ᠰᠡᠭᠦᠯᠴᠢ᠎ᠶ᠋ᠢᠨ ᠦᠶ᠎ᠡ᠎ᠶ᠋ᠢᠨ ᠪᠠᠳᠠᠷᠠᠭᠤᠯᠲᠤ ᠲᠦᠷᠦ᠎ᠶ᠋ᠢᠨ ᠦᠶ᠎ᠡ᠎ᠳᠤ ᠬᠠᠭᠠᠨᠲᠤ ᠲᠦᠷᠦ᠎ᠠᠴᠠ ᠮᠣᠩᠭᠤᠯ ᠭᠠᠵᠠᠷ᠎ᠲᠤ ᠶᠡᠭᠡ ᠬᠡᠪᠴᠢᠶ᠎ᠡ᠎ᠪᠠᠷ ᠠᠲᠠᠷ ᠬᠠᠭᠠᠯᠪᠤᠷᠢᠯᠠᠭ᠍ᠰᠠᠨ᠎ᠢᠶᠠᠷ ᠮᠣᠩᠭᠤᠯ ᠬᠢᠲᠠᠳ ᠠᠷᠠᠳ ᠲᠦᠮᠡᠨ ᠪᠦᠯᠬᠦᠮᠳᠡᠨ ᠨᠢᠬᠡᠳᠴᠤ᠌ ᠠᠲᠠᠷ ᠬᠠᠭᠠᠯᠪᠤᠷᠢᠯᠠᠬᠤ᠎ᠶ᠋ᠢ ᠡᠰᠡᠷᠭᠦᠴᠡᠭ᠌ᠰᠡᠨ ᠪᠠᠢᠨ᠎ᠠ᠃ ᠰᠦᠷ ᠳᠠᠯᠠᠢᠴᠠᠲᠠᠶ ᠳᠤᠭᠤᠢᠯᠠᠩ᠎ᠤᠨ ᠬᠥᠳᠡᠯᠭᠡᠭᠡᠨ᠎ᠢ ᠦᠯᠢᠭᠡᠷ᠎ᠤᠨ ᠠᠷᠤ ᠦᠵᠡᠭ᠌ᠳᠡᠯ ᠪᠣᠯᠭᠠᠵᠤ᠂ ᠮᠣᠩᠭᠤᠯ ᠬᠢᠲᠠᠳ ᠦᠨᠳᠦᠰᠦᠲᠡᠨ ᠨᠢᠭᠡ ᠭᠡᠷ ᠪᠦ᠍ᠯᠢ ᠱᠢᠭ ᠪᠦᠯᠬᠦᠮᠳᠡᠨ ᠨᠢᠭᠡᠳᠦᠭ᠌ᠰᠡᠨ ᠪᠠᠢᠳᠠᠯ᠎ᠢ ᠬᠠᠷᠠᠭᠤᠯᠪᠠ᠃ 

ᠲᠣᠰ ᠺᠢᠨᠣ᠋᠎ᠶ᠋ᠢ ᠢᠯᠠ ᠲᠠᠷᠬᠠᠭᠠᠵᠤ ᠦᠵᠡᠬᠦᠯᠦᠭ᠌ᠰᠡᠨ᠎ᠠᠴᠠ ᠨᠠᠭᠠᠰᠢ᠂ ᠣᠯᠠᠨ ᠤᠯᠤᠰ᠎ᠤᠨ ᠪᠠ ᠤᠯᠤᠰ᠎ᠤᠨ ᠳᠣᠲᠣᠭᠠᠳᠤ᠎ᠶ᠋ᠢᠨ ᠣᠯᠠᠨ ᠵᠦᠶᠯ᠎ᠤᠨ ᠺᠢᠨᠣ᠋᠎ᠶ᠋ᠢᠨ ᠱᠠᠩᠨᠠᠯ ᠭᠥᠷᠳᠡᠵᠤ᠂ ᠰᠠᠢᠬᠠᠨ ᠪᠠᠰᠠ ᠠᠷᠪᠠᠳᠤᠭᠠᠷ ᠬᠤᠭᠤᠴᠠᠭᠠᠨ᠎ᠤ ᠪᠡᠭᠡᠵᠢᠩ᠎ᠤᠨ ᠣᠯᠠᠨ ᠤᠯᠤᠰ᠎ᠤᠨ ᠺᠢᠨᠣ᠋᠎ᠶ᠋ᠢᠨ ᠨᠠᠢᠷ᠂ ᠪᠡᠭᠡᠵᠢᠩ᠎ᠤᠨ ᠦᠨᠳᠦᠰᠦᠲᠡᠨ᠎ᠤ ᠺᠢᠨᠣ᠋᠎ᠶ᠋ᠢᠨ ᠦᠵᠡᠭᠦᠯᠭᠡ ᠳᠡᠭᠡᠷ᠎ᠡ ᠬᠠᠮᠤᠭ᠎ᠤᠨ ᠰᠠᠢᠨ ᠤᠯᠠᠮᠵᠢᠯᠠᠯ᠎ᠤᠨ ᠱᠠᠩᠨᠠᠯ ᠪᠣᠯᠤᠨ ᠱᠢᠯᠢᠳᠡᠭ ᠺᠢᠨᠣ᠋᠎ᠶ᠋ᠢᠨ ᠱᠠᠩᠨᠠᠯ ᠬᠦᠷᠲᠡᠪᠡ᠃

ᠰᠤᠳᠤᠯᠤᠨ ᠶᠠᠷᠢᠯᠴᠠᠬᠤ ᠬᠤᠷᠠᠯ᠎ᠳᠤ 《ᠮᠠᠩᠬᠠᠨ ᠠᠶᠠᠯᠭᠤ》 ᠎ᠶ᠋ᠢ ᠰᠤᠳᠤᠯᠤᠨ ᠶᠠᠷᠢᠯᠴᠠᠬᠤ᠎ᠠᠴᠠ ᠭᠠᠳᠠᠨ᠎ᠠ ᠪᠠᠰᠠ ᠥᠪᠥᠷ ᠮᠣᠩᠭᠤᠯ᠎ᠤᠨ ᠦᠨᠳᠦᠰᠦᠲᠡᠨ᠎ᠤ ᠺᠢᠨᠣ᠋᠎ᠶ᠋ᠢᠨ ᠢᠷᠡᠭᠡᠳᠦᠢ᠎ᠶ᠋ᠢᠨ ᠬᠥᠭ᠌ᠵᠢᠯᠲᠡ᠎ᠶ᠋ᠢᠨ ᠠᠷᠭ᠎ᠠ ᠵᠠᠮ᠎ᠢ ᠰᠤᠳᠤᠯᠤᠨ ᠶᠠᠷᠢᠯᠴᠠᠪᠠ᠃





ᠣᠷᠴᠢᠭᠤᠯᠤᠭ᠍ᠴᠢ᠄
ᠨᠠᠢᠷᠠᠭᠤᠯᠤᠭ᠍ᠴᠢ᠄ ᠶᠥᠩ ᠬᠤᠩ
ᠲᠣᠲᠣᠷᠬᠠᠢ ᠦᠭᠡᠢ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号