ᠶᠠᠳᠠᠭᠤ᠎ᠶ᠋ᠢ ᠲᠡᠳᠬᠦᠬᠦ᠌ ᠲᠡᠷᠢᠭᠦᠨ᠎ᠤ ᠨᠡᠢᠲᠡᠯᠢᠭ ᠵᠢᠱ᠌ᠢᠶ᠎ᠡ᠎ᠶ᠋ᠢ ᠰᠣᠩᠭᠤᠨ ᠱᠤᠭᠤᠵᠤ᠂ ᠶᠠᠳᠠᠭᠤ᠎ᠶ᠋ᠢ ᠲᠡᠳᠬᠦᠬᠦ᠌ ᠪᠣᠯᠪᠠᠰᠤᠷᠠᠯ᠎ᠤᠨ ᠢᠳᠡᠪᠬᠢᠲᠡᠶ ᠦᠷ᠎ᠡ ᠪᠦᠲᠦᠮᠵᠢ᠎ᠶ᠋ᠢ ᠳᠡᠯᠭᠡᠨ ᠦᠵᠡᠭᠦᠯᠵᠦ᠍᠂ ᠥᠨᠳᠥᠷ ᠬᠡᠪ ᠪᠤᠯᠪᠠᠰᠤᠷᠠᠯ᠎ᠲᠠᠢ ᠲᠠᠷᠢᠶᠠᠴᠢᠳ᠎ᠢ ᠵᠣᠷᠢᠭ᠍ᠵᠢᠭᠤᠯᠤᠨ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ ᠪᠠ ᠶᠠᠳᠠᠭᠤ᠎ᠠᠴᠠ ᠠᠩᠭᠢᠵᠢᠷᠠᠭᠤᠯᠬᠤ᠎ᠳᠤ ᠤᠷᠤᠯᠴᠠᠬᠤ᠎ᠶ᠋ᠢ ᠵᠤᠷᠢᠠᠠᠵᠢᠭᠤᠯᠬᠤ᠎ᠶ᠋ᠢᠨ ᠲᠦᠯᠦᠭᠡ᠂ ᠡᠨᠡ ᠵᠢᠯ ᠬᠥᠳᠡᠭᠡ ᠠᠵᠤ ᠠᠬᠤᠶ ᠬᠥᠳᠡᠭᠡ ᠲᠣᠰᠭᠤᠨ᠎ᠤ ᠶᠠᠮᠤᠨ ᠲᠠᠷᠢᠶᠠᠴᠢᠳ᠎ᠤᠨ ᠬᠥᠮᠦᠵᠢᠯ ᠪᠣᠯᠪᠠᠰᠤᠷᠠᠯ᠎ᠤᠨ 《ᠵᠠᠭᠤᠨ ᠱᠢᠯᠢᠳᠡᠭ ᠰᠤᠷᠤᠯᠭᠠᠳᠠᠨ》 ᠤ ᠶᠠᠳᠠᠭᠤ᠎ᠶ᠋ᠢ ᠲᠡᠳᠬᠦᠬᠦ᠌ ᠬᠤᠱᠢᠭᠤᠴᠢ᠎ᠶ᠋ᠢᠨ ᠲᠦᠷᠦᠯ ᠵᠦᠢᠯ᠎ᠤᠨ ᠲᠤᠰᠠᠯᠠᠮᠵᠢ᠎ᠶ᠋ᠢᠨ ᠠᠵᠢᠯᠯᠠᠭ᠎ᠠ᠎ᠶ᠋ᠢ ᠵᠣᠬᠢᠶᠠᠨ ᠪᠠᠢᠭᠤᠯᠤᠨ ᠥᠷᠨᠢᠭᠦᠯᠵᠦ᠍᠂ ᠣᠢᠷ᠎ᠠ᠎ᠳᠤ ᠱᠢᠯᠭᠠᠷᠠᠭᠤᠯᠤᠭ᠍ᠰᠠᠨ ᠦᠷ᠎ᠡ ᠳ᠋ᠦᠩ᠎ᠢ ᠨᠡᠢᠲᠡᠯᠡᠵᠡᠶ᠃
ᠮᠠᠨ᠎ᠤ ᠣᠷᠣᠨ᠎ᠤ ᠳᠥᠷᠪᠡᠳ ᠬᠤᠱᠢᠭᠤᠨ᠎ᠤ ᠱ᠌ᠢ᠎ᠶ᠋ᠢᠨ ᠱᠢᠨ᠂ ᠵᠠᠯᠠᠨ ᠠᠢᠯ ᠬᠤᠲᠠ᠎ᠶ᠋ᠢᠨ ᠫᠠᠩ ᠯᠦᠩ᠂ ᠬᠠᠷᠠᠴᠢᠨ ᠬᠤᠱᠢᠭᠤᠨ᠎ᠤ ᠱᠠᠩ ᠢᠦᠶ ᠱᠢᠨ᠂ ᠨᠠᠢ᠍ᠮᠠᠨ ᠬᠤᠱᠢᠭᠤᠨ᠎ᠤ ᠱᠤᠤ ᠬᠠᠢ ᠯᠢᠶᠠᠩ ᠱᠢᠯᠢᠳᠡᠭ ᠰᠤᠷᠤᠯᠭᠠᠳᠠᠨ᠎ᠢᠶᠠᠷ ᠰᠣᠩᠭᠤᠭ᠍ᠳᠠᠨ᠂ ᠬᠦᠳᠡᠭᠡ ᠠᠵᠤ ᠠᠬᠤᠢ ᠬᠥᠳᠡᠭᠡ ᠲᠣᠰᠭᠤᠨ᠎ᠤ ᠶᠠᠮᠤᠨ᠎ᠤ ᠲᠥᠷᠥᠯ ᠵᠦᠢᠯ᠎ᠤᠨ ᠲᠤᠰᠠᠯᠠᠮᠵᠢ᠎ᠶ᠋ᠢ ᠬᠦᠷᠲᠡᠪᠡ᠃ ᠲᠡᠳᠡ ᠤᠯᠠᠨ᠎ᠢᠶᠠᠨ ᠲᠠᠢᠴᠢᠯᠠᠨ ᠬᠤᠷᠱᠢᠶ᠎ᠠ ᠡᠷᠬᠢᠯᠡᠬᠦ᠂ ᠮᠠᠯ ᠠᠵᠤ ᠠᠬᠤᠶ ᠲᠠᠷᠢᠶᠠᠯᠠᠩ᠎ᠤᠨ ᠠᠵᠤ ᠠᠬᠤᠢᠯᠠᠯ ᠡᠷᠬᠢᠯᠡᠬᠦ᠂ ᠮᠠᠯᠴᠢᠨ ᠲᠠᠷᠢᠶᠠᠴᠢᠳ᠎ᠲᠤ ᠲᠥᠷᠥ᠎ᠶ᠋ᠢᠨ ᠪᠣᠳᠣᠯᠭ᠎ᠠ᠎ᠶ᠋ᠢ ᠤᠬᠠᠭᠤᠯᠤᠨ ᠲᠠᠢᠯᠪᠤᠷᠢᠯᠠᠬᠤ ᠪᠠ ᠮᠡᠷᠭᠡᠵᠢᠯ᠎ᠤᠨ ᠵᠢᠱ᠌ᠢᠶ᠎ᠡ ᠦᠵᠡᠭᠦᠯᠦᠨ ᠳᠡᠯᠭᠡᠷᠡᠭᠦᠯᠬᠦ᠌ ᠦᠢᠯᠡᠴᠢᠯᠡᠭᠡ ᠬᠠᠩᠭᠠᠬᠤ ᠵᠡᠷᠭᠡ ᠠᠷᠭ᠎ᠠ ᠬᠡᠯᠪᠡᠷᠢ᠎ᠪᠠᠷ ᠳᠠᠮᠵᠢᠨ᠂ ᠲᠤᠬᠠᠶ᠎ᠶ᠋ᠢᠨ ᠭᠠᠵᠠᠷ᠎ᠤᠨ ᠮᠠᠯᠴᠢᠨ ᠲᠠᠷᠢᠶᠠᠴᠢᠳ ᠢᠯᠠᠩᠭᠤᠶ᠎ᠠ ᠶᠠᠳᠠᠭᠤ ᠬᠦᠴᠢᠷᠳᠡᠯᠲᠡᠶ ᠡᠷᠦᠬᠡ᠎ᠶ᠋ᠢ ᠳᠠᠭᠠᠭᠤᠯᠤᠨ ᠮᠠᠯ ᠠᠵᠤ ᠠᠬᠤᠶ ᠲᠠᠷᠢᠶᠠᠯᠠᠩ᠎ᠤᠨ ᠠᠵᠤ ᠦᠢᠯᠡᠰ᠎ᠢ ᠬᠥᠭ᠌ᠵᠢᠭᠦᠯᠵᠦ᠍᠂ ᠶᠠᠳᠠᠭᠤ ᠬᠦᠴᠢᠷᠳᠡᠯᠲᠡᠶ ᠡᠷᠦᠬᠡ᠎ᠶ᠋ᠢ ᠳᠠᠢᠴᠢᠯᠠᠨ ᠣᠷᠣᠯᠭ᠎ᠠ᠎ᠶ᠋ᠢ᠎ᠨᠢ ᠨᠡᠮᠡᠭ᠌ᠳᠡᠭᠦᠯᠦᠨ ᠴᠢᠨᠡᠭᠡᠯᠢᠭ᠌ᠵᠢᠭᠦᠳᠤ ᠢᠳᠡᠪᠬᠢᠲᠡᠶ ᠬᠤᠪᠢ ᠨᠡᠮᠡᠷᠢ ᠦᠵᠡᠭᠦᠯᠵᠡᠢ᠃
2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄tn@mgyxw.net 蒙ICP备10000005号