ᠤᠢ᠍ᠢᠷ᠎ᠡ᠎ᠳᠤ᠂ ᠪᠤᠭᠤᠲᠤ ᠬᠤᠲᠠ᠎ᠶ᠋ᠢᠨ ᠠᠷᠠᠳ᠎ᠤᠨ ᠳᠤᠮᠳᠠ ᠵᠡᠷᠭᠡ᠎ᠶ᠋ᠢᠨ ᠱᠢᠭᠦᠬᠦ᠌ ᠬᠤᠷᠢᠶ᠎ᠠ ᠨᠢᠭᠡᠳᠦᠭᠡᠷ ᠱᠢᠭᠦᠯᠲᠡ ᠬᠢᠵᠦ᠍᠂ ᠵᠠᠭᠠᠯᠳᠤᠭ᠍ᠳᠠᠭ᠍ᠴᠢ ᠱ᠌ᠢ ᠣᠪᠣᠭ᠍ᠲᠤ ᠵᠡᠷᠭᠡ 22 ᠬᠥᠮᠦᠨ᠎ᠤ ᠬᠠᠷ᠎ᠠ ᠪᠦᠯᠦᠭ᠌ᠳᠡᠨ᠎ᠤ ᠱᠢᠨᠵᠢ ᠴᠢᠨᠠᠷᠲᠠᠶ ᠵᠣᠬᠢᠶᠠᠨ ᠪᠠᠢᠭᠤᠯᠤᠯᠲᠠ᠎ᠶ᠋ᠢ ᠵᠣᠬᠢᠶᠠᠨ ᠪᠠᠢᠭᠤᠯᠤᠭ᠍ᠰᠠᠨ᠂ ᠤᠳᠤᠷᠢᠳᠤᠭ᠍ᠰᠠᠨ᠂ ᠣᠷᠣᠯᠴᠠᠭ᠍ᠰᠠᠨ ᠶᠠᠯ᠎ᠠ᠂ ᠣᠯᠠᠭᠤᠯᠠ ᠨᠡᠢᠯᠡᠵᠦ᠍ ᠵᠣᠳᠣᠭᠠᠨ ᠬᠢᠭ᠌ᠰᠡᠨ ᠶᠠᠯ᠎ᠠ᠂ ᠵᠣᠷᠢᠭᠤᠳᠠ ᠭᠡᠮᠲᠦᠭᠡᠭ᠌ᠰᠡᠨ ᠶᠠᠯ᠎ᠠ᠂ ᠬᠢᠬᠠᠭ᠍ᠰᠠᠨ ᠶᠠᠯ᠎ᠠ᠂ ᠬᠡᠷᠡᠭ ᠡᠳᠦᠭ᠌ᠰᠡᠨ ᠶᠠᠯ᠎ᠠ᠂ ᠠᠯᠪᠠᠳᠠᠯᠭ᠎ᠠ᠎ᠪᠠᠷ ᠠᠷᠠᠯᠵᠢᠶᠠᠯᠠᠭᠤᠯᠤᠬ᠍ᠰᠠᠨ ᠶᠠᠯ᠎ᠠ᠂ ᠠᠯᠪᠠᠨ ᠠᠵᠢᠯ᠎ᠢ ᠬᠠᠷᠱᠢᠯᠠᠭ᠍ᠰᠠᠨ ᠶᠠᠯ᠎ᠠ᠂ ᠬᠠᠤᠯᠢ ᠪᠤᠰᠤ᠎ᠪᠠᠷ ᠫᠤᠤ ᠵᠡᠪᠰᠡᠭ ᠡᠵᠡᠮᠱᠢᠭ᠌ᠰᠡᠨ ᠶᠠᠯ᠎ᠠ ᠬᠢᠭ᠌ᠰᠡᠨ ᠬᠡᠷᠡᠭ᠎ᠤᠨ ᠱᠢᠭᠦᠨ ᠳᠠᠰᠣᠯᠣᠯᠳᠠ᠎ᠶ᠋ᠢ ᠢᠯᠡ᠎ᠪᠠᠷ ᠵᠠᠷᠯᠠᠪᠠ᠃
ᠱᠢᠭᠦᠬᠦ᠌ ᠬᠤᠷᠢᠶ᠎ᠠ ᠱᠢᠭᠦᠨ ᠪᠠᠢᠴᠠᠭᠠᠬᠤ᠎ᠪᠠᠷ ᠳᠠᠮᠵᠢᠨ ᠪᠠᠢᠴᠠᠭᠠᠨ ᠳᠣᠳᠣᠯᠠᠭ᠍ᠰᠠᠨᠨᠢ᠂ ᠵᠠᠭᠠᠯᠳᠤᠭ᠍ᠳᠠᠭ᠍ᠴᠢ ᠱ᠌ᠢ ᠣᠪᠣᠭ᠍ᠲᠤ ᠬᠤᠷᠢᠳᠤᠭᠠᠷ ᠵᠠᠭᠤᠨ᠎ᠤ ᠨᠠᠶᠠᠭᠠᠳ ᠣᠨ᠎ᠤ ᠰᠡᠭᠦᠯᠴᠢ᠎ᠠᠴᠠ ᠡᠬᠢᠯᠡᠨ ᠲᠦᠩᠯᠢᠶᠣᠤ ᠬᠤᠳᠠ᠎ᠳᠤ ᠬᠠᠷᠬᠢᠰᠯᠠᠨ ᠠᠭᠠᠱᠢᠯᠠᠵᠣ᠂ ᠶᠠᠯᠠᠳᠣ ᠠᠵᠢᠯᠯᠠᠭ᠎ᠠ ᠬᠢᠭᠡᠳ ᠨᠡᠢᠭᠡᠮ ᠳᠡᠭᠡᠷ᠎ᠡ ᠪᠠᠭ᠎ᠠ ᠰᠠᠭ᠎ᠠ 《ᠨᠡᠷ᠎ᠡ ᠲᠥᠷᠥ᠍》 ᠲᠠᠢ ᠪᠣᠯᠵᠠᠶ᠃ 1994 ᠣᠨ᠎ᠳᠤ ᠵᠠᠭᠠᠯᠳᠤᠭ᠍ᠳᠠᠭ᠍ᠴᠢ ᠱ᠌ᠢ ᠣᠪᠣᠭ᠍ᠲᠤ ᠵᠣᠷᠢᠭᠤᠳᠠ ᠭᠡᠮᠲᠦᠭᠡᠭ᠌ᠰᠡᠨ (ᠬᠥᠮᠦᠨ᠎ᠢ ᠦᠬᠦᠭᠦᠯᠦᠭ᠌ᠰᠡᠨ) ᠶᠠᠯ᠎ᠠ ᠬᠢᠭ᠌ᠰᠡᠨ᠎ᠠᠴᠠ ᠪᠤᠯᠵᠤ 3 ᠵᠢᠯ ᠬᠤᠭᠤᠴᠠᠭ᠎ᠠ᠎ᠲᠠᠢ ᠬᠤᠷᠢᠬᠤ ᠡᠷᠡᠭᠦᠦ᠎ᠪᠠᠷ ᠱᠢᠢᠳᠭᠡᠭ᠌ᠳᠡᠵᠦ᠍ ᠦᠩᠭᠡᠷᠡᠵᠡᠢ᠃ ᠲᠦᠩᠯᠢᠶᠣᠤ ᠬᠤᠲᠠ᠎ᠶ᠋ᠢᠨ ᠰᠠᠬᠢᠨ ᠬᠤᠷᠢᠬᠤ ᠭᠠᠵᠠᠷ ᠬᠤᠷᠢᠬ᠍ᠳᠠᠵᠤ ᠪᠠᠢᠭ᠍ᠰᠠᠨ ᠬᠤᠭᠤᠴᠠᠭᠠᠨ᠎ᠳᠠᠭᠠᠨ ᠪᠤᠰᠤᠳ᠎ᠲᠠᠢ ᠬᠠᠮᠰᠠᠵᠤ ᠬᠤᠷᠢᠭᠤᠯ᠎ᠤᠨ ᠲᠣᠭᠤᠷᠢᠭ᠎ᠤᠨ ᠯᠢᠦᠶ ᠣᠪᠣᠭ᠍ᠲᠤ᠎ᠶ᠋ᠢ ᠴᠣᠬᠢᠨ ᠵᠣᠳᠣᠵᠣ ᠦᠬᠦᠭᠦᠯᠪᠡ᠃ ᠨᠢᠭᠡᠳᠦᠭᠡᠷ ᠱᠢᠭᠦᠯᠲᠡ᠎ᠳᠤ 10 ᠵᠢᠯ ᠬᠤᠭᠤᠴᠠᠭ᠎ᠠ᠎ᠲᠠᠢ ᠬᠤᠷᠢᠬᠤ ᠡᠷᠡᠭᠦᠦ᠎ᠪᠠᠷ ᠱᠢᠢᠳᠭᠡᠭ᠌ᠳᠡᠵᠦ᠍᠂ ᠬᠤᠶᠠᠳᠤᠭᠠᠷ ᠱᠢᠭᠦᠯᠲᠡ᠎ᠳᠤ 5 ᠵᠢᠯ ᠬᠤᠭᠤᠴᠠᠭ᠎ᠠ᠎ᠲᠠᠢ ᠬᠤᠷᠢᠬᠤ᠎ᠪᠠᠷ ᠥᠭᠡᠷᠡᠴᠢᠯᠡᠨ ᠲᠠᠰᠤᠯᠪᠠ᠃ ᠬᠤᠶᠠᠷ ᠣᠳᠠᠭ᠎ᠠ᠎ᠶ᠋ᠢᠨ ᠠᠮᠢᠨ ᠬᠡᠷᠡᠭ ᠨᠢᠭᠡ ᠦᠶ᠎ᠡ ᠳᠦᠷᠭᠢᠶᠡᠨ ᠡᠭᠦᠰᠭᠡᠵᠦ᠍᠂ ᠱ᠌ᠢ ᠣᠪᠣᠭ᠍ᠲᠤ ᠲᠤᠬᠠᠶ᠎ᠶ᠋ᠢᠨ ᠭᠠᠵᠠᠷ᠎ᠲᠤ ᠮᠠᠭᠤ ᠨᠡᠷ᠎ᠡ ᠮᠤᠨᠳᠠᠬ ᠴᠤᠯᠠ᠎ᠨᠢ ᠮᠠᠨᠳᠣᠪᠠ᠃ 1998 ᠣᠨ᠎ᠳᠤ ᠱ᠌ᠢ ᠣᠪᠣᠭ᠍ᠲᠤ ᠤᠷᠢᠳ ᠬᠤᠵᠢᠳ ᠸᠠᠩ ᠣᠪᠣᠭ᠍ᠲᠤ᠂ ᠪᠠᠶ ᠣᠪᠣᠭ᠍ᠲᠤ᠂ ᠳ᠋ᠦ᠋ ᠣᠪᠣᠭ᠍ᠲᠤ ᠵᠡᠷᠭᠡ ᠡᠷᠡᠭᠦᠦ᠎ᠶ᠋ᠢᠨ ᠬᠤᠭᠤᠴᠠᠭ᠎ᠠ᠎ᠨᠢ ᠬᠦᠢᠴᠡᠵᠦ᠍ ᠰᠤᠯᠠᠯᠠᠭ᠍ᠳᠠᠭ᠍ᠰᠠᠨ ᠬᠥᠮᠦᠰ ᠪᠠ ᠨᠡᠢᠭᠡᠮ ᠳᠡᠭᠡᠷᠡᠬᠢ ᠠᠵᠢᠯ ᠦᠭᠡᠢ ᠬᠥᠮᠦᠰ᠎ᠢ ᠴᠤᠬ᠍ᠯᠠᠭᠤᠯᠤᠨ᠂ 《ᠭᠠᠵᠠᠷ ᠱᠢᠷᠣᠶ》 ᠶ᠋ᠢ ᠪᠤᠯᠢᠶᠠᠯᠳᠤᠬᠤ᠂ ᠪᠠᠭᠠᠵᠢ ᠵᠡᠪᠰᠡᠭ ᠬᠡᠷᠡᠭ᠌ᠯᠡᠨ ᠬᠡᠷᠡᠭᠦᠯ ᠵᠣᠳᠣᠭᠠᠨ ᠬᠢᠬᠦ᠌ ᠵᠡᠷᠭᠡ ᠬᠠᠤᠯᠢ᠎ᠠᠴᠠ ᠵᠥᠷᠢᠴᠡᠭ᠌ᠰᠡᠨ ᠣᠯᠠᠨ ᠣᠳᠠᠭ᠎ᠠ᠎ᠶ᠋ᠢᠨ ᠶᠠᠯᠠᠲᠤ ᠠᠵᠢᠯᠯᠠᠭ᠎ᠠ᠎ᠪᠠᠷ ᠳᠠᠮᠵᠢᠭᠤᠯᠤᠨ ᠲᠠᠰᠤᠷᠠᠯᠲᠠ ᠦᠭᠡᠢ ᠰᠦᠷ ᠬᠦᠴᠦᠨ᠎ᠢᠶᠠᠨ ᠪᠣᠵᠠᠭᠠᠢᠷᠠᠭᠤᠯᠵᠣ᠂ ᠵᠠᠭᠠᠯᠳᠤᠭ᠍ᠳᠠᠭ᠍ᠴᠢ ᠱ᠌ᠢ ᠣᠪᠣᠭ᠍ᠲᠤ᠂ ᠠᠨ ᠣᠪᠣᠭ᠍ᠲᠤ᠎ᠪᠠᠷ ᠵᠣᠬᠢᠶᠠᠨ ᠪᠠᠢᠭᠤᠯᠤᠬ᠍ᠴᠢ᠂ ᠤᠳᠤᠷᠢᠳᠤᠭ᠍ᠴᠢ ᠪᠣᠯᠭᠠᠭ᠍ᠰᠠᠨ᠂ ᠵᠠᠭᠠᠯᠳᠤᠭ᠍ᠳᠠᠭ᠍ᠴᠢ ᠡᠦ ᠣᠪᠣᠭ᠍ᠲᠤ (ᠨᠢᠭᠡᠨᠲᠡ ᠥᠭᠦᠪᠡ)᠂ ᠸᠠᠩ ᠣᠪᠣᠭ᠍ᠲᠤ᠎ᠪᠠᠷ ᠭᠤᠣᠯᠯᠠᠭ᠍ᠴᠢ ᠪᠦᠷᠢᠯᠳᠦᠬᠦᠨ ᠪᠣᠯᠭᠠᠭ᠍ᠰᠠᠨ᠂ ᠪᠠᠶ ᠣᠪᠣᠭ᠍ᠲᠤ᠂ ᠳ᠋ᠦ᠋ ᠣᠪᠣᠭ᠍ᠲᠤ᠂ ᠯᠢᠦ ᠣᠪᠣᠭ᠍ᠲᠤ᠎ᠪᠠᠷ ᠢᠳᠡᠪᠬᠢᠲᠡᠶ ᠣᠷᠣᠯᠴᠠᠭ᠍ᠴᠢ ᠪᠤᠯᠭᠠᠬ᠍ᠰᠠᠨ ᠭᠤᠣᠯᠯᠠᠭ᠍ᠴᠢ ᠪᠦᠷᠢᠯᠳᠦᠬᠦᠨ᠎ᠨᠢ ᠲᠣᠭ᠍ᠲᠠᠮᠠᠯ᠂ ᠳᠡᠰ ᠳᠠᠪᠬᠤᠷᠭ᠎ᠠ ᠪᠦᠲᠦᠴᠡ᠎ᠨᠢ ᠲᠣᠳᠣᠷᠬᠠᠶ᠂ ᠬᠥᠮᠦᠨ᠎ᠨᠢ ᠣᠯᠠᠨ᠂ ᠲᠦᠩᠯᠢᠶᠣᠤ ᠬᠤᠲᠠ᠎ᠶ᠋ᠢᠨ ᠠᠵᠤ ᠠᠬᠤᠶ᠂ ᠨᠡᠢᠭᠡᠮ᠎ᠤᠨ ᠠᠮᠢᠳᠤᠷᠠᠯ᠎ᠳᠤ ᠴᠢᠬᠤᠯᠠ ᠨᠥᠯᠥᠭᠡ᠎ᠲᠠᠢ ᠬᠠᠷ᠎ᠠ ᠪᠦᠯᠦᠭ᠌ᠳᠡᠨ᠎ᠤ ᠱᠢᠨᠵᠢ ᠴᠢᠨᠠᠷᠳᠠᠢ ᠵᠣᠬᠢᠶᠠᠨ ᠪᠠᠢᠭᠤᠯᠤᠯᠲᠠ ᠪᠤᠯᠵᠤ ᠪᠦᠷᠢᠯᠳᠦᠪᠡ᠃ ᠲᠤᠰ ᠵᠤᠬᠢᠶᠠᠨ ᠪᠠᠢᠭᠤᠯᠤᠯᠳᠠ ᠤᠷᠲᠤ ᠬᠤᠭᠤᠴᠠᠭ᠎ᠠ᠎ᠪᠠᠷ ᠬᠠᠤᠯᠢ ᠪᠤᠰᠤ ᠠᠷᠭ᠎ᠠ ᠪᠠᠷᠢᠯ᠎ᠢᠶᠠᠷ ᠲᠦᠩᠯᠢᠶᠣᠤ ᠬᠤᠲᠠ᠎ᠶ᠋ᠢᠨ ᠨᠡᠭᠡᠭᠡᠯᠲᠡ᠎ᠶ᠋ᠢᠨ ᠣᠷᠣᠨ᠎ᠤ ᠨᠡᠭᠦᠷᠡᠰᠦᠨ᠎ᠤ ᠵᠠᠬ᠎ᠠ ᠳᠡᠯᠭᠡᠭᠦᠷ᠎ᠤᠨ ᠠᠴᠢᠶᠠᠯᠠᠵᠤ ᠪᠠᠭᠤᠯᠭᠠᠬᠤ ᠠᠵᠢᠯ ᠵᠢᠴᠢ ᠣᠢᠷ᠎ᠠ ᠵᠠᠮ᠎ᠤᠨ ᠲᠡᠭᠡᠭᠡᠪᠦᠷᠢ᠎ᠶ᠋ᠢᠨ ᠲᠤᠬᠠᠢᠯᠠᠭ᠍ᠰᠠᠨ ᠠᠵᠢᠯ᠎ᠢ ᠭᠠᠭ᠍ᠴᠠᠭᠠᠷ ᠡᠵᠡᠮᠱᠢᠵᠦ᠍᠂ ᠤᠷᠢᠳ ᠬᠤᠵᠢᠳ ᠣᠯᠠᠨ᠎ᠢ ᠴᠤᠭ᠍ᠯᠠᠭᠤᠯᠤᠨ ᠵᠣᠳᠣᠯᠳᠤᠬᠤ᠂ ᠦ ᠡᠷᠢᠵᠦ᠍ ᠬᠡᠷᠡᠭ ᠡᠳᠦᠬᠦ᠂ ᠬᠢᠬᠠᠬᠤ᠂ ᠵᠣᠷᠢᠭᠤᠳᠠ ᠭᠡᠮᠲᠦᠭᠡᠬᠦ᠂ ᠠᠯᠪᠠᠨ ᠠᠵᠢᠯ᠎ᠢ ᠬᠠᠷᠱᠢᠯᠠᠬᠤ᠂ ᠬᠠᠤᠯᠢ ᠪᠤᠰᠤ᠎ᠪᠠᠷ ᠫᠤᠤ ᠵᠡᠪᠰᠡᠭ ᠡᠵᠡᠮᠱᠢᠬᠦ᠌ ᠵᠡᠷᠭᠡ ᠬᠠᠤᠯᠢ᠎ᠠᠴᠠ ᠵᠥᠷᠢᠴᠡᠭ᠌ᠰᠡᠨ ᠶᠡᠭᠡ ᠬᠡᠮᠵᠢᠶᠡᠨ᠎ᠤ ᠶᠠᠯᠠᠲᠤ ᠠᠵᠢᠯᠯᠠᠭ᠎ᠠ ᠬᠢᠵᠦ᠍᠂ ᠶᠡᠭᠡ ᠬᠡᠮᠵᠢᠶᠡᠨ᠎ᠤ ᠬᠠᠤᠯᠢ ᠪᠤᠰᠤ ᠡᠳ᠋ ᠪᠤᠳᠠᠰ᠎ᠢ ᠪᠤᠯᠢᠶᠠᠵᠣ᠂ ᠲᠤᠬᠠᠶ᠎ᠶ᠋ᠢᠨ ᠭᠠᠵᠠᠷ᠎ᠤᠨ ᠠᠵᠤ ᠠᠬᠤᠶ ᠪᠠ ᠨᠡᠢᠭᠡᠮ᠎ᠤᠨ ᠠᠮᠢᠳᠤᠷᠠᠯ᠎ᠤᠨ ᠡᠮᠬᠢ ᠵᠢᠷᠤᠮ᠎ᠢ ᠬᠦᠨᠳᠦ ᠨᠣᠴᠢᠲᠠᠶ ᠡᠪᠳᠡᠪᠡ᠃
ᠪᠤᠭᠤᠲᠤ ᠬᠤᠲᠠ᠎ᠶ᠋ᠢᠨ ᠠᠷᠠᠳ᠎ᠤᠨ ᠳᠤᠮᠳᠠ ᠵᠡᠷᠭᠡ᠎ᠶ᠋ᠢᠨ ᠱᠢᠭᠦᠬᠦ᠌ ᠬᠤᠷᠢᠶ᠎ᠠ ᠬᠠᠮᠢᠶ᠎ᠠ ᠪᠦᠬᠦᠢ ᠬᠠᠣᠯᠢ ᠴᠠᠭᠠᠵᠠ᠎ᠳᠠᠬᠢ ᠳᠣᠭ᠍ᠳᠠᠭᠠᠯᠢ ᠦᠨᠳᠦᠰᠦᠯᠡᠨ᠂ ᠵᠠᠭᠠᠯᠳᠤᠭ᠍ᠳᠠᠭ᠍ᠴᠢ ᠱ᠌ᠢ ᠣᠪᠣᠭ᠍ᠲᠤ᠎ᠶ᠋ᠢᠨ ᠬᠠᠷ᠎ᠠ ᠪᠦᠯᠦᠭ᠌ᠳᠡᠨ᠎ᠤ ᠱᠢᠨᠵᠢ ᠴᠢᠨᠠᠷᠲᠠᠶ ᠵᠣᠬᠢᠶᠠᠨ ᠪᠠᠢᠭᠤᠯᠤᠯᠲᠠ᠎ᠶ᠋ᠢ ᠵᠣᠬᠢᠶᠠᠨ ᠪᠠᠢᠭᠤᠯᠤᠨ᠂ ᠤᠳᠤᠷᠢᠳᠤᠭ᠍ᠰᠠᠨ ᠶᠠᠯ᠎ᠠ᠂ ᠬᠡᠷᠡᠭ ᠥᠳᠥᠭᠡᠵᠦ᠍ ᠬᠡᠷᠡᠭ ᠡᠳᠦᠭ᠌ᠰᠡᠨ ᠶᠠᠯ᠎ᠠ᠂ ᠣᠯᠠᠭᠤᠯᠠ ᠨᠡᠢᠯᠡᠵᠦ᠍ ᠵᠣᠳᠣᠭᠠᠨ ᠬᠢᠭ᠌ᠰᠡᠨ ᠶᠠᠯ᠎ᠠ᠂ ᠬᠢᠬᠠᠭ᠍ᠰᠠᠨ ᠶᠠᠯ᠎ᠠ᠂ ᠵᠣᠷᠢᠭᠤᠳᠠ ᠭᠡᠮᠲᠦᠭᠡᠭ᠌ᠰᠡᠨ ᠶᠠᠯ᠎ᠠ᠂ ᠠᠯᠪᠠᠨ ᠶᠠᠪᠤᠳᠠᠯ᠎ᠢ ᠬᠠᠷᠱᠢᠯᠠᠭ᠍ᠰᠠᠨ ᠶᠠᠯ᠎ᠠ᠂ ᠠᠯᠪᠠᠳᠠᠯᠭ᠎ᠠ᠎ᠪᠠᠷ ᠠᠷᠠᠯᠵᠢᠶᠠᠯᠠᠭᠤᠯᠤᠭ᠍ᠰᠠᠨ ᠶᠠᠯ᠎ᠠ᠂ ᠬᠠᠤᠯᠢ ᠪᠤᠰᠤ᠎ᠪᠠᠷ ᠫᠤᠤ ᠵᠡᠪᠰᠡᠭ ᠡᠵᠡᠮᠱᠢᠭ᠌ᠰᠡᠨ ᠶᠠᠯ᠎ᠠ ᠵᠡᠷᠭᠡ ᠬᠡᠳᠦᠨ ᠶᠠᠯ᠎ᠠ᠎ᠶ᠋ᠢ ᠨᠡᠢᠯᠡᠭᠦᠯᠦᠨ 25 ᠵᠢᠯ ᠬᠤᠭᠤᠴᠠᠭ᠎ᠠ᠎ᠲᠠᠢ ᠬᠤᠷᠢᠵᠣ᠂ ᠬᠤᠪᠢ ᠬᠥᠮᠦᠨ᠎ᠤ ᠪᠦᠬᠦ᠌ ᠡᠳ᠋ ᠬᠦᠷᠦᠩᠭᠡ᠎ᠶ᠋ᠢ᠎ᠨᠢ ᠬᠤᠷᠢᠶᠠᠨ ᠠᠪᠬᠤ᠎ᠪᠠᠷ ᠨᠡᠢᠯᠡᠭᠦᠯᠦᠨ ᠱᠢᠭᠦᠨ ᠳᠠᠰᠣᠯᠪᠠ; ᠵᠠᠭᠠᠯᠳᠤᠭ᠍ᠳᠠᠭ᠍ᠴᠢ ᠠᠨ ᠣᠪᠣᠭ᠍ᠲᠤ᠎ᠶ᠋ᠢᠨ ᠬᠠᠷ᠎ᠠ ᠪᠦᠯᠦᠭ᠌ᠳᠡᠨ᠎ᠤ ᠱᠢᠨᠵᠢ ᠴᠢᠨᠠᠷᠲᠠᠶ ᠵᠣᠬᠢᠶᠠᠨ ᠪᠠᠢᠭᠤᠯᠤᠯᠲᠠ᠎ᠶ᠋ᠢ ᠤᠳᠤᠷᠢᠳᠤᠭ᠍ᠰᠠᠨ ᠶᠠᠯ᠎ᠠ᠂ ᠬᠡᠷᠡᠭ ᠦᠳᠦᠭᠡᠵᠦ᠍ ᠬᠡᠷᠡᠭ ᠡᠳᠦᠭ᠌ᠰᠡᠨ ᠶᠠᠯ᠎ᠠ᠂ ᠠᠯᠪᠠᠨ ᠠᠵᠢᠯ᠎ᠢ ᠬᠠᠷᠱᠢᠯᠠᠭ᠍ᠰᠠᠨ ᠶᠠᠯ᠎ᠠ ᠵᠡᠷᠭᠡ ᠬᠡᠳᠦᠨ ᠶᠠᠯ᠎ᠠ᠎ᠶ᠋ᠢ ᠨᠡᠢᠯᠡᠭᠦᠯᠦᠨ 16 ᠵᠢᠯ ᠬᠤᠭᠤᠴᠠᠭ᠎ᠠ᠎ᠲᠠᠢ ᠬᠤᠷᠢᠵᠣ᠂ ᠬᠤᠪᠢ ᠬᠥᠮᠦᠨ᠎ᠤ ᠪᠦᠬᠦ᠌ ᠡᠳ᠋ ᠬᠦᠷᠦᠩᠭᠡ᠎ᠶ᠋ᠢ᠎ᠨᠢ ᠬᠤᠷᠢᠶᠠᠵᠤ ᠠᠪᠬᠤ᠎ᠪᠠᠷ ᠱᠢᠭᠦᠨ ᠳᠠᠰᠣᠯᠪᠠ᠃ ᠲᠤᠰ ᠬᠠᠷ᠎ᠠ ᠪᠦᠯᠦᠭ᠌ᠳᠡᠨ᠎ᠤ ᠱᠢᠨᠵᠢ ᠴᠢᠨᠠᠷᠳᠠᠢ ᠵᠣᠬᠢᠶᠠᠨ ᠪᠠᠢᠭᠤᠯᠤᠯᠲᠠ᠎ᠶ᠋ᠢᠨ ᠪᠤᠰᠤᠳ ᠣᠷᠣᠯᠴᠠᠭ᠍ᠴᠢ᠎ᠶ᠋ᠢ 13 ᠵᠢᠯ᠎ᠤᠨ ᠭᠠᠳᠠᠨ᠎ᠠ 6 ᠰᠠᠷ᠎ᠠ᠎ᠠᠴᠠ 1 ᠵᠢᠯ᠎ᠤᠨ ᠭᠠᠳᠠᠨ᠎ᠠ 4 ᠰᠠᠷ᠎ᠠ ᠬᠤᠭᠤᠴᠠᠭ᠎ᠠ᠎ᠲᠠᠢ ᠬᠤᠷᠢᠬᠤ ᠠᠳᠠᠯᠢ ᠪᠤᠰᠤ ᠡᠷᠡᠭᠦᠤ᠎ᠪᠠᠷ ᠳᠣᠰ ᠳᠣᠰ ᠱᠢᠭᠦᠨ ᠳᠠᠰᠣᠯᠪᠠ᠃
ᠱᠢᠭᠦᠨ ᠲᠠᠰᠤᠯᠤᠯᠲᠠ᠎ᠶ᠋ᠢ ᠨᠡᠢᠲᠡᠯᠡᠭ᠌ᠰᠡᠨ᠎ᠤ ᠳᠠᠷᠠᠭ᠎ᠠ᠂ ᠱ᠌ᠢ ᠣᠪᠣᠭ᠍ᠲᠤ ᠵᠡᠷᠭᠡ 5 ᠵᠠᠭᠠᠯᠳᠤᠭ᠍ᠳᠠᠭ᠍ᠴᠢ ᠳᠡᠭᠡᠭ᠌ᠰᠢ ᠵᠠᠭᠠᠯᠳᠤᠵᠤ᠂ ᠪᠤᠰᠤᠳ 17 ᠵᠠᠭᠠᠯᠳᠤᠭ᠍ᠳᠠᠭ᠍ᠴᠢ᠎ᠨᠢ ᠱᠢᠭᠦᠨ ᠲᠠᠰᠤᠯᠤᠯᠲᠠ᠎ᠶ᠋ᠢ ᠳᠠᠭᠠᠵᠤ ᠳᠡᠭᠡᠭ᠌ᠰᠢ ᠵᠠᠭᠠᠯᠳᠤᠬᠤ ᠦᠭᠡᠢ ᠭᠡᠵᠦ᠍ ᠢᠯᠡᠳᠭᠡᠪᠡ᠃