ᠬᠤᠷᠴᠢᠨ ᠵᠡᠬᠦᠨ ᠭᠠᠷᠤᠨ ᠲᠤᠮᠳᠠᠳᠦ ᠬᠤᠱᠢᠭᠤ ᠠᠱᠢᠭ ᠲᠤᠰᠠ᠎ᠶ᠋ᠢᠨ ᠬᠤᠯᠪᠤᠭᠠᠲᠤ ᠲᠤᠭ᠍ᠳᠠᠴᠠ᠎ᠪᠠᠷ ᠶᠠᠳᠠᠭᠤ᠎ᠶ᠋ᠢ ᠲᠡᠳᠬᠦᠵᠤ ᠪᠤᠢ
2020-11-16 10:25:09
ᠵᠣᠬᠢᠶᠠᠭ᠍ᠴᠢ᠄
ᠪᠠᠭᠠᠳᠦᠷ
ᠣᠩᠱᠢᠭ᠍ᠰᠠᠨ ᠣᠳᠠᠭ᠎ᠠ᠄
★★★☆☆

ᠤᠤᠯ᠎ᠳᠠᠭᠠᠨ ᠶᠠᠳᠠᠭᠤᠷᠡᠯ᠎ᠤᠨ ᠨᠤᠷᠮ᠎ᠠ 30.6% ᠎ᠳᠤ ᠬᠦᠷᠴᠤ᠌᠂ ᠤᠯᠤᠰ᠎ᠤᠨ ᠲᠡᠰ᠎ᠤᠨ ᠶᠠᠳᠠᠭᠤ ᠬᠦᠴᠢᠷᠳᠡᠯᠳᠡᠢ ᠬᠤᠱᠢᠭᠤ ᠪᠠᠢᠭ᠍ᠰᠠᠨ ᠬᠤᠷᠴᠢᠨ ᠵᠡᠬᠦᠨ ᠭᠠᠷᠤᠨ ᠲᠤᠮᠳᠠᠳᠦ ᠬᠤᠱᠢᠭᠤ ᠤᠢ᠍ᠢᠷ᠎ᠠ᠎ᠶ᠋ᠢᠨ ᠵᠢᠯ᠎ᠳᠤ ᠠᠵᠦ᠍ ᠠᠬᠤᠢ᠎ᠪᠠᠷ ᠶᠠᠳᠠᠭᠤ᠎ᠶ᠋ᠢ ᠲᠡᠳᠬᠦᠬᠦ᠌᠎ᠶ᠋ᠢ ᠡᠷᠡᠰ ᠪᠠᠷᠢᠮᠳᠠᠯᠠᠵᠦ᠍᠂ ᠲᠤᠰᠭᠤᠨ᠎ᠤ ᠲᠡᠰ᠎ᠤᠨ ᠬᠠᠮᠲᠤ᠎ᠶ᠋ᠢᠨ ᠠᠵᠦ᠍ ᠠᠬᠤᠢ᠎ᠶ᠋ᠢ ᠬᠦᠭ᠌ᠵᠢᠬᠦᠯᠦᠨ ᠪᠤᠵᠠᠭᠠᠢᠷᠠᠭᠤᠯᠬᠤ᠎ᠶ᠋ᠢ ᠶᠠᠳᠠᠭᠤ᠎ᠠᠴᠠ ᠠᠩᠭᠢᠵᠢᠷᠠᠭᠤᠯᠬᠤ ᠪᠤᠭᠤᠮᠳᠠ ᠱᠢᠪᠲᠤᠯᠬᠤ ᠲᠠᠢᠯᠠᠯᠳᠤᠭᠠᠨ᠎ᠳᠤ ᠡᠷᠡᠰ ᠢᠯᠠᠯᠳᠠ ᠤᠯᠬᠤ᠂ ᠪᠦᠬᠦ᠌ ᠬᠤᠱᠢᠭᠤᠨ᠎ᠤ ᠠᠷᠠᠳ ᠲᠦᠮᠡᠨ᠎ᠢ ᠲᠠᠭᠠᠭᠤᠯᠤᠨ ᠶᠠᠳᠠᠭᠤ᠎ᠠᠴᠠ ᠠᠩᠬᠢᠵᠢᠷᠠᠨ ᠴᠢᠨᠡᠭᠡᠯᠢᠭ᠌ᠵᠢᠬᠦ᠌ ᠵᠠᠮ᠎ᠢᠶᠠᠷ ᠵᠠᠮᠨᠠᠬᠤ ᠴᠢᠬᠤᠯᠠ ᠠᠷᠭ᠎ᠠ ᠪᠤᠯᠭᠠᠨ᠂ ᠬᠠᠮᠲᠤ᠎ᠶ᠋ᠢᠨ ᠠᠵᠦ᠍ ᠠᠬᠤᠢ᠎ᠶ᠋ᠢᠨ ᠲᠤᠲᠤᠭᠠᠳᠤ ᠬᠦᠳᠡᠯᠭᠡᠬᠦ᠌ ᠬᠦᠴᠦᠨ᠎ᠢ ᠳᠠᠢᠴᠢᠯᠠᠨ ᠪᠠᠳᠠᠷᠠᠭᠤᠯᠵᠤ᠂ ᠮᠠᠯᠴᠢᠨ ᠲᠠᠷᠢᠶᠠᠴᠢᠨ᠎ᠤ ᠠᠱᠢᠭ ᠲᠤᠰᠠ ᠬᠤᠯᠪᠤᠭᠠᠲᠤ ᠲᠤᠭ᠍ᠳᠠᠴᠠ᠎ᠪᠠᠷ ᠶᠠᠳᠠᠭᠤ᠎ᠶ᠋ᠢ ᠲᠡᠳᠬᠦᠬᠦ᠌ ᠱᠢᠨ᠎ᠡ ᠵᠠᠭ᠍ᠪᠤᠷ᠎ᠢ ᠡᠬᠦᠤᠡᠪᠡ᠃ 

ᠦᠢᠯᠠᠭᠠᠬ᠍ᠰᠠᠨ᠎ᠢᠶᠠᠷ᠂ ᠤᠳᠤᠬᠠᠨ ᠪᠤᠯᠳᠠᠯ᠎ᠠ᠂ ᠲᠤᠰ ᠬᠤᠱᠢᠭᠤ ᠨᠢᠬᠡᠨᠳᠡ ᠲᠠᠷᠢᠶᠠᠯᠡᠩ᠎ᠤᠨ ᠮᠠᠱᠢᠨ᠎ᠤ ᠬᠤᠷᠱᠢᠶ᠎ᠡ᠂ ᠲᠡᠵᠢᠬᠡᠪᠦᠷᠢ᠎ᠶ᠋ᠢᠨ ᠬᠤᠷᠱᠢᠶ᠎ᠡ᠂ ᠠᠮᠢ ᠠᠬᠤᠢ᠎ᠶ᠋ᠢᠨ ᠲᠦᠷᠦᠯ ᠵᠦᠢᠯ᠂ ᠲᠠᠷᠢᠮᠠᠯ᠎ᠤᠨ ᠬᠤᠷᠱᠢᠶ᠎ᠡ ᠵᠡᠷᠬᠡ 142 ᠬᠠᠮᠲᠤ᠎ᠶ᠋ᠢᠨ ᠠᠵᠦ᠍ ᠠᠬᠤᠢ᠎ᠶ᠋ᠢᠨ ᠲᠦᠷᠦᠯ ᠵᠦᠢᠯ᠎ᠢ ᠬᠦᠭ᠌ᠵᠢᠬᠦᠯᠵᠦ᠍᠂ 7000 ᠭᠠᠷᠤᠢ ᠲᠦᠮᠡᠨ ᠲᠦᠬᠦᠷᠢᠭ᠎ᠤᠨ ᠪᠡᠯᠡ ᠤᠷᠤᠭᠤᠯᠤᠨ᠂ 237 ᠬᠦᠮᠦᠨ᠎ᠳᠤ ᠠᠵᠢᠯ ᠤᠯᠭᠤᠵᠦ᠍᠂ 120.7 ᠲᠦᠮᠡᠨ ᠲᠦᠬᠦᠷᠢᠭ᠎ᠤᠨ ᠬᠦᠯᠦᠰᠦ ᠤᠯᠭᠤᠮᠵᠢ ᠲᠠᠷᠬᠠᠭᠠᠵᠦ᠍᠂ ᠲᠠᠷᠢᠵᠦ᠍ ᠤᠷᠭᠤᠭᠤᠯᠬᠤ ᠰᠦᠢᠳᠭᠡᠯ᠎ᠢ 6.5 ᠲᠦᠮᠡᠨ ᠲᠦᠬᠦᠷᠢᠭ ᠬᠠᠰᠤᠨ ᠬᠡᠯᠳᠦᠷᠢᠬᠦᠯᠪᠡ᠃ ᠡᠬᠦᠨ᠎ᠤ ᠬᠠᠮᠲᠤ᠌᠂ ᠵᠢᠯ ᠪᠤᠯᠭᠠᠨ ᠠᠱᠢᠭ ᠤᠷᠤᠯᠭ᠎ᠠ᠎ᠶ᠋ᠢᠨ 8% ᠎ᠶ᠋ᠢ ᠭᠠᠷᠭᠠᠨ᠂ ᠬᠠᠮᠲᠤ᠎ᠶ᠋ᠢᠨ ᠠᠵᠦ᠍ ᠠᠬᠤᠢ᠎ᠶ᠋ᠢᠨ ᠲᠠᠬᠢᠨ ᠬᠤᠪᠢᠶᠠᠷᠢᠯᠠᠯᠳᠠ᠎ᠳᠤ ᠵᠠᠷᠤᠴᠠᠭᠤᠯᠵᠦ᠍᠂ ᠶᠠᠳᠠᠭᠤ ᠬᠦᠴᠢᠷᠳᠡᠯᠳᠡᠢ ᠡᠷᠦᠬᠡ᠎ᠶ᠋ᠢᠨ 2052 ᠬᠦᠮᠦᠨ᠎ᠳᠤ 60.2 ᠲᠦᠮᠡᠨ ᠲᠦᠬᠦᠷᠢᠭ᠎ᠤᠨ ᠱᠠᠩᠨᠡᠨ ᠬᠦᠬᠢᠬᠦᠯᠬᠦ᠌ ᠨᠦᠬᠦᠪᠦᠷᠢ ᠮᠦᠡᠭ᠌ᠬᠦ ᠤᠯᠭᠤᠵᠤ ᠪᠤᠢ᠃ 

ᠱᠧᠡᠭ ᠯᠢ ᠱᠢᠶᠠᠩ᠎ᠤᠨ ᠵᠡᠬᠦᠨ ᠵᠠᠩ ᠵᠢᠶᠠ ᠶᠤᠤ ᠲᠤᠰᠭᠤᠨ᠎ᠤ ᠬᠤᠩ ᠯᠢᠤᠢ ᠯᠠᠨ ᠬᠤᠷᠱᠢᠶᠠᠨ᠎ᠳᠤ ᠠᠵᠢᠯᠳᠠᠳ ᠲᠠᠷᠢᠶᠠᠯᠡᠩ᠎ᠤᠨ ᠪᠦᠲᠦᠭᠡᠭ᠌ᠳᠡᠬᠦᠨ ᠪᠤᠭᠤᠳᠠᠯᠯᠠᠵᠤ ᠶᠠᠭᠠᠷᠠᠯᠳᠤᠨ᠎ᠠ᠃ ᠡᠳᠡᠬᠡᠷ ᠨᠠᠷᠢᠮᠤ᠂ ᠱᠢᠷ᠎ᠠ ᠪᠤᠷᠴᠠᠭ᠂ ᠨᠤᠭᠤᠭᠠᠨ ᠪᠤᠷᠴᠠᠭ ᠵᠡᠷᠬᠡ ᠠᠮᠤ ᠪᠤᠷᠴᠠᠭ ᠤᠭᠤᠲᠠᠯᠠᠬᠤ᠂ ᠪᠤᠭᠤᠳᠠᠯᠯᠠᠬᠤ᠂ ᠬᠠᠢᠷᠴᠠᠭ᠍ᠯᠠᠬᠤ ᠵᠡᠷᠬᠡ ᠠᠵᠢᠯ᠎ᠤᠨ ᠶᠠᠪᠤᠴᠠ᠎ᠪᠠᠷ ᠲᠠᠮᠵᠢᠨ ᠰᠠᠶᠢ ᠵᠠᠬ᠎ᠠ ᠳᠡᠯᠬᠡᠬᠦᠷ᠎ᠲᠤ ᠭᠠᠷᠴᠦ᠍ ᠪᠤᠷᠤᠯᠠᠭᠤᠯᠵᠤ ᠪᠤᠢ᠃ ᠬᠤᠷᠱᠢᠶ᠎ᠡ᠎ᠶ᠋ᠢᠨ ᠠᠵᠢᠯᠳᠡᠨ ᠪᠦ᠍ᠷ ᠤᠢ᠍ᠢᠷ᠎ᠡ ᠬᠠᠪᠢ᠎ᠶ᠋ᠢᠨ ᠠᠢᠯ ᠲᠤᠰᠭᠤᠨ᠎ᠤ ᠲᠠᠩᠰᠠᠯᠠᠵᠤ ᠺᠠᠷᠳ᠋ᠯᠠᠭ᠍ᠰᠠᠨ ᠵᠠᠳᠠᠭᠤ ᠬᠦᠴᠢᠷᠳᠡᠯᠳᠡᠢ ᠡᠷᠦᠬᠡ ᠪᠤᠯᠤᠨ᠎ᠠ; ᠬᠤᠩ ᠯᠢᠤᠢ ᠯᠠᠨ ᠬᠤᠷᠱᠢᠶ᠎ᠡ 2017 ᠤᠨ᠎ᠳᠤ ᠲᠤᠰ ᠬᠤᠱᠢᠭᠤᠨ᠎ᠤ ᠤᠷᠤᠨ ᠪᠥᠰᠡ᠂ ᠲᠠᠷᠢᠶᠠᠯᠠᠩ᠎ᠤᠨ ᠬᠦᠭ᠌ᠵᠢᠯᠳᠡ᠎ᠶ᠋ᠢᠨ ᠪᠠᠢᠳᠠᠯ ᠵᠢᠴᠢ ᠱᠧᠡᠭ ᠯᠢ ᠱᠢᠶᠠᠩ᠎ᠤᠨ 《ᠠᠮᠤ ᠪᠤᠷᠴᠠᠭ᠎ᠤᠨ ᠨᠤᠲᠤᠭ》 ᠪᠤᠯᠬᠤ ᠲᠠᠪᠠᠭᠤᠯᠢᠭ᠎ᠲᠠᠢ ᠤᠶᠠᠯᠳᠤᠭᠤᠯᠤᠨ ᠤᠷᠢᠭ᠍ᠰᠠᠨ ᠲᠠᠷᠢᠶᠠᠯᠠᠩ᠎ᠤᠨ ᠪᠦᠲᠦᠭᠡᠭ᠌ᠳᠡᠬᠦᠨ᠎ᠢ ᠡᠳ᠋ᠱᠢᠬᠦᠯᠦᠨ ᠪᠤᠯᠪᠠᠰᠤᠷᠠᠭᠤᠯᠬᠤ ᠠᠵᠦ᠍ ᠠᠬᠤᠢ᠍ᠢᠯᠠᠯ ᠪᠤᠯᠬᠤ ᠶᠤᠮ᠃ ᠲᠦᠬᠦᠬᠡᠢ ᠮᠠᠲ᠋ᠧᠷᠢᠶᠠᠯ᠎ᠨᠢ ᠴᠦ᠍ ᠪᠦᠷ ᠶᠠᠳᠠᠭᠤ ᠬᠦᠴᠢᠷᠳᠡᠯᠳᠡᠢ ᠡᠷᠦᠬᠡ᠎ᠠᠴᠠ ᠢᠷᠡᠵᠤ᠂ ᠡᠢᠮᠦᠷᠬᠦᠥ ᠨᠢᠭ᠍ᠲᠠ ᠴᠢᠩᠭ᠎ᠠ ᠠᠷᠭ᠎ᠠ ᠪᠠᠷᠢᠯ᠎ᠨᠢ ᠠᠵᠦ᠍ ᠠᠬᠤᠢ᠍ᠢᠯᠠᠯ ᠬᠢᠬᠡᠳ ᠶᠠᠳᠠᠭᠤ ᠡᠷᠦᠬᠡ᠎ᠶ᠋ᠢᠨ ᠬᠤᠭᠤᠷᠤᠨᠳᠤᠬᠢ ᠠᠱᠢᠭ ᠲᠤᠰᠠ᠎ᠲᠠᠢ ᠬᠤᠯᠪᠤᠯᠳᠤᠭ᠍ᠰᠠᠨ ᠵᠠᠭ᠍ᠪᠤᠷ᠎ᠢ ᠪᠦᠷᠢᠯᠳᠦᠬᠦᠯᠵᠡᠢ᠃ 

ᠬᠤᠩ ᠯᠢᠤᠢ ᠯᠠᠨ ᠬᠤᠷᠱᠢᠶ᠎ᠡ ᠬᠦᠳᠡᠯᠮᠦᠷᠢᠯᠡᠬᠦ᠌ ᠴᠢᠳᠠᠪᠤᠷᠢ ᠦᠬᠡᠢ ᠶᠠᠳᠠᠭᠤ ᠬᠦᠴᠢᠷᠳᠡᠯᠲᠡᠢ ᠡᠷᠦᠬᠡ᠎ᠶ᠋ᠢᠨ ᠶᠠᠳᠠᠭᠤ᠎ᠶ᠋ᠢ ᠲᠡᠳᠬᠦᠬᠦ᠌ ᠪᠡᠯᠡ ᠮᠦᠡᠭ᠌ᠬᠦ᠎ᠶ᠋ᠢ ᠬᠤᠷᠱᠢᠶᠠᠨ᠎ᠳᠤ ᠬᠤᠪᠢ ᠤᠷᠤᠭᠤᠯᠵᠦ᠍᠂ ᠵᠢᠯ᠎ᠤᠨ ᠡᠴᠦᠰ ᠠᠱᠢᠭ ᠬᠤᠪᠢᠶᠠᠷᠢᠯᠠᠬᠤ ᠬᠡᠯᠪᠡᠷᠢ᠎ᠪᠠᠷ ᠶᠠᠳᠠᠭᠤ ᠡᠷᠦᠬᠡ᠎ᠳᠤ ᠦᠭ᠌ᠬᠦ᠂ ᠶᠠᠳᠠᠭᠤ ᠡᠷᠦᠬᠡ᠎ᠶ᠋ᠢ ᠬᠤᠷᠱᠢᠶᠠᠨ᠎ᠳᠤ ᠬᠦᠳᠡᠯᠮᠦᠷᠢᠯᠡᠬᠦᠯᠵᠦ᠍᠂ ᠬᠦᠯᠦᠰᠦ ᠤᠯᠭᠤᠮᠵᠢ ᠦᠭ᠌ᠬᠦ ᠪᠠ ᠶᠠᠳᠠᠭᠤ ᠡᠷᠦᠬᠡ᠎ᠲᠠᠢ ᠵᠠᠬᠢᠶᠠᠯᠠᠭ᠎ᠠ ᠲᠤᠭ᠍ᠳᠠᠨ᠂ ᠵᠠᠬ᠎ᠠ ᠳᠡᠯᠬᠡᠬᠦᠷ᠎ᠤᠨ ᠦᠨ᠎ᠡ ᠬᠠᠨᠭ᠌ᠰᠢ᠎ᠠᠴᠠ ᠦᠨᠳᠦᠷ ᠦᠨ᠎ᠠ᠎ᠪᠠᠷ ᠲᠠᠷᠢᠶᠠᠯᠡᠩ᠎ᠤᠨ ᠪᠦᠲᠦᠭᠡᠭ᠌ᠳᠡᠬᠦᠨ᠎ᠢ ᠬᠤᠷᠢᠶᠠᠨ ᠠᠪᠬᠤ ᠵᠡᠷᠬᠡ ᠭᠤᠷᠪᠠᠨ ᠵᠦᠢᠯ᠎ᠢᠶᠠᠷ ᠶᠠᠳᠠᠭᠤ᠎ᠶ᠋ᠢ ᠳᠡᠳᠭᠦᠵᠦ᠍ ᠪᠠᠢᠨ᠎ᠠ᠃ 

ᠤᠢ᠍ᠢᠷ᠎ᠠ᠎ᠶ᠋ᠢᠨ ᠵᠢᠯ᠎ᠳᠤ᠂ ᠲᠤᠰ ᠬᠤᠷᠱᠢᠶ᠎ᠡ 《ᠬᠤᠪᠢ ᠤᠷᠤᠭᠤᠯᠤᠨ ᠬᠤᠯᠪᠤᠭᠠᠯᠠᠬᠤ》᠂ 《ᠬᠦᠳᠡᠯᠮᠦᠷᠢ ᠬᠦᠴᠦ᠎ᠪᠠᠷ ᠬᠤᠯᠪᠤᠭᠠᠯᠠᠬᠤ》᠂ 《ᠲᠦᠷᠢᠶᠡᠰᠦᠯᠡᠨ ᠬᠤᠯᠪᠤᠭᠠᠯᠠᠬᠤ》 ᠵᠠᠭ᠍ᠪᠤᠷ᠎ᠢᠶᠠᠷ ᠲᠠᠮᠵᠢᠨ᠂ ᠤᠢ᠍ᠢᠷ᠎ᠠ ᠬᠠᠪᠢ᠎ᠶ᠋ᠢᠨ 156 ᠲᠠᠩᠰᠠᠯᠠᠵᠤ ᠺᠠᠷᠳ᠋ᠯᠠᠭ᠍ᠰᠠᠨ ᠶᠠᠳᠠᠭᠤ ᠬᠦᠴᠢᠷᠳᠡᠯᠳᠡᠢ ᠡᠷᠦᠬᠡ᠎ᠲᠠᠢ ᠪᠤᠬᠢᠷᠳᠤᠯ ᠦᠬᠡᠢ ᠬᠦᠷᠢᠶ᠎ᠠ ᠬᠠᠱᠢᠶᠠᠨ᠎ᠤ ᠲᠠᠷᠢᠵᠦ᠍ ᠤᠷᠭᠤᠭᠤᠯᠬᠤ ᠵᠠᠬᠢᠶᠠᠯᠠᠭ᠎ᠠ ᠲᠤᠭ᠍ᠳᠠᠵᠦ᠍᠂ ᠡᠬᠦᠨ᠎ᠤ ᠬᠠᠮᠲᠤ 《ᠶᠠᠳᠠᠭᠤ᠎ᠶ᠋ᠢ ᠲᠡᠤᠡᠬᠦᠬᠦ᠌ ᠦᠢᠯᠡᠳᠪᠦᠷᠢ᠎ᠶ᠋ᠢᠨ ᠲᠠᠰᠤᠭ》 ᠎ᠲᠤ 10 ᠭᠠᠷᠤᠢ ᠶᠠᠳᠠᠭᠤ ᠬᠦᠴᠢᠷᠳᠡᠯᠳᠡᠢ ᠡᠷᠦᠬᠡ᠎ᠳᠤ ᠠᠵᠢᠯ ᠤᠯᠭᠤᠪᠠ᠃ ᠤᠳᠤᠬᠠᠨ᠎ᠳᠤ ᠬᠤᠷᠱᠢᠶ᠎ᠡ᠎ᠶ᠋ᠢᠨ ᠠᠮᠤ ᠪᠤᠷᠴᠠᠭ᠎ᠤᠨ ᠤᠨᠠᠯᠳᠠ 6000 ᠭᠠᠷᠤᠢ ᠲᠤᠨ᠎ᠳᠤ ᠬᠦᠷᠴᠦ᠍᠂ ᠪᠦᠲᠦᠭᠡᠭ᠌ᠳᠡᠬᠦᠨ᠎ᠨᠢ ᠪᠡᠬᠡᠵᠢᠩ᠂ ᠱᠠᠩᠬᠠᠢ᠂ ᠭᠤᠸᠠᠩᠵᠧᠤ᠂ ᠱᠧᠨᠵᠧᠨ ᠵᠡᠷᠬᠡ 40 ᠭᠠᠷᠤᠢ ᠬᠤᠳᠠ᠎ᠪᠠᠷ ᠪᠤᠷᠤᠯᠠᠭᠤᠯᠵᠦ᠍ ᠪᠠᠢᠨ᠎ᠠ᠃ 

ᠶᠠᠳᠠᠭᠤ᠎ᠠᠴᠠ ᠠᠩᠬᠢᠵᠢᠷᠠᠭᠤᠯᠬᠤ ᠪᠤᠭᠤᠮᠳᠠ ᠱᠢᠪᠲᠤᠯᠬᠤ ᠲᠠᠢᠯᠠᠯᠲᠦᠭᠠᠨ᠎ᠢ ᠦᠷᠨᠢᠬᠦᠯᠦᠭ᠌ᠰᠡᠨ᠎ᠠᠴᠠ ᠨᠠᠭᠠᠰᠢ᠂ ᠲᠤᠰ ᠬᠤᠱᠢᠭᠤᠨ᠎ᠳᠤ ᠨᠡᠢᠳᠡ 150 ᠠᠵᠦ᠍ ᠠᠬᠤᠢ᠍ᠢᠯᠠᠯ ᠬᠤᠷᠱᠢᠶ᠎ᠡ ᠬᠢᠬᠡᠳ ᠶᠠᠳᠠᠭᠤ ᠬᠦᠴᠢᠷᠳᠡᠯᠲᠡᠢ ᠡᠷᠦᠬᠡ᠎ᠲᠠᠢ ᠠᠱᠢᠭ ᠲᠤᠰᠠ᠎ᠶ᠋ᠢᠨ ᠬᠤᠯᠪᠤᠭᠠᠲᠤ ᠲᠤᠭ᠍ᠳᠠᠴᠠ ᠪᠠᠢᠭᠤᠯᠵᠠᠢ᠃ ᠡᠬᠦᠨ᠎ᠳᠤ᠂ ᠬᠡᠪᠴᠢᠶ᠎ᠡ᠎ᠪᠠᠷ ᠬᠠᠷᠢᠴᠠᠩᠭᠤᠢ ᠶᠡᠭᠡ᠂ ᠠᠵᠦ᠍ ᠦᠢᠯᠡᠰ᠎ᠤᠨ ᠰᠠᠭᠤᠷᠢᠨ᠎ᠲᠠᠢ ᠪᠤᠯᠤᠭ᠍ᠰᠠᠨ᠎ᠨᠢ 10 ᠪᠠᠢᠵᠦ᠍᠂ ᠭᠤᠤᠯ᠎ᠨᠢ ᠠᠵᠢᠯ ᠤᠯᠭᠤᠨ ᠬᠦᠯᠦᠰᠤᠨ ᠠᠵᠢᠯ ᠬᠢᠬᠦ᠂ ᠠᠵᠦ᠍ ᠦᠢᠯᠡᠰ᠎ᠤᠨ ᠵᠠᠬᠢᠶᠠᠯᠠᠭ᠎ᠠ ᠲᠤᠭ᠍ᠳᠠᠬᠤ᠂ ᠵᠢᠯ᠎ᠤᠨ ᠡᠴᠦᠰ ᠠᠱᠢᠭ ᠤᠷᠤᠯᠭ᠎ᠠ ᠬᠤᠪᠢᠶᠠᠷᠢᠯᠠᠬᠤ ᠵᠡᠷᠬᠡ ᠠᠷᠭ᠎ᠠ᠎ᠶ᠋ᠢ ᠠᠪᠴᠦ᠍᠂ ᠶᠠᠳᠠᠭᠤ ᠬᠦᠴᠢᠷᠳᠡᠯᠳᠡᠢ ᠡᠷᠦᠬᠡ᠎ᠶ᠋ᠢᠨ ᠲᠤᠲᠤᠭᠠᠲᠤ ᠬᠦᠳᠡᠯᠬᠡᠭ᠌ᠴᠢ ᠬᠦᠴᠦᠨ᠎ᠢ ᠲᠠᠰᠤᠷᠠᠯᠳᠠ ᠦᠬᠡᠢ ᠬᠦᠭ᠌ᠵᠢᠬᠡᠪᠡ᠃ ᠤᠳᠤᠬᠠᠨ ᠪᠤᠯᠳᠠᠯ᠎ᠠ᠂ ᠨᠢᠬᠡᠨᠳᠡ 2560 ᠬᠦᠮᠦᠨ ᠡᠨᠡᠬᠦ᠌ ᠠᠷᠭ᠎ᠠ᠎ᠪᠠᠷ ᠲᠠᠮᠵᠢᠵᠦ᠍᠂ ᠲᠤᠭ᠍ᠳᠠᠭᠤᠨ᠎ᠢᠶᠠᠷ ᠶᠠᠳᠠᠭᠤ᠎ᠠᠴᠠ ᠠᠩᠬᠢᠵᠢᠷᠠᠨ ᠴᠢᠨᠡᠬᠡᠯᠢᠭ᠌ᠵᠢᠯ᠎ᠤᠨ ᠵᠠᠮ᠎ᠢᠶᠠᠷ ᠵᠠᠮᠨᠠᠭ᠍ᠰᠠᠨ ᠪᠠᠢᠨ᠎ᠠ᠃ 




ᠣᠷᠴᠢᠭᠤᠯᠤᠭ᠍ᠴᠢ᠄
ᠨᠠᠢᠷᠠᠭᠤᠯᠤᠭ᠍ᠴᠢ᠄ ᠱᠢᠨᠡᠴᠡᠴᠡᠭ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号