ᠬᠥᠷᠢᠶ᠎ᠠ ᠬᠤᠱᠢᠭᠤᠨ᠎ᠤ ᠵᠠᠬᠢᠶᠠᠯᠠᠭ᠎ᠠ᠎ᠶ᠋ᠢᠨ ᠲᠠᠷᠢᠶᠠᠯᠠᠩ᠎ᠤᠨ ᠲᠠᠯᠠᠪᠠᠶ 15 ᠲᠦᠮᠡᠨ ᠮᠥ᠎ᠶ᠋ᠢ ᠳᠠᠪᠠᠪᠠ
2020-11-16 10:25:15
ᠵᠣᠬᠢᠶᠠᠭ᠍ᠴᠢ᠄
ᠬᠥᠷᠠᠯᠪᠠᠭᠠᠳᠤᠷ ᠮᠸᠢ ᠶᠢᠩ
ᠣᠩᠱᠢᠭ᠍ᠰᠠᠨ ᠣᠳᠠᠭ᠎ᠠ᠄
★★★☆☆

ᠬᠦᠷᠢᠶ᠎ᠡ᠎ᠶ᠋ᠢᠨ ᠮᠡᠳᠡᠭᠡ ᠣᠢᠷ᠎ᠠ᠎ᠶ᠋ᠢᠨ ᠵᠢᠯ᠎ᠠᠴᠠ ᠨᠠᠭᠠᠰᠢ᠂ ᠬᠦᠷᠢᠶ᠎ᠡ ᠬᠤᠱᠢᠭᠤ ᠡᠬᠢ ᠪᠠᠶᠠᠯᠢᠭ᠎ᠤᠨ ᠳᠠᠪᠠᠭᠤᠯᠢᠭ᠎ᠲᠠᠭᠠᠨ ᠰᠠᠭᠤᠷᠢᠯᠠᠵᠤ᠂ ᠲᠠᠷᠢᠶᠠᠯᠠᠩ᠎ᠤᠨ ᠠᠵᠤ ᠣᠢᠯᠡᠰ᠎ᠤᠨ ᠪᠦᠲᠦᠴᠡ᠎ᠶ᠋ᠢᠨ ᠲᠣᠬᠢᠷᠠᠭᠤᠯᠤᠯᠲᠠ᠎ᠶ᠋ᠢ ᠢᠳᠡᠪᠬᠢᠲᠡᠶ ᠠᠬᠢᠭᠤᠯᠵᠤ᠂ ᠵᠠᠬᠢᠶᠠᠯᠠᠭ᠎ᠠ᠎ᠶ᠋ᠢᠨ ᠲᠠᠷᠢᠶᠠᠯᠠᠩ᠎ᠢ ᠬᠥᠭ᠌ᠵᠢᠭᠦᠯᠬᠦ᠌᠎ᠪᠠᠷ ᠳᠠᠮᠵᠢᠨ᠂ ᠲᠠᠷᠢᠶᠠᠴᠢᠨ ᠡᠷᠦᠬᠡ᠎ᠶ᠋ᠢᠨ ᠵᠢᠵᠢᠭ ᠣᠢᠯᠡᠳᠪᠦᠷᠢᠯᠡᠯ᠎ᠢ ᠲᠣᠮᠣ ᠵᠠᠬ᠎ᠠ ᠳᠡᠯᠭᠡᠭᠦᠷ᠎ᠲᠠᠢ ᠬᠤᠯᠪᠣᠵᠤ᠂ ᠥᠷᠭᠡᠨ ᠣᠯᠡᠨ ᠮᠠᠯᠴᠢᠨ ᠲᠠᠷᠢᠶᠠᠴᠢᠨ᠎ᠤ ᠤᠷᠤᠯᠭ᠎ᠠ᠎ᠶ᠋ᠢ ᠨᠡᠮᠡᠭ᠌ᠳᠡᠬᠦᠯᠵᠤ ᠪᠤᠢ᠃ 

ᠶᠠᠩ ᠫᠢᠩ ᠶᠤᠸᠠᠨ ᠪᠣᠯ ᠱᠢᠶᠡᠨᠵᠢᠨ ᠰᠣᠮᠣᠨ᠎ᠤ ᠳ᠋ᠠᠢ ᠰᠢ ᠬᠤᠸᠠ ᠭᠠᠴᠠᠭᠠᠨ᠎ᠤ ᠲᠠᠷᠢᠮᠠᠯ᠎ᠤᠨ ᠲᠣᠮᠣ ᠡᠷᠦᠬᠡ ᠪᠣᠯᠤᠨ᠎ᠠ᠃ ᠥᠩᠭᠡᠷᠡᠭ᠌ᠰᠡᠨ᠎ᠳᠤ᠂ ᠲᠡᠳᠡᠨ᠎ᠤ ᠭᠡᠷ᠎ᠤᠨ ᠠᠮᠲᠠᠲᠤ ᠲᠥᠮᠥᠰᠥ᠍᠂ ᠨᠠᠷᠢᠮᠤ ᠵᠡᠷᠭᠡ ᠲᠠᠷᠢᠶᠠᠯᠠᠩ᠎ᠤᠨ ᠪᠦᠲᠦᠭᠡᠭ᠌ᠳᠡᠬᠦᠨ᠎ᠢ ᠵᠥᠪᠬᠡᠨ ᠣᠢᠷ᠎ᠠ ᠬᠠᠪᠢ᠎ᠶ᠋ᠢᠨ ᠭᠠᠴᠠᠭ᠎ᠠ ᠲᠣᠰᠭᠤᠨ᠎ᠳᠤ ᠬᠡᠰᠡᠭ ᠪᠤᠰᠠᠭ᠎ᠢᠶᠠᠷ ᠪᠣᠷᠣᠯᠠᠭᠤᠯᠵᠤ᠂ ᠦᠨ᠎ᠡ ᠬᠠᠩᠰᠢ ᠳᠣᠣᠷ᠎ᠠ᠂ ᠣᠷᠣᠯᠭ᠎ᠠ ᠴᠤ᠌ ᠠᠨᠠᠢ ᠪᠠᠢᠯ᠎ᠠ᠃ ᠡᠨᠡ ᠬᠦ᠌ ᠪᠠᠢᠳᠠᠯ᠎ᠳᠤ ᠬᠠᠨᠳᠤᠭᠤᠯᠤᠨ᠂ ᠳ᠋ᠠᠶ ᠰᠢ ᠬᠤᠸᠠ ᠭᠠᠴᠠᠭᠠᠨ᠎ᠤ ᠲᠣᠰᠭᠤᠨ᠎ᠳᠤ ᠰᠠᠭᠤᠭ᠎ᠠ ᠠᠵᠢᠯᠯᠠᠬᠤ ᠠᠩᠭᠢ᠎ᠶ᠋ᠢ ᠡᠷᠢᠵᠤ᠂ ᠬᠤᠯᠪᠣᠭ᠍ᠳᠠᠯ ᠪᠦᠬᠦᠢ ᠰᠠᠯᠠᠭ᠎ᠠ ᠮᠦᠴᠢᠷ᠎ᠲᠠᠢ ᠵᠣᠬᠢᠴᠠᠭᠤᠯᠬᠤ᠎ᠪᠠᠷ ᠳᠠᠮᠵᠢᠨ᠂ ᠳ᠋ᠠᠶ ᠰᠢ ᠬᠤᠸᠠ ᠭᠠᠴᠠᠭ᠎ᠠ᠎ᠶ᠋ᠢᠨ ᠲᠠᠷᠢᠵᠤ ᠲᠡᠵᠢᠭᠡᠨ ᠦᠷᠡᠵᠢᠭᠦᠯᠬᠦ᠌ ᠲᠣᠰᠭᠠᠢ ᠬᠤᠷᠱᠢᠶ᠎ᠠ᠎ᠶ᠋ᠢ ᠪᠠᠢᠭᠤᠯᠤᠭ᠍ᠰᠠᠨ ᠪᠥᠭᠡᠳ ᠥᠪᠥᠷ ᠮᠣᠩᠭᠤᠯ᠎ᠤᠨ ᠬᠤᠩ ᠳ᠋ᠠ ᠱᠧᠩ ᠮᠤᠤ ᠲᠠᠷᠢᠶᠠᠯᠠᠩ ᠮᠠᠯ ᠠᠵᠤ ᠠᠬᠤᠢ᠎ᠶ᠋ᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠬᠥᠭ᠌ᠵᠢᠯᠲᠡ᠎ᠶ᠋ᠢᠨ ᠬᠢᠵᠠᠭᠠᠷᠲᠤ ᠺᠣᠮᠫᠠᠨᠢ᠎ᠲᠠᠢ ᠵᠠᠬᠢᠶᠠᠯᠠᠭ᠎ᠠ᠎ᠶ᠋ᠢᠨ ᠲᠠᠷᠢᠶᠠᠯᠠᠩ ᠪᠣᠯᠤᠨ ᠬᠡᠷᠡᠭ᠌ᠯᠡᠭᠡ᠎ᠪᠠᠷ ᠶᠠᠳᠠᠭᠤ᠎ᠶ᠋ᠢ ᠲᠡᠳᠬᠦᠬᠦ᠌ ᠪᠠᠢᠯᠳᠤᠬᠤ ᠪᠣᠳᠣᠯᠭ᠎ᠠ᠎ᠶ᠋ᠢᠨ ᠬᠠᠮᠳᠣᠷᠡᠯᠴᠠᠭᠠᠨ᠎ᠤ ᠬᠡᠯᠡᠯᠴᠡᠭᠡᠷ ᠲᠣᠭ᠍ᠲᠠᠵᠤ᠂ ᠶᠠᠩ ᠫᠢᠩ ᠶᠣᠸᠠᠨ᠎ᠤ ᠲᠠᠷᠢᠶᠠᠯᠠᠩ᠎ᠤᠨ ᠪᠦᠲᠦᠭᠡᠭ᠌ᠳᠡᠬᠦᠨ᠎ᠤ ᠪᠣᠷᠣᠯᠠᠭᠤᠯᠭ᠎ᠠ ᠬᠦᠴᠢᠷᠲᠡᠶ ᠠᠰᠠᠭᠤᠳᠠᠯ᠎ᠢ ᠱᠢᠢᠳᠪᠤᠷᠢᠯᠡᠭ᠌ᠰᠡᠨ᠎ᠢᠶᠠᠷ ᠪᠠᠷᠠᠬᠤ ᠦᠭᠡᠶ ᠪᠠᠰᠠ ᠪᠣᠷᠣᠯᠠᠭᠤᠯᠭ᠎ᠠ᠎ᠶ᠋ᠢᠨ ᠠᠷᠭ᠎ᠠ ᠵᠠᠮ᠎ᠢ᠎ᠨᠢ ᠥᠷᠭᠡᠳᠭᠡᠵᠦ᠍ ᠡᠷᠴᠢ ᠵᠣᠷᠢᠭ᠎ᠢ᠎ᠨᠢ ᠬᠥᠪᠴᠢᠯᠡᠵᠡᠶ᠃ 

ᠵᠠᠬᠢᠶᠠᠯᠠᠭ᠎ᠠ᠎ᠶ᠋ᠢᠨ ᠲᠠᠷᠢᠶᠠᠯᠠᠩ᠎ᠨᠢ ᠳ᠋ᠠᠶ ᠰᠢ ᠬᠤᠸᠠ ᠭᠠᠴᠠᠭ᠎ᠠ᠎ᠶ᠋ᠢᠨ 《ᠠᠵᠤ ᠠᠬᠤᠢᠯᠠᠯ᠎ᠢᠶᠠᠷ ᠲᠣᠰᠭᠤᠨ᠎ᠢ ᠳᠠᠢᠴᠢᠯᠠᠵᠤ᠂ ᠲᠣᠰᠭᠤᠨ᠎ᠢᠶᠠᠷ ᠠᠵᠤ ᠠᠬᠤᠢᠯᠠᠯ᠎ᠢ ᠠᠬᠢᠭᠤᠯᠬᠤ》 ᠬᠤᠤᠰ ᠴᠢᠭ᠌ᠯᠡᠯ᠎ᠢᠶᠠᠷ ᠬᠤᠯᠪᠣᠯᠳᠤᠭ᠍ᠰᠠᠨ ᠬᠠᠷᠢᠯᠴᠠᠨ ᠠᠱᠢᠭ᠍ᠲᠠᠶ ᠬᠠᠮᠲᠤ᠎ᠪᠠᠷ ᠠᠱᠢᠭ ᠬᠦᠷᠲᠡᠬᠦ᠌ ᠲᠣᠰᠭᠤᠨ᠎ᠤ ᠠᠵᠤ ᠠᠬᠤᠢᠯᠠᠯ᠎ᠤᠨ ᠬᠠᠮᠵᠢᠯᠴᠠᠭᠠᠨ᠎ᠤ ᠬᠥᠭ᠌ᠵᠢᠯᠲᠡ᠎ᠶ᠋ᠢᠨ ᠬᠡᠪ ᠵᠠᠭ᠍ᠪᠤᠷ᠎ᠢ ᠪᠦᠷᠢᠯᠳᠦᠭᠦᠯᠵᠦ᠍᠂ 15 ᠡᠷᠦᠬᠡ ᠮᠠᠯᠴᠢᠨ ᠲᠠᠷᠢᠶᠠᠴᠢᠨ᠎ᠢ ᠳᠠᠢᠴᠢᠯᠡᠵᠣ᠂ ᠡᠷᠦᠬᠡ ᠪᠦᠷᠢ᠎ᠶ᠋ᠢᠨ ᠣᠷᠣᠯᠭ᠎ᠠ᠎ᠶ᠋ᠢ 1400 ᠲᠥᠭᠦᠷᠢᠭ ᠨᠡᠮᠡᠭ᠌ᠳᠡᠭᠦᠯᠪᠡ᠃ ᠣᠳᠣ᠂ ᠳ᠋ᠠᠶ ᠰᠢ ᠬᠤᠸᠠ ᠭᠠᠴᠠᠭᠠᠨ᠎ᠤ ᠠᠮᠲᠠᠲᠤ ᠲᠥᠮᠥᠰᠥ᠍ ᠵᠡᠷᠭᠡ ᠲᠠᠷᠢᠶᠠᠯᠠᠩ᠎ᠤᠨ ᠪᠦᠲᠦᠭᠡᠭ᠌ᠳᠡᠭᠦᠨ ᠪᠡᠭᠡᠵᠢᠩ᠂ ᠯᠢᠶᠣᠤᠨᠢᠩ᠂ ᠭᠢᠷᠢᠨ ᠵᠡᠷᠭᠡ ᠭᠠᠵᠠᠷ᠎ᠲᠤ ᠪᠤᠷᠤᠯᠠᠭᠤᠯᠤᠭ᠍ᠳᠠᠵᠤ ᠪᠠᠢᠨ᠎ᠠ᠃ 

ᠬᠥᠷᠢᠶ᠎ᠡ ᠬᠤᠱᠢᠭᠤ ᠵᠠᠰᠠᠭ᠎ᠤᠨ ᠣᠷᠳᠣᠨ ᠬᠥᠲᠥᠯᠥᠨ ᠵᠢᠯᠣᠭᠤᠤᠡᠬᠤ᠂ ᠲᠠᠷᠢᠮᠠᠯ᠎ᠤᠨ ᠦᠢᠯᠡᠰ᠎ᠤᠨ ᠪᠦᠲᠦᠴᠡ᠎ᠶ᠋ᠢᠨ ᠲᠣᠬᠢᠷᠠᠭᠤᠯᠣᠯᠲᠠ ᠬᠢᠬᠦ᠂ ᠭᠠᠵᠠᠷ ᠱᠢᠷᠣᠶ᠎ᠶ᠋ᠢ ᠱᠢᠯᠵᠢᠬᠦᠯᠬᠦ᠂ ᠵᠠᠬᠢᠶᠠᠯᠠᠭ᠎ᠠ᠎ᠶ᠋ᠢᠨ ᠲᠠᠷᠢᠶᠠᠯᠠᠭ᠎ᠠ ᠵᠡᠷᠭᠡ ᠣᠯᠠᠨ ᠵᠦᠢᠯ᠎ᠤᠨ ᠬᠡᠯᠪᠡᠷᠢ᠎ᠪᠠᠷ ᠳᠠᠮᠵᠢᠭᠤᠯᠤᠨ ᠠᠵᠤ ᠠᠬᠤᠢᠯᠠᠯ᠂ ᠬᠤᠷᠱᠢᠶ᠎ᠡ᠂ ᠵᠠᠬᠢᠶᠠᠯᠠᠭ᠎ᠠ᠎ᠶ᠋ᠢᠨ ᠲᠠᠷᠢᠶᠠᠯᠠᠩ᠎ᠢ ᠬᠥᠭ᠌ᠵᠢᠭᠦᠯᠬᠦ᠌᠎ᠶ᠋ᠢ ᠵᠣᠷᠢᠭ᠍ᠵᠢᠭᠤᠯᠵᠤ᠂ ᠲᠠᠷᠢᠶᠠᠴᠢᠨ ᠡᠷᠦᠬᠡ᠎ᠶ᠋ᠢ ᠠᠵᠤ ᠠᠬᠤᠢᠯᠠᠯ᠂ ᠵᠠᠬ᠎ᠠ ᠳᠡᠯᠭᠡᠭᠦᠷ᠎ᠲᠠᠢ ᠱᠢᠭᠤᠳ ᠵᠣᠯᠭᠠᠭᠤᠯᠵᠤ᠂ ᠲᠠᠷᠢᠶᠠᠯᠠᠩ᠎ᠤᠨ ᠦᠷ᠎ᠡ ᠠᠱᠢᠭ᠎ᠢ ᠨᠡᠮᠡᠭ᠌ᠳᠡᠬᠦᠯᠥᠨ᠂ ᠲᠠᠷᠢᠶᠠᠴᠢᠳ᠎ᠤᠨ ᠣᠷᠣᠯᠭ᠎ᠠ᠎ᠶ᠋ᠢ ᠨᠡᠮᠡᠭ᠌ᠳᠡᠭᠦᠯᠬᠦ᠌᠎ᠶ᠋ᠢ ᠠᠬᠢᠭᠤᠯᠪᠠ᠃ ᠣᠲᠣ ᠪᠣᠯᠲᠠᠯ᠎ᠠ᠂ ᠪᠥᠬᠦ᠌ ᠬᠤᠱᠢᠭᠤᠨ᠎ᠳᠤ ᠶᠠᠩ ᠫᠢᠩ ᠶᠤᠸᠠᠨ᠎ᠤ᠎ᠬᠢ ᠱᠢᠭ᠋ ᠵᠠᠬᠢᠶᠠᠯᠠᠭ᠎ᠠ᠎ᠶ᠋ᠢᠨ ᠲᠠᠷᠢᠶᠠᠯᠠᠩ᠎ᠤᠨ ᠲᠠᠯᠠᠪᠠᠶ ᠨᠢᠭᠡᠨᠲᠡ 15 ᠲᠦᠮᠡ ᠭᠠᠷᠤᠶ ᠮᠥ᠎ᠳᠤ ᠬᠦᠷᠴᠣ᠂ ᠲᠥᠷᠥᠯ ᠵᠥᠢᠯ᠎ᠤᠨ ᠡᠷᠦᠬᠡ᠎ᠶ᠋ᠢᠨ ᠵᠢᠵᠢᠭ ᠥᠢᠯᠡᠳᠪᠤᠷᠢᠯᠡᠯ᠎ᠢ ᠲᠤᠮᠤ ᠵᠠᠬ᠎ᠠ ᠳᠡᠯᠭᠡᠭᠦᠷ᠎ᠲᠠᠢ ᠬᠤᠯᠪᠣᠵᠤ᠂ ᠲᠠᠷᠢᠶᠠᠴᠢᠳ᠎ᠤᠨ ᠣᠷᠣᠯᠭ᠎ᠠ᠎ᠶ᠋ᠢᠨ ᠲᠣᠭ᠍ᠲᠠᠭᠤᠨ ᠨᠡᠮᠡᠭ᠌ᠳᠡᠯ᠎ᠢ ᠪᠠᠳᠤᠯᠠᠭ᠍ᠰᠠᠨ ᠪᠠᠢᠨ᠎ᠠ᠃




ᠣᠷᠴᠢᠭᠤᠯᠤᠭ᠍ᠴᠢ᠄
ᠨᠠᠢᠷᠠᠭᠤᠯᠤᠭ᠍ᠴᠢ᠄ ᠱᠢᠨᠡᠴᠡᠴᠡᠭ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号