ᠪᠠᠭᠠᠳᠠᠯ᠎ᠠ ᠰᠤᠮᠤᠠ᠎ᠤ ᠦᠬᠡᠷ ᠠᠷᠠᠯᠵᠢᠶᠠᠯᠠᠬᠤ ᠵᠠᠭᠤᠴᠢ᠎ᠶ᠋ᠢᠨ ᠡᠩᠨᠡᠭᠡ ᠪᠤᠵᠠᠭᠠᠢᠷᠠᠵᠤ ᠪᠤᠢ
2020-11-16 10:25:26
ᠵᠣᠬᠢᠶᠠᠭ᠍ᠴᠢ᠄
ᠬᠠᠰᠤᠩᠭᠤᠸ᠎ᠠ
ᠣᠩᠱᠢᠭ᠍ᠰᠠᠨ ᠣᠳᠠᠭ᠎ᠠ᠄
★★★☆☆

ᠭᠠᠨᠵᠤᠭ᠎ᠠ᠎ᠶ᠋ᠢᠨ ᠮᠠᠳᠡᠭᠡ ᠦᠢᠷ᠎ᠡ᠎ᠶ᠋ᠢᠨ ᠵᠢᠯ᠎ᠠᠴᠠ᠂ ᠬᠤᠷᠴᠢᠨ ᠵᠡᠬᠦᠨ ᠭᠠᠷᠤᠨ ᠬᠤᠢᠳᠦ ᠬᠤᠱᠢᠭᠤᠨ᠎ᠤ ᠪᠠᠭᠠᠳᠠᠯ᠎ᠠ ᠰᠤᠮᠤ ᠶᠡᠬᠡᠳᠡᠯ᠎ᠡ ᠦᠬᠡᠷ᠎ᠤᠨ ᠵᠠᠬ᠎ᠠ ᠲᠡᠯᠬᠡᠬᠦᠷ᠎ᠲᠤ ᠲᠦᠱᠢᠭ᠌ᠯᠡᠨ᠂ ᠶᠦᠩ ᠱᠧᠩ ᠦᠬᠡᠷ᠎ᠤᠨ ᠵᠠᠬ᠎ᠠ ᠳᠡᠯᠭᠡᠭᠦᠷ᠎ᠤᠨ ᠵᠠᠭ᠍ᠪᠤᠷ᠎ᠢ ᠬᠦᠴᠦᠯᠡᠨ ᠳᠡᠯᠭᠡᠷᠡᠭᠦᠯᠵᠦ᠍᠂ ᠦᠬᠡᠷ ᠠᠷᠠᠯᠵᠢᠶᠠᠯᠠᠬᠤ ᠵᠠᠭᠤᠴᠢ᠎ᠶ᠋ᠢᠨ ᠡᠩᠨᠡᠭᠡ᠎ᠶ᠋ᠢ ᠪᠤᠵᠠᠭᠠᠢᠷᠠᠭᠤᠯᠵᠤ᠂ ᠦᠬᠡᠷ ᠮᠠᠯᠵᠢᠬᠤ ᠠᠵᠤ ᠦᠢᠯᠡᠰ᠎ᠤᠨ ᠡᠷᠡᠭᠦᠯ᠎ᠢᠶᠠᠷ ᠲᠦᠷᠭᠡᠨ ᠬᠥᠭ᠌ᠵᠢᠬᠦ᠌᠎ᠶ᠋ᠢ ᠠᠬᠢᠭᠤᠯᠵᠤ ᠪᠠᠢᠨ᠎ᠠ᠃

ᠣᠯᠠᠨ ᠵᠦᠢᠯ᠎ᠤᠨ ᠠᠷᠭ᠎ᠠ ᠬᠡᠮᠵᠢᠶ᠎ᠡ ᠠᠪᠴᠦ᠍᠂ 《ᠲᠤᠰᠭᠠᠢ ᠮᠡᠷᠬᠡᠵᠢᠬᠦ᠌》 ᠎ᠶ᠋ᠢ ᠪᠡᠶᠡᠯᠡᠬᠦᠯᠪᠡ᠃ ᠲᠤᠰ ᠬᠤᠱᠢᠭᠤ 《ᠲᠡᠵᠢᠭᠡᠪᠤᠷᠢ᠎ᠶ᠋ᠢᠨ ᠡᠷᠦᠬᠡ + ᠲᠡᠵᠢᠭᠡᠪᠤᠷᠢ᠎ᠶ᠋ᠢᠨ ᠦᠢᠯᠡᠰ᠎ᠤᠨ ᠴᠢᠳᠠᠪᠤᠷᠢᠲᠠᠨ + ᠦᠬᠡᠷ ᠠᠷᠠᠯᠵᠢᠶᠠᠯᠠᠬᠤ ᠵᠠᠭᠤᠴᠢ + ᠡᠵᠡᠩᠨᠡᠨ ᠬᠠᠮᠢᠶᠠᠷᠤᠭ᠍ᠴᠢ》 ᠎ᠶ᠋ᠢᠨ ᠵᠠᠭ᠍ᠪᠤᠷ᠎ᠢ ᠬᠡᠷᠡᠭ᠌ᠵᠢᠬᠦᠯᠵᠥ᠍᠂ ᠦᠬᠡᠷ ᠠᠷᠠᠯᠵᠢᠶᠠᠯᠠᠬᠤ ᠵᠠᠭᠤᠴᠢ᠎ᠶ᠋ᠢ ᠱᠢᠯᠢᠨ ᠰᠣᠩᠭᠤᠬᠤ᠂ ᠪᠣᠯᠪᠠᠰᠤᠷᠠᠭᠤᠯᠤᠨ ᠵᠢᠯᠣᠭᠤᠳᠭᠤ᠂ ᠦᠬᠡᠷ᠎ᠤᠨ ᠬᠠᠮ ᠳᠡᠯᠭᠡᠭᠦᠷ᠎ᠢ ᠪᠠᠢᠭᠤᠯᠬᠤ ᠭᠤᠷᠪᠠᠨ ᠵᠦᠢᠯ᠎ᠤᠨ ᠠᠷᠭ᠎ᠠ ᠬᠡᠮᠵᠢᠶ᠎ᠡ᠎ᠪᠠᠷ ᠡᠩ᠎ᠤᠨ ᠲᠡᠵᠢᠭᠡᠪᠤᠷᠢ᠎ᠶ᠋ᠢᠨ ᠡᠷᠦᠭᠡ᠎ᠶ᠋ᠢ ᠲᠤᠬᠠᠢᠯᠠᠭ᠍ᠰᠠᠨ ᠠᠵᠢᠯ᠎ᠤᠨ ᠡᠵᠡᠩᠨᠡᠨ ᠬᠠᠮᠢᠶᠠᠷᠤᠭ᠍ᠴᠢ ᠪᠤᠯᠭᠠᠠ ᠬᠤᠪᠢᠷᠠᠭᠤᠯᠪᠠ᠃ ᠦᠨᠦ᠍ ᠲᠤᠰ ᠰᠤᠮᠤᠨ᠎ᠳᠤ ᠦᠬᠡᠷ ᠠᠷᠠᠯᠵᠢᠶᠠᠯᠠᠬᠤ ᠵᠠᠭᠤᠴᠢ 465 ᠬᠥᠮᠦᠨ᠂ ᠦᠬᠡᠷ᠎ᠤᠨ ᠬᠠᠮ ᠳᠡᠯᠭᠡᠭᠦᠷ 57 ᠪᠠᠢᠨ᠎ᠠ᠃

ᠨᠠᠮ᠎ᠤᠨ ᠡᠭᠦᠷ ᠬᠥᠲᠥᠯᠦᠨ ᠳᠠᠭᠠᠭᠤᠯᠵᠤ᠂ 《ᠲᠦᠷᠢᠮᠵᠢᠬᠦᠯᠬᠦ᠌》 ᠎ᠶ᠋ᠢ ᠪᠡᠶᠡᠯᠡᠭᠦᠯᠪᠡ᠃ ᠪᠠᠭᠠᠳᠠᠯ᠎ᠠ ᠰᠤᠮᠤ᠎ᠶ᠋ᠢᠨ ᠶᠡᠭᠡᠲᠠᠯ᠎ᠠ᠂ ᠶᠡᠭᠡ ᠪᠤᠯᠠᠭ᠂ ᠴᠠᠭᠠᠨ ᠲᠠᠯᠠᠪᠤᠷ ᠭᠠᠴᠠᠭᠠᠨ᠎ᠤ ᠨᠠᠮ᠎ᠤᠨ ᠡᠭᠦᠷ ᠲᠦᠷᠦᠬᠦᠯᠡᠡ ᠲᠠᠭᠠᠭᠤᠯᠵᠥ᠍ ᠦᠬᠡᠷ᠎ᠤᠨ ᠬᠠᠮ ᠲᠡᠯᠬᠡᠬᠦᠷ ᠡᠷᠬᠢᠯᠡᠪᠡ᠃ ᠪᠠᠢᠱᠢᠩᠳᠤ᠂ ᠬᠤᠸᠠ ᠭᠧᠨ᠂ ᠶᠡᠭᠡ ᠪᠤᠯᠠᠭ ᠵᠡᠷᠭᠡ 6 ᠭᠠᠴᠠᠭ᠎ᠠ ᠬᠥᠮᠦᠨ ᠮᠠᠯ᠎ᠢ ᠰᠠᠯᠭᠠᠬᠤ ᠲᠥᠷᠥᠯ ᠵᠦᠢᠯ᠎ᠢ ᠬᠡᠷᠡᠭ᠌ᠵᠢᠭᠦᠯᠵᠦ᠍᠂ ᠨᠠᠮ᠎ᠤᠨ ᠡᠭᠦᠷ ᠵᠣᠬᠢᠶᠠᠨ ᠪᠠᠢᠭᠤᠯᠤᠨ ᠡᠵᠡᠩᠨᠡᠵᠦ᠍᠂ ᠮᠠᠯᠵᠢᠬᠤ ᠲᠠᠷᠢᠶᠠᠯᠠᠬᠤ ᠡᠷᠦᠬᠡ᠎ᠶ᠋ᠢ ᠳᠠᠢᠴᠢᠯᠠᠨ ᠬᠠᠮᠲᠤ᠎ᠪᠠᠷ ᠪᠠᠶᠠᠵᠢᠵᠥ᠍ ᠣᠷᠣᠯᠭ᠎ᠠ᠎ᠪᠠᠨ ᠨᠡᠮᠡᠭ᠌ᠳᠡᠬᠦᠯᠪᠡ᠃

ᠲᠡᠳᠬᠦᠨ ᠳᠡᠮᠵᠢᠬᠦ᠌᠎ᠪᠠᠨ ᠴᠢᠩᠭᠠᠳᠭᠠᠵᠤ᠂ 《ᠠᠵᠤ ᠦᠢᠯᠡᠰᠵᠢᠭᠦᠯᠬᠦ᠌》 ᠎ᠶ᠋ᠢ ᠪᠡᠶᠡᠯᠡᠬᠦᠯᠪᠡ᠃ ᠲᠤᠰ ᠬᠤᠱᠢᠭᠤ ᠢᠲᠡᠭᠡᠮᠵᠢ᠎ᠶ᠋ᠢᠨ ᠬᠤᠷᠱᠢᠶ᠎ᠠ᠂ ᠪᠠᠩᠬᠢ ᠵᠡᠷᠭᠡ ᠪᠠᠢᠭᠤᠯᠤᠮᠵᠢ᠎ᠶ᠋ᠢ ᠵᠣᠬᠢᠴᠠᠭᠤᠯᠵᠤ᠂ ᠦᠬᠡᠷ ᠠᠷᠠᠯᠵᠢᠶᠠᠯᠠᠬᠤ ᠵᠠᠭᠤᠴᠢ᠎ᠳᠤ ᠣᠯᠠᠨ ᠵᠦᠢᠯ᠎ᠤᠨ ᠮᠥᠩᠭᠦᠨ ᠭᠦᠢᠯᠭᠡᠭᠡᠨ᠎ᠤ ᠦᠢᠯᠡᠳᠬᠦᠨ ᠬᠠᠩᠭᠠᠵᠤ᠂ ᠣᠲᠣ ᠪᠣᠯᠲᠠᠯ᠎ᠠ ᠦᠬᠡᠷ ᠠᠷᠠᠯᠵᠢᠶᠠᠯᠠᠬᠤ ᠵᠠᠭᠤᠴᠢ 362 ᠡᠷᠦᠬᠡ᠎ᠶ᠋ᠢ 5000 ᠲᠦᠮᠡᠨ ᠲᠥᠭᠦᠷᠢᠭ᠎ᠢᠶᠠᠷ ᠲᠡᠮᠵᠢᠠ ᠲᠡᠳᠬᠦᠵᠡᠶ᠃ ᠡᠭᠦᠨ᠎ᠤ ᠬᠠᠮᠲᠤ᠌᠂ ᠰᠤᠮᠤ᠎ᠶ᠋ᠢᠨ ᠨᠠᠮ᠎ᠤᠨ ᠬᠤᠷᠢᠶᠠᠨ᠎ᠤ ᠱᠦᠵᠢ ᠲᠦᠷᠦᠭᠦᠯᠡᠨ᠂ ᠦᠬᠡᠷ ᠠᠷᠠᠯᠵᠢᠶᠠᠯᠠᠬᠤ ᠵᠠᠭᠤᠴᠢ᠎ᠶ᠋ᠢ ᠲᠠᠢᠴᠢᠯᠠᠵᠤ᠂ 《ᠪᠤᠱᠢᠭᠤ ᠭᠠᠷ》 ᠵᠡᠷᠭᠡ ᠱᠢᠭᠤᠳ ᠨᠡᠪᠲᠡᠷᠡᠭᠦᠯᠬᠦ᠌ ᠲᠠᠪᠴᠠᠩ᠎ᠢ ᠠᠱᠢᠬ᠍ᠯᠠᠠ᠂ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨ᠎ᠠ ᠵᠡᠷᠭᠡᠪᠡᠷ ᠪᠣᠷᠣᠯᠠᠭᠤᠯᠬᠤ᠎ᠶ᠋ᠢ ᠠᠬᠢᠭᠤᠯᠵᠤ ᠪᠠᠢᠨ᠎ᠠ᠃





ᠣᠷᠴᠢᠭᠤᠯᠤᠭ᠍ᠴᠢ᠄
ᠨᠠᠢᠷᠠᠭᠤᠯᠤᠭ᠍ᠴᠢ᠄ ᠱᠢᠨᠡᠴᠡᠴᠡᠭ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号