ᠬᠤ᠌ ᠯᠢ ᠲᠣᠰᠭᠤᠨ᠎ᠤ ᠱᠢᠨ᠎ᠡ᠎ᠶ᠋ᠢ ᠡᠭᠦᠳᠦᠭ᠌ᠰᠡᠨ ᠪᠠᠶᠠᠵᠢᠯ᠎ᠤᠨ 《ᠵᠠᠮ》
2020-11-16 16:16:47
ᠵᠣᠬᠢᠶᠠᠭ᠍ᠴᠢ᠄
​ ᠤᠷᠭᠤᠮᠠᠯ
ᠣᠩᠱᠢᠭ᠍ᠰᠠᠨ ᠣᠳᠠᠭ᠎ᠠ᠄
★★★☆☆

ᠥᠭᠡᠷᠡᠴᠢᠯᠡᠯᠲᠡ ᠨᠡᠭᠡᠭᠡᠯᠲᠡ ᠬᠢᠭ᠌ᠰᠡᠨ 40 ᠭᠠᠷᠤᠶ ᠵᠢᠯ᠎ᠤᠨ ᠲᠤᠷᠰᠢ᠂ ᠬᠤ᠌ ᠯᠢ ᠲᠣᠰᠭᠤᠨ ᠡᠩ᠎ᠤᠨ ᠵᠢᠵᠢᠭ᠌ᠭᠡᠨ ᠲᠣᠰᠭᠤᠨ ᠪᠠᠢᠭ᠍ᠰᠠᠨ᠎ᠠᠴᠠ᠎ᠪᠠᠨ ᠲᠤᠬᠠᠢ᠎ᠶ᠋ᠢᠨ ᠭᠠᠵᠠᠷ᠎ᠤᠨ᠎ᠢᠶᠠᠨ ᠠᠵᠤ ᠦᠶᠯᠡᠰ᠎ᠤᠨ ᠳᠠᠢᠴᠢᠯᠠᠯᠳᠠ᠎ᠶ᠋ᠢᠨ ᠲᠣᠰᠭᠤᠨ ᠪᠣᠯᠵᠤ᠂ ᠪᠦᠬᠦ᠌ ᠲᠣᠰᠭᠤᠨ᠎ᠢᠶᠠᠷ᠎ᠢᠶᠠᠨ ᠶᠠᠳᠠᠭᠤ᠎ᠠᠴᠠ ᠠᠩᠬᠢᠵᠢᠷᠠᠬᠤ᠎ᠶ᠋ᠢ ᠪᠡᠶᠡᠯᠡᠬᠦᠯᠵᠦ᠍᠂ ᠭᠠᠵᠠᠷ ᠱᠢᠷᠣᠶ᠎ᠳᠠᠭᠠᠨ ᠲᠦᠱᠢᠭ᠌ᠯᠡᠵᠦ᠍ ᠶᠠᠳᠠᠭᠤ᠎ᠠᠴᠠ ᠠᠩᠬᠢᠵᠢᠷᠠᠯ᠎ᠠ᠃

ᠬᠤ᠌ ᠯᠢ ᠲᠤᠰᠭᠤᠨ 40 ᠵᠢᠯ᠎ᠤᠨ ᠡᠮᠦᠨᠡᠬᠢ ᠭᠠᠵᠠᠷ ᠱᠢᠷᠣᠶ᠎ᠶ᠋ᠢ ᠭᠡᠷ ᠪᠦᠯᠢ᠎ᠳᠤ ᠳᠠᠭᠠᠭᠠᠴᠢᠯᠠᠭᠤᠯᠬᠤ ᠬᠠᠷᠢᠭᠤᠴᠠᠯᠭ᠎ᠠ᠎ᠶ᠋ᠢᠨ ᠳᠦᠷᠢᠮ᠎ᠠᠴᠠ ᠥᠨᠥᠳᠦᠷ᠎ᠤᠨ ᠭᠠᠵᠠᠷ ᠱᠢᠷᠣᠶ᠎ᠪᠠᠷ ᠬᠤᠪᠢ ᠣᠷᠣᠭᠤᠯᠬᠤ ᠵᠠᠭ᠍ᠪᠤᠷ ᠬᠦᠷᠲᠡᠯ᠎ᠡ᠂ ᠡᠬᠢ ᠪᠠᠶᠠᠯᠢᠭ᠎ᠢ ᠡᠳ᠋ ᠬᠥᠷᠥᠩᠭᠡ ᠪᠣᠯᠭᠠᠨ ᠬᠤᠪᠢᠷᠠᠭᠤᠯᠬᠤ᠂ ᠪᠡᠯᠡ ᠮᠥᠩᠭᠦ᠎ᠶ᠋ᠢ ᠬᠤᠪᠢ ᠣᠷᠣᠭᠤᠯᠤᠭ᠍ᠰᠠᠨ ᠮᠥᠩᠭᠦ᠌ ᠪᠣᠯᠭᠠᠨ ᠬᠤᠪᠢᠷᠠᠭᠤᠯᠬᠤ᠂ ᠲᠠᠷᠢᠶᠠᠴᠢᠳ ᠬᠤᠪᠢ ᠣᠷᠣᠭᠤᠯᠤᠭ᠍ᠴᠢ ᠪᠣᠯᠵᠤ ᠬᠤᠪᠢᠷᠠᠬᠤ 《ᠬᠠᠷᠢᠯᠴᠠᠨ ᠠᠱᠢᠭ᠍ᠲᠠᠢ ᠵᠠᠭ᠍ᠪᠤᠷ》 ᠎ᠢ ᠠᠩᠬ᠎ᠠ ᠡᠭᠦᠳᠴᠦ᠍᠂ ᠬᠥᠳᠡᠭᠡ ᠲᠣᠰᠭᠤᠨ᠎ᠤ ᠬᠤᠪᠢ ᠣᠷᠣᠭᠤᠯᠬᠤ ᠲᠦᠷᠢᠮ᠎ᠤᠨ ᠥᠭᠡᠷᠡᠴᠢᠯᠡᠯᠲᠡ᠎ᠶ᠋ᠢᠨ ᠠᠮᠵᠢᠯᠲᠠ᠎ᠲᠠᠢ ᠦᠢᠯᠡᠳᠤᠯᠭᠡ᠎ᠶ᠋ᠢ ᠬᠦᠴᠦᠲᠡᠶ ᠬᠡᠷᠡᠭ᠌ᠵᠢᠭᠦᠯᠪᠡ᠃ ᠠᠵᠤ ᠦᠢᠯᠡᠰ᠎ᠤᠨ ᠪᠦᠲᠦᠴᠡ᠎ᠶ᠋ᠢ ᠱᠢᠯᠢᠳᠡᠭ᠌ᠵᠢᠭᠦᠯᠦᠨ ᠳᠡᠰ ᠳᠡᠪᠱᠢᠭᠦᠯᠬᠦ᠌ ᠪᠠ ᠲᠠᠷᠢᠶᠠᠴᠢᠳ᠎ᠢ ᠶᠠᠳᠠᠭᠤ᠎ᠠᠴᠠ ᠠᠩᠭᠢᠵᠢᠷᠠᠭᠤᠯᠤᠨ ᠪᠠᠶᠠᠵᠢᠭᠤᠯᠬᠤ᠎ᠯᠤᠭ᠎ᠠ ᠢᠵᠢᠯ ᠠᠯᠬᠤᠮ᠎ᠢᠶᠠᠷ ᠠᠬᠢᠭᠤᠯᠵᠤ᠂ ᠬᠥᠳᠡᠭᠡ ᠲᠣᠰᠭᠤᠨ᠎ᠤ ᠠᠵᠤ ᠠᠬᠤᠶ᠎ᠶ᠋ᠢᠨ ᠬᠥᠭ᠌ᠵᠢᠯᠲᠡ᠎ᠶ᠋ᠢᠨ ᠱᠢᠨ᠎ᠡ ᠬᠥᠳᠡᠯᠭᠡᠬᠦ᠌ ᠡᠨᠧᠷᠭᠢ᠎ᠶ᠋ᠢ ᠬᠥᠭ᠌ᠵᠢᠭᠡᠵᠠᠢ᠃

ᠬᠤ᠌ ᠯᠢ ᠲᠣᠰᠭᠤᠨ᠎ᠳᠤ 3 ᠳᠤᠭᠤᠢᠯᠠᠩ᠎ᠲᠠᠢ᠂ 245 ᠡᠷᠦᠬᠡ᠂ 1006 ᠬᠥᠮᠦᠨ ᠠᠮᠠ᠎ᠲᠠᠢ᠂ 5253 ᠮᠦ᠍ ᠲᠠᠷᠢᠶᠠᠨ ᠭᠠᠵᠠᠷ᠎ᠲᠠᠢ᠃ ᠣᠷᠣᠯᠭ᠎ᠠ᠎ᠨᠢ ᠭᠤᠤᠯᠳᠠᠭᠤ ᠲᠠᠷᠢᠮᠠᠯ᠎ᠤᠨ ᠦᠶᠯᠡᠰ᠎ᠠᠴᠠ ᠢᠷᠡᠯᠲᠡ᠎ᠲᠠᠢ᠂ ᠠᠮᠲᠠᠲᠤ ᠲᠥᠮᠥᠰᠥ᠍ ᠳᠠᠷᠢᠵᠤ ᠡᠳ᠋ᠱᠢᠭᠦᠯᠬᠦ᠌ ᠪᠣᠯ ᠲᠣᠰᠭᠤᠨ᠎ᠤ ᠨᠢᠭᠡ ᠵᠦᠢᠯ᠎ᠤᠨ ᠤᠯᠠᠮᠵᠢᠯᠠᠯᠲᠤ ᠠᠵᠤ ᠦᠢᠯᠡᠰ ᠪᠣᠯᠤᠨ᠎ᠠ᠃ 2016 ᠣᠨ᠎ᠳᠤ ᠬᠥᠮᠦᠨ ᠳᠤᠮᠳᠠᠴᠢ᠎ᠶ᠋ᠢᠨ ᠴᠡᠪᠡᠷ ᠣᠷᠣᠯᠭ᠎ᠠ᠎ᠨᠢ 6000 ᠲᠥᠭᠦᠷᠢᠭ᠎ᠲᠤ ᠬᠦᠷᠬᠦ᠌ ᠦᠭᠡᠢ ᠪᠠᠢᠵᠤ᠂ ᠢᠳᠡᠵᠦ᠍ ᠡᠮᠦᠰᠭᠦ᠎ᠳᠡᠭᠡᠨ ᠠᠷᠠᠢ ᠯᠡ ᠵᠥᠪᠯᠡᠬᠦ᠌ ᠪᠤᠯᠵᠠᠢ᠃ ᠭᠡᠲᠡᠯ᠎ᠡ ᠦᠨᠦᠳᠦᠷ ᠲᠡᠳᠡ ᠨᠡᠷ᠎ᠤᠨ ᠦᠢᠯᠡᠳᠪᠦᠷᠢᠯᠡᠯ᠎ᠤᠨ ᠠᠷᠭ᠎ᠠ ᠮᠠᠶᠢᠭ᠎ᠲᠤ ᠲᠤᠩ ᠶᠡᠭᠡ ᠬᠤᠪᠢᠷᠠᠯᠲᠠ ᠭᠠᠷᠴᠤ᠌᠂ ᠲᠣᠰᠭᠤᠨ᠎ᠤ ᠠᠷᠠᠳ᠎ᠤᠨ ᠣᠷᠣᠯᠭ᠎ᠠ 8000 ᠲᠥᠭᠦᠷᠢᠭ᠎ᠢ ᠳᠠᠪᠠᠭ᠍ᠤ ᠪᠣᠯᠤᠮᠵᠢ᠎ᠲᠠᠢ ᠪᠤᠯᠵᠠᠢ᠃ ᠡᠨᠡ᠎ᠨᠢ ᠭᠤᠣᠯᠳᠠᠭᠤ ᠲᠤᠰ ᠭᠠᠴᠠᠭᠠᠨ᠎ᠤ 《ᠬᠤᠶᠠᠷ ᠵᠥᠪᠯᠡᠯ》 ᠲᠦᠷᠦᠭᠦᠯᠡᠨ ᠺᠣᠮᠫᠠᠨᠢ ᠪᠠᠢᠭᠤᠯᠤᠭ᠍ᠰᠠᠨ᠎ᠠᠴᠠ ᠢᠷᠡᠯᠳᠠᠢ ᠶᠤᠮ᠃ ᠠᠵᠤ ᠠᠬᠤᠢᠯᠠᠯ ᠬᠢᠭᠡᠳ ᠲᠠᠷᠢᠶᠠᠴᠢᠳ᠎ᠤᠨ ᠠᠱᠢᠭ ᠲᠤᠰᠠ᠎ᠶ᠋ᠢ ᠨᠢᠭ᠍ᠲᠠ ᠬᠤᠯᠪᠣᠬᠤ᠎ᠶ᠋ᠢ ᠪᠡᠶᠡᠯᠡᠭᠦᠯᠵᠦ᠍᠂ ᠭᠠᠵᠠᠷ ᠱᠢᠷᠣᠶ᠎ᠶ᠋ᠢᠨ ᠬᠡᠪᠴᠢᠶᠡᠵᠢᠭ᠌ᠰᠡᠨ ᠡᠵᠡᠩᠨᠡᠯᠲᠡ᠎ᠶ᠋ᠢ ᠥᠷᠨᠢᠭᠦᠯᠦᠭᠡᠳ ᠢᠯᠡᠷᠬᠡᠢ ᠠᠮᠵᠢᠯᠳᠠ ᠤᠯᠪᠠ᠃

ᠬᠤ᠌ ᠯᠢ ᠲᠣᠰᠭᠤᠨ ᠡᠩ ᠲᠡᠷᠢᠬᠦᠨ᠎ᠳᠤ ᠭᠠᠵᠠᠷ ᠱᠢᠷᠣᠶ᠎ᠶ᠋ᠢᠨ ᠡᠷᠬᠡ᠎ᠶ᠋ᠢ ᠨᠤᠲᠠᠯᠠᠨ ᠲᠣᠭ᠍ᠲᠠᠭᠠᠬᠤ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠍᠂ ᠬᠥᠳᠡᠭᠡ ᠲᠣᠰᠭᠤᠨ᠎ᠤ ᠠᠵᠤ ᠠᠬᠤᠶ᠎ᠶ᠋ᠢᠨ ᠪᠠᠢᠭᠤᠯᠤᠮᠵᠢ᠎ᠶ᠋ᠢᠨ ᠱᠢᠨ᠎ᠡ᠎ᠶ᠋ᠢ ᠡᠭᠦᠳᠦᠨ ᠬᠥᠭ᠌ᠵᠢᠬᠦᠯᠬᠦ᠌ ᠠᠵᠢᠯ᠎ᠢ ᠠᠬᠢᠭᠤᠯᠵᠠᠢ; ᠬᠥᠳᠡᠭᠡ ᠲᠣᠰᠭᠤᠨ᠎ᠤ ᠭᠠᠵᠠᠷ ᠱᠢᠷᠣᠶ᠎ᠶ᠋ᠢᠨ ᠡᠷᠬᠡ᠎ᠶ᠋ᠢ ᠨᠤᠲᠠᠯᠠᠨ ᠲᠣᠭ᠍ᠲᠠᠭᠠᠵᠤ ᠳᠠᠩᠰᠠᠯᠠᠨ ᠦᠨᠡᠮᠯᠡᠯ ᠣᠯᠭᠤᠬᠤ ᠪᠣᠯ ᠬᠥᠳᠡᠭᠡ ᠲᠣᠰᠭᠤᠨ᠎ᠤ ᠥᠭᠡᠷᠡᠴᠢᠯᠡᠯᠲᠡ᠎ᠶ᠋ᠢ ᠪᠦᠬᠦ᠌ ᠲᠠᠯ᠎ᠠ᠎ᠪᠠᠷ ᠭᠦᠨᠵᠡᠭᠡᠢᠷᠡᠭᠦᠯᠵᠦ᠍᠂ ᠬᠥᠳᠡᠭᠡ ᠲᠣᠰᠭᠤᠨ᠎ᠤ ᠥᠮᠴᠢᠯᠡᠯ᠎ᠤᠨ ᠡᠷᠬᠡ᠎ᠶ᠋ᠢᠨ ᠳᠦᠷᠢᠮ᠎ᠤᠨ ᠥᠭᠡᠷᠡᠴᠢᠯᠡᠯᠲᠡ᠎ᠶ᠋ᠢ ᠠᠬᠢᠭᠤᠯᠬᠤ᠎ᠶ᠋ᠢᠨ ᠵᠠᠩᠭᠢᠯᠠᠭ᠎ᠠ ᠮᠥᠨ᠃ ᠨᠠᠢ᠍ᠮᠠᠨ ᠬᠤᠱᠢᠭᠤ ᠬᠤ᠌ ᠯᠢ ᠲᠣᠰᠭᠤᠨ᠎ᠢᠶᠠᠷ ᠦᠯᠢᠭᠡᠷ ᠳᠠᠭᠤᠷᠢᠶᠠᠯ ᠪᠣᠯᠭᠠᠵᠤ᠂ ᠭᠠᠵᠠᠷ ᠱᠢᠷᠣᠶ᠎ᠶ᠋ᠢᠨ ᠡᠷᠬᠡ᠎ᠶ᠋ᠢ ᠨᠤᠲᠠᠯᠠᠨ ᠳᠠᠩᠰᠠᠯᠠᠵᠤ ᠦᠨᠡᠮᠯᠡᠯ ᠣᠯᠭᠤᠬᠤ ᠠᠵᠢᠯ᠎ᠢ ᠤᠷᠢᠳ᠎ᠢᠶᠠᠷ ᠠᠬᠢᠭᠤᠯᠵᠤ᠂ ᠪᠦᠬᠦ᠌ ᠬᠤ᠌ ᠯᠢ ᠲᠣᠰᠭᠤᠨ᠎ᠤ 5253 ᠮᠦ᠍ ᠭᠠᠵᠠᠷ ᠱᠢᠷᠣᠶ᠎ᠳᠤ ᠡᠷᠬᠡ᠎ᠶ᠋ᠢ ᠨᠤᠲᠠᠯᠠᠨ ᠦᠨᠡᠮᠯᠡᠯ ᠣᠯᠭᠤᠵᠤ᠂ ᠬᠥᠭ᠌ᠵᠢᠯᠲᠡ᠎ᠶ᠋ᠢᠨ ᠱᠢᠨ᠎ᠡ ᠲᠣᠬᠢᠶᠠᠯ ᠠᠪᠴᠢᠷᠠᠵᠠᠶ᠃ ᠲᠣᠰᠭᠤᠨ᠎ᠤ 《ᠬᠤᠶᠠᠷ ᠵᠥᠪᠯᠡᠯ》 ᠎ᠨᠢ ᠬᠥᠳᠡᠭᠡ ᠲᠣᠰᠭᠤᠨ᠎ᠤ ᠥᠮᠴᠢᠯᠡᠯ᠎ᠤᠨ ᠡᠷᠬᠡ᠎ᠶ᠋ᠢᠨ ᠳᠦᠷᠢᠮ᠎ᠤᠨ ᠥᠭᠡᠷᠡᠴᠢᠯᠡᠯᠲᠡ᠎ᠶ᠋ᠢᠨ ᠵᠠᠩᠭᠢᠯᠠᠭ᠎ᠠ᠎ᠶ᠋ᠢ ᠴᠢᠩᠭ᠎ᠠ ᠠᠳᠭᠤᠵᠤ᠂ ᠡᠷᠬᠡ᠎ᠶ᠋ᠢ ᠨᠤᠲᠠᠯᠠᠨ ᠦᠨᠡᠮᠯᠡᠯ ᠣᠯᠭᠤᠬᠤ᠎ᠶ᠋ᠢᠨ ᠬᠠᠮᠲᠤ᠌᠂ ᠭᠠᠴᠠᠭᠠᠨ᠎ᠤ ᠠᠷᠠᠳ᠎ᠢ ᠤᠬᠠᠭᠤᠯᠤᠨ ᠳᠠᠢᠴᠢᠯᠠᠵᠤ ᠭᠠᠵᠠᠷ ᠱᠢᠷᠣᠶ᠎ᠪᠠᠷ ᠬᠤᠪᠢ ᠣᠷᠣᠭᠤᠯᠵᠤ᠂ ᠬᠤᠷᠱᠢᠭ᠍ᠰᠠᠨ ᠡᠵᠡᠩᠨᠡᠯᠲᠡ᠎ᠶ᠋ᠢ ᠬᠥᠭ᠌ᠵᠢᠭᠦᠯᠪᠡ᠃ ᠬᠠᠲᠠᠭᠤᠵᠢᠯᠲᠠᠶ ᠴᠢᠷᠮᠠᠢᠯᠭ᠎ᠠ᠎ᠪᠠᠷ ᠳᠠᠮᠵᠢᠨ᠂ ᠪᠥᠬᠦ᠌ ᠲᠣᠰᠭᠤᠨ᠎ᠤ ᠲᠠᠷᠢᠶᠠᠴᠢᠨ ᠡᠷᠦᠬᠡ ᠭᠠᠵᠠᠷ ᠱᠢᠷᠣᠶ᠎ᠪᠠᠨ ᠲᠣᠰᠭᠤᠨ᠎ᠤ 《ᠬᠤᠶᠠᠷ ᠵᠥᠪᠯᠡᠯ》 ᠎ᠤᠨ ᠳᠠᠭᠠᠭᠤᠯᠤᠨ ᠡᠷᠬᠢᠯᠡᠭ᠌ᠰᠡᠨ ᠭᠤᠸᠠᠩ ᠵᠣᠣ ᠲᠠᠷᠢᠶᠠᠯᠠᠩ᠎ᠤᠨ ᠪᠦᠲᠦᠭᠡᠭ᠌ᠳᠡᠬᠦᠨ ᠳᠠᠷᠢᠵᠤ ᠡᠳ᠋ᠱᠢᠭᠦᠯᠬᠦ᠌ ᠬᠢᠵᠠᠭᠠᠷᠲᠤ ᠺᠣᠮᠫᠠᠨᠢ᠎ᠳᠤ ᠬᠤᠪᠢ ᠣᠷᠣᠭᠤᠯᠵᠤ᠂ ᠠᠮᠲᠠᠲᠤ ᠲᠥᠮᠥᠰᠥ᠍ ᠳᠠᠷᠢᠵᠤ ᠡᠳ᠋ᠱᠢᠭᠦᠯᠬᠦ᠌ ᠦᠢᠯᠡᠰ᠎ᠢᠶᠠᠨ ᠬᠥᠭ᠌ᠵᠢᠭᠦᠯᠪᠡ᠃ ᠲᠠᠷᠢᠶᠠᠴᠢᠨ ᠡᠷᠦᠬᠡ ᠳᠠᠭᠠᠭᠠᠴᠢᠯᠠᠭ᠍ᠰᠠᠨ ᠭᠠᠵᠠᠷ᠎ᠤᠨ ᠡᠵᠡᠩᠨᠡᠯᠲᠡ᠎ᠶ᠋ᠢᠨ ᠡᠷᠬᠡ᠎ᠪᠠᠨ ᠰᠲ᠋ᠣᠺ᠎ᠤᠨ ᠡᠷᠬᠡ ᠪᠣᠯᠭᠠᠨ ᠬᠤᠪᠢ ᠣᠷᠣᠭᠤᠯᠵᠤ᠂ 《ᠭᠤᠷᠪᠠᠨ ᠡᠷᠬᠡ᠎ᠶ᠋ᠢ ᠰᠠᠯᠭᠠᠬᠤ᠂ ᠭᠠᠵᠠᠷ ᠲᠠᠷᠢᠶ᠎ᠠ᠎ᠪᠠᠷ ᠬᠤᠪᠢ ᠣᠷᠣᠭᠤᠯᠬᠤ᠂ ᠺᠣᠮᠫᠠᠨᠢ᠎ᠪᠠᠷ ᠡᠵᠡᠩᠨᠡᠬᠦ᠂ ᠬᠤᠪᠢ ᠣᠷᠣᠭᠤᠯᠭ᠎ᠠ᠎ᠪᠠᠷ ᠠᠱᠢᠭ ᠬᠤᠪᠢᠶᠠᠷᠢᠯᠠᠬᠤ》 ᠬᠠᠷᠢᠯᠴᠠᠨ ᠠᠱᠢᠭ᠍ᠲᠠᠢ ᠬᠠᠮᠲᠤᠷᠠᠨ ᠠᠵᠢᠯᠯᠠᠬᠤ ᠵᠠᠮ᠎ᠢᠶᠠᠷ ᠵᠠᠮᠨᠠᠵᠦ᠍᠂ 《ᠭᠠᠵᠠᠷ ᠱᠢᠷᠣᠶ᠎ᠶ᠋ᠢ ᠰᠲ᠋ᠣᠺ᠎ᠤᠨ ᠡᠷᠬᠡ ᠪᠣᠯᠭᠠᠨ ᠬᠤᠪᠢᠷᠠᠭᠤᠯᠵᠤ᠂ ᠲᠠᠷᠢᠶᠠᠴᠢᠳ ᠬᠤᠪᠢ ᠣᠷᠣᠭᠤᠯᠤᠭ᠍ᠴᠢ ᠪᠣᠯᠵᠤ᠂ ᠠᠱᠢᠭ ᠣᠷᠣᠯᠭ᠎ᠠ ᠬᠤᠪᠢᠶᠠᠷᠢᠯᠠᠬᠤ》 ᠎ᠶ᠋ᠢ ᠪᠡᠶᠡᠯᠡᠭᠦᠯᠵᠦ᠍᠂ ᠬᠥᠳᠡᠭᠡ ᠲᠣᠰᠭᠤᠨ᠎ᠤ ᠠᠵᠤ ᠠᠬᠤᠶ᠎ᠶ᠋ᠢᠨ ᠱᠢᠨ᠎ᠡ᠎ᠶ᠋ᠢ ᠡᠭᠦᠳᠦᠨ ᠬᠥᠭ᠌ᠵᠢᠬᠦ᠌᠎ᠶ᠋ᠢ ᠲᠦᠯᠬᠢᠨ ᠠᠬᠢᠭᠤᠯᠪᠠ᠃

2018 ᠣᠨ᠎ᠤ 3 ᠰᠠᠷ᠎ᠠ᠎ᠶ᠋ᠢᠨ 26 ᠎ᠤ ᠡᠳᠦᠷ᠂ ᠲᠦᠩᠯᠢᠶᠣᠤ ᠬᠤᠲᠠ᠎ᠶ᠋ᠢᠨ ᠬᠠᠮᠤᠭ᠎ᠤᠨ ᠠᠩᠬᠠᠳᠠᠬ᠍ᠴᠢ ᠬᠥᠳᠡᠭᠡ ᠲᠣᠰᠭᠤᠨ᠎ᠤ ᠭᠠᠵᠠᠷ ᠱᠢᠷᠣᠶ ᠳᠠᠭᠠᠭᠠᠴᠢᠯᠠᠨ ᠡᠵᠡᠩᠨᠡᠬᠦ᠌ ᠡᠷᠬᠡ᠎ᠶ᠋ᠢᠨ ᠦᠨᠡᠮᠯᠡᠯ᠎ᠢ ᠬᠤ᠌ ᠯᠢ ᠲᠣᠰᠭᠤᠨ᠎ᠤ ᠰᠦᠨ ᠵᠢᠶᠠ ᠸᠠᠨ ᠳᠤᠭᠤᠢᠯᠠᠩ᠎ᠤᠨ ᠲᠣᠰᠭᠤᠨ᠎ᠤ ᠠᠷᠠᠳ ᠯᠢᠦ ᠵᠠᠨ ᠸᠧᠨ᠎ᠳᠤ ᠣᠯᠭᠤᠪᠠ᠃ ᠯᠢᠦ ᠵᠠᠨ ᠸᠧᠨ ᠲᠤᠰ ᠦᠨᠡᠮᠯᠡᠯ᠎ᠢ ᠤᠯᠤᠭ᠍ᠰᠠᠨ᠎ᠤ ᠳᠠᠷᠠᠭ᠎ᠠ᠂ ᠳᠠᠭᠠᠭᠠᠴᠢᠯᠠᠭ᠍ᠰᠠᠨ ᠭᠠᠵᠠᠷ ᠱᠢᠷᠤᠢ᠎ᠪᠠᠨ ᠬᠤᠷᠱᠢᠶᠠᠨ᠎ᠳᠤ ᠣᠷᠣᠭᠤᠯᠵᠤ ᠪᠤᠯᠤᠨ᠎ᠠ᠂ ᠡᠷᠭᠢᠯᠲᠡ᠎ᠳᠤ ᠣᠷᠣᠭᠤᠯᠵᠦ᠍᠂ ᠬᠤᠪᠢ ᠣᠷᠣᠭᠤᠯᠵᠤ ᠠᠱᠢᠭ ᠬᠤᠪᠢᠶᠠᠵᠦ᠍᠂ ᠪᠠᠷᠢᠴᠠᠭᠠᠯᠠᠨ ᠳᠠᠭᠠᠭᠠᠯᠲᠠ ᠬᠢᠵᠦ᠍᠂ ᠭᠠᠵᠠᠷ ᠱᠢᠷᠣᠶ ᠳᠠᠭᠠᠭᠠᠴᠢᠯᠠᠨ ᠡᠵᠡᠩᠨᠡᠬᠦ᠌ ᠡᠷᠬᠡ᠎ᠶ᠋ᠢ 《ᠠᠮᠢᠳᠤ ᠡᠳ᠋ ᠬᠥᠷᠥᠩᠭᠡ》 ᠪᠣᠯᠭᠠᠨ ᠬᠤᠪᠢᠷᠠᠭᠤᠯᠤᠨ᠎ᠠ᠃ ᠭᠠᠵᠠᠷ ᠱᠢᠷᠣᠶ ᠪᠡᠶ᠎ᠡ᠎ᠶ᠋ᠢᠨ ᠦᠨᠡᠮᠯᠡᠯ᠎ᠲᠠᠢ ᠪᠣᠯᠵᠤ᠂ ᠯᠢᠦ ᠵᠠᠨ ᠸᠧᠨ ᠱᠢᠭ ᠲᠣᠰᠭᠤᠨ᠎ᠤ ᠠᠷᠠᠳ ᠶᠡᠭᠡ᠎ᠪᠠᠷ ᠪᠠᠶᠠᠷᠯᠠᠨ ᠤᠮᠤᠬ᠍ᠰᠢᠪᠠ᠃ ᠲᠤᠬᠠᠶ᠎ᠶ᠋ᠢᠨ ᠵᠢᠯ᠂ ᠬᠤ᠌ ᠯᠢ ᠲᠣᠰᠭᠤᠨ ᠪᠦᠬᠦ᠌ ᠲᠣᠰᠭᠤᠨ᠎ᠤ ᠲᠠᠷᠢᠶᠠᠴᠢᠨ ᠡᠷᠦᠬᠡ᠎ᠶ᠋ᠢᠨ ᠭᠠᠵᠠᠷ ᠱᠢᠷᠣᠶ᠎ᠶ᠋ᠢᠨ ᠡᠵᠡᠩᠨᠡᠯᠲᠡ᠎ᠶ᠋ᠢᠨ ᠡᠷᠬᠡ᠎ᠶ᠋ᠢ ᠬᠡᠮᠵᠢᠶᠡᠯᠡᠵᠦ᠍ ᠰᠲ᠋ᠣᠺ᠎ᠤᠨ ᠡᠷᠬᠡ᠎ᠪᠠᠷ ᠲᠣᠰᠭᠤᠨ᠎ᠤ ᠭᠤᠸᠠᠩ ᠵᠣᠣ ᠲᠠᠷᠢᠶᠠᠯᠠᠩ᠎ᠤᠨ ᠪᠦᠲᠦᠭᠡᠭ᠌ᠳᠡᠬᠦᠨ᠎ᠢ ᠡᠳ᠋ᠱᠢᠭᠦᠯᠬᠦ᠌ ᠬᠢᠵᠠᠭᠠᠷᠲᠤ ᠺᠣᠮᠫᠠᠨᠢ᠎ᠳᠤ ᠬᠤᠪᠢ ᠤᠷᠤᠭᠤᠯᠵᠦ᠍᠂ ᠡᠨᠡ ᠬᠦ᠌ ᠬᠡᠯᠪᠡᠷᠢ᠎ᠪᠠᠷ ᠳᠠᠮᠵᠢᠨ ᠲᠣᠰᠭᠤᠨ᠎ᠤ ᠭᠠᠵᠠᠷ ᠱᠢᠷᠣᠶ᠎ᠶ᠋ᠢ ᠠᠮᠢᠳᠤᠯᠢᠭ ᠪᠣᠯᠭᠠᠵᠤ᠂ ᠭᠠᠵᠠᠷ ᠱᠢᠷᠣᠶ᠎ᠶ᠋ᠢ ᠰᠲ᠋ᠣᠺ᠎ᠤᠨ ᠡᠷᠬᠡ ᠪᠣᠯᠭᠠᠨ ᠬᠤᠪᠢᠷᠠᠭᠤᠯᠬᠤ᠂ ᠲᠠᠷᠢᠶᠠᠴᠢᠨ ᠬᠤᠪᠢ ᠣᠷᠣᠭᠤᠯᠤᠭ᠍ᠴᠢ ᠪᠣᠯᠬᠤ᠂ ᠠᠱᠢᠭ ᠣᠷᠣᠯᠭ᠎ᠠ᠎ᠶ᠋ᠢᠨ ᠦᠨᠳᠦᠰᠦᠨ ᠬᠡᠮᠵᠢᠶ᠎ᠡ᠎ᠶ᠋ᠢ ᠪᠠᠲᠤᠯᠠᠨ ᠠᠱᠢᠭ ᠬᠤᠪᠢᠶᠠᠬᠤ᠎ᠶ᠋ᠢ ᠪᠡᠶᠡᠯᠡᠭᠦᠯᠪᠡ᠃ ᠺᠣᠮᠫᠠᠨᠢ᠎ᠠᠴᠠ 1 ᠮᠦ᠍ ᠭᠠᠵᠠᠷ᠎ᠢ 1 ᠬᠤᠪᠢ᠎ᠪᠠᠷ ᠲᠤᠭ᠍ᠳᠠᠭᠠᠵᠦ᠍᠂ ᠬᠤᠪᠢ ᠣᠷᠣᠭᠤᠯᠬᠤ ᠡᠬᠢᠨ᠎ᠤ ᠬᠤᠭᠤᠴᠠᠭᠠᠨ᠎ᠳᠤ᠂ ᠺᠣᠮᠫᠠᠨᠢ᠎ᠠᠴᠠ ᠲᠠᠷᠢᠶᠠᠴᠢᠨ ᠡᠷᠦᠬᠡ᠎ᠳᠤ ᠮᠦ᠍ ᠪᠦᠷᠢ 400 ᠲᠥᠭᠦᠷᠢᠭ᠎ᠤᠨ ᠦᠨᠳᠦᠰᠦᠨ ᠣᠷᠣᠯᠭ᠎ᠠ᠎ᠶ᠋ᠢ ᠪᠠᠲᠤᠯᠠᠵᠤ᠂ ᠵᠢᠯ᠎ᠤᠨ ᠡᠴᠦᠰ᠎ᠤᠨ ᠦᠶᠯᠡᠳᠬᠦᠨ᠎ᠢᠶᠠᠨ ᠪᠣᠷᠣᠯᠠᠭᠤᠯᠵᠤ ᠳᠠᠭᠤᠰᠤᠭ᠍ᠰᠠᠨ᠎ᠤ ᠳᠠᠷᠠᠭ᠎ᠠ᠂ ᠪᠣᠯᠵᠣᠭ᠍ᠰᠠᠨ ᠶᠣᠰᠣᠭᠠᠷ ᠬᠤᠶᠠᠷ ᠤᠳᠠᠭ᠎ᠠ ᠠᠱᠢᠭ ᠬᠤᠪᠢᠶᠠᠨ᠎ᠠ᠃ ᠭᠠᠵᠠᠷ ᠱᠢᠷᠣᠶ᠎ᠶ᠋ᠢ ᠺᠣᠮᠫᠠᠨᠢ᠎ᠳᠤ ᠬᠤᠪᠢ ᠣᠷᠣᠭᠤᠯᠤᠭ᠍ᠰᠠᠨ᠎ᠤ ᠳᠠᠷᠠᠭ᠎ᠠ ᠲᠠᠷᠢᠶᠠᠴᠢᠳ ᠪᠠᠰᠠ ᠺᠣᠮᠫᠠᠨᠢ᠎ᠳᠤ ᠣᠴᠢᠵᠤ ᠠᠵᠢᠯ ᠬᠢᠵᠦ᠍ ᠪᠣᠯᠤᠨ᠎ᠠ᠂ ᠲᠠᠷᠢᠶᠠᠴᠢᠳ ᠠᠵᠢᠯᠴᠢᠨ ᠪᠤᠯᠴᠢᠬᠠᠪᠠᠯ᠂ ᠪᠦᠬᠦ᠌ ᠲᠣᠰᠭᠤᠨ᠎ᠤ ᠬᠥᠳᠡᠯᠮᠦᠷᠢ ᠦᠢᠯᠡᠴᠢᠯᠡᠭᠡᠨ᠎ᠤ ᠲᠠᠯ᠎ᠠ᠎ᠪᠠᠷ ᠬᠥᠮᠦᠨ ᠳᠤᠮᠳᠠᠴᠢ ᠣᠷᠣᠯᠭ᠎ᠠ᠎ᠶ᠋ᠢᠨ ᠨᠡᠮᠡᠭ᠌ᠳᠡᠯ 2000 ᠲᠥᠭᠦᠷᠢᠭ᠎ᠠᠴᠠ ᠳᠡᠭᠡᠭ᠌ᠰᠢ ᠪᠠᠢᠬᠤ᠎ᠶ᠋ᠢ ᠪᠡᠶᠡᠯᠡᠬᠦᠯᠦᠨ᠎ᠡ᠃

ᠬᠥᠳᠡᠭᠡ ᠲᠣᠰᠭᠤᠨ᠎ᠤ ᠠᠵᠤ ᠠᠬᠤᠶ᠎ᠶ᠋ᠢᠨ ᠬᠠᠮᠲᠤᠷᠠᠯᠴᠠᠭᠠᠨ᠎ᠤ ᠵᠣᠬᠢᠶᠠᠨ ᠪᠠᠢᠭᠤᠯᠤᠯᠲᠠ᠎ᠶ᠋ᠢ ᠪᠠᠢᠭᠤᠯᠵᠤ᠂ ᠲᠠᠷᠢᠶᠠᠴᠢᠨ ᠡᠷᠦᠬᠡ ᠪᠣᠯᠤᠨ ᠬᠠᠮᠲᠤ ᠨᠡᠢᠲᠡ ᠬᠤᠶᠠᠷ ᠲᠠᠯ᠎ᠠ᠎ᠪᠠᠷ᠎ᠢᠶᠠᠨ ᠠᠱᠢᠭ ᠭᠥᠷᠳᠡᠬᠦ᠌᠎ᠶ᠋ᠢ ᠪᠡᠶᠡᠯᠡᠭᠦᠯᠵᠤ᠂ 《ᠺᠣᠮᠫᠠᠨᠢ + ᠲᠠᠷᠢᠶᠠᠴᠢᠨ ᠡᠷᠦᠬᠡ》 ᠎ᠶ᠋ᠢᠨ ᠵᠠᠭ᠍ᠪᠤᠷ᠎ᠲᠤ ᠪᠠᠲᠤ ᠰᠠᠭᠤᠷᠢ᠎ᠶ᠋ᠢ ᠲᠠᠯᠪᠢᠵᠤ ᠥᠭ᠌ᠪᠡ᠃ ᠺᠣᠮᠫᠠᠨᠢ ᠠᠩᠬ᠎ᠠ ᠡᠬᠢᠯᠡᠬᠦ᠌᠎ᠳᠡᠭᠡᠨ ᠲᠠᠷᠢᠶᠠᠴᠢᠨ ᠡᠷᠦᠬᠡ᠎ᠶ᠋ᠢᠨ ᠬᠤᠪᠢ ᠣᠷᠣᠭᠤᠯᠬᠤ ᠲᠦᠭ᠌ᠰᠢᠭᠦᠷᠢ᠎ᠶ᠋ᠢ ᠪᠠᠭᠠᠰᠭᠠᠬᠤ᠎ᠶ᠋ᠢᠨ ᠲᠥᠯᠥᠭᠡ᠂ ᠲᠠᠷᠢᠶᠠᠴᠢᠨ ᠡᠷᠦᠬᠡ ᠺᠣᠮᠫᠠᠨᠢ᠎ᠳᠤ ᠬᠤᠪᠢ ᠣᠷᠣᠭᠤᠯᠤᠭ᠍ᠰᠠᠨ ᠭᠠᠵᠠᠷ ᠱᠢᠷᠣᠶ᠂ ᠬᠤᠪᠢ ᠪᠦᠷᠢ᠎ᠶ᠋ᠢᠨ ᠰᠠᠭᠤᠷᠢ ᠮᠥᠩᠭᠦ᠎ᠶ᠋ᠢ ᠵᠢᠯ ᠪᠦᠷᠢ 400 ᠲᠥᠭᠦᠷᠢᠭ᠎ᠤᠨ ᠠᠱᠢᠭ ᠬᠤᠪᠢᠶᠠᠷᠢᠯᠠᠭ᠍ᠰᠠᠨ ᠰᠠᠭᠤᠷᠢᠨ ᠳᠡᠭᠡᠷ᠎ᠡ᠂ ᠺᠣᠮᠫᠠᠨᠢ᠂ ᠲᠣᠰᠭᠤᠨ᠎ᠤ ᠬᠠᠮᠲᠤ ᠨᠡᠢᠲᠡ ᠪᠠ ᠲᠠᠷᠢᠶᠠᠴᠢᠨ ᠡᠷᠦᠬᠡ 74᠄ 8᠄ 18 ᠎ᠶ᠋ᠢᠨ ᠲᠣᠭ᠍ᠲᠠᠭ᠍ᠰᠠᠨ ᠬᠠᠷᠢᠴᠠᠯ᠎ᠢᠶᠠᠷ ᠠᠱᠢᠭ ᠬᠤᠪᠢᠶᠠᠷᠢᠯᠠᠨ᠎ᠠ᠃ ᠪᠠᠷᠤᠭ᠍ᠴᠠᠭᠠᠯᠠᠨ ᠪᠤᠳᠤᠪᠠᠯ᠂ ᠬᠤᠪᠢ ᠪᠦᠷᠢ ᠳᠠᠷᠤᠢ ᠮᠦ᠍ ᠪᠦᠷᠢ᠎ᠳᠤ ᠬᠤᠶᠠᠷ ᠤᠳᠠᠭ᠎ᠠ ᠠᠱᠢᠭ ᠬᠤᠪᠢᠶᠠᠪᠠᠯ ᠵᠠᠭᠤᠨ ᠲᠥᠭᠦᠷᠢᠭ ᠣᠷᠴᠢᠮ ᠪᠠᠢᠵᠤ ᠪᠣᠯᠤᠨ᠎ᠠ᠃ ᠺᠣᠮᠫᠠᠨᠢ᠎ᠨᠢ ᠲᠣᠰᠭᠤᠨ᠎ᠤ ᠪᠤᠶ ᠪᠦᠬᠦᠢ ᠬᠥᠭ᠌ᠰᠢᠨ ᠪᠠᠭᠤᠷᠠᠶ ᠡᠪᠡᠳᠴᠢᠨ᠎ᠲᠠᠢ ᠵᠡᠮᠳᠡᠭ ᠲᠠᠷᠢᠶᠠᠴᠢᠨ ᠡᠷᠦᠬᠡ᠎ᠶ᠋ᠢᠨ ᠭᠠᠵᠠᠷ ᠱᠢᠷᠣᠶ᠎ᠶ᠋ᠢ ᠺᠣᠮᠫᠠᠨᠢ᠎ᠳᠤ ᠬᠤᠪᠢ ᠣᠷᠣᠭᠤᠯᠵᠦ᠍᠂ ᠬᠡᠪ᠎ᠤᠨ ᠬᠤᠪᠢ ᠣᠷᠣᠵᠤ ᠠᠱᠢᠭ ᠬᠤᠪᠢᠶᠠᠬᠤ᠎ᠳᠤ ᠣᠷᠣᠯᠴᠠᠭᠤᠯᠬᠤ᠎ᠶ᠋ᠢᠨ ᠬᠠᠮᠲᠤ ᠲᠣᠰᠭᠤᠨ᠎ᠤ ᠬᠠᠮᠲᠤ᠎ᠶ᠋ᠢᠨ ᠠᠱᠢᠭ ᠣᠷᠣᠯᠭ᠎ᠠ᠎ᠶ᠋ᠢᠨ ᠬᠤᠪᠢᠶᠠᠷᠢᠯᠠᠯᠲᠠ᠎ᠶ᠋ᠢᠨ ᠳᠤᠮᠳᠠ᠎ᠠᠴᠠ ᠵᠣᠬᠢᠬᠤ ᠬᠡᠮᠵᠢᠶᠡᠨ᠎ᠤ ᠪᠡᠯᠡ ᠮᠥᠩᠭᠦ᠌ ᠭᠠᠷᠭᠠᠵᠤ ᠳᠠᠬᠢᠨ ᠬᠠᠪᠰᠤᠷᠤᠨ ᠲᠡᠳᠬᠦᠵᠤ ᠪᠠᠢᠨ᠎ᠠ᠃ ᠲᠣᠰᠭᠤᠨ᠎ᠤ ᠭᠠᠵᠠᠷ ᠱᠢᠷᠣᠶ᠎ᠶ᠋ᠢ ᠪᠦᠬᠦᠨ᠎ᠢᠶᠠᠷ᠎ᠨᠢ ᠺᠣᠮᠫᠠᠨᠢ᠎ᠳᠤ ᠬᠤᠪᠢ ᠣᠷᠣᠭᠤᠯᠤᠭ᠍ᠰᠠᠨ᠎ᠤ ᠳᠠᠷᠠᠭ᠎ᠠ ᠲᠣᠰᠭᠤᠨ᠎ᠤ 260 ᠱᠢᠬᠠᠮ ᠬᠥᠳᠡᠯᠮᠦᠷᠢ ᠬᠦᠴᠦᠨ᠎ᠢ ᠴᠢᠯᠥᠭᠡᠯᠡᠵᠡᠶ᠃ ᠲᠤᠰᠭᠤᠨ᠎ᠠᠴᠠ ᠡᠷᠬᠢᠯᠡᠭ᠌ᠰᠡᠨ ᠺᠣᠮᠫᠠᠨᠢ᠎ᠳᠤ ᠠᠵᠢᠯ ᠬᠢᠬᠦ᠌᠎ᠠᠴᠠ ᠭᠠᠳᠠᠨ᠎ᠠ᠂ ᠪᠠᠰᠠ 110 ᠣᠷᠴᠢᠮ ᠬᠥᠮᠦᠨ ᠪᠠᠯᠭᠠᠰᠤᠨ᠎ᠤ ᠲᠣᠭᠤᠷᠢᠭ ᠪᠤᠶᠤ ᠭᠠᠳᠠᠷ ᠣᠷᠣᠨ᠎ᠳᠤ ᠣᠴᠢᠵᠤ ᠬᠥᠯᠥᠰᠥᠨ ᠠᠵᠢᠯ ᠬᠢᠵᠦ᠍᠂ ᠬᠥᠯᠥᠰᠥᠨ ᠠᠵᠢᠯ ᠬᠢᠭ᠌ᠰᠡᠳ ᠬᠥᠮᠦᠨ ᠳᠤᠮᠳᠠᠴᠢ᠎ᠪᠠᠷ 1.5 ᠲᠦᠮᠡᠨ ᠲᠥᠭᠦᠷᠢᠭ᠎ᠤᠨ ᠣᠷᠣᠯᠭ᠎ᠠ ᠣᠯᠵᠦ᠍᠂ ᠳᠠᠬᠢᠨ ᠲᠤᠰᠭᠤᠨ᠎ᠤ ᠠᠷᠠᠳ᠎ᠤᠨ ᠰᠲ᠋ᠣᠺ᠎ᠤᠨ ᠡᠷᠬᠡ᠎ᠶ᠋ᠢᠨ ᠠᠱᠢᠭ ᠣᠷᠣᠯᠭ᠎ᠠ᠎ᠶ᠋ᠢ ᠨᠡᠮᠡᠪᠡᠯ᠂ ᠪᠦᠬᠦ᠌ ᠲᠤᠰᠭᠤᠨ᠎ᠤ ᠲᠠᠷᠢᠶᠠᠴᠢᠳ᠎ᠤᠨ ᠬᠥᠮᠦᠨ ᠳᠤᠮᠳᠠᠴᠢ᠎ᠶ᠋ᠢᠨ ᠵᠢᠯ᠎ᠤᠨ ᠣᠷᠣᠯᠭ᠎ᠠ 1 ᠲᠦᠮᠡᠨ ᠲᠥᠭᠦᠷᠢᠭ᠎ᠠᠴᠠ ᠳᠡᠭᠡᠭ᠌ᠰᠢ ᠪᠣᠯᠤᠨ᠎ᠠ᠃

ᠳᠠᠭᠠᠭᠤᠯᠤᠭ᠍ᠴᠢ ᠠᠵᠤ ᠠᠬᠤᠢᠯᠠᠯ᠎ᠤᠨ ᠳᠠᠢᠴᠢᠯᠠᠬᠤ ᠦᠢᠯᠡᠳᠤᠯ᠎ᠢ ᠪᠠᠳᠠᠷᠠᠭᠤᠯᠵᠤ᠂ ᠲᠠᠷᠢᠶᠠᠴᠢᠨ ᠪᠠ ᠠᠵᠤ ᠠᠬᠤᠢᠯᠠᠯ᠎ᠤᠨ ᠠᠱᠢᠭ ᠲᠤᠰᠠ᠎ᠶ᠋ᠢ ᠬᠤᠯᠪᠣᠬᠤ ᠲᠣᠭ᠍ᠲᠠᠴᠠ᠎ᠶ᠋ᠢ ᠪᠣᠶ ᠪᠣᠯᠭᠠᠵᠤ᠂ ᠬᠤ ᠯᠢ ᠲᠣᠰᠭᠤᠨ᠎ᠳᠤ ᠠᠮᠲᠠᠲᠤ ᠲᠥᠮᠥᠰᠥ᠍ ᠲᠠᠷᠢᠬᠤ᠂ ᠬᠤᠷᠱᠢᠶ᠎ᠠ ᠪᠠᠢᠭᠤᠯᠬᠤ᠂ ᠲᠠᠷᠢᠬᠤ ᠬᠡᠪᠴᠢᠶ᠎ᠡ᠎ᠶ᠋ᠢ ᠲᠠᠰᠤᠷᠠᠯᠲᠠ ᠦᠭᠡᠢ ᠥᠷᠭᠡᠳᠭᠡᠬᠦ᠌᠎ᠶ᠋ᠢᠨ ᠬᠠᠮᠲᠤ ᠴᠢᠩ ᠯᠦᠩ ᠱᠠᠨ ᠪᠠᠯᠭᠠᠰᠤ ᠰᠡᠳᠭᠢᠴᠡ᠎ᠪᠠᠨ ᠥᠷᠭᠡᠳᠭᠡᠵᠦ᠍᠂ ᠠᠷᠭ᠎ᠠ ᠬᠡᠮᠵᠢᠶ᠎ᠡ᠎ᠪᠠᠨ ᠱᠢᠨᠡᠴᠢᠯᠡᠨ᠂ ᠬᠤ᠌ ᠯᠢ ᠲᠣᠰᠭᠤᠨ᠎ᠢ ᠲᠠᠷᠢᠮᠠᠯ᠎ᠤᠨ ᠰᠠᠭᠤᠷᠢᠨ ᠭᠠᠵᠠᠷ ᠪᠣᠯᠭᠠᠵᠤ᠂ ᠳᠠᠭᠠᠭᠤᠯᠤᠭ᠍ᠴᠢ ᠠᠵᠤ ᠠᠬᠤᠢᠯᠠᠯ᠎ᠤᠨ ᠳᠠᠢᠴᠢᠯᠠᠬᠤ ᠦᠢᠯᠡᠳᠦᠯ᠎ᠢ᠎ᠨᠢ ᠪᠠᠳᠠᠷᠠᠭᠤᠯᠵᠦ᠍᠂ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠬᠤ ᠡᠭᠦᠷᠭᠡ᠎ᠳᠤ ᠬᠦᠴᠦ᠍ ᠨᠡᠮᠡᠷᠢᠯᠡᠵᠦ᠍᠂ ᠲᠠᠷᠢᠶᠠᠴᠢᠨ ᠠᠵᠤ ᠠᠬᠤᠢᠯᠠᠯ᠎ᠤᠨ ᠠᠱᠢᠭ ᠲᠤᠰᠠ᠎ᠶ᠋ᠢᠨ ᠬᠤᠯᠪᠣᠭᠠᠰᠤ᠎ᠶ᠋ᠢ ᠪᠠᠢᠭᠤᠯᠵᠤ᠂ ᠠᠵᠤ ᠦᠢᠯᠡᠰ᠎ᠤᠨ ᠪᠦᠲᠦᠴᠡ᠎ᠶ᠋ᠢ ᠱᠢᠯᠢᠳᠡᠭ᠌ᠵᠢᠭᠦᠯᠦᠨ ᠲᠡᠰ ᠳᠡᠪᠱᠢᠭᠦᠯᠬᠦ᠌ ᠪᠠ ᠲᠠᠷᠢᠶᠠᠴᠢᠳ᠎ᠤᠨ ᠶᠠᠳᠠᠭᠤ᠎ᠠᠴᠠ ᠠᠩᠭᠢᠵᠢᠷᠠᠨ ᠪᠠᠶᠠᠵᠢᠨ ᠴᠢᠨᠡᠭᠡᠯᠢᠭ᠌ᠵᠢᠬᠦ᠌᠎ᠶ᠋ᠢ ᠠᠳᠠᠯᠢ ᠠᠯᠬᠤᠮ᠎ᠢᠶᠠᠷ ᠪᠡᠶᠡᠯᠡᠭᠦᠯᠪᠠ᠃








ᠣᠷᠴᠢᠭᠤᠯᠤᠭ᠍ᠴᠢ᠄
ᠨᠠᠢᠷᠠᠭᠤᠯᠤᠭ᠍ᠴᠢ᠄ ᠶᠥᠩ ᠬᠤᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号