ᠤᠢ᠍ᠢᠷ᠎ᠠ᠎ᠶ᠋ᠢᠨ ᠡᠳᠦᠷ 《ᠮᠣᠩᠭᠤᠯ ᠡᠮ ᠡᠮᠨᠡᠯᠭᠡ ᠨᠡᠢᠰᠯᠡᠯ ᠪᠡᠭᠡᠵᠢᠩ᠎ᠳᠤ ᠤᠷᠤᠯ᠎ᠠ᠂ ᠨᠡᠢᠰᠯᠡᠯ ᠪᠡᠭᠡᠵᠢᠩ᠎ᠳᠤ ᠮᠣᠩᠭᠤᠯ ᠡᠮᠨᠡᠯᠭᠡ᠎ᠶ᠋ᠢᠨ ᠬᠤᠷᠢᠶ᠎ᠠ᠎ᠲᠠᠢ ᠪᠤᠯᠤᠯ᠎ᠠ》 ᠭᠡᠬᠦ᠌ ᠮᠡᠳᠡᠭᠡ ᠤᠯᠠᠨ ᠵᠠᠭᠤᠴᠢᠯᠠᠭᠤᠷ᠎ᠢᠶᠠᠷ ᠰᠠᠴᠤᠭ᠍ᠳᠠᠵᠦ᠍᠂ ᠤᠯᠤᠰ ᠳᠠᠶᠠᠭᠠᠷ᠎ᠤᠨ ᠠᠩᠬᠠᠷᠤᠯ᠎ᠳᠤ ᠬᠦᠷᠴᠠᠢ᠃ ᠪᠡᠭᠡᠵᠢᠩ᠎ᠳᠤ ᠮᠣᠩᠭᠤᠯ ᠡᠮ ᠡᠮᠨᠡᠯᠭᠡ᠎ᠪᠠᠷ ᠭᠤᠤᠯ ᠪᠣᠯᠭᠠᠭ᠍ᠰᠠᠨ ᠤᠨᠴᠠᠯᠢᠬ᠍ᠳᠤ ᠡᠷᠡᠭᠦᠯᠵᠢᠯ᠎ᠤᠨ ᠡᠮᠨᠡᠯᠭᠡ᠎ᠶ᠋ᠢᠨ ᠬᠤᠷᠢᠶ᠎ᠠ ᠪᠠᠢᠭᠤᠯᠤᠭ᠍ᠳᠠᠭ᠍ᠰᠠᠨ᠎ᠨᠢ ᠨᠡᠢᠰᠯᠡᠯ ᠪᠡᠭᠡᠵᠢᠩ᠎ᠤᠨ ᠡᠮ ᠡᠮᠨᠡᠯᠭᠡ ᠡᠷᠡᠬᠦᠯ ᠬᠠᠮᠠᠭᠠᠯᠠᠯ᠎ᠤᠨ ᠬᠦᠷᠢᠶᠡᠨ᠎ᠤ ᠮᠤᠩᠭᠤᠯ ᠡᠮ ᠡᠮᠨᠡᠯᠭᠡ᠎ᠶ᠋ᠢᠨ ᠦᠢᠯᠡᠴᠢᠯᠡᠭᠡᠨ᠎ᠤ ᠬᠤᠭᠤᠰᠤᠨ᠎ᠢ ᠨᠦᠬᠦᠪᠦᠷᠢᠯᠡᠭ᠌ᠰᠡᠨ ᠪᠦᠬᠡᠳ ᠮᠣᠩᠭᠤᠯ ᠡᠮ ᠡᠮᠨᠡᠯᠭᠡ᠎ᠶ᠋ᠢᠨ ᠣᠨᠴᠠᠯᠢᠭ᠍ᠲᠤ ᠦᠶᠯᠡᠴᠢᠯᠡᠭᠡᠨ᠎ᠤ ᠨᠠᠷᠠᠲᠤ ᠲᠡᠮᠳᠡᠭ᠎ᠢ ᠴᠤᠭ᠍ᠴᠠᠯᠠᠨ ᠮᠤᠩᠭᠤᠯ ᠡᠮ ᠡᠮᠨᠡᠯᠭᠡ᠎ᠶ᠋ᠢᠨ ᠦᠢᠯᠡᠳᠦᠯ ᠴᠢᠳᠠᠮᠵᠢ᠎ᠶ᠋ᠢ ᠤᠯᠠᠮ ᠪᠠᠳᠠᠷᠠᠭᠤᠯᠵᠤ᠂ ᠱᠢᠨ᠎ᠡ ᠴᠠᠭ ᠦᠶ᠎ᠡ᠎ᠶ᠋ᠢᠨ ᠮᠤᠩᠭᠤᠯ ᠡᠮ ᠡᠮᠨᠡᠯᠭᠡ᠎ᠶ᠋ᠢᠨ ᠱᠢᠨ᠎ᠡ ᠬᠦᠭ᠌ᠵᠢᠯᠳᠡ ᠱᠢᠨ᠎ᠡ ᠦᠷ᠎ᠡ ᠪᠦᠲᠦᠮᠵᠢ ᠱᠢᠨ᠎ᠡ ᠠᠷᠭ᠎ᠠ ᠬᠢᠳᠡᠯ ᠱᠢᠨ᠎ᠡ ᠳᠠᠪᠠᠯᠳᠠ ᠪᠤᠯᠤᠬ᠍ᠰᠠᠨ ᠪᠠᠢᠨ᠎ᠠ᠃
ᠳᠤᠮᠳᠠᠳᠤ᠎ᠶ᠋ᠢᠨ ᠤᠯᠠᠮᠵᠢᠯᠠᠯᠲᠤ ᠠᠨᠠᠭᠠᠬᠤ ᠤᠬᠠᠭᠠᠨ᠎ᠤ ᠴᠢᠬᠤᠯᠠ ᠪᠦᠷᠢᠯᠳᠦᠬᠦᠨ ᠬᠡᠰᠡᠭ ᠪᠤᠯᠤᠬ᠍ᠰᠠᠨ ᠮᠣᠩᠭᠤᠯ ᠡᠮ ᠡᠮᠨᠡᠯᠬᠡ ᠤᠯᠠᠨ ᠵᠠᠭᠤᠨ ᠵᠢᠯ᠎ᠤᠨ ᠲᠤᠷᠰᠢ ᠢᠯᠡ ᠲᠣᠳᠣ ᠦᠨᠳᠦᠰᠦᠲᠡᠨ᠎ᠤ ᠣᠨᠴᠠᠯᠢᠭ᠂ ᠭᠠᠵᠠᠷ ᠣᠷᠣᠨ᠎ᠤ ᠣᠨᠴᠠᠯᠢᠭ ᠪᠤᠯᠤᠨ ᠥᠪᠡᠷᠮᠢᠴᠡ ᠣᠨᠣᠯ᠎ᠤᠨ ᠱᠢᠰᠲ᠋ᠧᠮ᠂ ᠡᠮᠴᠢᠯᠡᠭᠡᠨ᠎ᠤ ᠠᠴᠢ ᠲᠤᠰᠠ᠎ᠪᠠᠨ ᠪᠠᠳᠠᠷᠠᠭᠤᠯᠵᠤ ᠡᠪᠡᠳᠴᠢᠳᠡᠨ᠎ᠢ ᠠᠪᠤᠷᠠᠨ ᠲᠤᠰᠠᠯᠠᠬᠤ ᠪᠤᠳᠠᠳᠤ ᠦᠢᠯᠡᠳᠦᠯᠬᠡ ᠲᠤᠮᠳᠠ ᠤᠷᠤᠯᠠᠭᠤᠯᠵᠤ ᠪᠤᠯᠤᠰᠢ ᠦᠬᠡᠢ ᠴᠢᠬᠤᠯᠠ ᠦᠢᠯᠡᠳᠦᠯ ᠦᠵᠡᠬᠦᠯᠵᠠᠢ᠃
ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠤᠨ ᠬᠢᠵᠢᠭ᠎ᠤᠨ ᠪᠠᠢᠳᠠᠯ ᠡᠭᠦᠰᠦᠭ᠌ᠰᠡᠨ᠎ᠠᠴᠠ ᠨᠠᠭᠠᠰᠢ᠂ ᠮᠠᠨ᠎ᠤ ᠤᠷᠤᠨ ᠮᠣᠩᠭᠤᠯ ᠡᠮ ᠡᠮᠨᠡᠯᠭᠡ᠎ᠶ᠋ᠢᠨ ᠬᠢᠵᠢᠭ ᠡᠪᠡᠳᠴᠢᠨ᠎ᠢ ᠰᠡᠷᠭᠡᠢᠯᠡᠨ ᠵᠠᠰᠠᠬᠤ ᠣᠨᠴᠠᠯᠢᠭ᠍ᠲᠤ ᠳᠠᠪᠠᠭᠤᠯᠢᠭ᠎ᠢ ᠭᠦᠶᠴᠡᠳ ᠪᠠᠳᠠᠷᠠᠭᠤᠯᠵᠦ᠍᠂ ᠮᠣᠩᠭᠤᠯ ᠧᠦ᠋ᠷᠣᠫᠠ ᠡᠮᠨᠡᠯᠭᠡ᠎ᠶ᠋ᠢ ᠤᠶᠠᠯᠳᠤᠭᠤᠯᠬᠤ᠂ ᠬᠢᠲᠠᠳ ᠧᠦ᠋ᠷᠣᠫᠠ ᠡᠮᠨᠡᠯᠭᠡ᠎ᠶ᠋ᠢ ᠤᠶᠠᠯᠳᠤᠭᠤᠯᠬᠤ ᠵᠠᠷᠴᠢᠮ᠎ᠢ ᠪᠠᠷᠢᠮᠲᠠᠯᠠᠨ᠂ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠳᠤ ᠬᠠᠯᠳᠠᠪᠤᠷᠢᠯᠠᠭ᠍ᠳᠠᠭ᠍ᠰᠠᠨ ᠡᠪᠡᠳᠴᠢᠳᠡᠨ᠎ᠢ ᠠᠪᠤᠷᠠᠨ ᠡᠮᠴᠢᠯᠡᠬᠦ᠌ ᠶᠠᠪᠤᠴᠠ᠎ᠳᠤ ᠮᠣᠩᠭᠤᠯ ᠬᠢᠲᠠᠳ ᠡᠮ ᠡᠮᠨᠡᠯᠭᠡ᠎ᠪᠠᠷ ᠡᠮᠴᠢᠯᠡᠭ᠌ᠰᠡᠨ ᠨᠣᠷᠮ᠎ᠠ 98.7% ᠳᠤ ᠬᠦᠷᠪᠡ᠃ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠤᠨ ᠡᠮᠴᠢᠯᠡᠭᠡᠨ᠎ᠤ ᠠᠪᠤᠷᠠᠨ ᠵᠠᠰᠠᠬᠤ ᠲᠤᠰᠭᠠᠶ ᠮᠡᠷᠭᠡᠵᠢᠯᠲᠡᠨ᠎ᠤ ᠳᠤᠭᠤᠢᠯᠠᠩ᠎ᠳᠤ ᠮᠣᠩᠭᠤᠯ ᠬᠢᠲᠠᠳ ᠡᠮᠨᠡᠯᠭᠡ᠎ᠶ᠋ᠢᠨ 17 ᠲᠤᠰᠭᠠᠶ ᠮᠡᠷᠭᠡᠵᠢᠯᠲᠡᠨ᠎ᠢ ᠤᠷᠤᠯᠴᠠᠭᠤᠯᠵᠦ᠍᠂ 6 ᠱᠠᠲᠤᠯᠵᠢᠨ ᠡᠩᠨᠡᠭᠡ᠎ᠳᠤ ᠨᠡᠢᠳᠡ 51 ᠬᠥᠮᠦᠨ᠎ᠢᠶᠠᠷ ᠪᠦᠷᠢᠯᠳᠦᠭ᠌ᠰᠡᠨ ᠮᠣᠩᠭᠤᠯ ᠬᠢᠲᠠᠳ ᠡᠮᠨᠡᠯᠭᠡ᠎ᠶ᠋ᠢᠨ ᠡᠮᠴᠢᠯᠡᠭᠡᠨ᠎ᠤ ᠠᠩᠭᠢ᠎ᠶ᠋ᠢ ᠵᠣᠬᠢᠶᠠᠨ ᠪᠠᠢᠭᠤᠯᠵᠤ᠂ ᠡᠯ᠎ᠡ ᠲᠣᠭ᠍ᠲᠠᠭ᠍ᠰᠠᠨ ᠴᠡᠭ᠎ᠤᠨ ᠡᠮᠨᠡᠯᠭᠡ᠎ᠶ᠋ᠢᠨ ᠬᠤᠷᠢᠶᠠᠨ᠎ᠤ ᠡᠮᠨᠡᠨ ᠵᠠᠰᠠᠬᠤ ᠳᠤᠭᠤᠢᠯᠠᠩ᠎ᠳᠤ ᠮᠣᠩᠭᠤᠯ ᠬᠢᠲᠠᠳ ᠡᠮᠨᠡᠯᠭᠡ᠎ᠶ᠋ᠢᠨ ᠲᠤᠰᠭᠠᠶ ᠮᠡᠷᠭᠡᠵᠢᠯᠲᠡᠨ᠎ᠢ ᠤᠷᠤᠯᠴᠠᠭᠤᠯᠵᠦ᠍᠂ ᠮᠣᠩᠭᠤᠯ ᠬᠢᠲᠠᠳ ᠧᠦ᠋ᠷᠣᠫᠠ ᠡᠮᠨᠡᠯᠭᠡ᠎ᠶ᠋ᠢᠨ ᠬᠠᠮᠲᠤ᠎ᠪᠠᠷ ᠣᠷᠣᠯᠴᠠᠨ ᠪᠥᠬᠦ᠌ ᠶᠠᠪᠤᠴᠠ᠎ᠳᠤ ᠬᠠᠮᠵᠢᠯᠴᠠᠬᠤ᠎ᠶ᠋ᠢ ᠪᠠᠲᠤᠯᠠᠪᠠ᠃ ᠮᠣᠩᠭᠤᠯ ᠡᠮ ᠡᠮᠨᠡᠯᠭᠡ᠎ᠶ᠋ᠢᠨ ᠲᠤᠰᠭᠠᠶ ᠮᠡᠷᠭᠡᠵᠢᠯᠲᠡᠨ᠎ᠢ ᠵᠣᠬᠢᠶᠠᠨ ᠪᠠᠢᠭᠤᠯᠤᠨ 《ᠮᠣᠩᠭᠤᠯ ᠡᠮ ᠡᠮᠨᠡᠯᠭᠡ᠎ᠪᠠᠷ ᠱᠢᠨ᠎ᠡ ᠳᠢᠳᠢᠮᠯᠢᠭ ᠠᠭᠤᠰᠭᠢᠨ ᠦᠷᠪᠢᠰᠦᠯ᠎ᠢ ᠰᠡᠷᠭᠡᠢᠯᠡᠨ ᠵᠠᠰᠠᠬᠤ ᠲᠥᠰᠦᠯ》 ᠪᠠ 《ᠱᠢᠨ᠎ᠡ ᠳᠢᠳᠢᠮᠯᠢᠭ ᠠᠭᠤᠰᠭᠢᠨ ᠦᠷᠪᠢᠰᠦᠯ᠎ᠳᠤ ᠬᠠᠯᠳᠠᠪᠤᠷᠢᠯᠠᠭ᠍ᠳᠠᠭ᠍ᠰᠠᠨ ᠡᠪᠡᠳᠴᠢᠳᠡᠨ᠎ᠤ ᠡᠳᠡᠭᠡᠷᠡᠯᠳᠡ᠎ᠶ᠋ᠢᠨ ᠬᠤᠭᠤᠴᠠᠭᠠᠨ᠎ᠳᠠᠬᠢ ᠮᠣᠩᠭᠤᠯ ᠡᠮᠨᠡᠯᠭᠡ᠎ᠶ᠋ᠢᠨ ᠡᠷᠡᠭᠦᠯᠵᠢᠯ᠎ᠤᠨ ᠵᠢᠯᠣᠭᠤᠳᠭᠤ ᠰᠠᠨᠠᠭᠤᠯᠭ᠎ᠠ》 ᠶ᠋ᠢ ᠲᠣᠭ᠍ᠲᠠᠭᠠᠨ ᠬᠡᠷᠡᠭ᠌ᠵᠢᠬᠦᠯᠵᠤ᠂ ᠪᠥᠬᠦ᠌ ᠣᠷᠣᠨ᠎ᠤ ᠮᠣᠩᠭᠤᠯ ᠡᠮ ᠡᠮᠨᠡᠯᠭᠡ᠎ᠪᠠᠷ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠢ ᠰᠡᠷᠭᠡᠢᠯᠡᠨ ᠵᠠᠰᠠᠬᠤ ᠠᠵᠢᠯ᠎ᠢ ᠵᠢᠯᠣᠭᠤᠳᠴᠠᠢ᠃
ᠮᠠᠨ᠎ᠤ ᠤᠷᠤᠨ᠎ᠤ ᠡᠯ᠎ᠡ ᠱᠠᠳᠤᠨ᠎ᠤ ᠡᠯ᠎ᠡ ᠮᠤᠩᠭᠤᠯ ᠡᠮᠨᠡᠯᠭᠡ᠎ᠶ᠋ᠢᠨ ᠬᠤᠷᠢᠶ᠎ᠠ᠎ᠶ᠋ᠢᠨ᠎ᠬᠢᠨ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠳᠤ ᠬᠠᠯᠳᠠᠪᠤᠷᠢᠯᠠᠭ᠍ᠳᠠᠭ᠍ᠰᠠᠨ ᠡᠪᠡᠳᠴᠢᠳᠠᠨ᠎ᠢ ᠡᠮᠨᠡᠨ ᠵᠠᠰᠠᠬᠤ ᠶᠠᠪᠤᠴᠠ᠎ᠳᠤ ᠮᠣᠩᠭᠤᠯ ᠡᠮ᠎ᠤᠨ ᠤᠷᠢᠳᠴᠢᠯᠠᠨ ᠰᠡᠷᠭᠡᠢᠯᠡᠬᠦ᠌ ᠪᠠ ᠣᠨᠣᠱᠢᠯᠠᠨ ᠡᠮᠨᠡᠬᠦ᠌ ᠦᠶᠯᠡᠳᠦᠯ᠎ᠢ ᠨᠠᠩ ᠰᠠᠢᠨ ᠪᠠᠳᠠᠷᠠᠭᠤᠯᠬᠤ᠎ᠶ᠋ᠢᠨ ᠲᠥᠯᠥᠭᠡ᠂ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠢ ᠰᠡᠷᠭᠡᠢᠯᠡᠬᠦ᠌ ᠲᠤᠰ ᠲᠤᠰ᠎ᠤᠨ ᠮᠣᠩᠭᠤᠯ ᠡᠮ ᠨᠠᠢᠷᠠᠯᠭ᠎ᠠ᠎ᠶ᠋ᠢ ᠰᠤᠳᠤᠯᠤᠨ ᠦᠢᠯᠡᠳᠴᠠᠢ᠃ 2020 ᠤᠨ᠎ᠤ 1 ᠰᠠᠷ᠎ᠠ᠎ᠶ᠋ᠢᠨ 29 ᠤ ᠡᠳᠦᠷ᠂ ᠦᠪᠡᠷᠳᠡᠭᠡᠨ ᠵᠠᠰᠠᠬᠤ ᠤᠷᠤᠨ᠎ᠤ ᠡᠮ᠎ᠤᠨ ᠵᠦᠢᠯᠡᠰ᠎ᠤᠨ ᠬᠢᠨᠠᠯᠳᠠ ᠬᠠᠮᠢᠶᠠᠷᠤᠯᠳᠠ᠎ᠶ᠋ᠢᠨ ᠲᠤᠪᠴᠢᠶ᠎ᠠ᠎ᠠᠴᠠ ᠦᠪᠦᠷ ᠮᠤᠩᠭᠤᠯ᠎ᠤᠨ ᠦᠨᠳᠦᠰᠦᠳᠡᠨ᠎ᠤ ᠶᠡᠭᠡ ᠰᠤᠷᠭᠠᠭᠤᠯᠢ᠎ᠶ᠋ᠢᠨ ᠬᠠᠷᠢᠶᠠᠳᠦ ᠡᠮᠨᠡᠯᠭᠡ᠎ᠶ᠋ᠢᠨ ᠬᠤᠷᠢᠶᠠᠨ᠎ᠤ 8 ᠲᠦᠷᠦᠯ᠎ᠤᠨ ᠮᠤᠩᠭᠤᠯ ᠡᠮ᠎ᠤᠨ ᠨᠠᠢᠷᠠᠯᠭ᠎ᠠ᠂ ᠱᠢᠯᠢ᠎ᠶ᠋ᠢᠨ ᠭᠤᠤᠯ ᠠᠢᠮᠠᠭ᠎ᠤᠨ ᠮᠤᠩᠭᠤᠯ ᠡᠮᠨᠡᠯᠭᠡ᠎ᠶ᠋ᠢᠨ ᠬᠤᠷᠢᠶᠠᠨ᠎ᠤ 3 ᠲᠦᠷᠦᠯ᠎ᠤᠨ ᠮᠤᠩᠭᠤᠯ ᠡᠮ᠎ᠤᠨ ᠨᠠᠢᠷᠠᠯᠭ᠎ᠠ᠎ᠶ᠋ᠢ ᠡᠮᠨᠡᠯᠭᠡ᠎ᠶ᠋ᠢᠨ ᠬᠤᠷᠢᠶᠠᠨ᠎ᠤ ᠳᠤᠳᠤᠷᠠᠬᠢ ᠮᠤᠩᠭᠤᠯ ᠡᠮ᠎ᠤᠨ ᠨᠠᠢᠷᠠᠯᠭ᠎ᠠ ᠪᠤᠯᠭᠠᠨ ᠳᠠᠩᠰᠠᠯᠠᠭᠤᠯᠬᠤ ᠭᠤᠶᠤᠴᠢᠯᠠᠯ᠎ᠢ ᠬᠢᠨᠠᠨ ᠬᠠᠷᠭᠤᠭᠤᠯᠵᠦ᠍ ᠳᠠᠩᠰᠠᠯᠠᠬᠤ ᠠᠵᠢᠯ᠎ᠢ ᠳᠠᠭᠤᠰᠭᠠᠬᠤ᠎ᠶ᠋ᠢᠨ ᠬᠠᠮᠳᠦ ᠡᠯ᠎ᠡ ᠲᠣᠭ᠍ᠲᠠᠭ᠍ᠰᠠᠨ ᠴᠡᠭ᠎ᠤᠨ ᠡᠮᠨᠡᠯᠭᠡ᠎ᠶ᠋ᠢᠨ ᠬᠤᠷᠢᠶᠠᠨ᠎ᠳᠤ ᠡᠳᠡᠭᠡᠷ ᠮᠣᠩᠭᠤᠯ ᠡᠮ᠎ᠤᠨ ᠨᠠᠢᠷᠠᠯᠭ᠎ᠠ᠎ᠶ᠋ᠢ ᠳᠣᠭᠢᠷᠠᠭᠤᠯᠤᠨ ᠠᠱᠢᠬ᠍ᠯᠠᠭᠠᠳ ᠢᠯᠡᠷᠭᠡᠢ ᠦᠷ᠎ᠠ ᠪᠦᠲᠦᠮᠵᠢ ᠤᠯᠪᠠ᠃ ᠡᠭᠦᠨ᠎ᠠᠴᠠ ᠭᠠᠳᠠᠨ᠎ᠠ᠂ ᠬᠤᠪᠸᠢ᠎ᠶ᠋ᠢ ᠲᠤᠰᠠᠯᠠᠬᠤ ᠦᠪᠤᠷ ᠮᠤᠩᠭᠤᠯ᠎ᠤᠨ ᠳᠤᠰᠭᠠᠢ ᠡᠮᠴᠢᠯᠡᠭᠡᠨ᠎ᠤ ᠠᠩᠭᠢ᠎ᠶ᠋ᠢᠨ᠎ᠬᠢᠨ ᠡᠮᠨᠡᠯᠭᠡ᠎ᠠᠴᠠ ᠭᠠᠷᠤᠭ᠍ᠰᠠᠨ ᠡᠪᠡᠳᠴᠢᠳᠠᠳ ᠪᠤᠯᠤᠨ ᠠᠬ᠎ᠠ ᠳᠡᠭᠦᠤ ᠮᠤᠵᠢ ᠬᠤᠲᠠ᠎ᠶ᠋ᠢᠨ ᠡᠮᠴᠢ ᠰᠤᠪᠢᠯᠠᠭ᠍ᠴᠢᠳ᠎ᠲᠤ ᠬᠢᠵᠢᠭ᠎ᠢ ᠰᠡᠷᠭᠡᠢᠯᠡᠬᠦ᠌ ᠮᠣᠩᠭᠤᠯ ᠡᠮ᠎ᠤᠨ ᠦᠨᠦᠷᠲᠦ ᠬᠠᠪᠲᠠᠭ᠎ᠠ 《ᠶᠢᠰᠦᠨ ᠬᠠᠷ᠎ᠠ᠎ᠶ᠋ᠢᠨ ᠨᠠᠢᠷᠠᠯᠭ᠎ᠠ》 ᠪᠡᠯᠡᠭ᠌ᠯᠡᠨ ᠡᠪᠡᠳᠴᠢᠨ ᠡᠮᠬᠡᠭ᠎ᠢ ᠡᠰᠡᠷᠭᠦᠴᠡᠬᠦ᠌ ᠴᠢᠳᠠᠪᠤᠷᠢ᠎ᠶ᠋ᠢ᠎ᠨᠢ ᠳᠡᠭᠡᠭ᠌ᠰᠢᠯᠡᠬᠦᠯᠵᠦ᠍᠂ ᠤᠯᠠᠨ᠎ᠤ ᠬᠠᠯᠠᠭᠤᠨ ᠳᠤᠰᠭᠠᠯᠢ ᠤᠯᠤᠭ᠍ᠰᠠᠨ ᠪᠠᠢᠨ᠎ᠠ᠃
ᠮᠠᠨ᠎ᠤ ᠤᠷᠤᠨ᠎ᠤ ᠮᠣᠩᠭᠤᠯ ᠡᠮ ᠡᠮᠨᠡᠯᠭᠡ᠎ᠶ᠋ᠢᠨ ᠬᠥᠭ᠌ᠵᠢᠯᠲᠡ ᠴᠠᠭ ᠦᠶ᠎ᠡ᠎ᠶ᠋ᠢᠨ ᠢᠳᠡᠷᠡᠬᠦᠨ ᠠᠯᠬᠤᠭ᠎ᠠ᠎ᠶ᠋ᠢ᠎ᠲᠠᠭᠠᠨ ᠤᠷᠤᠭ᠍ᠰᠢᠯᠠᠵᠦ᠍᠂ ᠡᠨᠡ ᠵᠢᠯ᠎ᠤᠨ 7 ᠰᠠᠷ᠎ᠠ᠎ᠶ᠋ᠢᠨ 31 ᠤ ᠡᠳᠦᠷ 《ᠡᠷᠡᠭᠦᠯ ᠡᠩᠬᠡ ᠥᠪᠥᠷ ᠮᠣᠩᠭᠤᠯ — ᠮᠣᠩᠭᠤᠯ ᠡᠮ ᠡᠮᠨᠡᠯᠭᠡ ᠬᠢᠲᠠᠳ ᠡᠮ ᠡᠮᠨᠡᠯᠭᠡ᠎ᠶ᠋ᠢ ᠬᠥᠭ᠌ᠵᠢᠭᠦᠯᠦᠨ ᠮᠠᠨᠳᠤᠭᠤᠯᠬᠤ ᠠᠵᠢᠯᠯᠠᠭ᠎ᠠ》 ᠶ᠋ᠢ ᠵᠢᠩᠬᠢᠨᠢ᠎ᠪᠠᠷ ᠡᠬᠢᠯᠡᠭᠦᠯᠵᠠᠢ᠃ ᠡᠨᠡ ᠪᠤᠯ ᠮᠠᠨ᠎ᠤ ᠤᠷᠤᠨ ᠭᠠᠵᠠᠷ ᠣᠷᠣᠨ᠎ᠤ᠎ᠪᠠᠨ ᠪᠣᠳᠠᠲᠤ ᠪᠠᠢᠳᠠᠯ᠎ᠲᠠᠢ᠎ᠪᠠᠨ ᠤᠶᠠᠯᠳᠤᠭᠤᠯᠤᠨ᠂ ᠪᠦᠬᠦ᠌ ᠤᠯᠤᠰ᠎ᠤᠨ 《ᠡᠷᠡᠭᠦᠯ ᠡᠩᠬᠡ ᠳᠤᠮᠳᠠᠳᠤ ᠤᠯᠤᠰ᠎ᠤᠨ 15 ᠲᠤᠰᠭᠠᠶ ᠠᠵᠢᠯᠯᠠᠭ᠎ᠠ》 ᠶ᠋ᠢᠨ ᠰᠠᠭᠤᠷᠢᠨ ᠳᠡᠭᠡᠷ᠎ᠡ ᠮᠣᠩᠭᠤᠯ ᠬᠢᠲᠠᠳ ᠡᠮ ᠡᠮᠨᠡᠯᠭᠡ᠎ᠶ᠋ᠢ ᠬᠥᠭ᠌ᠵᠢᠭᠦᠯᠦᠨ ᠮᠠᠨᠳᠤᠭᠤᠯᠬᠤ ᠠᠵᠢᠯᠯᠠᠭ᠎ᠠ᠎ᠶ᠋ᠢ ᠱᠢᠨ᠎ᠡ᠎ᠪᠠᠷ ᠨᠡᠮᠡᠭ᠌ᠳᠡᠭᠦᠯᠵᠦ᠍᠂ ᠪᠥᠬᠦ᠌ ᠠᠷᠠᠳ᠎ᠲᠤ ᠠᠱᠢᠭ ᠬᠦᠷᠲᠡᠭᠡᠬᠦ᠌᠎ᠶ᠋ᠢ ᠠᠬᠢᠭᠤᠯᠤᠭ᠍ᠰᠠᠨ ᠱᠢᠨ᠎ᠡ ᠠᠷᠭ᠎ᠠ ᠬᠢᠳᠡᠯ ᠮᠦᠨ᠂ 《ᠡᠷᠡᠭᠦᠯ ᠡᠩᠬᠡ ᠥᠪᠥᠷ ᠮᠣᠩᠭᠤᠯ᠎ᠤᠨ 17 ᠲᠤᠰᠭᠠᠶ ᠠᠵᠢᠯᠯᠠᠭ᠎ᠠ》 ᠶ᠋ᠢᠨ ᠨᠢᠭᠡ ᠪᠤᠯᠵᠤ ᠬᠥᠮᠦᠨ ᠪᠦᠬᠦᠨ᠎ᠳᠤ ᠮᠣᠩᠭᠤᠯ ᠬᠢᠲᠠᠳ ᠡᠮ ᠡᠮᠨᠡᠯᠭᠡ᠎ᠶ᠋ᠢᠨ ᠦᠶᠯᠡᠴᠢᠯᠡᠭᠡ ᠬᠦᠷᠳᠡᠬᠡᠬᠦ᠌ ᠶᠡᠷᠦᠩᠬᠡᠶ ᠬᠠᠷᠠᠯᠲᠠ᠎ᠶ᠋ᠢ ᠪᠡᠶᠡᠯᠡᠬᠦᠯᠵᠤ᠂ 2030 ᠣᠨ ᠪᠣᠯᠲᠠᠯ᠎ᠠ ᠮᠣᠩᠭᠤᠯ ᠬᠢᠲᠠᠳ ᠡᠮ ᠡᠮᠨᠡᠯᠭᠡ᠎ᠶ᠋ᠢᠨ ᠡᠮᠨᠡᠨ ᠵᠠᠰᠠᠯᠳᠠ᠂ ᠡᠷᠡᠭᠦᠯᠵᠢᠯ ᠨᠠᠰᠤᠵᠢᠯ᠂ ᠡᠷᠡᠭᠦᠯᠵᠢᠯ ᠵᠢᠭᠤᠯᠴᠢᠯᠠᠯ᠂ ᠰᠣᠶᠣᠯ᠎ᠤᠨ ᠤᠬᠠᠭᠤᠯᠭ᠎ᠠ ᠪᠠ ᠱᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠬᠦ᠌ ᠦᠶᠯᠡᠴᠢᠯᠡᠭᠡᠨ᠎ᠤ ᠬᠠᠮᠤᠷᠬᠤ ᠬᠡᠪᠴᠢᠶ᠎ᠡ᠎ᠶ᠋ᠢ 100% ᠪᠠᠷ ᠪᠡᠶᠡᠯᠡᠭᠦᠯᠬᠦ᠌ ᠪᠤᠯᠤᠨ᠎ᠠ᠃
ᠮᠠᠨ᠎ᠤ ᠤᠷᠤᠨ ᠱᠢᠨ᠎ᠡ᠎ᠶ᠋ᠢ ᠡᠭᠦᠳᠬᠦ᠌᠎ᠪᠠᠷ ᠬᠦᠳᠡᠯᠬᠡᠬᠦᠷ ᠪᠤᠯᠭᠠᠨ᠂ ᠮᠣᠩᠭᠤᠯ ᠡᠮ ᠡᠮᠨᠡᠯᠭᠡ᠎ᠶ᠋ᠢᠨ ᠣᠨᠴᠠᠯᠢᠭ ᠳᠠᠪᠠᠭᠤᠯᠢᠭ᠎ᠢᠶᠠᠨ ᠦᠷᠭᠦᠯᠵᠢᠯᠡᠨ ᠪᠠᠲᠤᠯᠠᠵᠤ ᠦᠢᠯᠡᠳᠦᠯ ᠴᠢᠳᠠᠮᠵᠢ᠎ᠪᠠᠨ ᠤᠯᠠᠮ ᠪᠠᠳᠠᠷᠠᠭᠤᠯᠵᠦ᠍᠂ ᠥᠷᠭᠡᠨ ᠣᠯᠠᠨ ᠡᠪᠡᠳᠴᠢᠲᠡᠨ᠎ᠳᠤ ᠠᠮᠤᠷ ᠲᠦᠪᠱᠢᠨ᠂ ᠦᠷ᠎ᠠ ᠪᠦᠲᠦᠮᠵᠢᠲᠡᠶ᠂ ᠳᠥᠭᠦᠮ ᠳᠥᠲᠡ᠂ ᠴᠢᠨᠠᠷ ᠰᠠᠢᠲᠠᠶ᠂ ᠦᠨ᠎ᠡ ᠬᠠᠩᠰᠢ᠎ᠨᠢ ᠬᠢᠮᠳᠠᠬᠠᠨ ᠦᠶᠯᠡᠴᠢᠯᠡᠭᠡ ᠬᠠᠩᠭᠠᠵᠤ᠂ ᠮᠣᠩᠭᠤᠯ ᠡᠮ ᠡᠮᠨᠡᠯᠭᠡ᠎ᠶ᠋ᠢᠨ ᠦᠢᠯᠡᠰ᠎ᠢ ᠪᠦᠬᠦ᠌ ᠲᠠᠯ᠎ᠠ᠎ᠪᠠᠷ᠂ ᠵᠣᠬᠢᠴᠠᠩᠭᠤᠶ᠎ᠪᠠᠷ ᠦᠷᠭᠦᠯᠵᠢᠯᠡᠨ ᠲᠦᠷᠭᠡᠨ ᠬᠥᠭ᠌ᠵᠢᠭᠦᠯᠵᠦ᠍᠂ ᠴᠠᠭ ᠦᠶ᠎ᠡ᠎ᠶ᠋ᠢᠨ ᠱᠢᠨ᠎ᠡ ᠠᠶᠠᠨ᠎ᠳᠤ ᠳᠦᠷᠦᠭᠡ ᠴᠢᠩᠭᠠᠯᠠᠨ ᠮᠤᠩᠭᠤᠯ ᠡᠮ ᠡᠮᠨᠡᠯᠬᠡ᠎ᠪᠠᠨ ᠲᠠᠯ᠎ᠠ ᠨᠤᠲᠤᠭ᠎ᠠᠴᠠ ᠨᠡᠢᠰᠯᠡᠯ ᠪᠡᠭᠡᠵᠢᠩ᠎ᠳᠤ ᠤᠷᠤᠭᠤᠯᠵᠦ᠍᠂ ᠳᠡᠯᠡᠭᠡᠢ᠎ᠶ᠋ᠢᠨ ᠦᠨᠳᠤᠷ ᠳᠡᠪᠴᠡᠩ᠎ᠳᠤ ᠭᠠᠷᠭᠠᠬᠤ᠎ᠪᠠᠷ ᠮᠠᠷᠠᠢᠵᠤ ᠪᠠᠢᠨ᠎ᠠ᠃