ᠮᠠᠨ᠎ᠤ ᠤᠯᠤᠰ᠎ᠤᠨ ᠶᠠᠳᠠᠭᠤ᠎ᠠᠴᠠ ᠠᠩᠭᠢᠵᠢᠷᠠᠭᠤᠯᠬᠤ ᠪᠤᠭᠤᠮᠲᠠ ᠱᠢᠪᠲᠤᠯᠬᠤ ᠳᠠᠢᠯᠠᠯᠳᠤᠭᠠᠨ ᠪᠤᠯ ᠳᠡᠯᠡᠬᠡᠶ᠎ᠶ᠋ᠢᠨ ᠶᠠᠳᠠᠭᠤ ᠬᠦᠴᠢᠷᠳᠡᠯᠲᠡᠶ ᠬᠦᠮᠦᠨ ᠠᠮᠠ᠎ᠶ᠋ᠢ ᠪᠠᠭᠠᠰᠭᠠᠬᠤ ᠲᠡᠤᠬᠡᠨ ᠳᠡᠭᠡᠷᠡᠬᠢ ᠨᠢᠭᠡᠨ ᠭᠠᠢᠬᠠᠮᠱᠢᠭ ᠮᠥᠨ᠃ ᠬᠠᠪᠰᠤᠷᠤᠨ ᠲᠡᠳᠬᠦᠬᠦ᠌ ᠺᠠᠳ᠋ᠷ᠎ᠤᠨ ᠵᠢᠯᠣᠭᠤᠳᠤᠯᠭ᠎ᠠ᠂ ᠡᠯ᠎ᠡ ᠠᠵᠢᠯ ᠲᠥᠷᠥᠯ᠎ᠤᠨ ᠲᠡᠳᠬᠦᠨ ᠳᠡᠮᠵᠢᠯᠭᠡ ᠵᠢᠴᠢ ᠶᠠᠳᠠᠭᠤ ᠬᠦᠴᠢᠷᠳᠡᠯᠲᠡᠶ ᠤᠯᠠᠨ ᠲᠦᠮᠡᠨ᠎ᠤ ᠦᠪᠡᠷ᠎ᠤᠨ ᠬᠢᠨᠢ ᠴᠢᠷᠮᠠᠢᠯᠭ᠎ᠠ᠎ᠪᠠᠷ᠂ ᠮᠠᠨ᠎ᠤ ᠤᠯᠤᠰ᠎ᠤᠨ ᠶᠠᠳᠠᠭᠤ᠎ᠠᠴᠠ ᠠᠩᠭᠢᠵᠢᠷᠠᠭᠤᠯᠬᠤ ᠠᠵᠢᠯ ᠮᠠᠰᠢ ᠢᠳᠡᠪᠬᠢ ᠦᠷ᠎ᠡ ᠪᠦᠲᠦᠮᠵᠢ ᠤᠯᠤᠬ᠍ᠰᠡᠨ ᠪᠢᠯᠡ᠃ ᠱᠢᠨ᠎ᠡ ᠲᠢᠳᠢᠮᠯᠢᠭ ᠠᠭᠤᠰᠭᠢᠨ ᠦᠷᠪᠢᠰᠦᠯ᠎ᠤᠨ ᠬᠢᠵᠢᠭ᠎ᠤᠨ ᠪᠠᠢᠳᠠᠯ ᠪᠣᠯᠤᠨ ᠬᠦᠨᠳᠦ ᠨᠣᠴᠢᠲᠠᠶ ᠦᠶᠡᠷ ᠤᠰᠤᠲᠤᠯ᠎ᠤᠨ ᠭᠠᠮᠱᠢᠭ᠎ᠤᠨ ᠡᠮᠦᠨ᠎ᠡ ᠴᠦ᠍ ᠭᠡᠰᠡᠨ ᠨᠠᠮ᠎ᠤᠨ ᠲᠥᠪ ᠬᠤᠷᠢᠶ᠎ᠡ ᠮᠥᠨ ᠬᠦ᠌ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠬᠤ ᠬᠠᠷᠠᠯᠲᠠ᠎ᠶ᠋ᠢ ᠬᠤᠭᠤᠴᠠᠭ᠎ᠠ ᠶᠣᠰᠣᠭᠠᠷ ᠪᠡᠶᠡᠯᠡᠭᠦᠯᠬᠦ᠌᠎ᠶ᠋ᠢ ᠡᠷᠡᠰ ᠪᠠᠲᠦ ᠪᠠᠷᠢᠮᠲᠠᠯᠠᠵᠦ᠍᠂ ᠥᠷᠭᠡᠨ ᠤᠯᠠᠨ ᠺᠠᠳ᠋ᠷ ᠤᠯᠠᠨ ᠲᠦᠮᠡᠨ᠎ᠢ ᠳᠠᠭᠠᠭᠤᠯᠤᠨ ᠱᠢᠷᠭᠠᠭᠤ ᠬᠠᠲᠠᠭᠤᠵᠢᠯᠲᠠᠢ ᠲᠡᠮᠡᠴᠡᠵᠦ᠍᠂ ᠬᠦᠴᠢᠷ ᠪᠡᠷᠭᠡ᠎ᠶ᠋ᠢ ᠵᠤᠷᠢᠬ᠍ᠲᠠᠢᠪᠠᠷ ᠲᠤᠭᠤᠯᠵᠦ᠍᠂ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠬᠤ ᠲᠠᠢᠯᠠᠯᠳᠤᠭᠠᠨ᠎ᠳᠤ ᠱᠠᠳᠤᠴᠢ ᠴᠢᠨᠠᠷᠲᠠᠢ ᠠᠮᠵᠢᠯᠲᠠ᠎ᠶ᠋ᠢ ᠣᠯᠤᠬ᠍ᠰᠡᠨ ᠪᠠᠢᠨ᠎ᠡ᠃ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠬᠤ᠎ᠨᠢ ᠡᠴᠦᠰ᠎ᠤᠨ ᠴᠡᠭ ᠪᠢᠰᠢ᠂ ᠬᠠᠷᠢᠨ ᠠᠷᠠᠳ ᠣᠯᠠᠨ᠎ᠤ ᠰᠠᠢᠨ ᠰᠠᠢᠬᠠᠨ ᠠᠮᠢᠳᠤᠷᠠᠯ᠎ᠤᠨ ᠡᠬᠢᠯᠡᠯᠲᠡ ᠮᠦᠨ᠂ ᠥᠷᠭᠡᠨ ᠤᠯᠠᠨ ᠨᠠᠮ᠎ᠤᠨ ᠭᠡᠱᠢᠭᠦᠨ ᠺᠠᠳ᠋ᠷ ᠦᠷᠭᠦᠯᠵᠢᠯᠡᠨ ᠠᠷᠠᠳ ᠤᠯᠠᠨ᠎ᠢ ᠳᠠᠭᠠᠭᠤᠯᠤᠨ 《ᠭᠤᠷᠪᠠ᠎ᠶ᠋ᠢ ᠵᠤᠯᠭᠠᠭᠤᠯᠬᠤ》 ᠠᠵᠢᠯ᠎ᠢ ᠰᠠᠢᠲᠤᠷ ᠬᠢᠵᠦ᠍᠂ ᠪᠦᠬᠦ᠌ ᠠᠷᠠᠳ᠎ᠢ ᠬᠠᠮᠲᠤ᠎ᠪᠠᠷ ᠴᠢᠨᠡᠭᠡᠯᠢᠭ᠌ᠵᠢᠬᠦ᠌ ᠬᠠᠷᠠᠯᠲᠠ᠎ᠶ᠋ᠢ ᠪᠡᠶᠡᠯᠡᠭᠦᠯᠬᠦ᠌᠎ᠪᠠᠷ ᠦᠷᠭᠦᠯᠵᠢᠯᠡᠨ ᠴᠢᠷᠮᠠᠢᠨ ᠤᠷᠤᠭ᠍ᠰᠢᠯᠠᠬᠤ ᠬᠡᠷᠡᠭ᠌ᠲᠡᠶ᠃
ᠶᠠᠳᠠᠭᠤ ᠬᠦᠴᠢᠷᠳᠡᠯᠲᠡᠶ ᠣᠯᠠᠨ ᠲᠦᠮᠡᠨ ᠬᠢᠭᠡᠳ ᠱᠢᠨ᠎ᠡ ᠬᠡᠯᠪᠡᠷᠢ᠎ᠶ᠋ᠢᠨ ᠲᠤᠰᠭᠠᠢ ᠲᠠᠷᠢᠶᠠᠴᠢᠨ᠎ᠢ ᠵᠤᠯᠭᠠᠭᠤᠯᠬᠤ ᠠᠵᠢᠯ᠎ᠢ ᠰᠠᠢᠲᠤᠷ ᠬᠢᠵᠦ᠍᠂ ᠴᠢᠨᠡᠭᠡᠯᠢᠭ᠌ᠵᠢᠯ᠎ᠤᠨ ᠳᠣᠲᠣᠭᠠᠳᠤ ᠬᠥᠳᠡᠯᠭᠡᠬᠦ᠌ ᠬᠦᠴᠦᠨ᠎ᠢ ᠠᠮᠢᠳᠤᠯᠢᠭ ᠪᠣᠯᠭᠠᠬᠤ ᠬᠡᠷᠡᠭ᠌ᠳᠡᠢ᠃ ᠶᠠᠳᠠᠭᠤ ᠬᠦᠴᠢᠷᠳᠡᠯᠲᠡᠢ ᠤᠯᠠᠨ ᠲᠦᠮᠡᠨ᠎ᠤ ᠶᠠᠳᠠᠭᠤ᠎ᠠᠴᠠ ᠠᠩᠭᠢᠵᠢᠷᠠᠬᠤ ᠪᠣᠳᠠᠲᠤ ᠬᠦᠴᠦᠨ ᠪᠣᠯᠤᠨ ᠤᠷ᠎ᠠ ᠴᠢᠳᠠᠪᠤᠷᠢ᠎ᠶ᠋ᠢ ᠳᠡᠭᠡᠭ᠌ᠰᠢᠯᠡᠭᠦᠯᠬᠦ᠌᠎ᠶ᠋ᠢ ᠴᠢᠬᠤᠯᠠᠴᠢᠯᠠᠵᠤ᠂ ᠶᠠᠳᠠᠭᠤ ᠬᠦᠴᠢᠷᠳᠡᠯᠲᠡᠢ ᠤᠯᠠᠨ ᠲᠦᠮᠡᠨ᠎ᠢ ᠠᠯᠢ ᠴᠢᠳᠠᠬᠤ᠎ᠪᠠᠷ ᠱᠢᠨ᠎ᠡ ᠬᠡᠯᠪᠡᠷᠢ᠎ᠶ᠋ᠢᠨ ᠲᠤᠰᠭᠠᠢ ᠲᠠᠷᠢᠶᠠᠴᠢᠨ ᠪᠣᠯᠭᠠᠨ ᠬᠥᠮᠦᠵᠢᠭᠦᠯᠬᠦ᠌ ᠬᠡᠷᠡᠭ᠌ᠲᠡᠢ᠃ ᠤᠶᠤᠨ ᠰᠠᠨᠠᠭᠠᠨ᠎ᠤ ᠲᠠᠯ᠎ᠠ᠎ᠪᠠᠷ᠂ ᠶᠠᠳᠠᠭᠤ ᠬᠦᠴᠢᠷᠳᠡᠯᠲᠡᠶ ᠣᠯᠠᠨ ᠲᠦᠮᠡᠨ᠎ᠤ ᠪᠡᠶ᠎ᠡ᠎ᠪᠠᠨ ᠳᠠᠭᠠᠭᠠᠵᠤ ᠶᠠᠳᠠᠭᠤ᠎ᠠᠴᠠ ᠠᠩᠭᠢᠵᠢᠷᠠᠬᠤ ᠢᠲᠡᠭᠡᠯ ᠵᠣᠷᠢᠭ᠎ᠢ ᠬᠦᠭ᠌ᠵᠢᠭᠡᠵᠦ᠍᠂ ᠠᠵᠢᠯᠯᠠᠬᠤ ᠴᠢᠳᠠᠪᠤᠷᠢ᠎ᠶ᠋ᠢᠨ ᠲᠠᠯ᠎ᠡ᠎ᠪᠠᠷ᠂ ᠱᠢᠨ᠎ᠡ ᠬᠡᠯᠪᠡᠷᠢ᠎ᠶ᠋ᠢᠨ ᠲᠠᠷᠢᠶᠠᠯᠠᠩ᠎ᠤᠨ ᠪᠠᠭᠠᠵᠢ ᠬᠡᠷᠡᠭ᠌ᠰᠡᠯ᠎ᠢ ᠬᠡᠷᠡᠭ᠌ᠯᠡᠬᠦ᠂ ᠱᠢᠨᠵᠢᠯᠡᠬᠦ᠌ ᠤᠬᠠᠭᠠᠨᠴᠢ᠎ᠪᠠᠷ ᠲᠠᠷᠢᠵᠦ᠍ ᠲᠡᠵᠢᠭᠡᠬᠦ᠌ ᠮᠡᠷᠭᠡᠵᠢᠯ ᠴᠢᠳᠠᠪᠤᠷᠢ᠎ᠶ᠋ᠢ ᠳᠡᠭᠡᠭ᠌ᠰᠢᠯᠡᠭᠦᠯᠬᠦ᠌᠎ᠶ᠋ᠢ ᠴᠢᠬᠤᠯᠠᠴᠢᠯᠠᠵᠦ᠍᠂ ᠳᠣᠲᠣᠭᠠᠳᠤ ᠬᠥᠳᠡᠯᠭᠡᠬᠦ᠌ ᠬᠦᠴᠦᠨ᠎ᠢ᠎ᠨᠢ ᠬᠦᠭ᠌ᠵᠢᠭᠡᠬᠦ᠌ ᠬᠡᠷᠡᠭ᠌ᠲᠡᠢ᠃
ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠬᠤ ᠪᠠ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠰᠠᠢᠳᠤᠷ ᠵᠤᠯᠭᠠᠭᠤᠯᠵᠦ᠍᠂ ᠴᠢᠨᠡᠭᠡᠯᠢᠭ᠌ᠵᠢᠯ᠎ᠤᠨ ᠰᠠᠭᠤᠷᠢ᠎ᠶ᠋ᠢ ᠪᠠᠬᠢᠵᠢᠭᠦᠯᠭᠦ᠌ ᠬᠡᠷᠡᠭ᠌ᠳᠡᠢ᠃ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠬᠤ ᠪᠠ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠪᠦᠲᠦᠮᠵᠢᠲᠡᠢ ᠵᠣᠯᠭᠠᠭᠤᠯᠬᠤ ᠠᠵᠢᠯ᠎ᠢ ᠰᠠᠢᠲᠤᠷ ᠬᠢᠵᠦ᠍᠂ ᠶᠠᠳᠠᠭᠤ᠎ᠠᠴᠠ ᠠᠩᠭᠢᠵᠢᠷᠠᠭᠤᠯᠬᠤ ᠪᠤᠭᠤᠮᠲᠠ ᠱᠢᠪᠲᠤᠯᠬᠤ ᠲᠥᠷᠥ᠎ᠶ᠋ᠢᠨ ᠪᠣᠳᠣᠯᠭ᠎ᠠ᠎ᠶ᠋ᠢ ᠶᠡᠷᠦᠩᠬᠡᠶ᠎ᠳᠡᠭᠡᠨ ᠲᠣᠭ᠍ᠲᠠᠭᠤᠨ ᠪᠠᠢᠯᠭᠠᠵᠤ᠂ ᠠᠷᠭ᠎ᠠ ᠬᠡᠮᠵᠢᠶ᠎ᠡ᠎ᠶ᠋ᠢ ᠤᠯᠠᠨ ᠡᠱᠢᠵᠢᠭᠦᠯᠵᠦ᠍ ᠶᠠᠳᠠᠭᠤ᠎ᠠᠴᠠ ᠠᠩᠭᠢᠵᠢᠷᠠᠭᠤᠯᠤᠭ᠍ᠰᠠᠨ ᠦᠷ᠎ᠡ ᠪᠦᠲᠦᠭᠡᠯ᠎ᠢ ᠪᠠᠬᠢᠵᠢᠭᠦᠯᠬᠦ᠌ ᠬᠡᠷᠡᠭ᠌ᠲᠡᠢ᠃ ᠨᠢᠭᠡ ᠲᠠᠯ᠎ᠠ᠎ᠪᠠᠷ᠂ ᠫᠠᠢᠰᠠ ᠡᠯᠭᠦᠵᠦ᠍ ᠶᠠᠳᠠᠭᠤ᠎ᠠᠴᠠ ᠠᠩᠭᠢᠵᠢᠷᠠᠭᠤᠯᠬᠤ ᠠᠵᠢᠯ᠎ᠤᠨ ᠠᠬᠢᠴᠠ᠎ᠶ᠋ᠢ ᠱᠠᠯᠠᠪᠳᠠᠭᠤᠯᠵᠦ᠍᠂ ᠣᠨᠴᠠ ᠶᠠᠳᠠᠭᠤ ᠬᠦᠴᠢᠷᠳᠡᠯ᠎ᠲᠠᠢ᠎ᠶ᠋ᠢᠨ ᠪᠠᠬᠢᠯᠡᠯᠲᠡ᠎ᠶ᠋ᠢ ᠱᠢᠪᠲᠤᠯᠵᠤ᠂ ᠤᠨᠴᠠᠯᠢᠭ᠍ᠳᠤ ᠠᠵᠤ ᠦᠢᠯᠡᠰ᠎ᠤᠨ ᠬᠥᠭ᠌ᠵᠢᠯᠲᠡ᠎ᠶ᠋ᠢ ᠠᠬᠢᠭᠤᠯᠬᠤ᠂ ᠤᠯᠠᠨ ᠲᠦᠮᠡᠨ᠎ᠤ ᠣᠷᠣᠯᠭ᠎ᠠ᠎ᠶ᠋ᠢ ᠨᠡᠮᠡᠭ᠌ᠳᠡᠭᠦᠯᠬᠦ᠌ ᠵᠡᠷᠭᠡ᠎ᠪᠠᠷ ᠳᠠᠮᠵᠢᠵᠦ᠍ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠬᠤ ᠬᠠᠷᠠᠯᠲᠠ ᠡᠭᠦᠷᠭᠡ᠎ᠶ᠋ᠢ ᠴᠢᠨᠠᠷ ᠰᠠᠢᠲᠠᠢ᠎ᠪᠠᠷ ᠲᠣᠭ᠍ᠲᠠᠭ᠍ᠰᠠᠨ ᠬᠤᠭᠤᠴᠠᠭᠠᠨ᠎ᠳᠤ ᠪᠡᠶᠡᠯᠡᠭᠦᠯᠬᠦ᠌᠎ᠶ᠋ᠢ ᠪᠠᠲᠤᠯᠠᠬᠤ ᠬᠡᠷᠡᠭ᠌ᠲᠡᠢ; ᠨᠥᠭᠦᠭᠡ ᠲᠠᠯ᠎ᠠ᠎ᠪᠠᠷ᠂ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠬᠤ ᠪᠠ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ ᠲᠥᠷᠥ᠎ᠶ᠋ᠢᠨ ᠪᠣᠳᠣᠯᠭ᠎ᠠ᠎ᠶ᠋ᠢ ᠵᠣᠯᠭᠠᠭᠤᠯᠬᠤ᠂ ᠲᠣᠭ᠍ᠲᠠᠴᠠ᠎ᠶ᠋ᠢ ᠵᠣᠯᠭᠠᠭᠤᠯᠬᠤ᠂ ᠠᠵᠤ ᠦᠢᠯᠡᠰ ᠢ ᠵᠣᠯᠭᠠᠭᠤᠯᠬᠤ ᠵᠡᠷᠭᠡ ᠠᠵᠢᠯ᠎ᠢ ᠰᠠᠢᠲᠤᠷ ᠬᠢᠵᠦ᠍᠂ ᠶᠠᠳᠠᠭᠤ᠎ᠠᠴᠠ ᠠᠩᠭᠢᠵᠢᠷᠠᠭ᠍ᠰᠠᠨ ᠭᠠᠵᠠᠷ ᠣᠷᠣᠨ᠎ᠤ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠦᠷᠭᠦᠯᠵᠢᠯᠡᠨ ᠠᠬᠢᠭᠤᠯᠵᠤ᠂ ᠪᠠᠶᠠᠵᠢᠨ ᠴᠢᠨᠡᠭᠡᠯᠢᠭ᠌ᠵᠢᠬᠦ᠌ ᠰᠠᠭᠤᠷᠢ᠎ᠶ᠋ᠢ ᠪᠠᠬᠢᠵᠢᠭᠦᠯᠦᠨ᠎ᠡ᠃
ᠲᠣᠮᠣ ᠬᠡᠯᠪᠡᠷᠢ᠎ᠶ᠋ᠢᠨ ᠠᠵᠤ ᠠᠬᠤᠢᠯᠠᠯ ᠬᠢᠭᠡᠳ ᠲᠤᠰᠭᠠᠢ ᠬᠤᠷᠱᠢᠶ᠎ᠠ᠎ᠶ᠋ᠢᠨ ᠵᠤᠯᠭᠠᠭᠤᠯᠬᠤ᠎ᠶ᠋ᠢ ᠠᠬᠢᠭᠤᠯᠵᠦ᠍᠂ ᠬᠦᠭ᠌ᠵᠢᠯᠲᠡ᠎ᠶ᠋ᠢᠨ ᠬᠦᠳᠡᠯᠭᠡᠬᠦ᠌ ᠬᠦᠴᠦᠨ᠎ᠢ ᠲᠠᠰᠤᠷᠠᠯᠲᠠ ᠦᠭᠡᠢ ᠪᠤᠢ ᠪᠤᠯᠭᠠᠬᠤ ᠬᠡᠷᠡᠭ᠌ᠳᠡᠢ᠃ ᠶᠠᠳᠠᠭᠤ ᠬᠦᠴᠢᠷᠳᠡᠯᠲᠡᠶ ᠭᠠᠵᠠᠷ ᠣᠷᠣᠨ᠎ᠤ ᠮᠠᠯᠴᠢᠨ ᠲᠠᠷᠢᠶᠠᠴᠢᠨ᠎ᠤ ᠲᠤᠰᠭᠠᠢ ᠬᠤᠷᠱᠢᠶ᠎ᠠ ᠪᠣᠯᠤᠨ ᠲᠣᠮᠣ ᠬᠡᠯᠪᠡᠷᠢ᠎ᠶ᠋ᠢᠨ ᠠᠵᠤ ᠠᠬᠤᠢᠯᠠᠯ᠎ᠤᠨ ᠵᠣᠯᠭᠠᠯᠴᠠᠭ᠎ᠠ᠎ᠶ᠋ᠢ ᠨᠢᠬ᠍ᠲᠠᠷᠠᠭᠤᠯᠵᠦ᠍᠂ ᠲᠣᠮᠣ ᠬᠡᠯᠪᠡᠷᠢ᠎ᠶ᠋ᠢᠨ ᠠᠵᠤ ᠠᠬᠤᠢᠯᠠᠯ᠎ᠤᠨ ᠲᠠᠷᠢᠶᠠᠯᠠᠩ᠎ᠳᠤ ᠬᠤᠯᠪᠣᠭ᠍ᠳᠠᠬᠤ ᠠᠵᠤ ᠦᠢᠯᠡᠰ ᠢ ᠬᠥᠭ᠌ᠵᠢᠭᠦᠯᠬᠦ᠌᠎ᠶ᠋ᠢ ᠵᠣᠷᠢᠭ᠍ᠵᠢᠭᠤᠯᠵᠤ᠂ 《ᠠᠵᠤ ᠠᠬᠤᠢᠯᠠᠯ + ᠲᠤᠰᠭᠠᠢ ᠬᠤᠷᠱᠢᠶ᠎ᠠ + ᠮᠠᠯᠴᠢᠨ ᠲᠠᠷᠢᠶᠠᠴᠢᠨ》 ᠤ ᠱᠢᠨ᠎ᠡ᠎ᠶ᠋ᠢ ᠡᠭᠦᠳᠬᠦ᠌ ᠬᠥᠭ᠌ᠵᠢᠯᠲᠡ᠎ᠶ᠋ᠢᠨ ᠬᠡᠪ ᠵᠠᠭ᠍ᠪᠤᠷ᠎ᠢ ᠲᠠᠰᠤᠷᠠᠯᠲᠠ ᠤᠢ᠍ᠭᠡᠢ ᠱᠢᠯᠢᠳᠡᠭ᠌ᠵᠢᠭᠦᠯᠵᠦ᠍᠂ ᠶᠠᠳᠠᠭᠤ ᠬᠦᠴᠢᠷᠳᠡᠯᠲᠡᠶ ᠣᠯᠠᠨ ᠲᠦᠮᠡᠨ᠎ᠢ ᠠᠱᠢᠭ ᠲᠤᠰᠠ᠎ᠶ᠋ᠢᠨ ᠬᠤᠯᠪᠤᠭᠠᠨ᠎ᠤ ᠲᠤᠬ᠍ᠲᠠᠴᠠᠪᠠᠷ ᠳᠠᠮᠵᠢᠵᠦ᠍ ᠠᠱᠢᠭ ᠤᠷᠤᠯᠭ᠎ᠠ᠎ᠶ᠋ᠢᠨ ᠨᠡᠮᠡᠭ᠌ᠳᠡᠯ᠎ᠢ ᠠᠬᠢᠭᠤᠯᠤᠨ᠎ᠡ᠃
《ᠭᠤᠷᠪᠠ᠎ᠶ᠋ᠢ ᠵᠣᠯᠭᠠᠭᠤᠯᠬᠤ》 ᠠᠵᠢᠯ᠎ᠢ ᠰᠠᠢᠳᠤᠷ ᠬᠢᠵᠦ᠍᠂ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠬᠤ᠎ᠠᠴᠠ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ ᠲᠡᠢᠰᠢ ᠱᠢᠯᠵᠢᠬᠦ᠌᠎ᠶ᠋ᠢ ᠦᠷ᠎ᠠ ᠪᠦᠳᠦᠮᠵᠢᠲᠠᠢ᠎ᠪᠠᠷ ᠠᠬᠢᠭᠤᠯᠪᠠᠯ᠂ ᠠᠷᠠᠳ ᠣᠯᠠᠨ᠎ᠳᠤ ᠨᠠᠩ ᠣᠯᠠᠨ ᠪᠤᠶᠠᠨ ᠦᠢᠯᠡᠳᠴᠦ᠍ ᠠᠵᠠ ᠵᠢᠷᠭᠠᠯ ᠡᠳ᠋ᠯᠡᠭᠦᠯᠵᠦ᠍ ᠴᠢᠳᠠᠬᠤ᠎ᠨᠢ ᠯᠠᠪᠲᠠᠢ᠃