40 ᠬᠦᠴᠢᠷᠳᠡᠯᠲᠡᠶ ᠰᠤᠷᠤᠭ᠍ᠴᠢ᠎ᠶ᠋ᠢ ᠳᠤᠰᠠᠯᠠᠪᠠ
2020-11-21 11:41:39
ᠵᠣᠬᠢᠶᠠᠭ᠍ᠴᠢ᠄
ᠨᠠᠪᠴᠢ
ᠣᠩᠱᠢᠭ᠍ᠰᠠᠨ ᠣᠳᠠᠭ᠎ᠠ᠄
★★★☆☆

ᠤᠢ᠍ᠢᠷ᠎ᠠ᠎ᠳᠤ᠂ ᠱᠠᠨᠳᠦ᠋ᠩ ᠮᠤᠵᠢ᠎ᠶ᠋ᠢᠨ ᠶᠢᠦ ᠹᠠᠩ ᠨᠡᠢᠲᠡ᠎ᠶ᠋ᠢᠨ ᠠᠰᠠᠷᠠᠮᠵᠢ᠎ᠶ᠋ᠢᠨ ᠰᠠᠭᠤᠷᠢ ᠮᠥᠩᠭᠦᠨ᠎ᠤ ᠨᠡᠢᠭᠡᠮᠯᠢᠭ᠎ᠤᠨ 《ᠵᠢᠤ᠎ᠲᠠᠢ ᠭᠠᠷ ᠬᠤᠯᠪᠣᠯᠴᠠᠬᠤ ᠲᠥᠯᠥᠪᠯᠡᠭᠡ》 ᠎ᠶ᠋ᠢᠨ ᠰᠤᠷᠤᠯᠭ᠎ᠠ᠎ᠶ᠋ᠢᠨ ᠲᠡᠳᠬᠦᠮᠵᠢ᠎ᠶ᠋ᠢᠨ ᠮᠥᠩᠭᠦ᠌ (ᠲᠣᠭ᠍ᠲᠠᠬᠤ ᠱᠢᠶᠠᠨ) ᠣᠯᠭᠤᠬᠤ ᠶᠣᠰᠣᠯᠠᠯ ᠲᠣᠭ᠍ᠲᠠᠬᠤ ᠱᠢᠶᠠᠨ᠎ᠤ ᠨᠢᠭᠡᠳᠦᠭᠡᠷ ᠳᠤᠮᠳᠠᠳᠤ ᠰᠤᠷᠭᠠᠭᠤᠯᠢ᠎ᠳᠤ ᠶᠠᠪᠤᠭ᠍ᠳᠠᠪᠠ᠃ ᠶᠢᠦ ᠹᠠᠩ ᠨᠡᠢᠲᠡ᠎ᠶ᠋ᠢᠨ ᠠᠰᠠᠷᠠᠮᠵᠢ᠎ᠶ᠋ᠢᠨ ᠰᠠᠭᠤᠷᠢ ᠮᠥᠩᠭᠦᠨ᠎ᠤ ᠨᠡᠢᠭᠡᠮᠯᠢᠭ 《ᠵᠢᠦ᠎ᠲᠠᠢ ᠭᠠᠷ ᠬᠤᠯᠪᠤᠯᠴᠠᠬᠤ ᠲᠦᠯᠦᠪᠯᠡᠭᠡ》 ᠎ᠶ᠋ᠢᠨ ᠲᠥᠷᠥᠯ ᠵᠦᠶᠯ᠎ᠳᠤ 14.4 ᠲᠦᠮᠡᠨ ᠲᠥᠭᠦᠷᠢᠭ ᠬᠠᠨᠳᠢᠪᠯᠠᠵᠤ᠂ ᠳᠤᠭ᠍ᠳᠠᠬᠤ ᠱᠢᠶᠠᠨ᠎ᠤ 40 ᠬᠦᠴᠢᠷᠳᠡᠯᠲᠡᠶ ᠰᠤᠷᠤᠭ᠍ᠴᠢ᠎ᠳᠤ ᠬᠥᠮᠦᠨ ᠪᠦᠷᠢ᠎ᠳᠤ 3600 ᠲᠥᠭᠦᠷᠢᠭ᠎ᠤᠨ ᠰᠤᠷᠤᠯᠭ᠎ᠠ᠎ᠶ᠋ᠢᠨ ᠲᠡᠳᠬᠦᠮᠵᠢ᠎ᠶ᠋ᠢᠨ ᠮᠥᠩᠭᠦ᠌ ᠣᠯᠭᠤᠵᠠᠶ᠃

ᠵᠢᠤ᠎ᠲᠠᠢ ᠭᠠᠷ ᠬᠤᠯᠪᠣᠯᠴᠠᠬᠤ ᠲᠥᠯᠥᠪᠯᠡᠭᠡ ᠪᠣᠯ ᠱᠠᠨᠳᠦ᠋ᠩ ᠮᠤᠵᠢ᠎ᠶ᠋ᠢᠨ ᠶᠢᠦ ᠹᠠᠩ ᠨᠡᠢᠲᠡ᠎ᠶ᠋ᠢᠨ ᠠᠰᠠᠷᠠᠮᠵᠢ᠎ᠶ᠋ᠢᠨ ᠰᠠᠭᠤᠷᠢ ᠮᠥᠩᠭᠦ᠎ᠶ᠋ᠢᠨ ᠨᠡᠢᠭᠡᠮᠯᠢᠭ᠎ᠤᠨ ᠬᠦᠴᠢᠷᠳᠡᠯᠲᠡᠶ ᠰᠤᠷᠤᠭ᠍ᠴᠢᠳ᠎ᠢᠶᠠᠷ ᠲᠤᠰᠠᠯᠠᠮᠵᠢ ᠦᠵᠡᠭᠦᠯᠬᠦ᠌ ᠡᠲᠡᠭᠡᠳ ᠪᠣᠯᠭᠠᠭ᠍ᠰᠠᠨ ᠨᠡᠢᠲᠡ᠎ᠶ᠋ᠢᠨ ᠠᠰᠠᠷᠠᠮᠵᠢ᠎ᠶ᠋ᠢᠨ ᠨᠢᠭᠦᠯᠡᠰᠦᠩᠭᠦᠢ᠎ᠶ᠋ᠢᠨ ᠦᠶᠯᠡᠰ᠎ᠤᠨ ᠲᠥᠷᠥᠯ ᠵᠦᠶᠯ ᠪᠠᠢᠵᠦ᠍᠂ ᠰᠠᠢᠨ ᠳᠤᠷᠠᠴᠤᠤᠯ᠎ᠢ ᠳᠠᠢᠴᠢᠯᠠᠨ ᠨᠢᠭᠡ᠎ᠨᠢ ᠨᠦᠭᠦᠭᠡ᠎ᠪᠠᠨ ᠬᠠᠪᠰᠤᠷᠬᠤ ᠠᠵᠢᠯᠯᠠᠭ᠎ᠠ ᠦᠷᠨᠢᠬᠦᠯᠵᠦ᠍᠂ ᠡᠳ᠋ ᠪᠣᠳᠠᠰ ᠪᠠ ᠠᠮᠢᠳᠤᠷᠠᠯ ᠰᠤᠷᠤᠯᠴᠠᠯᠭ᠎ᠠ᠂ ᠰᠡᠳᠭᠢᠴᠡ ᠵᠡᠷᠭᠡ ᠲᠠᠯ᠎ᠠ᠎ᠪᠠᠷ ᠬᠠᠪᠰᠤᠷᠤᠯᠭ᠎ᠠ ᠦᠵᠡᠭᠦᠯᠵᠦ᠍᠂ ᠪᠣᠳᠠᠲᠤ ᠠᠵᠢᠯᠯᠠᠭ᠎ᠠ᠎ᠪᠠᠷ᠎ᠢᠶᠠᠨ ᠬᠦᠴᠢᠷᠳᠡᠯ᠎ᠳᠤ ᠲᠤᠯᠭᠠᠷᠠᠭ᠍ᠰᠠᠨ ᠰᠤᠷᠤᠭ᠍ᠴᠢᠳ᠎ᠢ ᠬᠠᠯᠠᠮᠵᠢᠯᠠᠳᠠᠭ᠃ 





ᠣᠷᠴᠢᠭᠤᠯᠤᠭ᠍ᠴᠢ᠄
ᠨᠠᠢᠷᠠᠭᠤᠯᠤᠭ᠍ᠴᠢ᠄ ᠶᠥᠩ ᠬᠤᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号