《ᠠᠷᠪᠡᠨ ᠭᠤᠷᠪᠠᠳᠤᠭᠠᠷ ᠲᠠᠪᠤᠨ ᠵᠢᠯ》 ᠎ᠳᠠᠬᠢ ᠬᠦᠳᠡᠭᠡ ᠠᠵᠤ ᠠᠬᠤᠢ᠎ᠶ᠋ᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠪᠡᠯᠭᠡ ᠲᠡᠮᠳᠡᠭ᠎ᠤᠨ ᠴᠢᠨᠠᠷᠳᠠᠢ ᠦᠷ᠎ᠠ ᠪᠦᠳᠤᠭᠡᠯ᠎ᠢ ᠨᠠᠢᠳᠠᠯᠠᠪᠠ
2020-11-24 15:35:44
ᠵᠣᠬᠢᠶᠠᠭ᠍ᠴᠢ᠄
ᠬᠤᠸᠠᠩ ᠶᠤᠤ ᠳ᠋ᠦᠩ ᠵᠢᠶᠦ᠋ᠨ
ᠣᠩᠱᠢᠭ᠍ᠰᠠᠨ ᠣᠳᠠᠭ᠎ᠠ᠄
★★★☆☆

 ᠬᠦᠳᠡᠭᠡ ᠠᠵᠤ ᠠᠬᠤᠢ ᠬᠦᠳᠡᠭᠡ ᠲᠤᠰᠭᠤᠨ᠎ᠤ ᠶᠠᠮᠤᠨ ᠤᠢ᠍ᠢᠷ᠎ᠠ᠎ᠳᠤ ᠭᠡᠳᠦ ᠲᠡᠰ᠎ᠤᠨ ᠳᠤᠳᠤᠷᠭ᠎ᠠ᠎ᠶ᠋ᠢᠨ ᠮᠤ᠌᠎ᠶ᠋ᠢᠨ ᠤᠨᠠᠯᠳᠠ 1000 ᠺᠢᠯᠦᠭ᠌ᠷᠠᠮ᠎ᠢ ᠳᠠᠪᠠᠭ᠍ᠰᠠᠨ ᠵᠡᠷᠭᠡ 《ᠠᠷᠪᠡᠨ ᠭᠤᠷᠪᠠᠳᠤᠭᠠᠷ ᠲᠠᠪᠤᠨ ᠵᠢᠯ》 ᠎ᠳᠠᠬᠢ ᠮᠠᠨ᠎ᠤ ᠤᠯᠤᠰ᠎ᠤᠨ ᠬᠦᠳᠡᠭᠡ ᠠᠵᠤ ᠠᠬᠤᠢ ᠬᠦᠳᠡᠭᠡ ᠲᠤᠰᠭᠤᠨ᠎ᠤ ᠠᠵᠤ ᠠᠬᠤᠢ ᠨᠡᠢᠭᠡᠮ᠎ᠤᠨ ᠬᠦᠭ᠌ᠵᠢᠯᠳᠠ᠎ᠳᠤ ᠲᠤᠪᠤᠢᠮ᠎ᠠ ᠬᠤᠪᠢ ᠨᠡᠮᠡᠷᠢ ᠦᠵᠡᠬᠦᠯᠦᠭ᠌ᠰᠡᠨ ᠬᠦᠳᠡᠭᠡ ᠠᠵᠤ ᠠᠬᠤᠢ᠎ᠶ᠋ᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ 10 ᠲᠦᠷᠦᠯ᠎ᠤᠨ ᠪᠡᠯᠭᠡ ᠳᠡᠮᠳᠡᠭ᠎ᠤᠨ ᠴᠢᠨᠠᠷᠳᠠᠢ ᠦᠷ᠎ᠠ ᠪᠦᠳᠦᠭᠡᠯ᠎ᠢ ᠨᠡᠢᠳᠡᠯᠡᠪᠡ᠃

  20 ᠎ᠤ ᠡᠳᠦᠷ ᠵᠢᠶᠠᠩᠰᠦ ᠮᠤᠵᠢ᠎ᠶ᠋ᠢᠨ ᠨᠠᠨᠵᠢᠩ᠎ᠳᠤ ᠶᠠᠪᠤᠭ᠍ᠳᠠᠭ᠍ᠰᠠᠨ 2020 ᠤᠨ᠎ᠤ ᠳᠤᠮᠳᠠᠳᠤ ᠤᠯᠤᠰ᠎ᠤᠨ ᠬᠦᠳᠡᠭᠡ ᠠᠵᠤ ᠠᠬᠤᠢ ᠬᠦᠳᠡᠭᠡ ᠲᠤᠰᠭᠤᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠬᠦᠭ᠌ᠵᠢᠯᠳᠠ᠎ᠶ᠋ᠢᠨ ᠲᠦᠷᠦᠬᠦᠴᠤᠳ᠎ᠤᠨ ᠶᠠᠷᠢᠶᠠᠨ᠎ᠤ ᠲᠠᠪᠴᠠᠩ ᠳᠡᠭᠡᠷ᠎ᠠ᠂ ᠬᠦᠳᠡᠭᠡ ᠠᠵᠤ ᠠᠬᠤᠢ ᠬᠦᠳᠡᠭᠡ ᠲᠤᠰᠭᠤᠨ᠎ᠤ ᠶᠠᠮᠤᠨ ᠲᠤᠰ 10 ᠦᠷ᠎ᠠ ᠪᠦᠳᠦᠭᠡᠯ᠎ᠢ ᠨᠡᠢᠳᠡᠯᠡᠪᠡ᠄ ᠤᠰᠤᠨ ᠳᠤᠳᠤᠷᠭ᠎ᠠ᠎ᠶ᠋ᠢᠨ ᠭᠧᠨ᠎ᠤ ᠪᠦᠯᠦᠭ᠎ᠤᠨ ᠤᠬᠠᠭᠠᠨ᠎ᠤ ᠰᠤᠳᠤᠯᠭᠠᠨ ᠵᠢᠴᠢ ᠭᠡᠷᠡᠭ᠌ᠯᠡᠭᠡ ᠤᠯᠠᠨ ᠤᠯᠤᠰ᠎ᠲᠤ ᠤᠷᠦ᠋ᠢᠯᠠᠬ᠍ᠰᠠᠨ᠂ ᠭᠡᠳᠦ ᠲᠡᠰ᠎ᠤᠨ ᠳᠤᠳᠤᠷᠭ᠎ᠠ᠎ᠶ᠋ᠢᠨ ᠮᠦ᠍᠎ᠶ᠋ᠢᠨ ᠤᠨᠠᠯᠳᠠ 1000 ᠺᠢᠯᠦᠭ᠌ᠷᠠᠮ᠎ᠢ ᠳᠠᠪᠠᠭ᠍ᠰᠠᠨ᠂ H7N9 ᠵᠢᠬᠦᠷᠳᠡᠨ᠎ᠤ ᠬᠠᠯᠳᠠᠪᠤᠷᠢᠳᠦ ᠳᠠᠭ᠍ᠰᠢᠭᠤᠷ᠎ᠤᠨ ᠸᠠᠺᠼᠢᠨ᠎ᠢ ᠰᠤᠳᠤᠯᠤᠨ ᠦᠢᠯᠡᠳᠦᠭᠡᠳ ᠠᠮᠵᠢᠯᠳᠠ ᠤᠯᠬᠤ᠎ᠶ᠋ᠢᠨ ᠬᠠᠮᠳᠦ ᠶᠡᠭᠡ ᠬᠡᠪᠴᠢᠶ᠎ᠠ᠎ᠪᠠᠷ ᠭᠡᠷᠡᠭ᠌ᠯᠡᠭ᠌ᠰᠡᠨ᠂ ᠭᠧᠨ ᠱᠢᠯᠵᠢᠬᠦᠯᠦᠭ᠌ᠰᠡᠨ ᠡᠷᠳᠡᠨᠢ ᠱᠢᠰᠢ ᠪᠠ ᠪᠤᠷᠴᠠᠭ᠎ᠤᠨ ᠱᠢᠨ᠎ᠠ ᠡᠬᠦᠯᠳᠡᠷ᠎ᠢ ᠪᠤᠢᠵᠢᠭᠤᠯᠤᠭᠠᠳ ᠠᠮᠵᠢᠯᠳᠠ ᠤᠯᠤᠭ᠍ᠰᠠᠨ᠂ ᠭᠠᠭ᠍ᠠᠢ᠎ᠶ᠋ᠢᠨ ᠸᠢᠷᠦ᠋ᠰ᠎ᠤᠨ ᠴᠢᠨᠠᠷᠳᠠᠢ ᠴᠢᠴᠠᠭ᠎ᠠ ᠠᠯᠳᠠᠬᠤ᠎ᠶ᠋ᠢᠨ ᠠᠮᠢᠳᠤ ᠪᠠᠺᠳ᠋ᠷᠢ᠎ᠶ᠋ᠢᠨ ᠸᠠᠺᠼᠢᠨ᠎ᠢ ᠰᠤᠳᠤᠯᠤᠨ ᠦᠢᠯᠡᠳᠦᠭᠡᠳ ᠠᠮᠵᠢᠯᠳᠠ ᠤᠯᠬᠤ᠎ᠶ᠋ᠢᠨ ᠬᠠᠮᠳᠦ ᠭᠡᠷᠡᠭ᠌ᠯᠡᠭ᠌ᠰᠡᠨ᠂ ᠡᠪᠤᠯ᠎ᠤᠨ ᠪᠤᠭᠤᠳᠠᠢ᠎ᠶ᠋ᠢᠨ ᠤᠰᠤ ᠠᠷᠪᠢᠯᠠᠬᠤ ᠱᠢᠨ᠎ᠠ ᠡᠬᠦᠯᠳᠡᠷ ᠪᠤᠯᠤᠨ ᠲᠦᠬᠦᠷᠵᠢᠬᠦᠯᠦᠭ᠌ᠰᠡᠨ ᠮᠡᠷᠭᠡᠵᠢᠯ᠎ᠢ ᠲᠦᠪᠯᠡᠷᠡᠬᠦᠯᠦᠨ ᠭᠡᠷᠡᠭ᠌ᠯᠡᠭ᠌ᠰᠡᠨ᠂ ᠡᠷᠳᠡᠨᠢ ᠱᠢᠰᠢ᠎ᠶ᠋ᠢᠨ ᠦᠷ᠎ᠠ᠎ᠶ᠋ᠢ ᠮᠠᠱᠢᠨ᠎ᠢᠶᠠᠷ ᠬᠤᠷᠢᠶᠠᠬᠤ ᠱᠢᠨ᠎ᠠ ᠡᠬᠦᠯᠳᠡᠷ ᠵᠢᠴᠢ ᠲᠦᠬᠦᠷᠵᠢᠬᠦᠯᠦᠭ᠌ᠰᠡᠨ ᠮᠡᠷᠭᠡᠵᠢᠯ᠎ᠤᠨ ᠱᠢᠰᠲᠧᠮ᠎ᠢ ᠲᠦᠪᠯᠡᠷᠡᠬᠦᠯᠦᠨ ᠭᠡᠷᠡᠭ᠌ᠯᠡᠭ᠌ᠰᠡᠨ᠂ ᠦᠷᠭᠡᠰᠦᠳᠦ ᠭᠡᠮᠭᠡ ᠲᠦᠪᠡᠳ ᠬᠠᠰᠢ ᠴᠠᠭᠠᠨ ᠨᠤᠭᠤᠭ᠎ᠠ ᠵᠡᠷᠭᠡ ᠢᠳᠡᠱᠢᠨ ᠨᠤᠭᠤᠭ᠎ᠠ᠎ᠶ᠋ᠢᠨ ᠭᠧᠨ᠎ᠤ ᠪᠦᠯᠦᠭ᠎ᠤᠨ ᠤᠬᠠᠭᠠᠨ᠎ᠤ ᠰᠤᠳᠤᠯᠭᠠᠨ ᠠᠱᠢᠬ᠍ᠯᠠᠯᠳᠠ ᠤᠯᠠᠨ ᠤᠯᠤᠰ᠎ᠲᠤ ᠤᠷᠦ᠋ᠢᠯᠠᠬ᠍ᠰᠠᠨ᠂ ᠱᠢᠯᠢᠮᠳᠡᠭ᠎ᠤᠨ ᠦᠢᠯᠡᠳᠪᠤᠷᠢᠯᠡᠯ᠎ᠤᠨ ᠪᠦᠬᠦ᠌ ᠶᠠᠪᠤᠴᠠ᠎ᠶ᠋ᠢ ᠮᠠᠱᠢᠨᠴᠢᠯᠡᠬᠤ ᠲᠠᠯ᠎ᠠ᠎ᠪᠠᠷ ᠴᠢᠬᠤᠯᠠ ᠶᠡᠭᠡ ᠠᠬᠢᠴᠠ᠎ᠲᠠᠢ ᠪᠤᠯᠤᠭ᠍ᠰᠠᠨ᠂ ᠬᠦᠢᠳᠡᠨ ᠭᠠᠵᠠᠷ᠎ᠤᠨ ᠡᠷᠳᠡᠨ᠎ᠤ ᠳᠤᠳᠤᠷᠭ᠎ᠠ᠎ᠶ᠋ᠢᠨ ᠱᠢᠯᠢᠳᠡᠭ ᠶᠠᠰᠤ ᠴᠢᠨᠠᠷ᠎ᠲᠠᠢ ᠦᠨᠳᠦᠷ ᠤᠨᠠᠯᠳᠠᠳᠦ ᠯᠥᠩ ᠭᠧᠩ ᠱᠢᠷᠢᠰ ᠱᠢᠨ᠎ᠠ ᠡᠬᠦᠯᠳᠡᠷ ᠤᠯᠠᠨ ᠤᠯᠤᠰ᠎ᠲᠤ ᠤᠷᠦ᠋ᠢᠯᠠᠬ᠍ᠰᠠᠨ ᠵᠡᠷᠭᠡ ᠪᠤᠯᠤᠨ᠎ᠠ᠃

  ᠬᠦᠳᠡᠭᠡ ᠠᠵᠤ ᠠᠬᠤᠢ ᠬᠦᠳᠡᠭᠡ ᠲᠤᠰᠭᠤᠨ᠎ᠤ ᠶᠠᠮᠤᠨ᠎ᠤ ᠳᠡᠳ᠋ ᠰᠠᠢᠳ ᠵᠠᠩ ᠲᠤᠤ ᠯᠢᠨ ᠶᠠᠷᠢᠶᠠᠨ᠎ᠤ ᠲᠠᠪᠴᠠᠩ ᠳᠡᠭᠡᠷ᠎ᠠ᠂ 《ᠠᠷᠪᠡᠨ ᠭᠤᠷᠪᠠᠳᠤᠭᠠᠷ ᠲᠠᠪᠤᠨ ᠵᠢᠯ》 ᠎ᠤᠨ ᠬᠤᠭᠤᠴᠠᠭᠠᠨ᠎ᠳᠤ᠂ ᠮᠠᠨ᠎ᠤ ᠤᠯᠤᠰ ᠬᠦᠳᠡᠭᠡ ᠠᠵᠤ ᠠᠬᠤᠢ᠎ᠶ᠋ᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠱᠢᠨ᠎ᠠ᠎ᠶ᠋ᠢ ᠡᠬᠦᠳᠬᠦ᠌ ᠪᠠ ᠦᠷ᠎ᠠ ᠪᠦᠳᠦᠭᠡᠯ᠎ᠢ ᠳᠡᠯᠭᠡᠷᠡᠬᠦᠯᠦᠨ ᠭᠡᠷᠡᠭ᠌ᠯᠡᠬᠦ᠌᠎ᠶ᠋ᠢ ᠶᠡᠭᠡ᠎ᠪᠠᠷ ᠠᠬᠢᠭᠤᠯᠵᠦ᠍᠂ ᠨᠢᠭᠡ ᠪᠦᠯᠦᠭ ᠪᠡᠯᠭᠡ ᠳᠡᠮᠳᠡᠭ᠎ᠤᠨ ᠴᠢᠨᠠᠷᠳᠠᠢ ᠦᠷ᠎ᠠ ᠪᠦᠳᠦᠮᠵᠢ ᠤᠯᠵᠦ᠍᠂ ᠬᠦᠳᠡᠭᠡ ᠠᠵᠤ ᠠᠬᠤᠢ᠎ᠶ᠋ᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠲᠠᠪᠱᠢᠯᠳᠠ᠎ᠳᠤ ᠦᠵᠡᠬᠦᠯᠦᠭ᠌ᠰᠡᠨ ᠬᠤᠪᠢ ᠨᠡᠮᠡᠷᠢ 60% ᠎ᠶ᠋ᠢ ᠲᠠᠪᠠᠨ᠂ ᠭᠤᠤᠯ ᠪᠤᠯᠬᠤ ᠲᠠᠷᠢᠶᠠᠯᠠᠩ᠎ᠤᠨ ᠲᠠᠷᠢᠮᠠᠯ᠎ᠢ ᠲᠠᠷᠢᠵᠦ᠍ ᠬᠤᠷᠢᠶᠠᠬᠤ᠎ᠶ᠋ᠢ ᠮᠠᠱᠢᠨᠴᠢᠯᠠᠬ᠍ᠰᠠᠨ ᠲᠦᠪᠱᠢᠨ 70% ᠎ᠶ᠋ᠢ ᠲᠠᠪᠠᠵᠦ᠍᠂ ᠠᠮᠤ ᠪᠤᠳᠠᠭᠠᠨ᠎ᠤ ᠭᠠᠷᠤᠯᠳᠠ 5 ᠵᠢᠯ᠎ᠳᠤ 1.5 ᠲᠦᠮᠡᠨ ᠳ᠋ᠦᠩᠱᠢᠭᠤᠷ ᠵᠢᠩ᠎ᠠᠴᠠ ᠳᠡᠭᠡᠭ᠌ᠰᠢᠬᠢ ᠪᠠᠢᠬᠤ ᠲᠦᠪᠱᠢᠨ᠎ᠢ ᠲᠤᠯᠭᠠᠭᠤᠷᠢᠯᠠᠨ ᠪᠠᠳᠤᠯᠠᠵᠦ᠍᠂ ᠬᠦᠳᠡᠭᠡ ᠠᠵᠤ ᠠᠬᠤᠢ ᠬᠦᠳᠡᠭᠡ ᠲᠤᠰᠭᠤᠨ᠎ᠤ ᠠᠵᠤ ᠠᠬᠤᠢ ᠨᠡᠢᠭᠡᠮ᠎ᠤᠨ ᠬᠦᠭ᠌ᠵᠢᠯᠳᠠ ᠲᠡᠦᠭᠡᠲᠦ ᠴᠢᠨᠠᠷᠳᠠᠢ ᠠᠮᠵᠢᠯᠳᠠ ᠤᠯᠬᠤ᠎ᠳᠤ ᠯᠤᠳᠤ ᠶᠡᠭᠡ ᠬᠤᠪᠢ ᠨᠡᠮᠡᠷᠢ ᠦᠵᠡᠬᠦᠯᠦᠭ᠌ᠰᠡᠨ ᠪᠠᠢᠨ᠎ᠠ ᠭᠡᠪᠡ᠃


ᠣᠷᠴᠢᠭᠤᠯᠤᠭ᠍ᠴᠢ᠄
ᠨᠠᠢᠷᠠᠭᠤᠯᠤᠭ᠍ᠴᠢ᠄ ᠢᠦᠢ ᠬᠦᠭ᠌ᠵᠢᠯᠲᠦ
ᠲᠣᠲᠣᠷᠬᠠᠢ ᠦᠭᠡᠢ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号