ᠣᠯᠠᠨ ᠤᠯᠤᠰ᠎ᠤᠨ ᠵᠣᠭᠤᠰᠣᠨ᠎ᠤ ᠰᠠᠭᠤᠷᠢ ᠮᠥᠩᠭᠦᠨ᠎ᠤ ᠵᠣᠬᠢᠶᠠᠨ ᠪᠠᠢᠭᠤᠯᠤᠯᠲᠠ (IMF) ᠶ᠋ᠢᠨ ᠠᠽᠢᠶ᠎ᠠ ᠲᠢᠪ ᠨᠣᠮᠣᠬᠠᠨ ᠲᠡᠯᠡᠶ᠎ᠶ᠋ᠢᠨ ᠣᠷᠣᠨ᠎ᠤ ᠬᠡᠯᠳᠡᠰ᠎ᠤᠨ ᠲᠤᠰᠠᠯᠠᠬᠤ ᠡᠷᠬᠢᠯᠡᠭ᠌ᠴᠢ᠂ ᠳᠤᠮᠳᠠᠳᠤ ᠤᠯᠤᠰ᠎ᠤᠨ ᠬᠡᠷᠡᠭ ᠶᠠᠪᠤᠳᠠᠯ᠎ᠤᠨ ᠭᠤᠤᠯ ᠬᠠᠮᠢᠶᠠᠷᠤᠭ᠍ᠴᠢ ᠡᡁᠸᠢᠷᠭᠧ · ᠪᠸᠢᠭᠧᠷ ᠲᠦᠷᠦᠭᠦᠬᠡᠨ ᠱᠢᠨᠬᠤᠸᠠ ᠬᠤᠷᠢᠶᠠᠨ᠎ᠤ ᠰᠤᠷᠪᠤᠯᠵᠢᠯᠠᠭ᠍ᠴᠢ᠎ᠶ᠋ᠢᠨ ᠪᠢᠴᠢᠭ᠎ᠤᠨ ᠰᠤᠷᠪᠤᠯᠵᠢᠯᠠᠭ᠎ᠠ᠎ᠶ᠋ᠢ ᠬᠦᠯᠢᠶᠡᠬᠦ᠌᠎ᠳᠡᠭᠡᠨ᠂ ᠳᠤᠮᠳᠠᠳᠤ ᠤᠯᠤᠰ᠎ᠤᠨ ᠠᠵᠤ ᠠᠬᠤᠶ ᠶᠠᠭ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠤᠨ ᠬᠢᠵᠢᠭ᠎ᠤᠨ ᠪᠠᠢᠳᠠᠯ᠎ᠤᠨ ᠡᠮᠤᠨ᠎ᠠ ᠲᠦᠷᠭᠡᠨ ᠰᠡᠷᠭᠦᠵᠦ᠍᠂ ᠳᠤᠮᠳᠠᠳᠤ ᠤᠯᠤᠰ᠎ᠤᠨ ᠨᠡᠢᠲᠡᠯᠡᠭ᠌ᠰᠡᠨ ᠠᠯᠢ ᠤᠯᠠᠨ ᠥᠭᠡᠷᠡᠴᠢᠯᠡᠯᠲᠡ ᠨᠡᠭᠡᠭᠡᠯᠳᠡ᠎ᠶ᠋ᠢ ᠭᠦᠨᠵᠡᠭᠡᠢᠷᠡᠭᠦᠯᠬᠦ᠌ ᠠᠷᠭ᠎ᠠ ᠬᠡᠮᠵᠢᠶ᠎ᠡ᠎ᠨᠢ ᠳᠤᠮᠳᠠᠳᠤ ᠤᠯᠤᠰ᠎ᠤᠨ ᠤᠯᠤᠰ᠎ᠤᠨ ᠳᠣᠲᠣᠭᠠᠳᠤ᠎ᠶ᠋ᠢᠨ ᠠᠵᠤ ᠠᠬᠤᠶ᠎ᠶ᠋ᠢᠨ ᠨᠡᠮᠡᠭ᠌ᠳᠡᠯ᠎ᠢ ᠠᠬᠢᠭᠤᠯᠬᠤ᠎ᠳᠤ ᠠᠱᠢᠭ᠍ᠲᠠᠶ᠂ ᠤᠯᠤᠰ᠎ᠤᠨ ᠳᠣᠲᠣᠭᠠᠳᠤ᠎ᠶ᠋ᠢᠨ ᠶᠡᠭᠡ ᠣᠷᠴᠢᠯ᠎ᠢᠶᠠᠷ ᠭᠤᠤᠯ ᠴᠣᠭ᠍ᠴᠠ ᠪᠣᠯᠭᠠᠭ᠍ᠰᠠᠨ᠂ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠬᠤᠤᠰ ᠣᠷᠴᠢᠯ ᠬᠠᠷᠢᠯᠴᠠᠨ ᠠᠬᠢᠭᠤᠯᠤᠭ᠍ᠰᠠᠨ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠪᠠᠢᠭᠤᠯᠬᠤ᠎ᠳᠤ ᠠᠱᠢᠬ᠍ᠳᠠᠢ ᠶᠤᠮ ᠬᠡᠵᠦ᠍ ᠢᠯᠡᠳᠭᠡᠪᠡ᠃
IMF ᠠᠴᠠ 10 ᠰᠠᠷ᠎ᠠ᠎ᠳᠤ ᠨᠡᠢᠲᠡᠯᠡᠭ᠌ᠰᠡᠨ 《ᠳᠡᠯᠡᠬᠡᠶ᠎ᠶ᠋ᠢᠨ ᠠᠵᠤ ᠠᠬᠤᠢ᠎ᠶ᠋ᠢᠨ ᠪᠠᠷᠠᠯᠠᠯ᠎ᠤᠨ ᠮᠡᠳᠡᠭᠦᠯᠦᠯᠲᠡ》 ᠳᠤ ᠵᠢᠱ᠌ᠢᠵᠦ᠍ ᠪᠠᠢᠬᠤ᠎ᠪᠠᠷ᠂ 2020 ᠣᠨ᠎ᠳᠤ ᠪᠦᠬᠦ᠌ ᠳᠡᠯᠡᠬᠡᠢ᠎ᠶ᠋ᠢᠨ ᠠᠵᠤ ᠠᠬᠤᠶ 4.4% ᠪᠠᠭᠤᠷᠠᠵᠦ᠍᠂ ᠳᠤᠮᠳᠠᠳᠤ ᠤᠯᠤᠰ᠎ᠤᠨ ᠠᠵᠤ ᠠᠬᠤᠢ ᠬᠠᠷᠢᠨ 1.9% ᠨᠡᠮᠡᠭ᠌ᠳᠡᠵᠦ᠍᠂ ᠪᠦᠬᠦ᠌ ᠳᠡᠯᠡᠬᠡᠢ᠎ᠶ᠋ᠢᠨ ᠡᠶᠡᠷᠬᠦ᠌ ᠨᠡᠮᠡᠭ᠌ᠳᠡᠯ᠎ᠢ ᠪᠡᠶᠡᠯᠡᠭᠦᠯᠦᠭ᠌ᠰᠡᠨ ᠴᠤᠷ᠎ᠤᠨ ᠭᠠᠭ᠍ᠴᠠ ᠭᠤᠣᠯ ᠠᠵᠤ ᠠᠬᠤᠢ᠎ᠶ᠋ᠢᠨ ᠴᠣᠭ᠍ᠴᠠ ᠪᠣᠯᠤᠭ᠍ᠰᠠᠠ ᠪᠠᠢᠨ᠎ᠠ᠃
ᠪᠸᠢᠭᠧᠷ᠂ ᠬᠡᠳᠦ᠋ᠢᠪᠡᠷ ᠬᠢᠵᠢᠭ᠎ᠤᠨ ᠳᠠᠭᠠᠷᠢᠯᠲᠠ᠎ᠳᠤ ᠤᠴᠠᠷᠠᠭ᠍ᠰᠠᠨ ᠪᠣᠯᠪᠠᠴᠤ᠌᠂ ᠳᠤᠮᠳᠠᠳᠤ ᠤᠯᠤᠰ᠎ᠤᠨ ᠵᠠᠰᠠᠭ᠎ᠤᠨ ᠣᠷᠳᠣᠨ ᠮᠥᠨ ᠬᠦ᠌ ᠠᠯᠢ ᠣᠯᠠᠨ ᠠᠷᠭ᠎ᠠ ᠬᠡᠮᠵᠢᠶ᠎ᠡ᠎ᠶ᠋ᠢ ᠠᠪᠴᠤ᠌ ᠠᠵᠦ᠍ ᠠᠬᠤᠢ᠎ᠶ᠋ᠢᠨ ᠦᠬᠡᠷᠡᠴᠢᠯᠡᠯᠳᠡ᠎ᠪᠠᠨ ᠠᠬᠢᠭᠤᠯᠵᠦ᠍ ᠨᠡᠬᠡᠬᠡᠯᠳᠡ᠎ᠪᠠᠨ ᠦᠷᠬᠡᠳᠭᠡᠵᠦ᠍ ᠪᠠᠢᠨ᠎ᠠ᠂ ᠵᠢᠱ᠌ᠢᠶᠡᠯᠡᠪᠡᠯ ᠮᠥᠩᠭᠦᠨ ᠭᠦᠶᠯᠭᠡᠭᠡᠨ᠎ᠤ ᠰᠠᠯᠠᠭ᠎ᠠ ᠮᠥᠴᠢᠷ᠎ᠢ ᠤᠯᠠᠮ ᠨᠢᠭᠡ ᠠᠯᠬᠤᠮ ᠨᠡᠭᠡᠭᠡᠯᠳᠡ᠎ᠲᠠᠢ ᠪᠤᠯᠭᠠᠬᠤ᠂ ᠬᠥᠷᠥᠩᠭᠡ᠎ᠶ᠋ᠢᠨ ᠵᠠᠬ᠎ᠠ ᠳᠡᠯᠭᠡᠭᠦᠷ᠎ᠤᠨ ᠬᠥᠭ᠌ᠵᠢᠯᠲᠡ᠎ᠶ᠋ᠢ ᠲᠡᠭᠦᠯᠳᠡᠷᠵᠢᠭᠦᠯᠬᠦ᠂ ᠡᠷᠦᠬᠡ ᠠᠮᠠ᠎ᠶ᠋ᠢᠨ ᠳᠠᠩᠰᠠ᠎ᠶ᠋ᠢᠨ ᠳᠦᠷᠢᠮ᠎ᠤᠨ ᠥᠭᠡᠷᠡᠴᠢᠯᠡᠯᠲᠡ᠎ᠶ᠋ᠢ ᠠᠬᠢᠭᠤᠯᠬᠤ᠂ ᠮᠡᠳᠡᠯᠭᠡ᠎ᠶ᠋ᠢᠨ ᠦᠮᠴᠢᠯᠡᠯ᠎ᠤᠨ ᠡᠷᠬᠡ᠎ᠶ᠋ᠢᠨ ᠬᠠᠮᠠᠭᠠᠯᠠᠯᠲᠠ᠎ᠶ᠋ᠢ ᠴᠢᠩᠭᠠᠳᠭᠠᠬᠤ ᠵᠡᠷᠭᠡ ᠬᠠᠮᠢᠶ᠎ᠠ ᠪᠦᠬᠦᠢ ᠠᠷᠭ᠎ᠠ ᠬᠡᠮᠵᠢᠶᠠᠨᠦᠭᠦᠳᠨᠢ ᠳᠤᠮᠳᠠᠳᠤ ᠤᠯᠤᠰ᠎ᠤᠨ ᠠᠵᠤ ᠠᠬᠤᠢ᠎ᠶ᠋ᠢᠨ ᠤᠶᠠᠨ ᠬᠠᠳᠠᠨ ᠴᠢᠨᠠᠷ ᠪᠣᠯᠤᠨ ᠦᠢᠯᠡᠳᠪᠦᠷᠢᠯᠡᠯ᠎ᠤᠨ ᠨᠤᠷᠮ᠎ᠠ᠎ᠶ᠋ᠢ ᠳᠡᠭᠡᠭ᠌ᠰᠢᠯᠡᠭᠦᠯᠬᠦ᠌᠎ᠳᠤ ᠳᠤᠰᠠ ᠦᠵᠡᠬᠦᠯᠦᠭ᠌ᠰᠡᠨ ᠪᠠᠢᠨ᠎ᠠ ᠭᠡᠪᠡ᠃