ᠤᠯᠠᠨ ᠤᠯᠤᠰ᠎ᠤᠨ ᠬᠠᠷᠠᠭᠠᠨ᠎ᠳᠠᠬᠢ ᠦᠪᠦᠷ ᠮᠤᠩᠭᠤᠯ᠎ᠤᠨ᠎ᠪᠠᠷ ᠵᠢᠷᠤᠭ
2020-11-25 17:03:43
ᠵᠣᠬᠢᠶᠠᠭ᠍ᠴᠢ᠄
ᠬᠦᠰᠡᠯᠡᠩ
ᠣᠩᠱᠢᠭ᠍ᠰᠠᠨ ᠣᠳᠠᠭ᠎ᠠ᠄
★★★☆☆

ᠰᠡᠢᠯᠦᠮᠡᠯ᠎ᠪᠠᠷ᠎ᠤᠨ ᠤᠷᠠᠯᠢᠭ ᠪᠤᠯ ᠲᠤᠮᠳᠠᠳᠤ ᠤᠯᠤᠰ᠎ᠤᠨ ᠡᠷᠳᠡᠨ᠎ᠤ ᠨᠡᠭᠡᠭᠡᠯᠳᠡ᠎ᠶ᠋ᠢᠨ ᠨᠢᠭᠡ ᠪᠤᠯᠤᠨ᠎ᠠ᠃ ᠳ᠋ᠥᠨᠬᠤᠸᠠᠩ᠎ᠤᠨ ᠮᠥᠸᠧ ᠭᠤᠤ ᠠᠭᠤᠢ᠎ᠠᠴᠠ ᠤᠯᠳᠠᠬ᠍ᠰᠠᠨ 《ᠠᠯᠳᠠᠨᠭᠡᠷᠡᠯ》 ᠰᠤᠳᠤᠷ᠎ᠤᠨ ᠡᠬᠢᠨ᠎ᠤ ᠬᠠᠭᠤᠳᠠᠰᠤᠨ᠎ᠳᠠᠬᠢ ᠪᠤᠷᠬᠠᠨ᠎ᠤ ᠵᠢᠷᠤᠭ ᠪᠤᠯ ᠤᠳᠤᠬᠠᠨ᠎ᠳᠤ ᠢᠯᠡᠷᠡᠭᠦᠯᠦᠭ᠌ᠰᠡᠨ ᠲᠡᠯᠡᠬᠡᠢ ᠲᠡᠭᠡᠷᠡᠬᠢ ᠬᠠᠮᠤᠭ᠎ᠤᠨ ᠡᠷᠳᠡᠨ᠎ᠤ᠂ ᠮᠦᠨ ᠴᠤ᠌ ᠲᠤᠳᠤᠷᠬᠠᠢ ᠤᠨ ᠴᠠᠭ᠎ᠤᠨ ᠲᠡᠮᠳᠡᠭ᠌ᠯᠡᠯ ᠪᠦᠬᠦᠢ ᠰᠡᠢᠯᠦᠮᠡᠯ᠎ᠪᠠᠷ᠎ᠤᠨ ᠪᠤᠷᠬᠠᠨ ᠱᠠᠱᠢᠨ᠎ᠤ᠎ᠪᠠᠷ ᠵᠢᠷᠤᠭ ᠪᠠᠢᠵᠤ᠂ ᠪᠡᠷᠯᠡᠬᠤ ᠮᠡᠷᠭᠡᠵᠢᠯ ᠪᠡ ᠤᠷᠠᠯᠢᠭ᠎ᠤᠨ ᠲᠠᠯ᠎ᠠ᠎ᠪᠠᠷ ᠮᠠᠰᠢ ᠦᠨᠳᠦᠷ ᠲᠦᠪᠱᠢᠨ᠎ᠳᠤ ᠬᠦᠷᠦᠭ᠌ᠰᠡᠨ ᠪᠦᠳᠦᠭᠡᠯ ᠪᠤᠯᠬᠤ ᠶᠤᠮ᠃ ᠭᠡᠭᠦ᠎ᠳᠡᠭᠡᠨ ᠱᠢᠨ᠎ᠡ ᠲᠤᠮᠳᠠᠳᠤ ᠤᠯᠤᠰ ᠪᠠᠢᠭᠤᠯᠤᠬ᠍ᠳᠠᠬᠤ᠎ᠠᠴᠠ ᠡᠮᠦᠨ᠎ᠡ᠂ ᠮᠤᠳᠤᠨ᠎ᠪᠠᠷ᠎ᠤᠨ ᠵᠢᠷᠤᠭ ᠪᠤᠯᠤᠨ ᠰᠡᠢᠯᠦᠮᠡᠯ ᠤᠷᠠᠯᠢᠬ᠎ᠨᠢ ᠦᠪᠦᠷ ᠮᠤᠩᠭᠤᠯ ᠤᠷᠤᠨ᠎ᠳᠤ ᠨᠤᠮ᠎ᠤᠨ ᠵᠢᠬᠢᠷᠢᠭ ᠵᠢᠷᠤᠭ᠂ ᠬᠡᠷᠡᠴᠢ ᠪᠠᠷᠢᠮᠳᠠ ᠵᠡᠷᠭᠡ ᠬᠡᠯᠪᠡᠷᠢ᠎ᠪᠠᠷ ᠭᠡᠷᠡᠭ᠌ᠯᠡᠭ᠌ᠳᠡᠵᠦ᠍ ᠪᠠᠢᠪᠠ᠃

ᠥᠨᠥᠳᠦᠷ᠎ᠤᠨ ᠥᠪᠥᠷ ᠮᠣᠩᠭᠤᠯ᠎ᠤᠨ ᠦᠨᠳᠦᠰᠦᠲᠡᠨ᠎ᠤ᠎ᠪᠠᠷ ᠵᠢᠷᠤᠭ ᠪᠣᠯ ᠡᠷᠲᠡᠨ᠎ᠤ 《ᠲᠣᠷᠭᠠᠨ ᠵᠠᠮ᠎ᠤᠨ᠎ᠪᠠᠷ ᠵᠢᠷᠤᠭ》 ᠪᠣᠯᠤᠨ ᠳᠤᠮᠳᠠᠳᠤ ᠤᠯᠤᠰ᠎ᠤᠨ ᠱᠢᠨ᠎ᠡ᠎ᠪᠠᠷ ᠮᠠᠨᠳᠤᠭ᠍ᠰᠠᠨ᠎ᠪᠠᠷ ᠵᠢᠷᠤᠭ᠎ᠤᠨ ᠠᠭᠤᠰᠤᠯᠴᠠᠯ ᠬᠦᠭ᠌ᠵᠢᠯ᠎ᠤᠨ ᠲᠤᠨᠳᠠᠰᠤ ᠮᠦᠨ᠃ 1959 ᠤᠨ᠎ᠳᠤ ᠵᠢᠷᠢᠮ ᠠᠢᠮᠠᠭ᠎ᠤᠨ ᠪᠤᠤ ᠱ᠌ᠢ ᠵᠦ᠍᠂ ᠢᠮᠰᠦ᠋ᠷᠦᠩ᠂ ᠮᠡᠷᠭᠡᠨ᠂ ᠱᠠᠩ ᠬᠤᠸᠠ ᠲᠠᠩ᠂ ᠵᠤᠷᠢᠬ᠍ᠳᠤ ᠵᠡᠷᠭᠡ ᠲᠠᠪᠤᠨ ᠬᠦᠮᠦᠨ᠎ᠤ ᠤᠷᠠᠨ ᠪᠦᠳᠦᠭᠡᠯ᠎ᠨᠢ ᠦᠪᠡᠷᠳᠡᠭᠡᠨ ᠵᠠᠰᠠᠬᠤ ᠤᠷᠤᠨ᠎ᠤ ᠤᠯᠤᠰ ᠪᠠᠢᠭᠤᠯᠤᠬ᠍ᠳᠠᠬ᠍ᠰᠠᠨ ᠠᠷᠪᠠᠨ ᠵᠢᠯ᠎ᠤᠨ ᠤᠢ᠎ᠶ᠋ᠢ ᠪᠡᠯᠭᠡᠯᠡᠬᠦ᠌ ᠤᠷᠠᠨ ᠵᠢᠷᠤᠭ᠎ᠤᠨ ᠦᠵᠡᠰᠭᠦᠯᠡᠩ᠎ᠳᠤ ᠤᠷᠤᠯᠴᠠᠬ᠍ᠰᠠᠨ ᠪᠠᠢᠨ᠎ᠠ᠃ ᠡᠨᠡ᠎ᠨᠢ ᠵᠢᠷᠢᠮ᠎ᠤᠨ᠎ᠪᠠᠷ ᠵᠢᠷᠤᠬ ᠠᠩᠬ᠎ᠠ ᠤᠳᠠᠭ᠎ᠠ ᠵᠤᠬᠢᠶᠠᠨ ᠪᠠᠢᠭᠤᠯᠤᠯᠳᠠ᠎ᠲᠠᠢ᠎ᠪᠠᠷ ᠤᠷᠠᠨ ᠵᠢᠷᠤᠭ᠎ᠤᠨ ᠦᠵᠡᠰᠭᠦᠯᠡᠩ᠎ᠳᠤ ᠤᠷᠤᠯᠴᠠᠬ᠍ᠰᠠᠨ ᠤᠴᠢᠷ ᠪᠤᠯᠬᠤ ᠮᠦᠷᠳᠡᠭᠡᠨ ᠵᠢᠷᠢᠮ᠎ᠤᠨ᠎ᠪᠠᠷ ᠵᠢᠷᠤᠭ᠎ᠤᠨ ᠤᠷᠤᠰᠭᠠᠯ ᠪᠦᠯᠦᠭ᠎ᠤᠨ ᠠᠩᠬ᠎ᠠ ᠪᠦᠷᠢᠯᠳᠦᠵᠦ᠍ ᠮᠦᠨᠴᠤ᠌ ᠦᠪᠦᠷ ᠮᠤᠩᠭᠤᠯ᠎ᠤᠨ᠎ᠪᠠᠷ ᠵᠢᠷᠤᠭ᠎ᠤᠨ ᠪᠠᠭ ᠡᠬᠢᠯᠡᠨ ᠪᠦᠷᠢᠯᠳᠦᠭ᠌ᠰᠡᠨ᠎ᠤ ᠪᠡᠯᠭᠡ ᠲᠡᠮᠳᠡᠭ ᠪᠤᠯᠵᠠᠢ᠃

ᠲᠤᠮᠳᠠᠳᠤ ᠤᠯᠤᠰ᠎ᠤᠨ ᠱᠢᠨ᠎ᠡ᠎ᠪᠠᠷ ᠵᠢᠷᠤᠭ᠎ᠤᠨ ᠭᠠᠯ᠎ᠤᠨ ᠴᠤᠭ ᠡᠢᠨ ᠬᠦ᠌ ᠦᠪᠦᠷ ᠮᠤᠩᠭᠤᠯ᠎ᠤᠨ ᠲᠠᠯ᠎ᠠ ᠨᠤᠳᠤᠭ᠎ᠲᠤ ᠲᠦᠷᠡᠯᠵᠡᠵᠦ᠍᠂ ᠵᠡᠭᠦᠨ ᠬᠡᠰᠡᠭ᠎ᠲᠤ ᠵᠢᠷᠢᠮ᠎ᠤᠨ᠎ᠪᠠᠷ ᠵᠢᠷᠤᠭ᠎ᠢᠶᠠᠷ ᠲᠦᠯᠦᠭᠡᠯᠡᠭᠦᠯᠦᠭ᠌ᠰᠡᠨ ᠦᠨᠳᠦᠰᠦᠳᠡᠨ᠎ᠤ ᠤᠨᠴᠠᠯᠢᠭ᠂ ᠭᠠᠵᠠᠷ ᠤᠷᠤᠨ᠎ᠤ ᠤᠨᠴᠠᠯᠢᠭ ᠪᠦᠬᠦᠢ 《ᠦᠨᠳᠦᠰᠦᠳᠡᠨ᠎ᠤ᠎ᠪᠠᠷ ᠵᠢᠷᠤᠭ》 ᠎ᠤᠨ ᠤᠷᠤᠰᠭᠠᠯ ᠪᠦᠯᠦᠭ ᠪᠦᠷᠢᠯᠳᠦᠨ᠂ ᠴᠠᠭ ᠦᠶ᠎ᠠ᠎ᠶ᠋ᠢᠨ ᠵᠤᠷᠢᠭ ᠰᠠᠨᠠᠭ᠎ᠠ᠎ᠶ᠋ᠢ ᠮᠠᠬ᠍ᠳᠠᠨ ᠲᠠᠭᠤᠯᠠᠬᠤ᠂ ᠮᠠᠯᠴᠢᠨ ᠲᠠᠷᠢᠶᠠᠴᠢᠨ᠎ᠤ ᠠᠮᠢᠳᠤᠷᠠᠯ᠎ᠢ ᠬᠠᠷᠠᠭᠤᠯᠤᠬ᠍ᠰᠠᠨ ᠠᠬᠤᠢ᠍ᠢᠴᠢ ᠦᠵᠡᠯ᠎ᠤᠨ᠎ᠪᠠᠷ ᠵᠢᠷᠤᠭ᠎ᠤᠨ ᠤᠷᠠᠨ ᠪᠦᠳᠦᠭᠡᠯ᠎ᠨᠦᠭᠦᠳ᠎ᠢ ᠵᠤᠬᠢᠶᠠᠨ ᠪᠦᠳᠦᠭᠡᠭᠦ᠎ᠪᠠᠷ ᠤᠨᠴᠠᠯᠢᠬ᠍ᠳᠠᠵᠠᠢ᠃ ᠵᠢᠷᠢᠮ᠎ᠤᠨ᠎ᠪᠠᠷ ᠵᠢᠷᠤᠭ᠎ᠤᠨ ᠤᠷᠤᠰᠭᠠᠯ ᠪᠦᠯᠦᠭ᠎ᠨᠢ 20 ᠳ᠋ᠤᠭᠠᠷ ᠵᠠᠭᠤᠨ᠎ᠤ ᠨᠠᠶᠠ ᠶᠠᠷᠠᠭᠡᠳ ᠤᠨ᠎ᠤ ᠤᠮᠠᠷᠠᠳᠤ᠎ᠶ᠋ᠢᠨ ᠵᠡᠯᠢᠭᠦᠳ ᠤᠷᠤᠰᠭᠠᠯ᠎ᠤᠨ᠎ᠪᠠᠷ ᠵᠢᠷᠤᠭ᠂ ᠠᠨᠾᠦ᠋ᠢ ᠮᠤᠵᠢ᠎ᠶ᠋ᠢᠨ᠎ᠪᠠᠷ ᠵᠢᠷᠤᠭ᠂ ᠶᠦᠨᠨᠡᠨ᠎ᠤ᠎ᠪᠠᠷ ᠵᠢᠷᠤᠭ᠂ ᠰᠧᠴᠤᠸᠠᠨ᠎ᠤ᠎ᠪᠠᠷ ᠵᠢᠷᠤᠭ᠎ᠲᠠᠢ ᠠᠳᠠᠯᠢᠬᠠᠨ ᠲᠤᠮᠳᠠᠳᠤ ᠤᠯᠤᠰ᠎ᠤᠨ᠎ᠪᠠᠷ ᠵᠢᠷᠤᠭ᠎ᠤᠨ ᠤᠷᠠᠯᠢᠭ᠎ᠤᠨ ᠭᠡᠷᠡᠯᠳᠦ ᠰᠤᠪᠤᠳ ᠪᠤᠯᠵᠤ ᠬᠢᠯᠡᠯᠵᠠᠨ᠂ ᠥᠨᠥᠳᠦᠷ ᠪᠣᠯᠲᠠᠯ᠎ᠠ ᠨᠢᠭᠡᠨᠲᠡ 80 ᠱᠢᠬᠠᠮ ᠵᠢᠯ᠎ᠤᠨ ᠬᠥᠭ᠌ᠵᠢᠯᠲᠡ᠎ᠶ᠋ᠢᠨ ᠥᠩᠭᠡᠷᠡᠯᠲᠡ᠎ᠲᠠᠢ ᠪᠣᠯᠵᠤ᠂ ᠨᠡᠯᠢᠶᠡᠳ ᠡᠷᠲᠡ ᠪᠦᠷᠢᠯᠳᠦᠭ᠌ᠰᠡᠨ ᠭᠠᠵᠠᠷ ᠣᠷᠣᠨ᠎ᠤ᠎ᠪᠠᠷ ᠵᠢᠷᠤᠭ ᠪᠠ ᠦᠨᠳᠦᠰᠦᠲᠡᠨ᠎ᠤ᠎ᠪᠠᠷ ᠵᠢᠷᠤᠭ ᠪᠣᠯᠤᠭ᠍ᠰᠠᠨ ᠪᠠᠢᠨ᠎ᠠ᠃ 

1959 ᠣᠨ᠎ᠳᠤ᠂ ᠦᠪᠦᠷ ᠮᠤᠩᠭᠤᠯ᠎ᠤᠨ ᠨᠡᠷᠡᠳᠦ᠎ᠪᠠᠷ ᠵᠢᠷᠤᠭ᠍ᠴᠢᠨ ᠪᠦᠭᠡᠴᠢᠯᠡᠭᠤ᠎ᠶ᠋ᠢᠨ ᠪᠦᠲᠦᠭᠡᠯ 《ᠪᠣᠷᠳᠣᠭᠤᠷ᠎ᠤᠨ ᠰᠠᠭᠤᠷᠢᠨ》 ᠎ᠨᠢ 《ᠳᠣᠯᠣᠳᠤᠭᠠᠷ ᠬᠤᠭᠤᠴᠠᠭᠠᠨ᠎ᠤ ᠳᠡᠯᠡᠬᠡᠶ᠎ᠶ᠋ᠢᠨ ᠵᠠᠯᠠᠭᠤᠴᠤᠳ᠎ᠤᠨ ᠨᠠᠢᠷ᠎ᠤᠨ ᠶᠡᠭᠡ ᠬᠤᠷᠠᠯ᠎ᠤᠨ ᠤᠷᠠᠨ ᠵᠢᠷᠤᠭ᠎ᠤᠨ ᠦᠵᠡᠰᠭᠦᠯᠡᠩ》 ᠎ᠳᠤ ᠲᠡᠯᠭᠡᠭ᠌ᠳᠡᠵᠦ᠍᠂ ᠮᠦᠨ ᠵᠢᠯ᠎ᠤᠨ 12 ᠰᠠᠷ᠎ᠠ᠎ᠳᠤ ᠮᠣᠰᠺᠸᠠ᠎ᠳᠤ ᠶᠠᠪᠤᠭ᠍ᠳᠠᠭ᠍ᠰᠠᠨ 12 ᠨᠡᠢᠭᠡᠮ ᠵᠢᠷᠤᠮᠲᠤ ᠤᠯᠤᠰ᠎ᠤᠨ ᠤᠷᠠᠨ ᠵᠢᠷᠤᠭ᠎ᠤᠨ ᠦᠵᠡᠰᠭᠦᠯᠡᠩ᠎ᠳᠤ ᠣᠷᠣᠯᠴᠠᠪᠠ᠃ ᠡᠨᠡ᠎ᠨᠢ ᠥᠪᠥᠷ ᠮᠣᠩᠭᠤᠯ᠎ᠤᠨ ᠱᠢᠨ᠎ᠡ᠎ᠪᠠᠷ ᠮᠠᠨᠳᠤᠭ᠍ᠰᠠᠨ᠎ᠪᠠᠷ ᠵᠢᠷᠤᠭ ᠣᠯᠠᠨ ᠤᠯᠤᠰ᠎ᠤᠨ ᠰᠤᠶᠤᠯ᠎ᠤᠨ ᠰᠣᠯᠢᠯᠴᠠᠭ᠎ᠠ ᠪᠠ ᠳᠡᠯᠡᠬᠡᠶ᠎ᠶ᠋ᠢᠨ ᠴᠢᠨᠠᠷᠳᠠᠢ ᠦᠵᠡᠭᠦᠯᠭᠡ᠎ᠳᠤ ᠣᠷᠣᠯᠴᠠᠭ᠍ᠰᠠᠨ᠎ᠤ ᠡᠬᠢᠯᠡᠯᠲᠡ ᠪᠤᠯᠤᠬ᠍ᠰᠠᠨ ᠠᠵᠢ᠃

ᠡᠭᠦᠨ᠎ᠤ ᠬᠠᠮᠲᠤ᠌᠂ ᠥᠪᠥᠷ ᠮᠣᠩᠭᠤᠯ᠎ᠤᠨ ᠪᠠᠭ᠍ᠰᠢ᠎ᠶ᠋ᠢᠨ ᠶᠡᠭᠡ ᠰᠤᠷᠭᠠᠭᠤᠯᠢ᠎ᠶ᠋ᠢᠨ ᠤᠷᠠᠨ ᠵᠢᠷᠤᠭ᠎ᠤᠨ ᠰᠠᠯᠪᠤᠷᠢ᠎ᠶ᠋ᠢᠨ ᠬᠤ᠌ ᠱᠧᠨ ᠳ᠋ᠧ᠂ ᠴᠧᠨ ᠳ᠋ᠧ ᠱᠢᠶᠠᠩ ᠵᠡᠷᠭᠡ ᠪᠠᠭ᠍ᠰᠢ ᠨᠡᠷ᠎ᠢᠶᠠᠷ ᠲᠥᠯᠥᠭᠡᠯᠡᠭᠦᠯᠦᠭ᠌ᠰᠡᠨ᠎ᠪᠠᠷ ᠵᠢᠷᠤᠭ᠎ᠤᠨ ᠲᠤᠰᠭᠠᠢ ᠮᠡᠷᠭᠡᠵᠢᠯ᠎ᠤᠨ ᠠᠬᠠᠮᠠᠳ ᠵᠢᠳᠬᠦᠯᠲᠡᠨ 20 ᠳ᠋ᠤᠭᠠᠷ ᠵᠠᠭᠤᠨ᠎ᠤ ᠵᠢᠷᠠᠭᠠᠳ ᠣᠨ᠎ᠤ ᠡᠬᠢᠨ᠎ᠳᠤ᠎ᠪᠠᠷ ᠵᠢᠷᠤᠭ᠎ᠤᠨ ᠲᠤᠰᠭᠠᠢ ᠮᠡᠷᠭᠡᠵᠢᠯ᠎ᠢ ᠪᠠᠢᠭᠤᠯᠵᠠᠢ᠃ ᠣᠲᠣ ᠪᠣᠯᠲᠠᠯ᠎ᠠ᠂ ᠥᠪᠥᠷ ᠮᠣᠩᠭᠤᠯ᠎ᠤᠨ ᠪᠠᠭ᠍ᠰᠢ᠎ᠶ᠋ᠢᠨ ᠶᠡᠭᠡ ᠰᠤᠷᠭᠠᠭᠤᠯᠢ᠂ ᠥᠪᠥᠷ ᠮᠣᠩᠭᠤᠯ᠎ᠤᠨ ᠤᠷᠠᠯᠢᠭ᠎ᠤᠨ ᠳᠡᠭᠡᠳᠦ ᠰᠤᠷᠭᠠᠭᠤᠯᠢ᠂ ᠥᠪᠥᠷ ᠮᠣᠩᠭᠤᠯ᠎ᠤᠨ ᠦᠨᠳᠦᠰᠦᠲᠡᠨ᠎ᠤ ᠶᠡᠭᠡ ᠰᠤᠷᠭᠠᠭᠤᠯᠢ ᠵᠡᠷᠭᠡ ᠶᠡᠭᠡ ᠲᠡᠭᠡᠳᠦ ᠰᠤᠷᠭᠠᠭᠤᠯᠢ᠎ᠳᠤ᠎ᠪᠠᠷ ᠵᠢᠷᠤᠭ᠎ᠤᠨ ᠲᠤᠰᠭᠠᠶ ᠮᠡᠷᠭᠡᠵᠢᠯ᠎ᠲᠠᠢ ᠪᠤᠯᠵᠤ᠂ ᠵᠢᠯ ᠪᠦᠷᠢ 100 ᠱᠢᠬᠠᠮ᠎ᠪᠠᠷ ᠵᠢᠷᠤᠭ᠎ᠤᠨ ᠴᠢᠳᠠᠪᠤᠷᠢᠳᠠᠨ᠎ᠢ ᠬᠦᠮᠦᠵᠢᠬᠦᠯᠵᠦ᠍ ᠪᠤᠢ᠃ 

1999 ᠣᠨ᠎ᠳᠤ᠂ 《ᠪᠥᠬᠦ᠌ ᠤᠯᠤᠰ᠎ᠤᠨ ᠶᠢᠰᠦᠳᠦᠭᠡᠷ ᠬᠤᠭᠤᠴᠠᠭᠠᠨ᠎ᠤ ᠤᠷᠠᠨ ᠵᠢᠷᠤᠭ᠎ᠤᠨ ᠦᠵᠡᠰᠭᠦᠯᠡᠩ᠎ᠤᠨ᠎ᠪᠠᠷ ᠵᠢᠷᠤᠭ᠎ᠤᠨ ᠦᠵᠡᠰᠭᠦᠯᠡᠩ》 ᠬᠥᠬᠡᠬᠤᠲᠠᠨ᠎ᠠ ᠶᠠᠪᠤᠬ᠍ᠳᠠᠵᠠᠢ᠂ ᠡᠨᠡ ᠪᠣᠯ ᠠᠩᠬ᠎ᠠ ᠤᠳᠠᠭ᠎ᠠ ᠥᠪᠥᠷ ᠮᠣᠩᠭᠤᠯ ᠤᠷᠤᠨ᠎ᠳᠤ ᠡᠷᠬᠢᠯᠡᠭ᠌ᠰᠡᠨ ᠪᠥᠬᠦ᠌ ᠤᠯᠤᠰ᠎ᠤᠨ ᠤᠷᠠᠨ ᠵᠢᠷᠤᠭ᠎ᠤᠨ ᠦᠵᠡᠰᠭᠦᠯᠡᠩ ᠪᠣᠯᠤᠨ᠎ᠠ᠃ 2017 ᠣᠨ ᠲᠦᠩᠯᠢᠶᠣᠤ ᠬᠤᠲᠠ᠎ᠳᠤ 《ᠪᠦᠬᠦ᠌ ᠤᠯᠤᠰ᠎ᠤᠨ ᠬᠤᠷᠢᠨ ᠬᠤᠶᠠᠳᠤᠭᠠᠷ ᠬᠤᠭᠤᠴᠠᠭᠠᠨ᠎ᠤ᠎ᠪᠠᠷ ᠵᠢᠷᠤᠭ᠎ᠤᠨ ᠦᠵᠡᠰᠭᠦᠯᠡᠩ》 ᠎ᠢ ᠡᠷᠬᠢᠯᠡᠵᠡᠢ᠂ ᠡᠨᠡ᠎ᠨᠢ ᠮᠥᠨ ᠴᠦ᠍ ᠪᠦᠬᠦ᠌ ᠤᠯᠤᠰ᠎ᠤᠨ᠎ᠪᠠᠷ ᠵᠢᠷᠤᠭ᠎ᠤᠨ ᠦᠵᠡᠰᠭᠦᠯᠡᠩ᠎ᠤᠨ ᠭᠠᠵᠠᠷ᠎ᠤᠨ ᠲᠠᠰ᠎ᠤᠨ ᠬᠤᠲᠠ᠎ᠳᠤ ᠡᠷᠬᠢᠯᠡᠭ᠌ᠰᠡᠨ ᠠᠩᠬᠠᠨ᠎ᠤ ᠵᠢᠱ᠌ᠢᠶ᠎ᠡ ᠪᠤᠯᠤᠨ᠎ᠠ᠃ ᠡᠳᠡᠭᠡᠷ ᠦᠵᠡᠰᠭᠦᠯᠡᠩ᠎ᠤᠨ ᠠᠮᠵᠢᠯᠳᠠ᠎ᠲᠠᠢ ᠶᠠᠪᠤᠬ᠍ᠳᠠᠬ᠍ᠰᠠᠨ᠎ᠨᠢ ᠥᠪᠥᠷ ᠮᠣᠩᠭᠤᠯ᠎ᠤᠨ ᠦᠨᠳᠦᠰᠦᠲᠡᠨ᠎ᠤ᠎ᠪᠠᠷ ᠵᠢᠷᠤᠭ᠎ᠤᠨ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠤᠷᠠᠨ ᠵᠢᠷᠤᠭ᠎ᠤᠨ ᠬᠦᠷᠢᠶᠡᠨ᠎ᠳᠠᠬᠢ ᠪᠠᠢᠷᠢ ᠰᠠᠭᠤᠷᠢ ᠪᠠ ᠨᠥᠯᠥᠭᠡ᠎ᠶ᠋ᠢ ᠭᠦᠢᠴᠡᠳ ᠬᠠᠷᠠᠭᠤᠯᠵᠤ ᠪᠠᠢᠨ᠎ᠠ᠃ 

ᠥᠪᠥᠷ ᠮᠣᠩᠭᠤᠯ᠎ᠤᠨ᠎ᠪᠠᠷ ᠵᠢᠷᠤᠭ᠎ᠨᠢ ᠵᠢᠷᠢᠮ᠎ᠤᠨ᠎ᠪᠠᠷ ᠵᠢᠷᠤᠭ᠎ᠤᠨ ᠤᠷᠤᠰᠭᠠᠯ ᠪᠦᠯᠦᠭ᠂ ᠣᠳᠣ ᠦᠶ᠎ᠡ᠎ᠶ᠋ᠢᠨ ᠥᠪᠥᠷ ᠮᠣᠩᠭᠤᠯ᠎ᠤᠨ ᠳᠡᠭᠡᠳᠦ ᠰᠤᠷᠭᠠᠭᠤᠯᠢ᠎ᠶ᠋ᠢᠨ᠎ᠪᠠᠷ ᠵᠢᠷᠤᠭ᠎ᠤᠨ ᠤᠷᠤᠰᠭᠠᠯ ᠪᠦᠯᠦᠭ᠎ᠤᠨ ᠵᠣᠬᠢᠶᠠᠨ ᠪᠦᠲᠦᠭᠡᠬᠦ᠌ ᠡᠩᠨᠡᠭᠡ᠎ᠶ᠋ᠢᠨ ᠪᠤᠵᠠᠭᠠᠢᠷᠠᠬᠤ᠎ᠶ᠋ᠢ ᠲᠠᠭᠠᠯᠳᠤᠨ ᠤᠷᠠᠯᠢᠭ᠎ᠤᠨ ᠬᠢᠷᠢ ᠬᠡᠮᠵᠢᠶ᠎ᠡ ᠲᠠᠰᠤᠷᠠᠯᠲᠠ ᠦᠭᠡᠢ ᠳᠡᠭᠡᠭ᠌ᠰᠢᠯᠡᠵᠦ᠍᠂ ᠬᠡᠳᠦᠨ ᠠᠷᠪᠠᠨ ᠵᠢᠯ᠎ᠤᠨ ᠭᠦᠭ᠌ᠵᠢᠯᠳᠡ᠎ᠪᠠᠷ ᠳᠠᠮᠵᠢᠭᠠᠳ᠂ ᠥᠪᠥᠷ ᠮᠣᠩᠭᠤᠯ᠎ᠤᠨ ᠦᠨᠳᠦᠰᠦᠲᠡᠨ᠎ᠤ᠎ᠪᠠᠷ ᠵᠢᠷᠤᠭ᠎ᠤᠨ ᠥᠪᠡᠷᠮᠢᠴᠡ ᠬᠡᠪ ᠨᠠᠮᠪᠠ᠎ᠶ᠋ᠢ ᠪᠦᠷᠢᠯᠳᠦᠭᠦᠯᠵᠡᠢ᠃ ᠲᠡᠬᠦᠨ᠎ᠤ ᠦᠨᠳᠦᠰᠦᠲᠡᠨ᠎ᠤ ᠴᠢᠨᠠᠷ᠂ ᠣᠷᠣᠨ ᠨᠤᠲᠤᠭ᠎ᠤᠨ ᠴᠢᠨᠠᠷ᠂ ᠴᠠᠭ ᠦᠶᠡᠴᠢ ᠴᠢᠨᠠᠷ᠎ᠨᠢ ᠲᠡᠯᠡᠭᠡᠢ᠎ᠶ᠋ᠢᠨ ᠤᠷᠠᠨ ᠵᠢᠷᠤᠭ᠎ᠤᠨ ᠲᠠᠪᠴᠠᠩ᠎ᠳᠤ ᠥᠪᠥᠷ ᠮᠣᠩᠭᠤᠯ᠎ᠤᠨ ᠦᠨᠳᠦᠰᠦᠳᠡᠨ᠎ᠤ᠎ᠪᠠᠷ ᠵᠢᠷᠤᠭ᠎ᠤᠨ ᠲᠦᠷᠢ ᠲᠦᠷᠬᠦ᠌᠎ᠶ᠋ᠢ ᠪᠤᠰᠭᠠᠵᠤ᠂ ᠤᠢ᠍ᠢᠷ᠎ᠠ᠎ᠶ᠋ᠢᠨ ᠵᠢᠯ᠎ᠤᠳ᠎ᠲᠤ ᠪᠦᠬᠦ᠌ ᠤᠯᠤᠰ᠎ᠤᠨ ᠤᠷᠠᠨ ᠵᠢᠷᠤᠭ᠎ᠤᠨ ᠦᠵᠡᠰᠭᠦᠯᠡᠩ ᠪᠣᠯᠤᠨ ᠪᠦᠬᠦ᠌ ᠤᠯᠤᠰ᠎ᠤᠨ᠎ᠪᠠᠷ ᠵᠢᠷᠤᠭ᠎ᠤᠨ ᠦᠵᠡᠰᠭᠦᠯᠡᠩ ᠴᠢᠨᠠᠬ᠍ᠰᠢᠯᠠᠨ ᠣᠯᠠᠨ ᠤᠯᠤᠰ᠎ᠤᠨ᠎ᠪᠠᠷ ᠵᠢᠷᠤᠭ᠎ᠤᠨ ᠦᠵᠡᠰᠭᠦᠯᠡᠩ ᠳᠡᠭᠡᠷ᠎ᠡ ᠣᠳᠠᠭ᠎ᠠ ᠲᠠᠷᠠᠭᠠᠯᠠᠨ ᠱᠠᠩᠨᠠᠯ ᠭᠥᠷᠳᠡᠵᠦ᠍᠂ ᠥᠪᠥᠷ ᠮᠣᠩᠭᠤᠯ᠎ᠤᠨ ᠣᠲᠣ ᠦᠶ᠎ᠡ᠎ᠶ᠋ᠢᠨ ᠦᠨᠳᠦᠰᠦᠲᠡᠨ᠎ᠤ᠎ᠪᠠᠷ ᠵᠢᠷᠤᠭ᠎ᠤᠨ ᠢᠷᠠᠭᠤ ᠠᠯᠳᠠᠷ᠎ᠢ ᠮᠠᠨᠳᠤᠭᠤᠯᠤᠬ᠍ᠰᠠᠨ ᠪᠠᠢᠨ᠎ᠠ᠃











ᠣᠷᠴᠢᠭᠤᠯᠤᠭ᠍ᠴᠢ᠄
ᠨᠠᠢᠷᠠᠭᠤᠯᠤᠭ᠍ᠴᠢ᠄ ᠶᠥᠩ ᠬᠤᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号