ᠴᠠᠢᠪᠤᠷ ᠬᠠᠷᠠᠩ ᠡᠪᠡᠳᠴᠢᠨ᠎ᠢ ᠡᠮᠴᠢᠯᠡᠨ ᠵᠠᠰᠠᠬᠤᠢ
2020-11-29 12:37:34
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

《ᠪᠢ ᠮᠤᠩᠭᠤᠯ ᠡᠮᠴᠢ》 ᠫᠷᠦᠭ᠌ᠷᠡᠮ᠎ᠤᠨ ᠲᠤᠰ ᠳ᠋ᠤᠭᠠᠷ᠎ᠲᠤ ᠦᠪᠤᠷ ᠮᠤᠩᠭᠤᠯ᠎ᠤᠨ ᠠᠨᠠᠭᠠᠬᠤ ᠤᠬᠠᠭᠠᠨ᠎ᠤ ᠶᠡᠭᠡ ᠰᠤᠷᠭᠠᠭᠤᠯᠢ᠎ᠶ᠋ᠢᠨ ᠦᠷᠦᠨᠳᠤᠶᠠᠭ᠎ᠠ ᠫᠷᠤᠹᠧᠰᠰᠤᠷ᠎ᠠᠴᠠ ᠨᠢᠳᠤᠨ ᠡᠪᠡᠳᠴᠢᠨ᠎ᠳᠤ ᠦᠷᠬᠦᠯᠵᠠᠢ ᠲᠤᠬᠢᠶᠠᠯᠳᠤᠳᠠᠭ ᠴᠠᠢᠪᠤᠷ ᠬᠠᠷᠠᠩ ᠡᠪᠡᠳᠴᠢᠨ᠎ᠤ ᠲᠤᠬᠠᠢ ᠲᠤᠳᠤᠷᠬᠠᠢ ᠲᠠᠢᠯᠦᠮᠵᠢ ᠦᠭ᠌ᠬᠦᠯ᠎ᠠ᠃ ᠲᠠᠭᠠᠯᠠᠨ ᠰᠤᠨᠢᠷᠬᠠᠮᠤ!



ᠦᠷᠦᠨᠳᠤᠶᠠᠭ᠎ᠠ ᠡᠮᠴᠢ᠎ᠶ᠋ᠢᠨ ᠲᠤᠪᠴᠢ ᠲᠠᠨᠢᠯᠴᠠᠭᠤᠯᠭ᠎ᠠ

ᠦᠷᠦᠨᠳᠤᠶᠠᠭ᠎ᠠ᠂ ᠡᠷᠡᠭ᠌ᠳᠠᠢ᠂ ᠦᠪᠤᠷ ᠮᠤᠩᠭᠤᠯ᠎ᠤᠨ ᠠᠨᠠᠭᠠᠬᠤ ᠤᠬᠠᠭᠠᠨ᠎ᠤ ᠶᠡᠭᠡ ᠰᠤᠷᠭᠠᠭᠤᠯᠢ᠎ᠶ᠋ᠢᠨ ᠬᠤᠶᠠᠳᠤᠭᠠᠷ ᠲᠡᠰ᠎ᠤᠨ ᠫᠷᠤᠹᠧᠰᠰᠤᠷ᠂ ᠡᠷᠬᠢᠯᠡᠭ᠌ᠴᠢ ᠡᠮᠴᠢ᠂ ᠠᠰᠫᠢᠷᠠᠨᠲ᠎ᠤᠨ ᠵᠢᠯᠣᠭᠤᠳᠣᠭ᠍ᠴᠢ ᠪᠠᠭ᠍ᠰᠢ᠂ ᠦᠪᠤᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠲᠤᠪᠤᠢᠮ᠎ᠠ ᠵᠢᠳᠬᠦᠯᠳᠦ ᠲᠤᠰᠭᠠᠢ ᠮᠡᠷᠭᠡᠵᠢᠯᠳᠡᠨ᠂ ᠦᠪᠡᠷᠳᠡᠭᠡᠨ ᠵᠠᠰᠠᠬᠤ ᠤᠷᠤᠨ᠎ᠤ ᠶᠡᠭᠡ ᠲᠡᠭᠡᠳᠦ ᠰᠤᠷᠭᠠᠭᠤᠯᠢ᠎ᠶ᠋ᠢᠨ ᠨᠡᠷᠡᠳᠦ ᠪᠠᠭ᠍ᠰᠢ᠂ ᠦᠪᠡᠷᠳᠡᠭᠡᠨ ᠵᠠᠰᠠᠬᠤ ᠤᠷᠤᠨ᠎ᠤ ᠨᠡᠷᠡᠳᠦ ᠮᠤᠩᠭᠤᠯ ᠡᠮᠴᠢ᠂ ᠦᠪᠡᠷᠳᠡᠭᠡᠨ ᠵᠠᠰᠠᠬᠤ ᠤᠷᠤᠨ᠎ᠤ ᠡᠮ ᠡᠮᠨᠡᠯᠭᠡ ᠡᠷᠡᠬᠦᠯ ᠬᠠᠮᠠᠭᠠᠯᠠᠯ᠎ᠤᠨ ᠡᠷᠳᠡᠮ ᠱᠢᠨᠵᠢᠯᠡᠭᠡᠨ᠎ᠤ ᠲᠠᠭᠠᠭᠤᠯᠤᠬ᠍ᠴᠢ ᠵᠡᠷᠭᠡ ᠠᠯᠳᠡᠷ ᠬᠦᠨᠳᠦ᠎ᠲᠠᠢ᠃ ᠲᠠᠷᠠᠪᠡᠷ ᠦᠪᠤᠷ ᠮᠤᠩᠭᠤᠯ᠎ᠤᠨ ᠠᠨᠠᠭᠠᠬᠤ ᠤᠬᠠᠭᠠᠨ᠎ᠤ ᠶᠡᠭᠡ ᠰᠤᠷᠭᠠᠭᠤᠯᠢ᠎ᠶ᠋ᠢᠨ ᠬᠠᠷᠢᠶᠡᠳᠦ ᠮᠤᠩᠭᠤᠯ ᠬᠢᠳᠡᠳ ᠡᠮᠨᠡᠯᠭᠡ᠎ᠶ᠋ᠢᠨ ᠬᠤᠷᠢᠶ᠎ᠠ᠎ᠶ᠋ᠢᠨ ᠡᠬᠦᠳᠡᠨ ᠡᠮᠨᠡᠯᠭᠡ᠎ᠳᠤ ᠭᠠᠷᠠᠭ ᠪᠤᠯᠭᠠᠨ 2 ᠤᠳᠠᠭ᠎ᠠ ᠡᠮᠴᠢᠯᠡᠭᠡ ᠬᠢᠵᠦ᠍ ᠪᠤᠢ᠃


QQ图片20201128160159.jpg


ᠦᠷᠦᠨᠳᠤᠶᠠᠭ᠎ᠠ ᠡᠮᠴᠢ ᠤᠷᠢᠳ ᠬᠤᠵᠢᠳ ᠪᠦᠬᠦ᠌ ᠤᠯᠤᠰ᠎ᠤᠨ ᠶᠡᠭᠡ ᠲᠡᠭᠡᠳᠦ ᠰᠤᠷᠭᠠᠭᠤᠯᠢ᠎ᠶ᠋ᠢᠨ ᠮᠤᠩᠭᠤᠯ ᠠᠨᠠᠭᠠᠬᠤ ᠤᠬᠠᠭᠠᠨ᠎ᠤ ᠭᠤᠷᠪᠡᠨ ᠲᠦᠷᠦᠯ᠎ᠤᠨ ᠵᠢᠭᠠᠬᠤ ᠪᠢᠴᠢᠭ᠎ᠢ ᠭᠤᠤᠯᠯᠠᠨ ᠨᠠᠢᠷᠠᠭᠤᠯᠦᠬ᠍ᠰᠡᠨ ᠮᠦᠷᠳᠡᠭᠡᠨ 《ᠮᠤᠩᠭᠤᠯ ᠠᠨᠠᠭᠠᠬᠤ ᠤᠬᠠᠭᠠᠨ᠎ᠤ ᠮᠤᠩᠭᠤᠯ ᠬᠢᠳᠡᠳ ᠨᠡᠷ᠎ᠠ ᠲᠤᠮᠢᠶ᠎ᠠ᠎ᠶ᠋ᠢᠨ ᠲᠤᠯᠢ》 ᠵᠡᠷᠭᠡ ᠬᠤᠷᠢᠭᠠᠳ ᠪᠤᠳᠢ ᠠᠨᠠᠭᠠᠬᠤ ᠤᠬᠠᠭᠠᠨ᠎ᠤ ᠵᠤᠬᠢᠶᠠᠯ ᠪᠦᠳᠦᠭᠡᠯ᠎ᠢ ᠲᠤᠭᠤᠷᠪᠢᠨ᠂ ᠨᠠᠶᠠᠭᠠᠳ ᠬᠤᠪᠢ ᠡᠷᠳᠡᠮ ᠱᠢᠨᠵᠢᠯᠡᠭᠡᠨ᠎ᠤ ᠦᠬᠦᠯᠡᠯ ᠨᠡᠢᠳᠡᠯᠡᠬᠦᠯᠵᠦ᠍᠂ ᠤᠯᠤᠰ᠎ᠤᠨ ᠪᠠᠢᠭᠠᠯᠢ᠎ᠶ᠋ᠢᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠰᠡᠳᠤᠪ ᠵᠡᠷᠭᠡ ᠭᠤᠴᠢᠭᠠᠳ ᠰᠤᠳᠤᠯᠭ᠎ᠠ᠎ᠶ᠋ᠢ ᠲᠠᠭᠠᠭᠠᠴᠢᠯᠡᠨ ᠪᠡᠶᠡᠯᠡᠬᠦᠯᠵᠦ᠍᠂ ᠤᠯᠤᠰ᠎ᠤᠨ ᠰᠤᠷᠭᠠᠨ ᠬᠦᠮᠦᠵᠢᠯ᠎ᠤᠨ ᠶᠠᠮᠤᠨ᠎ᠤ ᠨᠢᠭᠡᠳᠤᠭᠡᠷ ᠲᠡᠰ᠎ᠤᠨ ᠱᠠᠩᠨᠠᠯ᠂ ᠦᠪᠡᠷᠳᠡᠭᠡᠨ ᠵᠠᠰᠠᠬᠤ ᠤᠷᠤᠨ᠎ᠤ ᠱᠢᠨᠵᠢᠯᠡᠭᠡ ᠮᠡᠷᠭᠡᠵᠢᠯ᠎ᠤᠨ ᠲᠠᠪᠱᠢᠯᠳᠠ᠎ᠶ᠋ᠢᠨ ᠱᠠᠩᠨᠠᠯ ᠵᠡᠷᠭᠡ ᠱᠠᠩᠨᠠᠯ ᠬᠦᠬᠢᠬᠦᠯᠤᠯ᠎ᠢ ᠤᠯᠠᠨᠳᠠ ᠬᠦᠷᠳᠡᠵᠦ᠍ ᠦᠡᠭ᠌ᠭᠡᠷᠡᠪᠡ᠃

ᠲᠦᠰᠦᠪᠯᠡᠭ᠌ᠴᠢ᠄ ᠳ᠋᠊ • ᠪᠤᠯᠤᠳ

ᠨᠠᠢᠷᠠᠭᠤᠯᠤᠨ ᠤᠳᠤᠷᠢᠳᠤᠭᠠᠴᠢ᠄ ᠴᠠᠩ ᠾᠧ

ᠡᠭᠡ ᠪᠢᠴᠢᠭ᠄ ᠴᠠᠩ ᠾᠧ

ᠰᠡᠬᠦᠳᠡᠷᠯᠡᠭ᠌ᠴᠢ᠄ ᠶᠢᠰᠤᠨ᠎ᠠ ᠲᠠᠷᠢᠬᠦᠨ

ᠤᠢ᠍ᠢᠯᠡᠳᠦᠭ᠌ᠴᠢ᠄ ᠶᠢᠰᠤᠨ᠎ᠠ

ᠬᠢᠨᠠᠬ᠍ᠴᠢ᠄  ᠦᠵᠠᠰᠭᠦᠯᠠᠩ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠼᠠᠢ ᠬᠤᠩ
ᠦᠪᠦᠷ ᠮᠤᠩᠭᠤᠯ᠎ᠤᠨ ᠡᠳᠦᠷ᠎ᠤᠨ ᠰᠤᠨᠢᠨ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号