ᠠᠯᠠᠱᠠ ᠵᠡᠭᠦᠨ ᠬᠤᠱᠢᠭᠤ ᠠᠮᠧᠷᠢᠺᠠ᠎ᠶ᠋ᠢ ᠡᠰᠡᠷᠬᠦᠴᠡᠵᠦ᠍ ᠰᠣᠯᠣᠩᠭᠤᠰ᠎ᠢ ᠲᠤᠰᠠᠯᠠᠬᠤ ᠳᠠᠢᠨ᠎ᠳᠤ ᠣᠷᠣᠯᠴᠠᠭ᠍ᠰᠠᠨ ᠠᠬᠠᠮᠠᠳ ᠨᠠᠮ᠎ᠤᠨ ᠭᠡᠱᠢᠭᠦᠨ᠎ᠢ ᠲᠣᠬᠤᠨᠢᠭᠤᠯᠵᠠᠢ
2020-11-30 16:14:02
ᠵᠣᠬᠢᠶᠠᠭ᠍ᠴᠢ᠄
ᠡᠷᠳᠡᠨᠢᠴᠡᠴᠡᠭ
ᠣᠩᠱᠢᠭ᠍ᠰᠠᠨ ᠣᠳᠠᠭ᠎ᠠ᠄
★★★☆☆

ᠪᠠᠶᠠᠨᠬᠤᠳᠠ᠎ᠶ᠋ᠢᠨ ᠮᠡᠳᠡᠭᠡ ᠣᠢᠷ᠎ᠠ᠎ᠳᠤ᠂ ᠠᠯᠠᠱᠠ ᠵᠡᠭᠦᠨ ᠬᠤᠱᠢᠭᠤᠨ᠎ᠤ ᠴᠠᠭ ᠠᠭᠤᠷ᠎ᠤᠨ ᠲᠣᠪᠴᠢᠶᠠᠨ᠎ᠤ ᠨᠠᠮ᠎ᠤᠨ ᠡᠭᠦᠷ ᠨᠠᠮ᠎ᠤᠨ ᠡᠳᠦᠷ᠎ᠤᠨ ᠭᠤᠤᠯ ᠰᠡᠳᠦᠪᠲᠦ ᠠᠵᠢᠯᠯᠠᠭ᠎ᠠ ᠦᠷᠨᠢᠭᠦᠯᠬᠦ᠌ ᠬᠡᠯᠪᠡᠷᠢ᠎ᠪᠠᠷ ᠠᠮᠧᠷᠢᠺᠠ᠎ᠶ᠋ᠢ ᠡᠰᠡᠷᠬᠦᠴᠡᠵᠦ᠍ ᠰᠣᠯᠣᠩᠭᠤᠰ᠎ᠢ ᠲᠤᠰᠠᠯᠠᠬᠤ ᠳᠠᠢᠨ᠎ᠳᠤ ᠣᠷᠣᠯᠴᠠᠭ᠍ᠰᠠᠨ 89 ᠨᠠᠰᠤᠲᠠᠶ ᠠᠬᠠᠮᠠᠳ ᠨᠠᠮ᠎ᠤᠨ ᠭᠡᠱᠢᠭᠦᠨ ᠯᠢ ᠳ᠋ᠦᠩ ᠹᠠ᠎ᠶ᠋ᠢ ᠪᠣᠯᠭᠤᠭᠠᠨ ᠲᠣᠬᠤᠨᠢᠭᠤᠯᠵᠤ᠂ ᠨᠠᠮ᠎ᠤᠨ ᠬᠡᠱᠢᠬᠦᠨ ᠺᠠᠳ᠋ᠷᠴᠤᠳ᠎ᠲᠠᠭᠠᠨ ᠬᠤᠪᠢᠰᠭᠠᠯᠲᠤ ᠬᠦᠮᠦᠵᠢᠯ ᠬᠦᠷᠳᠡᠭᠡᠪᠡ᠃

1947 ᠣᠨ᠎ᠳᠤ᠂ 16 ᠨᠠᠰᠤᠲᠠᠢ ᠯᠢ ᠳ᠋ᠦᠩ ᠹᠠ ᠠᠷᠠᠳ᠎ᠤᠨ ᠴᠢᠯᠥᠭᠡᠯᠡᠬᠦ᠌ ᠴᠡᠷᠢᠭ᠎ᠲᠤ ᠡᠯᠰᠡᠭ᠌ᠳᠡᠵᠤ᠂ ᠲᠠᠷᠠᠭ᠎ᠠ ᠵᠢᠯ᠎ᠨᠢ ᠳᠤᠮᠳᠠᠳᠤ ᠤᠯᠤᠰ᠎ᠤᠨ ᠡᠪ ᠬᠠᠮᠲᠤ ᠨᠠᠮ᠎ᠳᠤ ᠡᠯᠰᠡᠭ᠌ᠳᠡᠠ᠂ ᠤᠷᠢᠳ ᠬᠤᠵᠢᠳ ᠫᠢᠩ᠎ᠶ᠋ᠢᠨ᠎ᠤ ᠳᠠᠢᠯᠠᠯᠳᠤᠭᠠᠨ  ᠯᠢᠶᠣᠤ ᠱᠧᠨ᠎ᠤ ᠳᠠᠢᠯᠠᠯᠳᠤᠭᠠᠨ ᠵᠢᠴᠢ ᠠᠮᠧᠷᠢᠺᠠ᠎ᠶ᠋ᠢ ᠡᠰᠡᠷᠬᠦᠴᠡᠵᠦ᠍ ᠰᠣᠯᠣᠩᠭᠤᠰ᠎ᠢ ᠲᠤᠰᠠᠯᠠᠬᠤ ᠳᠠᠢᠨ᠎ᠳᠤ ᠣᠷᠣᠯᠴᠠᠵᠤ᠂ ᠠᠮᠧᠷᠢᠺᠠ᠎ᠶ᠋ᠢ ᠡᠰᠡᠷᠬᠦᠴᠡᠵᠦ᠍ ᠰᠣᠯᠣᠩᠭᠤᠰ᠎ᠢ ᠲᠤᠰᠠᠯᠠᠬ᠍ᠰᠠᠠ ᠭᠠᠪᠢᠶᠠᠨ ᠲᠡᠮᠳᠡᠭ ᠵᠡᠷᠭᠡ᠎ᠶ᠋ᠢ ᠬᠦᠷᠳᠡᠵᠡᠢ᠃ 1951 ᠣᠨ᠎ᠤ 3 ᠰᠠᠷ᠎ᠠ᠎ᠳᠤ᠂ ᠯᠢ ᠳ᠋ᠦᠩ ᠹᠡ ᠶᠠᠯᠤᠵᠢᠶᠠᠩ ᠮᠥᠷᠡᠨ᠎ᠢ ᠭᠠᠳᠤᠯᠵᠦ᠍ ᠠᠮᠧᠷᠢᠺᠠ᠎ᠶ᠋ᠢ ᠡᠰᠡᠷᠬᠦᠴᠡᠵᠦ᠍ ᠰᠣᠯᠣᠩᠭᠤᠰ᠎ᠢ ᠲᠤᠰᠠᠯᠠᠬᠤ ᠲᠠᠢᠨ᠎ᠳᠤ ᠤᠷᠣᠯᠴᠠᠵᠤ᠂ ᠰᠣᠯᠣᠩᠭᠤᠰ᠎ᠤᠨ ᠲᠠᠢᠨ᠎ᠤ ᠲᠠᠯᠠᠪᠤᠷ᠎ᠲᠤ ᠤᠳᠠᠭ᠎ᠠ ᠳᠠᠷᠠᠭᠠᠯᠠᠨ ᠭᠠᠪᠢᠶ᠎ᠠ ᠪᠠᠢᠭᠤᠯᠵᠡᠢ᠃ ᠨᠢᠭᠡ ᠤᠳᠠᠭ᠎ᠠ᠎ᠶ᠋ᠢᠨ ᠬᠠᠮᠠᠭᠠᠯᠠᠯᠳᠠ᠎ᠶ᠋ᠢᠨ ᠪᠠᠢᠯᠳᠤᠭᠠᠨ᠎ᠳᠤ ᠲᠡᠬᠦᠨ᠎ᠤ ᠪᠠᠢᠬ᠍ᠰᠠᠨ ᠴᠡᠷᠢᠭ ᠠᠩᠬᠢ ᠳᠠᠢᠰᠤᠨ᠎ᠤ ᠱᠢᠷᠦᠭᠦᠨ ᠲᠠᠭᠠᠷᠢᠯᠳᠠ᠎ᠶ᠋ᠢ ᠤᠯᠠᠨ ᠤᠳᠠᠭ᠎ᠠ ᠤᠬᠤᠷᠢᠭᠤᠯᠵᠤ᠂ ᠲᠤᠰᠠᠯᠠᠬᠤ ᠴᠡᠷᠢᠭ ᠠᠩᠬᠢ ᠬᠦᠷᠴᠦ᠍ ᠢᠷᠡᠳᠡᠯ᠎ᠡ ᠪᠠᠬᠢᠯᠡᠯᠳᠡ᠎ᠪᠠᠨ ᠰᠠᠬᠢᠵᠤ ᠬᠠᠮᠠᠭᠠᠯᠠᠭ᠍ᠰᠠᠨ ᠪᠠᠢᠨ᠎ᠠ᠃ ᠲᠤᠰ ᠤᠳᠠᠭ᠎ᠠ᠎ᠶ᠋ᠢᠨ ᠪᠠᠢᠯᠳᠤᠭᠠᠨ᠎ᠳᠤ ᠯᠢ ᠳ᠋ᠦᠩ ᠹᠠ ᠶᠡᠭᠡ ᠫᠤᠤ᠎ᠶ᠋ᠢᠨ ᠳᠡᠯᠪᠡᠴᠢᠯᠳᠡ᠎ᠳᠤ ᠤᠨᠤᠬ᠍ᠳᠠᠵᠦ᠍ ᠡᠮᠨᠡᠯᠭᠡ᠎ᠳᠤ ᠬᠦᠷᠭᠡᠭ᠌ᠳᠡᠪᠡ᠃ ᠪᠠᠴᠢᠮ ᠠᠪᠤᠷᠠᠯᠳᠠ᠎ᠪᠠᠷ ᠰᠡᠭᠡᠭᠡ ᠤᠷᠤᠭᠠᠳ ᠲᠡᠬᠦᠨ᠎ᠤ ᠪᠠᠢᠭ᠎ᠠ ᠨᠢᠭᠡ ᠰᠠᠯᠠᠭ᠎ᠠ ᠴᠡᠷᠢᠭ ᠠᠩᠬᠢ᠎ᠨᠢ ᠪᠦᠬᠦᠨ᠎ᠢᠶᠠᠷ᠎ᠢᠶᠠᠨ ᠪᠡᠶ᠎ᠡ ᠦᠷᠡᠭ᠌ᠳᠡᠭ᠌ᠰᠡᠨ᠎ᠢ ᠮᠡᠳᠡᠭᠡᠳ ᠲᠡᠷᠡ ᠲᠦᠢᠯ᠎ᠤᠨ ᠶᠡᠭᠡ᠎ᠪᠠᠷ ᠡᠮᠭᠡᠨᠢᠨ ᠵᠤᠪᠠᠵᠠᠢ᠃

ᠲᠤᠰ ᠲᠤᠪᠴᠢᠶ᠎ᠠ ᠡᠨᠡ ᠤᠳᠠᠭ᠎ᠠ᠎ᠶ᠋ᠢᠨ ᠨᠠᠮ᠎ᠤᠨ ᠡᠭᠦᠷ᠎ᠤᠨ ᠭᠤᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ᠎ᠪᠠᠷ ᠯᠢ ᠳ᠋ᠦᠩ ᠹᠠ ᠨᠥᠬᠦᠷ᠎ᠤᠨ ᠨᠠᠮ᠎ᠳᠠᠭᠠᠨ ᠦᠨᠡᠨᠴᠢ ᠱᠢᠳᠤᠷᠭᠤ᠂ ᠦᠷᠡᠭ᠌ᠳᠡᠯ᠎ᠠᠴᠠ ᠠᠶᠤᠬᠤ ᠥᠬᠡᠶ᠂ ᠬᠠᠷᠠᠮ ᠥᠬᠡᠶ ᠵᠣᠷᠢᠭᠤᠯᠬᠤ ᠵᠣᠷᠢᠭ ᠰᠠᠨᠠᠭ᠎ᠠ᠎ᠠᠴᠠ᠎ᠲᠠᠭᠠᠨ ᠰᠤᠷᠤᠯᠴᠠᠵᠤ᠂ ᠦᠷᠬᠡᠨ ᠤᠯᠠᠨ ᠨᠠᠮ᠎ᠤᠨ ᠬᠡᠱᠢᠬᠦᠳ᠎ᠢᠶᠠᠨ ᠤᠭ ᠰᠠᠨᠠᠭ᠎ᠠ᠎ᠪᠠᠨ ᠦᠯᠦ᠍ ᠮᠠᠷᠲᠠᠨ᠂ ᠡᠬᠦᠷᠭᠡ ᠬᠠᠷᠢᠭᠤᠴᠠᠯᠭ᠎ᠠ᠎ᠪᠠᠨ ᠪᠠᠳᠤ ᠴᠡᠭᠡᠵᠢᠯᠡᠡ᠂ ᠦᠪᠡᠷ᠎ᠤᠨ ᠲᠤᠬᠠᠢᠯᠠᠬ᠍ᠰᠠᠨ ᠠᠵᠢᠯ᠎ᠳᠠᠭᠠᠨ ᠨᠡᠩ ᠢᠯᠡᠬᠦᠦ ᠴᠢᠷᠮᠠᠢᠵᠦ᠍᠂ ᠡᠬᠡ ᠤᠯᠤᠰ᠎ᠤᠨ ᠬᠦᠭ᠌ᠵᠢᠯᠳᠡ᠎ᠳᠤ ᠬᠥᠴᠤᠨ ᠴᠢᠳᠠᠯ᠎ᠢᠶᠠᠨ ᠡᠷᠬᠦᠬᠦ᠌᠎ᠶ᠋ᠢ ᠤᠷᠢᠶᠠᠯᠠᠬ᠍ᠰᠠᠠ ᠪᠠᠢᠨ᠎ᠠ᠃

 

 

 

 


ᠣᠷᠴᠢᠭᠤᠯᠤᠭ᠍ᠴᠢ᠄
ᠨᠠᠢᠷᠠᠭᠤᠯᠤᠭ᠍ᠴᠢ᠄ ᠱᠢᠨᠡᠴᠡᠴᠡᠭ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号