《ᠵᠢᠯᠤᠭᠤᠴᠢ᠎ᠶ᠋ᠢᠨ ᠭᠡᠷ》 ᠎ᠤᠨ ᠤᠢᠯᠡᠴᠢᠯᠡᠭᠡ
2020-11-09 09:59:36
ᠵᠣᠬᠢᠶᠠᠭ᠍ᠴᠢ᠄
ᠸᠠᠩ ᠲᠠᠨ᠎ᠠ
ᠣᠩᠱᠢᠭ᠍ᠰᠠᠨ ᠣᠳᠠᠭ᠎ᠠ᠄
★★★☆☆

11 ᠰᠠᠷ᠎ᠠ᠎ᠶ᠋ᠢᠨ 4 ᠎ᠤ ᠡᠳᠦᠷ᠂ ᠲᠦᠩᠯᠢᠶᠣᠤ ᠬᠤᠲᠠ᠎ᠶ᠋ᠢᠨ ᠺᠠᠢᠯᠦ᠍ ᠱᠢᠶᠠᠨ᠎ᠤ ᠵᠢᠯᠣᠭᠤᠴᠢ ᠬᠤᠸᠠ ᠽᠧ ᠸᠧᠶ᠎ᠶ᠋ᠢᠨ ᠵᠢᠷᠬᠢᠶ᠎ᠡ᠎ᠪᠠᠷ᠎ᠢᠶᠠᠨ ᠨᠠᠢᠳᠡᠯᠡᠠ ᠲᠡᠮᠵᠢᠭᠤᠯᠤᠭ᠍ᠰᠠᠠ ᠤᠯᠤᠰ᠎ᠤᠨ ᠵᠠᠮ᠎ᠤᠨ 303 ᠱᠤᠭᠤᠮ᠎ᠤᠨ ᠯᠢᠨᠰᠢ ᠱᠢᠶᠠᠨ᠎ᠤ ᠬᠢᠯᠢ᠎ᠳᠠᠬᠢ 《ᠵᠢᠯᠤᠭᠤᠴᠢ᠎ᠶ᠋ᠢᠨ ᠬᠡᠷ》 ᠎ᠤᠨ ᠦᠢᠯᠡᠴᠢᠯᠡᠭᠡ᠎ᠶ᠋ᠢ ᠦᠵᠡᠭᠦᠯᠦᠭ᠌ᠰᠡᠨ ᠪᠢᠴᠢᠯ ᠸᠢᠳᠢᠣ᠋ ᠮᠠᠰᠢ ᠣᠯᠠᠨ ᠵᠢᠯᠣᠭᠤᠴᠢ᠎ᠳᠤ ᠲᠡᠭᠠᠱᠢᠶᠠᠭ᠍ᠳᠠᠵᠥ᠍ ᠬᠠᠷᠢᠯᠴᠠᠨ ᠳᠠᠮᠵᠢᠭᠤᠯᠵᠠᠭᠠᠨ᠎ᠠ᠃ 


QQ截图20201109095155.png


ᠪᠢᠴᠢᠯ ᠸᠢᠳᠢᠣ᠋᠎ᠳᠠᠬᠢ 《ᠵᠢᠯᠣᠭᠤᠴᠢ᠎ᠶ᠋ᠢᠨ ᠭᠡᠷ》 ᠤᠯᠠᠭᠠᠨᠬᠠᠳᠠ ᠬᠤᠲᠠ᠎ᠶ᠋ᠢᠨ ᠯᠢᠨᠰᠢ ᠱᠢᠶᠠᠨ᠎ᠤ ᠤᠯᠤᠰ᠎ᠤᠨ ᠵᠠᠮ᠎ᠤᠨ 303 ᠱᠤᠭᠤᠮ᠎ᠤᠨ ᠯᠢᠨᠰᠢ ᠪᠠᠯᠭᠠᠰᠤᠨ᠎ᠤ ᠠᠵᠤ ᠦᠢᠯᠡᠳᠪᠦᠷᠢ᠎ᠶ᠋ᠢᠨ ᠲᠣᠭᠤᠷᠢᠭ᠎ᠤᠨ ᠣᠷᠴᠢᠮ ᠪᠠᠢᠷᠢᠯᠠᠵᠤ᠂ ᠲᠤᠰ ᠬᠡᠷ᠎ᠲᠤ ᠣᠶᠤᠨᠴᠢᠯᠠᠭ᠍ᠰᠠᠨ ᠡᠵᠡᠮᠳᠡᠯ ᠪᠠᠢᠶᠬᠤ᠎ᠪᠠᠷ ᠪᠠᠷᠠᠬᠤ ᠦᠭᠡᠢ ᠪᠠᠰᠠ ᠠᠷᠠᠳ᠎ᠲᠤ ᠳᠥᠭᠦᠮ ᠦᠵᠡᠭᠦᠯᠬᠦ᠌ ᠬᠠᠯᠠᠭᠤᠨ ᠦᠶᠯᠡᠴᠢᠯᠡᠭᠡ ᠬᠠᠩᠭᠠᠵᠤ ᠪᠤᠢ᠃ ᠠᠱᠢᠭ᠎ᠢ᠎ᠨᠢ ᠬᠦᠷᠳᠡᠭ᠌ᠰᠡᠡ ᠬᠤᠸᠠ ᠽᠧ ᠸᠧᠶ ᠪᠠᠶᠠᠷᠯᠠᠭ᠍ᠰᠠᠨ ᠰᠡᠳᠭᠢᠯ᠎ᠢᠶᠠᠨ ᠳᠠᠷᠤᠵᠤ ᠶᠠᠳᠠᠨ᠂ ᠨᠠᠢᠵᠠ᠎ᠶ᠋ᠢᠨ ᠲᠣᠭᠤᠷᠢᠭ᠎ᠲᠠᠭᠠᠨ 《ᠶᠠᠭᠠᠬᠢᠭ᠍ᠰᠠᠨ ᠰᠠᠢᠬᠠᠨ ᠪᠤᠢ᠂ ᠪᠦᠬᠦᠳᠠ ᠦᠨ᠎ᠡ ᠲᠥᠯᠥᠪᠦᠷᠢ ᠦᠭᠡᠢ ᠦᠢᠯᠡᠴᠢᠯᠡᠭᠡ ᠬᠠᠩᠭᠠᠵᠤ ᠪᠠᠢᠨ᠎ᠠ》 ᠭᠡᠰᠡᠨ ᠦᠭᠡ ᠦᠯᠡᠳᠡᠭᠡᠪᠡ᠃ 303 ᠵᠠᠮ ᠱᠤᠭᠤᠮ ᠬᠤᠯᠠ ᠮᠦᠷᠳᠡᠭᠡᠨ ᠦᠢᠯᠡᠴᠢᠯᠡᠭᠡᠨ᠎ᠤ ᠦᠷᠳᠡᠭᠡ ᠴᠥᠭᠡᠨ ᠪᠠᠢᠳᠠᠭ᠎ᠨᠢ ᠬᠤᠸᠠ ᠽᠧ ᠸᠧᠶ᠎ᠲᠠᠢ ᠠᠳᠠᠯᠢᠬᠠᠨ ᠦᠷᠬᠦᠯᠵᠢ ᠡᠨᠡ ᠵᠠᠮ ᠱᠤᠭᠤᠮ᠎ᠢᠶᠠᠷ ᠠᠶᠠᠯᠠᠳᠠᠭ ᠵᠢᠯᠣᠭᠤᠴᠢ ᠨᠠᠷ᠎ᠤᠨ ᠳᠤᠯᠤᠭᠠᠢ᠎ᠶ᠋ᠢ ᠡᠪᠡᠳᠭᠡᠳᠡᠭ ᠤᠴᠢᠷ ᠪᠢᠯᠡ᠃ ᠮᠠᠯ᠎ᠤᠨ ᠠᠱᠢᠭ ᠱᠢᠮ᠎ᠠ ᠲᠡᠷᠢᠶᠠᠯᠠᠩ᠎ᠤᠨ ᠪᠦᠳᠦᠬᠡᠭ᠌ᠳᠡᠬᠦᠠ ᠲᠡᠬᠡᠬᠡᠪᠦᠷᠢᠯᠠᠬᠦ᠌ ᠠᠵᠢᠯ᠎ᠢ ᠣᠯᠠᠨ ᠵᠢᠯ ᠬᠢᠵᠦ᠍ ᠪᠠᠢᠶᠭ᠎ᠠ ᠲᠡᠷᠡ᠄ 《ᠪᠢᠳᠡ ᠵᠠᠮ ᠲᠡᠬᠡᠬᠡᠪᠤᠷᠢ᠎ᠶ᠋ᠢᠨ ᠠᠮᠤᠷ ᠲᠦᠪᠱᠢᠨ᠎ᠢᠶᠠᠨ ᠪᠠᠳᠤᠯᠠᠬᠤ᠎ᠶ᠋ᠢᠨ ᠲᠥᠯᠥᠭᠡ ᠡᠨᠡ ᠵᠠᠮ᠎ᠢᠶᠠᠷ ᠢᠷᠡᠵᠥ᠍ ᠶᠠᠪᠤᠬᠤ᠎ᠳᠠᠭᠠᠨ ᠤᠨᠴᠠᠭᠠᠢ ᠬᠢᠴᠢᠶᠡᠳᠡᠭ ᠪᠤᠯᠬᠤᠷ ᠮᠠᠰᠢ ᠶᠡᠭᠡ ᠶᠠᠳᠠᠷᠠᠭ᠎ᠠ᠎ᠲᠠᠢ᠂ ᠡᠢᠮᠦ᠍ ᠪᠠᠢᠳᠠᠯ ᠳᠤᠤᠷ᠎ᠠ ᠠᠳᠠ ᠠᠮᠠᠷᠠᠵᠤ ᠰᠠᠭᠤᠬᠤ ᠭᠠᠵᠠᠷ ᠦᠭᠡᠢ ᠪᠤᠯᠬᠤᠷ ᠳᠤᠩ ᠭᠠᠴᠢᠭ᠍ᠳᠠᠳᠠᠭ᠂ ᠣᠳᠣ ᠦᠢᠯᠡᠴᠢᠯᠡᠭᠡ ᠪᠦᠷᠢᠨ ᠭᠦᠢᠴᠡᠳ ᠮᠥᠷᠲᠡᠭᠡᠨ ᠰᠦᠢᠳᠭᠡᠯ ᠬᠤᠷᠢᠶᠠᠬᠤ ᠦᠭᠡᠢ 〈ᠵᠢᠯᠣᠭᠤᠴᠢ᠎ᠶ᠋ᠢᠨ ᠭᠡᠷ〉 ᠎ᠲᠠᠢ ᠪᠣᠯᠤᠭ᠍ᠰᠠᠨ᠎ᠳᠤ ᠪᠢ ᠴᠢᠩ ᠰᠡᠳᠭᠢᠯ᠎ᠠᠴᠠ᠎ᠪᠠᠨ ᠪᠠᠶᠠᠷᠯᠠᠨ᠂ ᠮᠡᠳᠡᠭ᠌ᠰᠡᠨ ᠳᠠᠷᠤᠢ᠎ᠳᠠᠭᠠᠨ ᠨᠠᠢᠵᠠ ᠨᠠᠷ᠎ᠲᠠᠢ᠎ᠪᠠᠨ ᠬᠤᠪᠢᠶᠠᠯᠴᠠᠯ᠎ᠡ》 ᠬᠡᠮᠡᠨ ᠪᠠᠶᠠᠷᠯᠡᠨ ᠶᠠᠷᠢᠵᠦ᠍ ᠪᠠᠢᠯ᠎ᠠ᠃ 

《ᠵᠢᠯᠣᠭᠤᠴᠢ᠎ᠶ᠋ᠢᠨ ᠬᠡᠷ》 ᠬᠤᠶᠠᠷ ᠳᠠᠪᠬᠤᠷᠭ᠎ᠠ ᠠᠰᠠᠷ᠎ᠲᠠᠢ᠂ ᠨᠠᠭᠠᠰᠢ ᠴᠠᠭᠠᠰᠢ ᠵᠣᠷᠴᠢᠬᠤ ᠵᠢᠯᠣᠭᠤᠴᠢ ᠨᠠᠷ᠎ᠲᠤ ᠵᠤᠷᠢᠭᠤᠯᠤᠭ᠍ᠰᠠᠠ ᠱᠠᠹᠠ᠂ ᠪᠢᠴᠢᠯ ᠳᠣᠯᠭᠢᠶᠠᠨᠲᠤ ᠵᠤᠤᠬ᠎ᠠ᠂ ᠤᠰᠤ ᠪᠤᠴᠠᠯᠭᠠᠬᠤ ᠲᠦᠬᠦᠬᠡᠷᠦᠮᠵᠢ᠂ ᠡᠮ ᠡᠮᠨᠡᠯᠭᠡ᠎ᠶ᠋ᠢᠨ ᠬᠠᠢᠷᠴᠠᠭ᠂ ᠴᠢᠰᠤᠨ ᠳᠠᠷᠤᠯᠲᠠ᠎ᠶ᠋ᠢᠨ ᠡᠯᠧᠺᠲᠷᠣᠨ ᠬᠡᠮᠵᠢᠭᠦᠷ᠂ ᠭᠠᠷ ᠤᠲᠠᠰᠤᠨ᠎ᠤ ᠴᠡᠨᠡᠭ᠌ᠯᠡᠭᠦᠷ᠂ ᠨᠣᠮ ᠪᠢᠴᠢᠭ ᠰᠣᠨᠢᠨ ᠰᠡᠳᠬᠦᠯ ᠵᠡᠷᠭᠡ᠎ᠶ᠋ᠢ ᠬᠠᠩᠭᠠᠵᠥ᠍ ᠪᠠᠢᠬᠤ ᠪᠥᠭᠡᠳ ᠰᠦᠢᠳᠭᠡᠯ ᠬᠤᠷᠢᠶᠠᠬᠤ ᠥᠬᠡᠶ᠎ᠪᠠᠷ ᠠᠮᠠᠷᠠᠬᠤ ᠲᠠᠰᠤᠭ᠂ ᠰᠦᠯᠵᠢᠶ᠎ᠡ᠂ ᠬᠡᠰᠡᠭ ᠣᠶᠤᠨᠴᠢ ᠠᠪᠢᠶᠠᠨ᠎ᠤ ᠦᠶᠯᠡᠴᠢᠯᠡᠭᠡᠨ᠎ᠤ ᠴᠢᠳᠠᠮᠵᠢ᠎ᠲᠠᠢ᠃ 

ᠤᠯᠠᠭᠠᠨᠬᠠᠳᠠ ᠬᠤᠲᠠ᠎ᠶ᠋ᠢᠨ ᠯᠢᠨᠰᠢ ᠱᠢᠶᠠᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠲᠣᠪᠴᠢᠶ᠎ᠠ᠎ᠶ᠋ᠢᠨ᠎ᠬᠢᠨ ᠲᠦᠷᠦᠭᠦᠯᠡᠨ ᠣᠯᠠᠨ ᠲᠦᠮᠡᠨ᠎ᠤ ᠶᠠᠪᠤᠵᠤ ᠰᠠᠭᠤᠬᠤ ᠬᠡᠷᠡᠭ᠌ᠴᠡᠭᠡ᠎ᠶ᠋ᠢ ᠬᠠᠩᠭᠠᠬᠤ᠎ᠶ᠋ᠢᠨ ᠲᠥᠯᠥᠭᠡ 《ᠯᠢᠨᠰᠢ ᠱᠢᠶᠠᠨ᠎ᠤ ᠵᠠᠰᠠᠮᠠᠯ ᠵᠠᠮ᠎ᠤᠨ ᠰᠠᠭᠠᠳ ᠥᠬᠡᠶ ᠨᠡᠪᠲᠡᠷᠡᠬᠦ᠌ ᠢᠨᠵᠧᠨᠧᠷᠢᠩ᠎ᠤᠨ ᠨᠠᠮ᠎ᠤᠨ ᠪᠠᠢᠭᠤᠯᠤᠯᠲᠠ᠎ᠶ᠋ᠢᠨ ᠬᠤᠯᠪᠣᠭᠠᠲᠤ ᠴᠣᠭ᠍ᠴᠠ》 ᠪᠠᠢᠭᠤᠯᠵᠤ᠂ ᠱᠢᠶᠠᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ᠎ᠶ᠋ᠢᠨ ᠵᠥᠪᠯᠡᠯ᠂ ᠰᠣᠶᠣᠯ ᠲᠠᠮᠢᠷ᠎ᠤᠨ ᠲᠣᠪᠴᠢᠶ᠎ᠠ ᠵᠡᠷᠭᠡ 9 ᠨᠠᠮ᠎ᠤᠨ ᠵᠣᠬᠢᠶᠠᠨ ᠪᠠᠢᠭᠤᠯᠤᠯᠲᠠ ᠬᠠᠮᠳᠤᠷᠠᠠ᠂ ᠨᠠᠮ᠎ᠤᠨ ᠪᠠᠢᠭᠤᠯᠤᠯᠲᠠ᠎ᠪᠠᠷ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠦᠶᠯᠡᠴᠢᠯᠡᠭᠡᠨ᠎ᠤ ᠬᠥᠭ᠌ᠵᠢᠯᠲᠡ᠎ᠶ᠋ᠢ ᠬᠥᠲᠥᠯᠥᠨ ᠳᠠᠭᠠᠭᠤᠯᠬᠤ ᠵᠠᠭ᠍ᠪᠤᠷ᠎ᠤᠨ ᠱᠢᠨ᠎ᠡ᠎ᠶ᠋ᠢ ᠡᠭᠦᠳᠪᠠ᠃

ᠡᠨᠡ ᠬᠦ᠌ 《ᠵᠢᠯᠣᠭᠤᠴᠢ᠎ᠶ᠋ᠢᠨ ᠭᠡᠷ》 ᠎ᠢ 《ᠯᠢᠨᠰᠢ ᠱᠢᠶᠠᠨ᠎ᠤ ᠵᠠᠰᠠᠮᠠᠯ ᠵᠠᠮ᠎ᠤᠨ ᠰᠠᠭᠠᠳ ᠦᠭᠡᠶ ᠨᠡᠪᠲᠡᠷᠡᠬᠦ᠌ ᠢᠨᠵᠧᠨᠧᠷᠢᠩ᠎ᠤᠨ ᠨᠠᠮ᠎ᠤᠨ ᠪᠠᠢᠭᠤᠯᠤᠯᠲᠠ᠎ᠶ᠋ᠢᠨ ᠬᠠᠮᠲᠤᠷᠠᠭ᠍ᠰᠠᠨ ᠴᠣᠭ᠍ᠴᠠ》 ᠪᠠᠢᠭᠤᠯᠤᠭ᠍ᠳᠠᠭ᠍ᠰᠠᠨ᠎ᠤ ᠳᠠᠷᠠᠭ᠎ᠠ ᠵᠠᠮ ᠲᠡᠭᠡᠭᠡᠪᠦᠷᠢ᠎ᠶ᠋ᠢᠨ ᠠᠵᠢᠯᠯᠠᠭ᠍ᠰᠠᠳ᠎ᠤᠨ ᠠᠵᠢᠯ ᠠᠮᠢᠳᠤᠷᠠᠯ᠎ᠤᠨ ᠣᠷᠴᠢᠨ ᠲᠣᠭᠤᠷᠢᠨ᠎ᠢ ᠤᠯᠠᠮ ᠰᠠᠢᠵᠢᠷᠠᠭᠤᠯᠬᠤ᠎ᠶ᠋ᠢᠨ ᠲᠦᠯᠦᠭᠡ᠂ ᠵᠣᠬᠢᠶᠠᠨ ᠪᠠᠢᠭᠤᠯᠤᠯᠲᠠ᠎ᠠᠴᠠ ᠬᠠᠮᠲᠤ᠎ᠪᠠᠷ ᠪᠠᠢᠭᠤᠯᠬᠤ᠂ ᠡᠬᠢ ᠪᠠᠶᠠᠯᠢᠭ᠎ᠢ ᠬᠠᠮᠲᠤ᠎ᠪᠠᠷ ᠡᠳ᠋ᠯᠡᠬᠦ᠂ ᠴᠢᠳᠠᠮᠵᠢ᠎ᠶ᠋ᠢ ᠵᠣᠯᠭᠠᠭᠤᠯᠬᠤ᠎ᠪᠠᠷ ᠳᠠᠮᠵᠢᠭᠤᠯᠤᠨ᠂ ᠠᠷᠠᠳ᠎ᠲᠤ ᠳᠥᠭᠦᠮ ᠦᠵᠡᠭᠦᠯᠬᠦ᠌ ᠥᠷᠲᠡᠭᠡ᠎ᠶ᠋ᠢ ᠬᠦᠴᠦᠯᠡᠨ ᠪᠠᠢᠭᠤᠯᠵᠤ᠂ ᠵᠠᠰᠠᠮᠠᠯ ᠵᠠᠮ᠎ᠤᠨ ᠦᠶᠯᠡᠴᠢᠯᠡᠭᠡ᠎ᠶ᠋ᠢ ᠤᠷᠲᠤᠳᠭᠠᠨ᠂ ᠵᠠᠰᠠᠮᠠᠯ ᠵᠠᠮ᠎ᠤᠨ ᠰᠠᠭᠠᠳ ᠦᠭᠡᠶ ᠨᠡᠪᠲᠡᠷᠡᠬᠦ᠌᠎ᠶ᠋ᠢ ᠪᠠᠲᠤᠯᠠᠵᠤ᠂ ᠣᠯᠠᠨ ᠲᠦᠮᠡᠨ᠎ᠤ ᠶᠠᠪᠤᠵᠤ ᠰᠠᠭᠤᠬᠤ᠎ᠳᠤ ᠳᠥᠭᠦᠮ ᠦᠵᠡᠭᠦᠯᠬᠦ᠌᠎ᠪᠠᠷ ᠪᠠᠢᠭᠤᠯᠤᠭ᠍ᠰᠠᠨ ᠭᠡᠷ ᠶᠤᠮ᠃


ᠣᠷᠴᠢᠭᠤᠯᠤᠭ᠍ᠴᠢ᠄
ᠨᠠᠢᠷᠠᠭᠤᠯᠤᠭ᠍ᠴᠢ᠄ ᠶᠥᠩ ᠬᠤᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号