ᠦᠢᠷ᠎ᠡ᠎ᠶ᠋ᠢᠨ ᠵᠢᠯ᠎ᠳᠤ᠂ ᠨᠢᠩᠴᠧᠩ ᠱᠢᠶᠠᠨ ᠶᠠᠳᠠᠭᠤ᠎ᠶ᠋ᠢ ᠲᠡᠳᠬᠦᠬᠦ᠌ ᠪᠠᠭ᠎ᠠ ᠲᠣᠭᠠᠨ᠎ᠤ ᠢᠲᠡᠭᠡᠮᠵᠢᠲᠦ ᠵᠢᠭᠡᠯᠡᠯᠭᠡ᠎ᠶ᠋ᠢᠨ ᠠᠵᠢᠯ᠎ᠢ ᠯᠠᠪᠳᠠᠭᠤᠨ ᠪᠠᠲᠤᠲᠠᠢ ᠠᠬᠢᠭᠤᠯᠤᠨ ᠤᠯᠠᠨ ᠲᠦᠮᠡᠨ᠎ᠤ ᠠᠵᠤ ᠦᠢᠯᠡᠰ ᠡᠷᠬᠢᠯᠡᠬᠦ᠂ ᠠᠵᠤ ᠠᠮᠢᠳᠤᠷᠠᠯ᠎ᠢᠶᠠᠨ ᠦᠬᠡᠳᠡ ᠲᠠᠳᠠᠬᠤ᠎ᠶ᠋ᠢ ᠲᠡᠮᠵᠢᠵᠤ᠂ ᠪᠦᠬᠦ᠌ ᠬᠤᠱᠢᠭᠤᠨ᠎ᠤ ᠶᠠᠳᠠᠭᠤ᠎ᠠᠴᠠ ᠠᠩᠬᠢᠵᠢᠷᠠᠭᠤᠯᠬᠤ ᠪᠤᠭᠤᠮᠳᠠ ᠱᠢᠪᠳᠤᠯᠬᠤ ᠠᠵᠢᠯ᠎ᠳᠤ ᠬᠦᠴᠦᠨ ᠨᠡᠮᠡᠷᠢᠯᠡᠵᠥ᠍ ᠪᠠᠢᠨ᠎ᠠ᠃
《ᠢᠳᠡᠱᠢᠨ ᠨᠤᠭᠤᠭ᠎ᠠ ᠵᠢᠮᠢᠰ ᠮᠢᠬᠠᠨ᠎ᠤ ᠦᠬᠡᠷ》 ᠤᠨ ᠳᠠᠪᠠᠭᠤᠯᠢᠭ ᠠᠵᠤ ᠦᠶᠯᠡᠰ᠎ᠲᠤ ᠲᠦᠱᠢᠭ᠌ᠯᠡᠨ᠂ ᠲᠤᠬᠠᠶ᠎ᠶ᠋ᠢᠨ ᠭᠠᠵᠠᠷ ᠣᠷᠣᠨ᠂ ᠲᠤᠬᠠᠢ᠎ᠶ᠋ᠢᠨ ᠡᠷᠦᠬᠡ᠎ᠶ᠋ᠢᠨ ᠪᠠᠢᠳᠠᠯ᠎ᠳᠤᠨᠢ ᠲᠤᠬᠢᠷᠠᠭ᠍ᠰᠠᠨ ᠠᠷᠭ᠎ᠠ ᠪᠣᠳᠣᠯᠭ᠎ᠠ ᠬᠡᠷᠡᠭ᠌ᠵᠢᠭᠦᠯᠵᠦ᠍᠂ ᠪᠠᠭ᠎ᠠ ᠲᠣᠭᠠᠨ᠎ᠤ ᠢᠲᠡᠭᠡᠮᠵᠢᠲᠦ ᠵᠢᠭᠡᠯᠡᠯᠭᠡ᠎ᠪᠠᠷ ᠶᠠᠳᠠᠭᠤ ᠬᠦᠴᠢᠷᠳᠡᠯᠲᠡᠶ ᠡᠷᠦᠬᠡ᠎ᠶ᠋ᠢᠨ ᠪᠡᠶ᠎ᠡ᠎ᠪᠠᠨ ᠳᠠᠭᠠᠭᠠᠨ ᠠᠵᠤ ᠦᠶᠯᠡᠰ ᠡᠷᠬᠢᠯᠡᠬᠦ᠌᠎ᠶ᠋ᠢ ᠵᠣᠷᠢᠭ᠍ᠵᠢᠭᠤᠯᠤᠨ ᠳᠠᠮᠵᠢᠵᠤ᠂ ᠤᠳᠤ ᠪᠤᠯᠬᠤ᠎ᠳᠤ 3056 ᠡᠷᠦᠬᠡ᠎ᠶ᠋ᠢ ᠶᠠᠳᠠᠭᠤ᠎ᠠᠴᠠ᠎ᠨᠢ ᠠᠩᠭᠢᠵᠢᠷᠠᠭᠤᠯᠪᠠ᠃ ᠤᠯᠤᠰ᠎ᠤᠨ ᠲᠡᠰ᠎ᠤᠨ ᠶᠠᠳᠠᠭᠤ᠎ᠶ᠋ᠢ ᠲᠡᠳᠬᠦᠬᠦ᠌ ᠳᠠᠭᠠᠭᠤᠯᠤᠭ᠍ᠴᠢ ᠠᠵᠤ ᠠᠬᠤᠢᠯᠠᠯ ᠪᠤᠯᠬᠤ ᠰᠠᠢ ᠹᠸᠢ ᠶᠠ ᠪᠦᠯᠦᠭ᠌ᠯᠡᠯ᠎ᠨᠢ ᠶᠠᠳᠠᠭᠤ ᠬᠦᠴᠢᠷᠳᠡᠯᠲᠡᠶ ᠡᠷᠦᠬᠡ᠎ᠲᠠᠢ ᠵᠠᠬᠢᠶᠠᠯᠠᠭ᠎ᠠ᠎ᠶ᠋ᠢᠨ ᠬᠡᠷ᠎ᠡ ᠲᠣᠭ᠍ᠲᠠᠵᠤ᠂ ᠶᠠᠳᠠᠭᠤ ᠬᠦᠴᠢᠷᠳᠡᠯᠲᠡᠶ ᠡᠷᠦᠬᠡ ᠶᠠᠳᠠᠭᠤ᠎ᠶ᠋ᠢ ᠲᠡᠳᠬᠦᠬᠦ᠌ ᠪᠠᠭ᠎ᠠ ᠲᠣᠭᠠᠨ᠎ᠤ ᠢᠳᠡᠬᠡᠮᠵᠢᠳᠤ ᠵᠢᠭᠡᠯᠡᠯᠭᠡ᠎ᠪᠠᠷ ᠴᠤᠷᠪᠠᠭ᠎ᠠ᠂ ᠲᠡᠵᠢᠬᠡᠯ ᠪᠣᠷᠳᠤᠭ᠎ᠠ ᠬᠤᠳᠠᠯᠳᠤᠨ ᠠᠪᠴᠤ᠌ ᠲᠡᠵᠢᠬᠡᠬᠦ᠌᠎ᠳᠤ᠂ ᠠᠵᠤ ᠠᠬᠤᠢᠯᠠᠯ᠎ᠠᠴᠠ ᠨᠢᠭᠡᠳᠦᠯᠲᠡᠶ ᠮᠡᠷᠭᠡᠵᠢᠯ᠎ᠤᠨ ᠵᠢᠯᠣᠭᠤᠳᠣᠯᠭ᠎ᠠ ᠬᠢᠵᠦ᠍᠂ ᠬᠢᠵᠢᠭ ᠡᠪᠡᠳᠴᠢᠨ᠎ᠢ ᠨᠢᠬᠡᠳᠦᠯᠳᠡᠢ ᠰᠡᠷᠭᠡᠢᠯᠡᠨ ᠡᠵᠡᠮᠳᠡᠵᠤ᠂ ᠦᠢᠯᠡᠳᠪᠤᠷᠢᠯᠠᠯ᠎ᠤᠨ ᠪᠠᠷᠢᠮᠵᠢᠶ᠎ᠠ᠎ᠶ᠋ᠢ ᠨᠢᠬᠡᠳᠦᠬᠦᠯᠵᠤ᠂ ᠦᠢᠯᠡᠳᠬᠦᠨ᠎ᠢ ᠨᠢᠭᠡᠳᠦᠯᠲᠡᠶ ᠬᠤᠷᠢᠶᠠᠵᠤ ᠠᠪᠤᠨ᠎ᠠ᠃ ᠣᠳᠣ ᠪᠣᠯᠲᠠᠯ᠎ᠠ᠂ ᠨᠢᠭᠡᠨᠲᠡ 353 ᠶᠠᠳᠠᠭᠤ ᠬᠦᠴᠢᠷᠳᠡᠯᠲᠡᠶ ᠡᠷᠦᠬᠡ ᠨᠤᠭᠤᠰᠤ ᠲᠡᠵᠢᠭᠡᠵᠦ᠍᠂ ᠵᠢᠯ᠎ᠳᠤ 366 ᠲᠦᠮᠡᠨ ᠨᠤᠭᠤᠰᠤ ᠬᠤᠳᠠᠯᠳᠤᠵᠤ᠂ ᠡᠷᠦᠬᠡ ᠪᠦᠷᠢ 2 ᠲᠦᠮᠡᠨ ᠲᠥᠭᠦᠷᠢᠭ᠎ᠤᠨ ᠴᠡᠪᠡᠷ ᠤᠷᠤᠯᠭ᠎ᠠ ᠤᠯᠪᠠ᠃ 《ᠢᠳᠡᠱᠢᠨ ᠨᠤᠭᠤᠭ᠎ᠠ ᠵᠢᠮᠢᠰ ᠮᠢᠬᠠᠨ᠎ᠤ ᠦᠬᠡᠷ》 ᠭᠤᠷᠪᠠᠨ ᠲᠣᠮᠣ ᠭᠤᠣᠯᠯᠠᠬᠤ ᠠᠵᠤ ᠦᠢᠯᠡᠰ᠎ᠤᠨ ᠲᠣᠭᠤᠷᠢᠨ᠎ᠳᠤ ᠨᠢᠬᠡᠳᠦᠯᠳᠡᠢ ᠪᠡᠯᠡ ᠮᠥᠩᠭᠦ᠌ ᠴᠤᠭ᠍ᠯᠠᠭᠤᠯᠵᠤ᠂ 77 ᠶᠠᠳᠠᠭᠤ᠎ᠶ᠋ᠢ ᠲᠡᠳᠬᠦᠬᠦ᠌ ᠠᠵᠤ ᠦᠢᠯᠡᠰ᠎ᠤᠨ ᠬᠦᠷᠢᠶᠡᠯᠡᠩ᠎ᠢ ᠪᠠᠢᠭᠤᠯᠵᠤ᠂ 896 ᠶᠠᠳᠠᠭᠤ ᠬᠦᠴᠢᠷᠳᠡᠯᠲᠡᠢ ᠡᠷᠦᠬᠡ ᠶᠠᠳᠠᠭᠤ᠎ᠶ᠋ᠢ ᠲᠡᠳᠬᠦᠬᠦ᠌ ᠪᠠᠭ᠎ᠠ ᠲᠣᠭᠠᠨ᠎ᠤ ᠢᠲᠡᠭᠡᠮᠵᠢᠲᠦ ᠵᠢᠭᠡᠯᠡᠯᠭᠡ᠎ᠶ᠋ᠢᠨ ᠪᠡᠯᠡ ᠮᠥᠩᠭᠦ᠎ᠳᠤ ᠲᠦᠱᠢᠭ᠌ᠯᠡᠨ᠂ ᠶᠠᠳᠠᠭᠤ᠎ᠶ᠋ᠢ ᠲᠡᠳᠬᠦᠬᠦ᠌ ᠠᠵᠤ ᠦᠢᠯᠡᠰ᠎ᠤᠨ ᠬᠦᠷᠢᠶᠡᠯᠡᠩ ᠲᠣᠭᠤᠷᠢᠭ᠎ᠲᠤ ᠲᠦᠬᠦᠬᠡᠷᠦᠮᠵᠢ ᠲᠦᠷᠢᠶᠡᠰᠦᠯᠡᠨ ᠡᠵᠡᠩᠨᠡᠵᠦ᠍᠂ ᠤᠷᠤᠯᠭ᠎ᠠ᠎ᠪᠠᠨ ᠨᠡᠮᠡᠭ᠌ᠳᠡᠬᠦᠯᠥᠨ ᠶᠠᠳᠠᠭᠤ᠎ᠠᠴᠠ ᠠᠩᠬᠢᠵᠢᠷᠠᠭ᠍ᠰᠠᠨ ᠪᠠᠢᠨ᠎ᠠ᠃
ᠡᠭᠦᠨ᠎ᠠᠴᠠ ᠭᠠᠳᠠᠨ᠎ᠠ᠂ ᠶᠠᠳᠠᠭᠤ ᠬᠦᠴᠢᠷᠳᠡᠯᠲᠡᠶ ᠡᠷᠦᠬᠡ ᠶᠠᠳᠠᠭᠤ᠎ᠶ᠋ᠢ ᠲᠡᠳᠬᠦᠬᠦ᠌ ᠪᠠᠭ᠎ᠠ ᠲᠣᠭᠠᠨ᠎ᠤ ᠵᠢᠭᠡᠯᠡᠯᠭᠡ ᠠᠪᠬᠤ᠎ᠪᠠᠷ ᠳᠠᠮᠵᠢᠭᠤᠯᠤᠨ ᠣᠨᠴᠠᠯᠢᠭ᠍ᠲᠤ ᠲᠠᠷᠢᠵᠤ ᠲᠡᠵᠢᠭᠡᠬᠦ᠌ ᠲᠤᠰᠭᠠᠶ ᠬᠤᠷᠱᠢᠶ᠎ᠠ ᠪᠠᠢᠭᠤᠯᠵᠤ᠂ ᠲᠠᠷᠢᠶᠠᠴᠢᠨ ᠡᠷᠦᠬᠡ ᠰᠠᠢᠨ ᠳᠤᠷ᠎ᠠ᠎ᠠᠴᠠ᠎ᠪᠠᠨ ᠢᠲᠡᠭᠡᠮᠵᠢᠲᠦ ᠵᠢᠭᠡᠯᠡᠯᠭᠡ᠎ᠶ᠋ᠢᠨ ᠪᠡᠯᠡ ᠮᠥᠩᠭᠦ᠌᠂ ᠭᠠᠵᠠᠷ ᠱᠢᠷᠣᠶ᠎ᠶ᠋ᠢᠨ ᠡᠬᠢ ᠪᠠᠶᠠᠯᠢᠭ ᠵᠡᠷᠭᠡ ᠦᠶᠯᠡᠳᠪᠦᠷᠢᠯᠡᠯ᠎ᠤᠨ ᠬᠦᠴᠦᠨ ᠵᠦᠶᠯ᠎ᠢ ᠡᠮᠬᠢᠯᠡᠨ ᠨᠡᠢᠤᠡᠭᠡᠵᠤ᠂ 《ᠭᠤᠷᠪᠠ᠎ᠶ᠋ᠢ ᠬᠤᠪᠢᠷᠠᠭᠤᠯᠬᠤ》 ᠠᠷᠭ᠎ᠠ ᠮᠠᠶᠢᠭ᠎ᠢᠶᠠᠷ ᠳᠠᠮᠵᠢᠭᠤᠯᠤᠨ ᠠᠵᠤ ᠦᠢᠯᠡᠰ᠎ᠤᠨ ᠲᠥᠷᠥᠯ ᠵᠦᠶᠯ᠎ᠢ ᠬᠠᠮᠲᠤᠷᠠᠨ ᠬᠥᠭ᠌ᠵᠢᠭᠦᠯᠪᠠ᠃ ᠣᠳᠣᠬᠠᠨ᠎ᠳᠤ᠂ 557 ᠶᠠᠳᠠᠭᠤ ᠬᠦᠴᠢᠷᠳᠡᠯᠲᠡᠶ ᠡᠷᠦᠬᠡ 《ᠭᠤᠷᠪᠠ᠎ᠶ᠋ᠢ ᠬᠤᠪᠢᠷᠠᠭᠤᠯᠬᠤ》 ᠵᠠᠭ᠍ᠪᠤᠷ᠎ᠢᠶᠠᠷ ᠶᠠᠳᠠᠭᠤ᠎ᠶ᠋ᠢ ᠲᠡᠳᠬᠦᠬᠦ᠌ ᠪᠠᠭ᠎ᠠ ᠲᠣᠭᠠᠨ᠎ᠤ ᠵᠢᠭᠡᠯᠡᠯᠭᠡ 2398 ᠲᠦᠮᠡᠨ ᠲᠥᠭᠦᠷᠢᠭ ᠣᠯᠵᠤ᠂ 676 ᠮᠥ᠍ ᠳᠤᠯᠠᠭᠠᠨ ᠬᠦᠯᠡᠮᠵᠢ ᠪᠠᠢᠭᠤᠯᠤᠨ 3680 ᠮᠥ᠍ ᠵᠢᠮᠢᠰ᠎ᠤᠨ ᠮᠣᠳᠣ ᠲᠠᠷᠢᠵᠤ᠂ 2860 ᠮᠥ᠍ ᠤᠨᠴᠠᠯᠢᠬ᠍ᠳᠤ ᠲᠠᠷᠢᠮᠠᠯ᠎ᠢ ᠬᠥᠭ᠌ᠵᠢᠭᠦᠯᠦᠭ᠌ᠰᠡᠨ ᠪᠠᠢᠨ᠎ᠠ᠃