ᠤᠢ᠍ᠢᠷ᠎ᠠ᠎ᠳᠤ᠂ ᠮᠠᠨ᠎ᠤ ᠤᠷᠤᠨ᠎ᠤ ᠠᠩᠬᠠᠳᠠᠭ᠍ᠴᠢ ᠪᠠᠭᠠᠴᠤᠳ ᠬᠡᠦᠬᠡᠳ᠎ᠤᠨ ᠨᠠᠢᠷᠠᠯ ᠳᠠᠭᠤᠤ᠎ᠶ᠋ᠢᠨ ᠰᠠᠭᠤᠷᠢᠨ᠎ᠤ ᠫᠠᠢᠰᠠ ᠡᠯᠬᠦᠬᠦ᠌ ᠶᠤᠰᠤᠯᠠᠯ ᠵᠢᠴᠢ ᠡᠵᠡᠨ ᠬᠤᠷᠤᠭ᠎ᠠ ᠬᠤᠱᠢᠭᠤᠨ᠎ᠤ ᠰᠤᠷᠭᠠᠨ ᠬᠦᠮᠦᠵᠢᠯ ᠪᠡᠶ᠎ᠠ᠎ᠶ᠋ᠢᠨ ᠳᠠᠮᠢᠷ᠎ᠤᠨ ᠱᠢᠰᠲ᠋ᠧᠮ᠎ᠤᠨ 《ᠳᠡᠭ᠌ᠷᠢᠯᠢᠭ ᠡᠬᠡᠱᠢᠭ》 ᠨᠠᠢᠷᠠᠯ ᠳᠠᠭᠤᠤ᠎ᠶ᠋ᠢᠨ ᠪᠦᠯᠬᠦᠮ᠎ᠤᠨ ᠨᠡᠷᠡᠳᠤ ᠪᠠᠭ᠍ᠰᠢ᠎ᠶ᠋ᠢᠨ ᠠᠵᠢᠯᠯᠠᠬᠤ ᠦᠷᠦᠬᠡ᠎ᠶ᠋ᠢᠨ ᠡᠬᠢᠯᠡᠯᠳᠡ᠎ᠶ᠋ᠢᠨ ᠶᠤᠰᠤᠯᠠᠯ ᠠᠯᠳᠠᠨᠱᠢᠷᠡᠭᠡᠳᠦᠳᠤ ᠶᠠᠪᠤᠭ᠍ᠳᠠᠪᠠ᠃
ᠡᠨᠡ ᠪᠣᠯ ᠥᠪᠡᠷᠲᠡᠭᠡᠨ ᠵᠠᠰᠠᠬᠤ ᠣᠷᠣᠨ᠎ᠤ ᠪᠠᠢᠭᠤᠯᠤᠭ᠍ᠰᠠᠨ ᠠᠩᠬᠠᠳᠠᠭ᠍ᠴᠢ ᠪᠠᠭᠠᠴᠤᠳ ᠬᠡᠤᠬᠡᠳ᠎ᠤᠨ ᠨᠠᠢᠷᠠᠯ ᠳᠠᠭᠤᠤ᠎ᠶ᠋ᠢᠨ ᠰᠠᠭᠤᠷᠢᠨ ᠪᠣᠯᠤᠨ᠎ᠠ᠃ ᠪᠠᠭᠠᠴᠤᠳ ᠬᠡᠤᠬᠡᠳ᠎ᠤᠨ ᠨᠠᠢᠷᠠᠯ ᠳᠠᠭᠤᠤ᠎ᠶ᠋ᠢᠨ ᠰᠠᠭᠤᠷᠢᠨ᠎ᠨᠢ ᠡᠵᠡᠨ ᠬᠤᠷᠤᠭ᠎ᠠ ᠬᠤᠱᠢᠭᠤᠨ᠎ᠤ ᠡᠯ᠎ᠡ ᠪᠠᠭ᠎ᠠ ᠰᠤᠷᠭᠠᠭᠤᠯᠢ᠎ᠠᠴᠠ ᠬᠢᠨᠠᠨ ᠱᠢᠯᠭᠠᠬᠤ ᠬᠡᠯᠪᠡᠷᠢ᠎ᠪᠠᠷ 60 — 80 ᠰᠣᠷᠣᠭ᠍ᠴᠢ᠎ᠶ᠋ᠢ ᠰᠣᠩᠭᠤᠨ ᠪᠠᠭᠠᠴᠤᠳ ᠬᠡᠤᠬᠡᠳ᠎ᠤᠨ ᠨᠠᠢᠷᠠᠯ ᠳᠠᠭᠤᠤ᠎ᠶ᠋ᠢᠨ ᠪᠦᠯᠬᠦᠮ ᠪᠣᠯᠭᠠᠵᠤ᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠪᠠᠭᠠᠴᠤᠳ ᠬᠡᠤᠬᠡᠳ᠎ᠤᠨ ᠨᠠᠢᠷᠠᠯ ᠳᠠᠭᠤᠤ᠎ᠶ᠋ᠢᠨ ᠪᠦᠯᠬᠦᠮ ᠪᠠᠢᠭᠤᠯᠤᠨ᠎ᠠ᠃
ᠡᠵᠡᠨ ᠬᠤᠷᠤᠭ᠎ᠠ ᠬᠤᠱᠢᠭᠤᠨ᠎ᠤ ᠰᠤᠷᠭᠠᠨ ᠬᠦᠮᠦᠵᠢᠯ ᠪᠡᠶ᠎ᠡ᠎ᠶ᠋ᠢᠨ ᠲᠠᠮᠢᠷ᠎ᠤᠨ ᠱᠢᠰᠲ᠋ᠧᠮ᠎ᠤᠨ 《ᠳᠡᠭ᠌ᠷᠢᠯᠢᠭ ᠡᠬᠡᠱᠢᠭ》 ᠨᠠᠢᠷᠠᠯ ᠳᠠᠭᠤᠤ᠎ᠶ᠋ᠢᠨ ᠪᠦᠯᠬᠦᠮ 2017 ᠣᠨ᠎ᠳᠤ ᠲᠦᠷ ᠪᠠᠢᠭᠤᠯᠤᠭ᠍ᠳᠠᠪᠠ᠃ ᠪᠦᠯᠬᠦᠮ᠎ᠤᠨ ᠪᠦᠷᠢᠯᠳᠦᠬᠦᠨ᠎ᠨᠢ ᠬᠤᠱᠢᠭᠤᠨ᠎ᠤ ᠬᠠᠷᠢᠶᠠᠲᠤ ᠳᠤᠮᠳᠠᠳᠤ ᠪᠠᠭ᠎ᠠ ᠰᠤᠷᠭᠠᠭᠤᠯᠢ᠂ ᠬᠡᠤᠬᠡᠳ᠎ᠤᠨ ᠴᠡᠴᠡᠷᠯᠢᠭ᠎ᠤᠨ 80 ᠳᠠᠭᠤᠤ ᠬᠥᠭ᠌ᠵᠢᠮ᠎ᠤᠨ ᠪᠠᠭ᠍ᠰᠢ᠎ᠪᠠᠷ ᠪᠦᠷᠢᠯᠳᠦᠵᠡᠶ᠃ ᠦᠢᠷ᠎ᠡ᠎ᠶ᠋ᠢᠨ ᠵᠢᠯ᠎ᠳᠤ ᠲᠤᠰ ᠪᠦᠯᠬᠦᠮ᠎ᠨᠢ ᠬᠤᠲᠠ᠂ ᠬᠤᠱᠢᠭᠤ ᠬᠤᠶᠠᠷ ᠱᠠᠲᠤᠨ᠎ᠤ ᠴᠢᠬᠤᠯᠠ ᠤᠷᠤᠯᠳᠤᠭᠠᠨ ᠮᠦᠷᠦ᠋ᠢᠴᠡᠭᠡᠨ᠎ᠳᠤ ᠣᠯᠠᠨ ᠤᠳᠠᠭ᠎ᠠ ᠣᠷᠣᠯᠴᠠᠵᠤ᠂ ᠴᠥᠮ ᠨᠢᠭᠡᠳᠦᠭᠡᠷ ᠳᠡᠰ᠎ᠤᠨ ᠱᠠᠩᠨᠠᠯ ᠭᠥᠷᠳᠡᠵᠦ᠍᠂ ᠵᠥᠪᠬᠡᠨ 2019 ᠣᠨ᠎ᠤ 7 ᠰᠠᠷ᠎ᠠ᠎ᠠᠴᠠ 10 ᠰᠠᠷ᠎ᠠ ᠪᠣᠯᠲᠠᠯ᠎ᠠ᠂ ᠲᠤᠰ ᠨᠠᠢᠷᠠᠯ ᠳᠠᠭᠤᠤ᠎ᠶ᠋ᠢᠨ ᠪᠦᠯᠬᠦᠮ ᠥᠪᠡᠷᠲᠡᠭᠡᠨ ᠵᠠᠰᠠᠬᠤ ᠣᠷᠣᠨ᠂ ᠣᠷᠳᠣᠰ ᠬᠤᠲᠠ᠂ ᠡᠵᠡᠨ ᠬᠤᠷᠤᠭ᠎ᠠ ᠬᠤᠱᠢᠭᠤᠨ᠎ᠳᠠᠬᠢ ᠤᠷᠤᠯᠳᠤᠭᠠᠨ᠎ᠤ ᠭᠤᠷᠪᠠᠨ ᠮᠠᠩᠯᠠᠢ᠎ᠶ᠋ᠢ ᠱᠢᠬᠦᠷᠡᠭ᠌ᠰᠡᠨ ᠪᠠᠢᠨ᠎ᠠ᠃