ᠮᠠᠯ ᠠᠵᠤ ᠠᠬᠤᠢ ᠪᠠ ᠡᠪᠡᠰᠤᠨ᠎ᠤ ᠠᠵᠤ ᠦᠢᠯᠡᠰ ᠬᠠᠷᠢᠯᠴᠠᠨ ᠠᠬᠢᠭᠤᠯᠤᠯᠴᠠᠭ᠍ᠰᠠᠨ ᠴᠢᠨᠠᠷ ᠰᠠᠢᠳᠠᠢ ᠬᠦᠭ᠌ᠵᠢᠯᠳᠡ᠎ᠶ᠋ᠢᠨ ᠵᠠᠮ᠎ᠢᠶᠠᠷ ᠵᠠᠮᠨᠠᠨ᠎ᠠ
2020-12-01 09:59:00
ᠵᠣᠬᠢᠶᠠᠭ᠍ᠴᠢ᠄
ᠪᠤᠤ ᠨᠠᠷᠠᠨᠳᠤᠶᠠᠭ᠎ᠠ
ᠣᠩᠱᠢᠭ᠍ᠰᠠᠨ ᠣᠳᠠᠭ᠎ᠠ᠄
★★★☆☆

ᠨᠠᠮ᠎ᠤᠨ ᠠᠷᠪᠠ ᠶᠢᠰᠦᠳᠦᠬᠡᠷ ᠬᠤᠭᠤᠴᠠᠭᠠᠨ᠎ᠤ ᠲᠦᠪ ᠬᠤᠷᠢᠶᠠᠨ᠎ᠤ ᠲᠠᠪᠤᠳᠤᠭᠠᠷ ᠪᠦᠬᠦᠳᠡ ᠬᠤᠷᠠᠯ᠎ᠠᠴᠠ 《ᠬᠦᠳᠡᠭᠡ ᠠᠵᠤ ᠠᠬᠤᠢ᠎ᠶ᠋ᠢᠨ ᠶᠠᠰᠤ ᠴᠢᠨᠠᠷ ᠦᠷ᠎ᠠ ᠠᠱᠢᠭ ᠪᠤᠯᠤᠨ ᠦᠷᠢᠰᠤᠯᠳᠦᠬᠦ᠌ ᠬᠦᠴᠦᠨ᠎ᠢ ᠲᠠᠬᠡᠭ᠌ᠰᠢᠯᠡᠬᠦᠯᠬᠦ᠌ ᠬᠡᠷᠡᠭ᠌ᠳᠠᠢ》 ᠬᠡᠵᠤ ᠵᠢᠭᠠᠵᠤ ᠭᠠᠷᠭᠠᠭ᠍ᠰᠠᠨ ᠪᠦᠬᠡᠳ 《ᠪᠤᠬᠢᠷᠳᠤᠯ ᠦᠬᠡᠢ᠎ᠪᠠᠷ ᠤᠳᠤᠷᠢᠳᠤᠮᠵᠢ ᠪᠤᠯᠭᠠᠬᠤ᠂ ᠪᠠᠷᠢᠮᠵᠢᠶ᠎ᠠ᠎ᠪᠠᠷ ᠬᠦᠳᠤᠯᠤᠨ ᠲᠠᠭᠠᠭᠤᠯᠬᠤ ᠪᠠ ᠶᠠᠰᠤ ᠴᠢᠨᠠᠷ ᠠᠮᠤᠷ ᠲᠦᠪᠱᠢᠨ᠎ᠤ ᠬᠢᠨᠠᠯᠳᠠ ᠬᠠᠮᠢᠶᠠᠷᠤᠯᠳᠠ᠎ᠶ᠋ᠢ ᠴᠢᠩᠭᠠᠷᠠᠭᠤᠯᠵᠤ᠂ ᠬᠦᠳᠡᠭᠡ ᠠᠵᠤ ᠠᠬᠤᠢ᠎ᠶ᠋ᠢᠨ ᠤᠳᠤᠬᠢᠴᠢᠯᠠᠭ᠍ᠰᠠᠨ ᠵᠢᠱ᠌ᠢᠶ᠎ᠠ ᠦᠵᠡᠬᠦᠯᠬᠦ᠌ ᠤᠷᠤᠨ᠎ᠢ ᠪᠦᠳᠦᠬᠡᠨ ᠪᠠᠢᠭᠤᠯᠤᠨ᠎ᠠ》 ᠬᠡᠵᠤ ᠲᠤᠷᠠᠳᠴᠠᠢ᠃

《ᠮᠠᠨ᠎ᠤ ᠤᠷᠤᠨ᠎ᠤ ᠤᠢ ᠱᠢᠭᠤᠢ᠂ ᠨᠤᠳᠤᠭ ᠪᠡᠯᠴᠢᠬᠡᠷ᠎ᠤᠨ ᠲᠠᠯᠠᠪᠠᠢ ᠪᠤᠯᠤᠨ ᠬᠦᠮᠦᠨ ᠲᠤᠮᠳᠠᠴᠢ᠎ᠳᠤ ᠨᠤᠭ᠍ᠳᠠᠬᠤ ᠲᠠᠷᠢᠶᠠᠨ ᠭᠠᠵᠠᠷ᠎ᠤᠨ ᠲᠠᠯᠠᠪᠠᠢ ᠴᠦᠮ ᠪᠦᠬᠦ᠌ ᠤᠯᠤᠰ᠎ᠲᠤ ᠤᠷᠦ᠋ᠢᠯᠠᠵᠤ᠂ ᠰᠦᠯ ᠰᠠᠢᠳᠠᠢ ᠡᠪᠡᠰᠤᠨ᠎ᠤ ᠠᠵᠤ ᠦᠢᠯᠡᠰ ᠪᠤᠯᠤᠨ ᠪᠤᠬᠢᠷᠳᠤᠯ ᠦᠬᠡᠢ ᠮᠠᠯ ᠠᠵᠤ ᠠᠬᠤᠢ᠎ᠶ᠋ᠢᠨ ᠵᠢᠱ᠌ᠢᠶ᠎ᠠ ᠦᠵᠡᠬᠦᠯᠬᠦ᠌ ᠰᠠᠭᠤᠷᠢᠨ᠎ᠢ ᠪᠦᠳᠦᠬᠡᠨ ᠪᠠᠢᠭᠤᠯᠬᠤ ᠪᠠᠳᠤ ᠰᠠᠭᠤᠷᠢ᠎ᠲᠠᠢ ᠮᠦᠷᠳᠡᠭᠡᠨ ᠦᠪᠡᠷᠮᠢᠴᠡ ᠲᠠᠪᠠᠭᠤᠯᠢᠭ᠎ᠲᠠᠢ ᠶᠤᠮ》 ᠬᠡᠵᠤ ᠦᠪᠡᠷᠳᠡᠭᠡᠨ ᠵᠠᠰᠠᠬᠤ ᠤᠷᠤᠨ᠎ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠭᠤᠨ ᠮᠠᠯᠵᠢᠬᠤ ᠤᠷᠤᠨ᠎ᠤ ᠲᠢᠩᠬᠢᠮ᠎ᠤᠨ᠎ᠬᠢᠨ ᠨᠠᠮ᠎ᠤᠨ ᠠᠷᠪᠠ ᠶᠢᠰᠦᠳᠦᠬᠡᠷ ᠬᠤᠭᠤᠴᠠᠭᠠᠨ᠎ᠤ ᠲᠦᠪ ᠬᠤᠷᠢᠶᠠᠨ᠎ᠤ ᠲᠠᠪᠤᠳᠤᠭᠠᠷ ᠪᠦᠬᠦᠳᠡ ᠬᠤᠷᠠᠯ᠎ᠤᠨ ᠵᠤᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ᠎ᠳᠠᠭᠠᠨ ᠤᠷᠮᠠᠳᠠᠢ ᠶᠠᠷᠢᠵᠠᠭᠠᠨ᠎ᠠ᠃ 《ᠠᠷᠪᠠᠨ ᠳᠥᠷᠪᠡᠳᠦᠭᠡᠷ ᠲᠠᠪᠤᠨ ᠵᠢᠯ》 ᠎ᠳᠤ ᠮᠠᠨ᠎ᠤ ᠤᠷᠤᠨ ᠤᠯᠤᠰ᠎ᠤᠨ ᠲᠡᠰ᠎ᠤᠨ ᠤᠳᠤ ᠦᠶ᠎ᠠ᠎ᠶ᠋ᠢᠨ ᠡᠪᠡᠰᠤᠨ᠎ᠤ ᠠᠵᠤ ᠦᠢᠯᠡᠰ ᠪᠠ ᠮᠠᠯ ᠠᠵᠤ ᠠᠬᠤᠢ᠎ᠶ᠋ᠢᠨ ᠵᠢᠱ᠌ᠢᠶ᠎ᠠ ᠦᠵᠡᠭᠦᠯᠬᠦ᠌ ᠤᠷᠤᠨ᠎ᠢ ᠢᠳᠡᠪᠬᠢᠳᠡᠢ ᠴᠤᠭ᠍ᠴᠠᠯᠠᠵᠤ᠂ ᠪᠦᠬᠦ᠌ ᠤᠯᠤᠰ᠎ᠲᠠᠬᠢ ᠲᠡᠷᠢᠭᠦᠨ᠎ᠤ ᠪᠠᠢᠷᠢ ᠰᠠᠭᠤᠷᠢ᠎ᠪᠠᠨ ᠦᠷᠭᠦᠯᠵᠢᠯᠡᠨ ᠪᠠᠲᠤᠯᠠᠬᠤ᠎ᠶ᠋ᠢᠨ ᠲᠦᠯᠦᠭᠡ ᠲᠦᠷᠪᠡᠨ ᠲᠠᠯ᠎ᠠ᠎ᠪᠠᠷ ᠭᠤᠤᠯᠳᠠᠯᠭ᠎ᠠ᠎ᠲᠠᠢ ᠠᠬᠢᠭᠤᠯᠬᠤ᠎ᠪᠠᠷ ᠪᠤᠢ᠃

ᠲᠡᠵᠢᠭᠡᠯ ᠡᠪᠡᠰᠤᠨ᠎ᠤ ᠠᠵᠤ ᠦᠢᠯᠡᠰ᠎ᠢ ᠪᠤᠵᠠᠭᠠᠢᠷᠠᠭᠤᠯᠤᠨ᠎ᠠ᠃ ᠭᠠᠵᠠᠷ ᠱᠢᠷᠣᠶ ᠲᠥᠪᠯᠡᠷᠡᠨ ᠵᠠᠯᠭᠠᠯᠳᠤᠭ᠍ᠰᠠᠨ ᠳᠠᠪᠠᠭᠤᠯᠢᠭ᠎ᠢ ᠪᠠᠳᠠᠷᠠᠭᠤᠯᠵᠤ᠂ 《ᠬᠠᠳᠤᠭᠤᠷ》 ᠬᠡᠯᠪᠡᠷᠢᠳᠤ ᠬᠦᠢᠲᠡᠨ ᠰᠡᠷᠢᠭᠦᠨ ᠭᠠᠩ ᠬᠠᠭᠤᠷᠠᠢ ᠭᠠᠵᠠᠷ ᠣᠷᠣᠨ ᠪᠤᠯᠤᠨ ᠮᠠᠯ ᠠᠵᠤ ᠠᠬᠤᠢ ᠲᠠᠷᠢᠶᠠᠯᠠᠩ ᠰᠤᠯᠪᠢᠴᠠᠭ᠍ᠰᠠᠨ ᠣᠷᠣᠨ᠎ᠤ ᠡᠷᠳᠡᠨᠢ ᠱᠢᠰᠢ ᠲᠠᠷᠢᠬᠤ ᠲᠠᠯᠠᠪᠠᠢ᠎ᠶ᠋ᠢ ᠦᠷᠭᠦᠯᠵᠢᠯᠡᠨ ᠪᠠᠭᠠᠰᠭᠠᠨ᠎ᠠ; 《ᠬᠤᠵᠢᠷᠯᠢᠭ ᠭᠠᠵᠠᠷ᠎ᠢ ᠥᠭᠡᠷᠡᠴᠢᠯᠡᠨ ᠡᠪᠡᠰᠦ (ᠪᠣᠷᠳᠤᠭ᠎ᠠ) ᠎ᠶ᠋ᠢ ᠨᠡᠮᠡᠭ᠌ᠳᠡᠭᠦᠯᠵᠦ᠍ ᠮᠠᠯ ᠠᠵᠤ ᠠᠬᠤᠢ᠎ᠶ᠋ᠢ ᠬᠥᠭ᠌ᠵᠢᠭᠦᠯᠬᠦ᠌》 ᠵᠢᠱ᠌ᠢᠶ᠎ᠡ ᠦᠵᠡᠭᠦᠯᠬᠦ᠌ ᠢᠨᠵᠧᠨᠧᠷᠢᠩ ᠪᠤᠯᠤᠨ ᠰᠦᠯ ᠰᠠᠢᠳᠠᠢ ᠲᠡᠵᠢᠭᠡᠯ ᠡᠪᠡᠰᠦᠨ᠎ᠤ ᠢᠨᠵᠧᠨᠧᠷᠢᠩ᠎ᠢ ᠲᠦᠷᠭᠡᠳᠭᠡᠨ ᠬᠡᠷᠡᠭ᠌ᠵᠢᠭᠦᠯᠦᠨ᠎ᠠ; ᠲᠠᠷᠢᠶᠠᠯᠠᠬᠤ ᠣᠷᠣᠨ᠎ᠤ ᠲᠡᠵᠢᠭᠡᠨ ᠦᠷᠡᠵᠢᠭᠦᠯᠬᠦ᠌ ᠦᠢᠯᠡᠰ ᠲᠥᠪᠯᠡᠷᠡᠭ᠌ᠰᠡᠨ ᠣᠷᠣᠨ ᠪᠠ ᠮᠠᠯ ᠠᠵᠤ ᠠᠬᠤᠶ ᠲᠠᠷᠢᠶᠠᠯᠠᠩ ᠰᠣᠯᠪᠢᠴᠠᠭ᠍ᠰᠠᠨ ᠪᠦᠰᠡ᠎ᠶ᠋ᠢᠨ ᠲᠡᠵᠢᠭᠡᠨ ᠦᠷᠡᠵᠢᠭᠦᠯᠬᠦ᠌ ᠳᠠᠪᠠᠭᠤᠯᠢᠭ᠍ᠳᠤ ᠣᠷᠣᠨ᠎ᠳᠤ ᠲᠤᠰᠭᠠᠢᠵᠢᠭ᠍ᠰᠠᠨ᠂ ᠴᠢᠨᠠᠷ ᠰᠠᠢᠳᠠᠢ ᠲᠡᠵᠢᠭᠡᠯ ᠪᠣᠷᠳᠤᠭ᠎ᠠ ᠦᠢᠯᠡᠳᠪᠦᠷᠢᠯᠡᠬᠦ᠌ ᠰᠠᠭᠤᠷᠢᠨ᠎ᠢ ᠢᠵᠢ ᠪᠦᠷᠢᠳᠦᠭᠦᠯᠵᠤ ᠪᠦᠲᠦᠭᠡᠨ ᠪᠠᠢᠭᠤᠯᠬᠤ ᠪᠤᠯᠤᠨ᠎ᠠ᠃

ᠦᠬᠡᠷ ᠬᠤᠨᠢᠨ᠎ᠤ ᠠᠵᠤ ᠦᠢᠯᠡᠰ᠎ᠢ ᠬᠦᠴᠦᠷᠬᠡᠭ᠌ᠵᠢᠭᠦᠯᠦᠨ᠎ᠡ᠃ ᠳᠤᠮᠳᠠ ᠪᠠ ᠵᠡᠭᠦᠨ ᠪᠡᠶ᠎ᠠ᠎ᠶ᠋ᠢᠨ ᠱᠢᠮᠧᠨ᠋ᠳᠠᠷ ᠦᠬᠡᠷ ᠲᠡᠵᠢᠭᠡᠨ ᠦᠷᠡᠵᠢᠭᠦᠯᠭᠦ᠌ ᠳᠠᠪᠠᠭᠤᠯᠢᠭ᠍ᠳᠤ ᠣᠷᠣᠨ ᠪᠤᠯᠤᠨ ᠪᠠᠷᠠᠭᠤᠨ ᠪᠡᠶ᠎ᠠ᠎ᠶ᠋ᠢᠨ ᠠᠩᠬᠢᠰ ᠵᠡᠷᠭᠡ ᠲᠤᠰᠭᠠᠢᠵᠢᠭ᠍ᠰᠠᠨ ᠮᠢᠬᠠᠨ᠎ᠤ ᠦᠬᠡᠷ ᠲᠡᠵᠢᠭᠡᠨ ᠦᠷᠡᠵᠢᠭᠦᠯᠬᠦ᠌ ᠣᠷᠣᠨ᠎ᠤ ᠪᠦᠲᠦᠭᠡᠨ ᠪᠠᠢᠭᠤᠯᠤᠯᠲᠠ᠎ᠶ᠋ᠢ ᠲᠤᠪᠤᠢᠯᠭᠠᠨ ᠠᠳᠭᠤᠨ᠎ᠠ; ᠴᠢᠨᠠᠷ ᠰᠠᠢᠲᠠᠶ ᠮᠢᠬᠠᠨ᠎ᠤ ᠦᠬᠡᠷ ᠦᠷᠡᠵᠢᠭᠦᠯᠦᠨ ᠪᠤᠢᠵᠢᠭᠤᠯᠬᠤ ᠰᠠᠭᠤᠷᠢᠨ᠎ᠢ ᠪᠠᠢᠭᠤᠯᠵᠤ᠂ ᠨᠢᠭᠡ ᠪᠦᠯᠦᠭ ᠮᠢᠬᠠᠨ᠎ᠤ ᠦᠬᠡᠷ ᠲᠡᠵᠢᠭᠡᠨ ᠦᠷᠡᠵᠢᠭᠦᠯᠬᠦ᠌ ᠲᠣᠮᠣ ᠱᠢᠶᠠᠨ᠎ᠢ ᠪᠦᠳᠦᠬᠡᠨ ᠪᠠᠢᠭᠤᠯᠤᠨ᠎ᠠ; ᠲᠠᠪᠤᠨ ᠶᠡᠭᠡ ᠰᠦ᠎ᠶ᠋ᠢᠨ ᠢᠷᠡᠯᠲᠡ᠎ᠶ᠋ᠢᠨ ᠰᠠᠭᠤᠷᠢᠨ᠎ᠢ ᠭᠤᠤᠯᠳᠡᠯᠭ᠎ᠠ᠎ᠲᠠᠢ ᠠᠳᠭᠤᠵᠤ᠂ ᠰᠦᠯ ᠰᠠᠢᠳᠠᠢ ᠲᠡᠵᠢᠭᠡᠯ ᠪᠣᠷᠳᠤᠭ᠎ᠠ᠎ᠶ᠋ᠢ ᠳᠡᠯᠭᠡᠷᠡᠭᠦᠯᠦᠨ᠎ᠡ; ᠰᠦ ᠰᠠᠢᠳᠠᠢ ᠰᠠᠭᠠᠯᠢ᠎ᠶ᠋ᠢᠨ ᠦᠨᠢᠶᠡᠨ᠎ᠤ ᠭᠤᠤᠯᠯᠠᠬᠤ ᠰᠦᠷᠦᠭ᠎ᠢ ᠬᠥᠭ᠌ᠵᠢᠭᠦᠯᠵᠦ᠍᠂ ᠰᠦ᠎ᠶ᠋ᠢᠨ ᠦᠶᠯᠡᠰ᠎ᠤᠨ ᠲᠠᠷᠢᠵᠤ ᠲᠡᠵᠢᠭᠡᠬᠦ᠌᠎ᠶ᠋ᠢ ᠨᠢᠭᠡ ᠴᠤᠭ᠍ᠴᠠᠵᠢᠭᠤᠯᠤᠨ ᠬᠥᠭ᠌ᠵᠢᠭᠦᠯᠤᠨ᠎ᠠ; ᠠᠮᠤ ᠪᠤᠳᠠᠭᠠᠨ᠎ᠤ ᠲᠠᠷᠢᠮᠠᠯ᠎ᠢ ᠪᠤᠷᠳᠤᠭᠠᠨ ᠲᠠᠷᠢᠮᠠᠯ ᠪᠣᠯᠭᠠᠨ ᠥᠭᠡᠷᠡᠴᠢᠯᠡᠬᠦ᠌᠎ᠶ᠋ᠢ ᠮᠢᠬᠠᠨ᠎ᠤ ᠬᠤᠨᠢᠨ᠎ᠤ ᠠᠵᠤ ᠦᠢᠯᠡᠰ ᠲᠡᠢᠰᠢ ᠥᠷᠭᠡᠳᠭᠡᠵᠦ᠍᠂ ᠮᠠᠯ ᠠᠵᠤ ᠠᠬᠤᠶ ᠲᠠᠷᠢᠶᠠᠯᠠᠩ ᠰᠣᠯᠪᠢᠴᠠᠭ᠍ᠰᠠᠨ ᠪᠦᠰᠡ᠎ᠳᠤ ᠨᠢᠭᠡ ᠪᠦᠯᠦᠭ ᠮᠢᠬᠠᠨ᠎ᠤ ᠬᠤᠨᠢᠨ᠎ᠤ ᠲᠣᠮᠣ ᠬᠤᠱᠢᠭᠤ ᠱᠢᠶᠠᠨ᠎ᠢ ᠪᠦᠳᠦᠬᠡᠨ ᠪᠠᠢᠭᠤᠯᠬᠤ ᠪᠤᠯᠤᠨ᠎ᠠ᠃

ᠮᠠᠯ ᠠᠵᠤ ᠠᠬᠤᠢ᠎ᠶ᠋ᠢᠨ ᠪᠣᠬᠢᠷᠲᠤᠯ ᠦᠭᠡᠢ ᠬᠥᠭ᠌ᠵᠢᠯᠲᠡ᠎ᠶ᠋ᠢ ᠠᠬᠢᠭᠤᠯᠤᠨ᠎ᠠ᠃ ᠮᠠᠯ ᠵᠢᠭᠦᠷᠲᠡᠨ᠎ᠤ ᠢᠯᠭᠠᠳᠠᠰᠤ᠎ᠶ᠋ᠢ ᠪᠦᠬᠦᠨ᠎ᠢ ᠴᠤᠭ᠍ᠯᠠᠭᠤᠯᠵᠤ ᠲᠠᠷᠢᠶᠠᠨ ᠭᠠᠵᠠᠷ᠎ᠲᠤ ᠪᠤᠴᠠᠭᠠᠨ ᠠᠱᠢᠠᠠᠯᠠᠬᠤ᠂ ᠪᠣᠬᠢᠷ ᠤᠰᠤ᠎ᠶ᠋ᠢ ᠪᠣᠷᠳᠣᠭᠤᠷ ᠪᠣᠯᠭᠠᠨ ᠠᠱᠢᠠᠠᠯᠠᠬᠤ᠎ᠪᠠᠷ ᠭᠤᠤᠯ ᠪᠣᠯᠭᠠᠭ᠍ᠰᠠᠨ ᠲᠠᠷᠢᠵᠤ ᠲᠡᠵᠢᠭᠡᠬᠦ᠌᠎ᠶ᠋ᠢ ᠤᠶᠠᠯᠳᠤᠭᠤᠯᠤᠭ᠍ᠰᠠᠨ ᠨᠢᠭᠡ ᠪᠦᠯᠦᠭ ᠵᠢᠱ᠌ᠢᠶ᠎ᠡ ᠦᠵᠡᠭᠦᠯᠬᠦ᠌ ᠱᠢᠶᠠᠨ᠎ᠢ ᠪᠦᠳᠦᠭᠡᠨ ᠪᠠᠢᠭᠤᠯᠤᠨ᠎ᠠ; ᠮᠠᠯ ᠵᠢᠭᠦᠷᠳᠡᠨ᠎ᠤ ᠢᠯᠭᠠᠳᠠᠰᠤ᠎ᠶ᠋ᠢ ᠲᠠᠷᠢᠶᠠᠨ ᠭᠠᠵᠠᠷ᠎ᠲᠤ ᠪᠤᠴᠠᠭᠠᠨ ᠠᠱᠢᠠᠠᠯᠠᠬᠤ ᠨᠡᠢᠭᠡᠮᠴᠢᠯᠡᠭ᠌ᠰᠡᠨ ᠦᠢᠯᠡᠴᠢᠯᠡᠭᠡᠨ᠎ᠤ ᠵᠤᠬᠢᠶᠠᠨ ᠪᠠᠢᠭᠤᠯᠤᠯᠳᠠ᠎ᠶ᠋ᠢ ᠬᠦᠭ᠌ᠵᠢᠭᠦᠯᠵᠦ᠍᠂ ᠲᠡᠵᠢᠭᠡᠯ ᠡᠪᠡᠰᠦᠨ᠎ᠤ ᠶᠠᠰᠤ ᠴᠢᠨᠠᠷ᠎ᠢ ᠳᠡᠭᠡᠭ᠌ᠰᠢᠯᠡᠭᠦᠯᠤᠨ᠂ ᠦᠬᠡᠷ ᠬᠤᠨᠢ ᠲᠡᠵᠢᠭᠡᠬᠦ᠌᠎ᠳᠤ ᠠᠮᠤᠷ ᠲᠦᠪᠱᠢᠨ ᠪᠣᠬᠢᠷᠲᠤᠯ ᠥᠬᠡᠶ ᠡᠪᠡᠰᠤ ᠪᠣᠷᠳᠤᠭ᠎ᠠ ᠬᠠᠩᠭᠠᠵᠤ᠂ ᠱᠢᠮ᠎ᠠ ᠰᠠᠢᠲᠠᠶ ᠦᠬᠡᠷ ᠬᠤᠨᠢᠨ ᠮᠢᠬ᠎ᠠ ᠪᠤᠯᠤᠨ ᠦᠨᠢᠶᠡᠨ ᠰᠦ᠎ᠶ᠋ᠢᠨ ᠦᠢᠯᠡᠳᠪᠦᠷᠢᠯᠡᠯ᠎ᠢ ᠠᠬᠢᠭᠤᠯᠬᠤ ᠪᠤᠯᠤᠨ᠎ᠠ᠃

ᠡᠪᠡᠰᠤ ᠪᠤᠷᠳᠤᠭᠠᠨ᠎ᠤ ᠪᠠᠳᠤᠯᠠᠭ᠎ᠠ᠎ᠶ᠋ᠢᠨ ᠴᠢᠳᠠᠪᠤᠷᠢ᠎ᠶ᠋ᠢ ᠲᠡᠭᠡᠭ᠌ᠰᠢᠯᠡᠭᠦᠯᠦᠨ᠎ᠠ᠃ ᠨᠡᠢᠭᠡᠮᠴᠢᠯᠡᠭ᠌ᠰᠡᠨ ᠦᠢᠯᠡᠴᠢᠯᠡᠭᠡᠨ᠎ᠤ ᠭᠤᠤᠯ ᠴᠤᠭ᠍ᠴᠠ ᠪᠤᠯᠤᠨ ᠲᠤᠰᠭᠠᠢ ᠠᠷᠠᠯᠵᠢᠶᠡᠨ᠎ᠤ ᠵᠠᠬ᠎ᠠ ᠲᠡᠯᠭᠡᠭᠦᠷ᠎ᠢ ᠪᠠᠢᠭᠤᠯᠤᠨ ᠲᠦᠬᠡᠮᠡᠯᠵᠢᠬᠦᠯᠵᠤ᠂ ᠡᠪᠡᠰᠤ ᠪᠤᠷᠳᠤᠭ᠎ᠠ ᠬᠤᠷᠢᠶᠠᠵᠤ ᠨᠦᠭᠡᠴᠡᠯᠡᠬᠦ᠌ ᠦᠷ᠎ᠠ ᠪᠦᠳᠦᠮᠵᠢ ᠪᠠ ᠶᠠᠰᠤ ᠴᠢᠨᠠᠷ᠎ᠢ ᠲᠡᠭᠡᠭ᠌ᠰᠢᠯᠡᠭᠦᠯᠦᠨ᠎ᠠ; ᠤᠳᠤ᠎ᠶ᠋ᠢᠨ ᠬᠡᠷᠡᠭ᠌ᠵᠢᠭᠦᠯᠵᠦ᠍ ᠪᠠᠢᠭ᠎ᠠ ᠮᠠᠯᠵᠢᠬᠤ ᠤᠷᠤᠨ᠎ᠤ ᠤᠳᠤᠬᠢᠴᠢᠯᠠᠯᠳᠠ᠎ᠶ᠋ᠢᠨ ᠲᠤᠷᠱᠢᠯᠳᠠ᠎ᠶ᠋ᠢᠨ ᠴᠡᠭ᠎ᠤᠨ ᠠᠵᠢᠯ᠎ᠲᠠᠢ ᠤᠶᠠᠯᠳᠤᠭᠤᠯᠵᠤ᠂ ᠠᠮᠤ ᠪᠤᠳᠠᠭᠠᠨ᠎ᠤ ᠲᠠᠷᠢᠮᠠᠯ᠎ᠢ ᠪᠤᠷᠳᠤᠭᠠᠨ ᠲᠠᠷᠢᠮᠠᠯ ᠪᠤᠯᠭᠠᠨ ᠦᠭᠡᠷᠡᠴᠢᠯᠡᠬᠦ᠌ ᠲᠦᠷᠦᠯ ᠵᠦᠢᠯ᠎ᠢ ᠠᠮᠠᠷᠬᠠᠨ ᠭᠠᠮᠱᠢᠭ᠍ᠳᠠᠬᠤ ᠬᠤᠱᠢᠭᠤ ᠲᠡᠢᠰᠢ ᠬᠡᠯᠪᠠᠢᠯᠭᠡᠬᠦ᠌ ᠪᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠼᠠᠢ ᠬᠤᠩ
ᠦᠪᠦᠷ ᠮᠤᠩᠭᠤᠯ᠎ᠤᠨ ᠡᠳᠦᠷ᠎ᠤᠨ ᠰᠤᠨᠢᠨ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号