— ᠪᠦᠬᠦ᠌ ᠤᠯᠤᠰ᠎ᠤᠨ ᠬᠥᠳᠡᠯᠮᠦᠷᠢ᠎ᠶ᠋ᠢᠨ ᠵᠢᠱ᠌ᠢᠶᠡᠴᠢ ᠬᠠᠨ ᠵᠢᠶᠠ ᠲᠦᠩ᠎ᠤᠨ ᠦᠢᠯᠡ ᠠᠵᠢᠯᠯᠠᠭ᠎ᠠ᠎ᠶ᠋ᠢ ᠲᠡᠮᠲᠡᠭ᠌ᠯᠡᠪᠡ
ᠡᠨᠡ ᠵᠢᠯ᠎ᠤᠨ 10 ᠰᠠᠷ᠎ᠠ᠎ᠶ᠋ᠢᠨ 1 ᠤ ᠡᠳᠦᠷ᠎ᠠᠴᠠ ᠡᠬᠢᠯᠡᠨ ᠬᠥᠬᠡᠬᠤᠲᠠ᠎ᠶ᠋ᠢᠨ ᠭᠠᠵᠠᠷ ᠳᠤᠤᠷᠠᠬᠢ ᠲᠡᠮᠦᠷ ᠵᠠᠮ᠎ᠤᠨ 2 ᠳ᠋ᠤᠭᠠᠷ ᠱᠤᠭᠤᠮ ᠵᠢᠩᠬᠢᠨᠢ᠎ᠪᠠᠷ ᠲᠡᠷᠭᠡ ᠨᠡᠪᠲᠡᠷᠡᠬᠦ᠌᠎ᠶ᠋ᠢ ᠳᠠᠭᠠᠯᠳᠤᠨ᠂ ᠤᠷᠤᠨ᠎ᠤ ᠲᠥᠪ ᠬᠤᠲᠠ ᠬᠤᠶᠠᠷ ᠵᠤᠷᠪᠤᠰ ᠭᠠᠵᠠᠷ ᠳᠤᠤᠷᠠᠬᠢ ᠲᠡᠮᠦᠷ ᠵᠠᠮ᠎ᠲᠠᠢ ᠪᠤᠯᠵᠤ᠂ ᠬᠥᠮᠥᠰ᠎ᠤᠨ ᠶᠠᠪᠤᠵᠤ ᠰᠠᠭᠤᠬᠤ᠎ᠳᠤ ᠮᠠᠰᠢ ᠲᠦᠬᠦᠮ ᠨᠦᠬᠦᠴᠡᠯ ᠬᠠᠨᠭ᠌ᠭᠠᠭ᠍ᠰᠠᠨ ᠠᠵᠢ᠃ ᠡᠨᠡ ᠬᠦ᠌ ᠥᠪᠥᠷ ᠮᠤᠩᠭᠤᠯ᠎ᠤᠨ ᠥᠪᠡᠷᠮᠢᠴᠡ ᠤᠨᠴᠠᠯᠢᠭ ᠪᠦᠬᠦᠢ ᠭᠠᠵᠠᠷ ᠳᠤᠤᠷᠠᠬᠢ ᠲᠡᠮᠦᠷ ᠵᠠᠮ᠎ᠤᠨ ᠪᠦᠲᠦᠭᠡᠨ ᠪᠠᠢᠭᠤᠯᠤᠯᠲᠠ᠎ᠳᠤ ᠣᠶᠤᠨ ᠤᠬᠠᠭᠠᠨ᠂ ᠬᠦᠴᠦ᠍ ᠬᠥᠯᠥᠰᠥ᠎ᠪᠠᠨ ᠱᠢᠪᠬᠠᠵᠤ ᠶᠠᠪᠤᠭ᠎ᠠ ᠬᠥᠮᠥᠰ᠎ᠤᠨ ᠳᠤᠲᠤᠷᠠᠬᠢ ᠨᠢᠭᠡ᠎ᠨᠢ ᠬᠠᠨ ᠵᠢᠶᠠ ᠲᠦᠩ ᠪᠤᠯᠬᠤ ᠶᠤᠮ᠃ ᠲᠡᠷᠡ ᠬᠥᠬᠡᠬᠤᠲᠠ᠎ᠶ᠋ᠢᠨ ᠬᠤᠲᠠ᠎ᠶ᠋ᠢᠨ ᠪᠦᠲᠦᠭᠡᠨ ᠪᠠᠢᠭᠤᠯᠤᠯᠲᠠ᠂ ᠭᠠᠵᠠᠷ ᠳᠣᠣᠷᠠᠬᠢ ᠲᠡᠮᠦᠷ ᠵᠠᠮ᠎ᠤᠨ ᠪᠦᠲᠦᠭᠡᠨ ᠪᠠᠢᠭᠤᠯᠤᠯᠲᠠ᠂ ᠲᠦᠷᠭᠡᠨ᠎ᠤ ᠵᠠᠮ ᠵᠡᠷᠭᠡ ᠬᠦᠷᠢᠶᠡᠨ᠎ᠳᠤ ᠲᠣᠪᠤᠢᠮ᠎ᠠ ᠬᠤᠪᠢ ᠨᠡᠮᠡᠷᠢ ᠦᠵᠡᠭᠦᠯᠵᠦ᠍᠂ ᠰᠠᠭᠤᠭᠠᠯᠢ ᠲᠦᠮᠡᠨ᠎ᠨᠢ ᠲᠡᠭᠦᠨ᠎ᠢ 《ᠬᠥᠬᠡᠬᠤᠲᠠ᠎ᠶ᠋ᠢᠨ ᠯᠤ᠌ᠪᠠᠨ》 ᠬᠡᠮᠡᠨ ᠳᠤᠲᠤᠨᠤᠴᠢᠯᠠᠨ ᠳᠠᠭᠤᠳᠠᠳᠠᠭ᠃
ᠬᠠᠨ ᠵᠢᠶᠠ ᠲᠦᠩ ᠪᠣᠯ ᠮᠣᠩᠭᠤᠯ ᠦᠨᠳᠦᠰᠦᠲᠡᠨ᠂ ᠨᠠᠮ᠎ᠤᠨ ᠠᠷᠪᠠ ᠶᠢᠰᠦᠳᠦᠭᠡᠷ ᠶᠡᠭᠡ ᠬᠤᠷᠠᠯ᠎ᠤᠨ ᠲᠥᠯᠥᠭᠡᠯᠡᠭ᠌ᠴᠢ᠂ ᠲᠥᠷᠥ᠎ᠶ᠋ᠢᠨ ᠶᠠᠪᠤᠳᠠᠯ᠎ᠤᠨ ᠬᠤᠷᠢᠶᠠᠨ᠎ᠤ ᠣᠨᠴᠠ ᠨᠥᠬᠦᠪᠥᠷᠢ᠎ᠶ᠋ᠢ ᠬᠦᠷᠲᠡᠵᠤ ᠪᠠᠢᠭ᠎ᠠ ᠲᠤᠰᠭᠠᠶ ᠮᠡᠷᠭᠡᠵᠢᠯᠲᠡᠨ ᠪᠤᠯᠬᠤ ᠪᠦᠭᠡᠳ ᠬᠥᠬᠡᠬᠤᠲᠠ᠎ᠶ᠋ᠢᠨ ᠵᠠᠰᠠᠭ᠎ᠤᠨ ᠣᠷᠳᠣᠨ᠎ᠤ ᠤᠷᠤᠭᠤᠯᠤᠨ ᠠᠪᠴᠢᠷᠠᠭ᠍ᠰᠠᠨ ᠳᠡᠭᠡᠳᠦ ᠲᠠᠰ᠎ᠤᠨ ᠴᠢᠳᠠᠪᠤᠷᠢᠲᠠᠨ ᠪᠤᠯᠤᠨ᠎ᠠ᠂ ᠮᠦᠨ ᠴᠦ᠍ ᠬᠦᠬᠡᠬᠤᠳᠠ᠎ᠶ᠋ᠢᠨ ᠲᠦᠡᠭ ᠱᠢᠨ ᠳ᠋ᠧ ᠬᠤᠳᠠ᠎ᠶ᠋ᠢᠨ ᠶᠠᠪᠤᠳᠠᠯ᠎ᠤᠨ ᠢᠨᠵᠧᠨᠧᠷᠢᠩ᠎ᠤᠨ ᠵᠢᠷᠤᠭ ᠲᠦᠯᠦᠪᠯᠡᠭᠡ ᠰᠤᠳᠤᠯᠭᠠᠨ᠎ᠤ ᠬᠢᠵᠠᠭᠠᠷᠳᠤ ᠺᠤᠮᠫᠠᠨᠢ᠎ᠶ᠋ᠢᠨ ᠶᠡᠷᠦᠩᠬᠡᠶ ᠢᠨᠵᠧᠨᠧᠷ᠂ ᠬᠦᠬᠡᠬᠤᠳᠠ᠎ᠶ᠋ᠢᠨ ᠲᠦᠷᠭᠡᠨ᠎ᠤ ᠵᠠᠮ᠎ᠤᠨ ᠤᠶᠤᠨᠴᠢ ᠵᠠᠮ ᠬᠠᠷᠢᠯᠴᠠᠭᠠᠨ᠎ᠤ ᠬᠢᠨᠠᠨ ᠡᠵᠡᠮᠱᠢᠯ᠎ᠤᠨ ᠱᠢᠰᠲ᠋ᠧᠮ᠎ᠤᠨ ᠶᠡᠷᠦᠩᠬᠡᠶ ᠵᠢᠷᠤᠵᠤ ᠲᠥᠯᠥᠪᠯᠡᠭ᠌ᠴᠢ ᠮᠦᠨ᠃
2016 ᠣᠨ᠎ᠤ 4 ᠰᠠᠷ᠎ᠠ᠎ᠳᠤ᠂ ᠬᠥᠬᠡᠬᠤᠲᠠ᠎ᠶ᠋ᠢᠨ ᠭᠠᠵᠠᠷ ᠳᠣᠤᠷᠠᠬᠢ ᠲᠡᠮᠦᠷ ᠵᠠᠮ᠎ᠤᠨ ᠪᠦᠲᠦᠭᠡᠨ ᠪᠠᠢᠭᠤᠯᠤᠯᠲᠠ ᠵᠢᠩᠬᠢᠨᠢ᠎ᠪᠠᠷ ᠠᠵᠢᠯ ᠡᠬᠢᠯᠡᠪᠡ᠃ ᠬᠠᠨ ᠵᠢᠶᠠ ᠲᠦᠩ ᠮᠡᠷᠭᠡᠵᠢᠯ᠎ᠤᠨ ᠱᠢᠨᠡᠴᠢᠯᠡᠯᠲᠡ᠎ᠶ᠋ᠢ ᠳᠠᠰᠤᠷᠠᠯᠲᠠ ᠦᠭᠡᠢ ᠰᠦᠪᠡᠭ᠌ᠴᠢᠯᠡᠵᠦ᠍᠂ 43 ᠡᠳᠦᠷ᠎ᠤᠨ ᠳᠣᠲᠣᠷ᠎ᠠ ᠱᠢᠨᠬᠤᠸᠠ ᠶᠡᠭᠡ ᠵᠡᠭᠡᠯᠢ᠎ᠶ᠋ᠢᠨ ᠭᠠᠵᠠᠷ ᠳᠡᠭᠡᠷᠡᠬᠢ ᠵᠠᠮ ᠬᠠᠷᠢᠯᠴᠠᠭ᠎ᠠ᠎ᠶ᠋ᠢ ᠰᠡᠷᠭᠦᠭᠡᠨ᠂ ᠭᠠᠵᠠᠷ ᠳᠣᠤᠷᠠᠬᠢ ᠲᠡᠮᠦᠷ ᠵᠠᠮ᠎ᠤᠨ ᠪᠦᠲᠦᠭᠡᠨ ᠪᠠᠢᠭᠤᠯᠤᠯᠲᠠ᠎ᠶ᠋ᠢ ᠪᠦᠬᠦ᠌ ᠲᠠᠯ᠎ᠠ᠎ᠪᠠᠷ ᠡᠬᠢᠯᠡᠭᠦᠯᠬᠦ᠌᠎ᠳᠤ ᠪᠠᠲᠤ ᠪᠠᠬᠢ ᠰᠠᠭᠤᠷᠢ ᠲᠠᠯᠪᠢᠵᠠᠶ᠃ 9 ᠰᠠᠷ᠎ᠠ᠎ᠶ᠋ᠢᠨ ᠰᠡᠭᠦᠯᠴᠢ᠎ᠪᠠᠷ᠂ ᠲᠡᠷᠡ ᠬᠥᠬᠡᠬᠤᠲᠠ᠎ᠶ᠋ᠢᠨ ᠭᠠᠵᠠᠷ ᠳᠣᠣᠷᠠᠬᠢ ᠲᠡᠮᠦᠷ ᠵᠠᠮ᠎ᠤᠨ ᠬᠤᠶᠠᠳᠤᠭᠠᠷ ᠱᠤᠭᠤᠮ᠎ᠤᠨ 23 ᠲᠡᠷᠭᠡᠨ ᠦᠷᠳᠡᠭᠡ᠎ᠶ᠋ᠢᠨ ᠬᠤᠭᠤᠯᠠᠢ ᠱᠤᠭᠤᠮ᠎ᠢ ᠨᠡᠭᠦᠯᠭᠡᠨ ᠥᠭᠡᠷᠡᠴᠢᠯᠡᠬᠦ᠌ ᠪᠠ ᠵᠠᠮ ᠨᠡᠪᠲᠡᠷᠡᠭᠦᠯᠬᠦ᠌ ᠪᠠᠷᠢᠯᠭ᠎ᠠ᠎ᠶ᠋ᠢᠨ ᠵᠢᠷᠤᠭ᠎ᠢ ᠵᠢᠷᠤᠵᠤ ᠲᠥᠯᠥᠪᠯᠡᠬᠦ᠌ ᠡᠭᠦᠷᠭᠡ᠎ᠶ᠋ᠢ ᠳᠠᠭᠠᠭᠠᠴᠢᠯᠠᠪᠠ᠃ ᠲᠤᠬᠠᠢ᠎ᠶ᠋ᠢᠨ ᠦᠶ᠎ᠡ᠎ᠳᠤ᠂ ᠤᠯᠤᠰ᠎ᠤᠨ ᠳᠣᠲᠣᠭᠠᠳᠤ᠎ᠶ᠋ᠢᠨ ᠲᠤᠰᠭᠠᠶ ᠮᠡᠷᠭᠡᠵᠢᠯᠲᠡᠨ᠎ᠤ ᠪᠦᠯᠬᠦᠮ᠎ᠤᠨ ᠲᠥᠰᠦᠭᠡᠯᠡᠨ ᠪᠤᠳᠤᠭ᠍ᠰᠠᠨ᠎ᠢᠶᠠᠷ ᠪᠣᠯ ᠲᠣᠰ ᠡᠭᠦᠷᠭᠡ᠎ᠶ᠋ᠢ ᠪᠡᠶᠡᠯᠡᠭᠦᠯᠬᠦ᠌᠎ᠳᠤ ᠨᠢᠭᠡ ᠵᠢᠯ ᠱᠢᠬᠠᠮ ᠴᠠᠭ ᠵᠠᠷᠤᠴᠠᠭᠤᠯᠤᠨ᠎ᠠ ᠭᠡᠵᠦ᠍ ᠪᠠᠢᠵᠠᠢ᠃ ᠭᠡᠪᠡᠴᠦ᠍ ᠤᠯᠤᠰ᠎ᠤᠨ ᠪᠠᠶᠠᠷ᠎ᠠᠴᠠ ᠡᠮᠦᠨ᠎ᠡ ᠡᠭᠦᠷᠭᠡ᠎ᠪᠠᠨ ᠪᠡᠶᠡᠯᠡᠭᠦᠯᠬᠦ᠌᠎ᠶ᠋ᠢᠨ ᠲᠥᠯᠥᠭᠡ᠂ ᠬᠠᠨ ᠵᠢᠶᠠ ᠲᠦᠩ ᠤᠨᠲᠠᠵᠤ ᠠᠮᠠᠷᠠᠬᠤ᠎ᠪᠠᠨ ᠤᠮᠠᠷᠲᠠᠨ ᠡᠮᠦᠨ᠎ᠡ ᠹᠷᠣᠨᠲ᠎ᠲᠤ ᠵᠢᠷᠤᠭ ᠲᠥᠯᠥᠪᠯᠡᠭᠡ᠎ᠶ᠋ᠢ ᠵᠢᠯᠣᠭᠤᠳᠤᠨ᠂ ᠠᠯᠪᠠᠨ ᠭᠡᠷ᠎ᠲᠡᠭᠡᠨ ᠬᠥᠯᠥᠰᠦ ᠰᠡᠪᠬᠢᠬᠦ᠌ ᠵᠠᠪ ᠦᠭᠡᠢ 10 ᠡᠳᠦᠷ ᠦᠷᠭᠦᠯᠵᠢᠯᠡᠨ ᠠᠵᠢᠯᠯᠠᠭ᠍ᠰᠠᠨ ᠥᠩᠭᠡᠷᠡᠯᠲᠡ᠎ᠲᠠᠢ᠃ 10 ᠡᠳᠦᠷ᠂ ᠳᠠᠷᠤᠢ 14400 ᠮᠢᠨᠦ᠋ᠲ᠂ ᠬᠠᠨ ᠵᠢᠶᠠ ᠲᠦᠩ 《ᠬᠥᠳᠡᠯᠮᠦᠷᠢ᠎ᠶ᠋ᠢᠨ ᠵᠢᠱ᠌ᠢᠶᠡᠴᠢ᠎ᠶ᠋ᠢᠨ ᠵᠣᠷᠢᠭ ᠰᠠᠨᠠᠭ᠎ᠠ》 ᠶ᠋ᠢ ᠦᠨᠡᠨ ᠬᠦ᠌ ᠴᠠᠭ ᠮᠥᠴᠡ ᠪᠦᠷᠢ᠎ᠳᠤ ᠠᠯᠳᠠᠯ ᠦᠭᠡᠢ ᠠᠭᠤᠰᠭᠠᠭ᠍ᠰᠠᠨ ᠪᠠᠢᠨ᠎ᠠ᠃ ᠵᠣᠷᠢᠭ ᠪᠠᠢᠪᠠᠯ ᠵᠣᠷᠢᠭ᠍ᠰᠠᠨ᠎ᠳᠠᠭᠠᠨ᠂ ᠲᠡᠷᠡ 10 ᠡᠳᠦᠷ᠎ᠤᠨ ᠳᠣᠲᠣᠷ᠎ᠠ 764 ᠪᠠᠷᠢᠯᠭ᠎ᠠ᠎ᠶ᠋ᠢᠨ ᠵᠢᠷᠤᠭ ᠲᠥᠯᠥᠪᠯᠡᠭᠡ᠎ᠶ᠋ᠢ ᠬᠢᠨᠠᠨ ᠲᠣᠭ᠍ᠲᠠᠭᠠᠵᠤ᠂ ᠡᠯ᠎ᠡ ᠲᠤᠰᠭᠠᠢ ᠮᠡᠷᠭᠡᠵᠢᠯ᠎ᠤᠨ ᠪᠠᠷᠢᠯᠭ᠎ᠠ᠎ᠶ᠋ᠢᠨ ᠠᠩᠬᠢ᠎ᠳᠤ 10696 ᠵᠢᠷᠤᠭ ᠭᠠᠷᠭᠠᠨ ᠥᠭ᠌ᠴᠦ᠂ 10 ᠡᠳᠦᠷ᠎ᠤᠨ ᠳᠣᠲᠣᠷ᠎ᠠ ᠨᠢᠭᠡ ᠵᠢᠯ᠎ᠤᠨ ᠠᠵᠢᠯ᠎ᠢ ᠪᠡᠶᠡᠯᠡᠭᠦᠯᠦᠭ᠌ᠰᠡᠨ ᠭᠠᠢᠬᠠᠮᠱᠢᠭ᠎ᠢ ᠡᠭᠦᠳᠴᠡᠶ᠃
ᠰᠡᠭᠦᠯᠡᠷ᠎ᠨᠢ᠂ ᠬᠠᠨ ᠵᠢᠶᠠ ᠲᠦᠩ᠎ᠤᠨ ᠡᠷᠬᠢᠯᠡᠵᠤ ᠦᠷᠨᠢᠬᠦᠯᠦᠭ᠌ᠰᠡᠨ 《ᠬᠥᠬᠡᠬᠤᠲᠠ᠎ᠶ᠋ᠢᠨ ᠬᠤᠲᠠ᠎ᠶ᠋ᠢᠨ ᠵᠢᠮᠲᠦ ᠵᠠᠮ ᠬᠠᠷᠢᠯᠴᠠᠭᠠᠨ᠎ᠤ ᠡᠮᠦᠨᠡᠬᠢ ᠬᠤᠭᠤᠴᠠᠭᠠᠨ᠎ᠤ ᠢᠨᠵᠧᠨᠧᠷᠢᠩ᠎ᠤᠨ ᠵᠢᠷᠤᠭ ᠲᠥᠯᠥᠪᠯᠡᠭᠡ ᠪᠠ ᠪᠠᠷᠢᠯᠭ᠎ᠠ᠎ᠶ᠋ᠢᠨ ᠠᠵᠢᠯ᠎ᠤᠨ ᠳᠦᠷᠢᠮ ᠲᠤᠭ᠍ᠳᠠᠭᠠᠯ》 ᠨᠢ ᠪᠥᠬᠦ᠌ ᠤᠯᠤᠰ᠎ᠤᠨ ᠱᠢᠯᠢᠳᠡᠭ ᠢᠨᠵᠧᠨᠧᠷᠢᠩ᠎ᠤᠨ ᠯᠠᠪᠯᠠᠭ᠎ᠠ᠎ᠶ᠋ᠢᠨ ᠦᠷ᠎ᠡ ᠪᠦᠲᠦᠭᠡᠯ᠎ᠤᠨ ᠨᠢᠭᠡᠳᠦᠭᠡᠷ ᠳᠡᠰ᠎ᠤᠨ ᠱᠠᠩᠨᠠᠯ ᠬᠦᠷᠲᠡᠪᠡ᠃ ᠲᠡᠭᠦᠨ᠎ᠤ ᠡᠭᠦᠳᠦᠭ᠌ᠰᠡᠨ ᠭᠠᠵᠠᠷ ᠳᠣᠣᠷᠠᠬᠢ ᠲᠡᠮᠦᠷ ᠵᠠᠮ᠎ᠤᠨ ᠬᠠᠮᠠᠭᠠᠯᠠᠯᠲᠠ᠎ᠶ᠋ᠢᠨ ᠲᠣᠨᠣᠭ᠍ᠯᠠᠯ᠎ᠨᠢ ᠨᠢᠭᠡᠨᠲᠡ ᠤᠯᠤᠰ᠎ᠤᠨ ᠮᠡᠳᠡᠯᠭᠡ᠎ᠶ᠋ᠢᠨ ᠥᠮᠴᠢᠯᠡᠯ᠎ᠤᠨ ᠡᠷᠬᠡ᠎ᠶ᠋ᠢᠨ ᠲᠣᠪᠴᠢᠶᠠᠨ᠎ᠤ ᠲᠤᠰᠭᠠᠢ ᠠᠱᠢᠭ᠎ᠤᠨ ᠡᠷᠭᠡ᠎ᠶ᠋ᠢ ᠣᠯᠵᠤ᠂ ᠲᠡᠷᠡᠴᠢᠯᠡᠨ ᠪᠣᠳᠠᠲᠠᠶ᠎ᠳᠤ ᠤᠨᠳᠤᠤᠱᠢᠭᠤᠯᠤᠨ ᠬᠡᠷᠡᠭ᠌ᠯᠡᠭ᠌ᠰᠡᠨ᠎ᠠᠴᠠ ᠭᠠᠵᠠᠷ ᠳᠣᠤᠷᠠᠬᠢ ᠲᠡᠮᠦᠷ ᠵᠠᠮ᠎ᠤᠨ ᠪᠠᠷᠢᠯᠭ᠎ᠠ᠎ᠶ᠋ᠢᠨ ᠶᠠᠪᠤᠴᠠ᠎ᠳᠠᠬᠢ ᠠᠶᠤᠯᠭᠦᠢ᠎ᠶ᠋ᠢᠨ ᠢᠯᠡᠳᠭᠡᠮᠵᠢ᠎ᠶ᠋ᠢ ᠳᠡᠭᠡᠭ᠌ᠰᠢᠯᠡᠭᠦᠯᠦᠨ᠂ ᠬᠥᠬᠡᠬᠤᠲᠠ᠎ᠶ᠋ᠢᠨ ᠭᠠᠵᠠᠷ ᠳᠣᠤᠷᠠᠬᠢ ᠲᠡᠮᠦᠷ ᠵᠠᠮ᠎ᠤᠨ ᠪᠥᠲᠥᠭᠡᠨ ᠪᠠᠢᠭᠤᠯᠤᠯᠲᠠ᠎ᠳᠤ 3 ᠳ᠋ᠦᠩᠱᠢᠭᠤᠷ ᠭᠠᠷᠤᠶ ᠲᠥᠭᠦᠷᠢᠭ᠎ᠤᠨ ᠪᠠᠯᠠ ᠮᠥᠩᠭᠦ᠌ ᠠᠷᠪᠢᠯᠠᠨ ᠥᠭ᠌ᠴᠦ᠂ ᠢᠷᠡᠭᠡᠳᠦᠶ᠎ᠳᠤ ᠪᠥᠬᠦ᠌ ᠤᠯᠤᠰ᠎ᠤᠨ ᠬᠡᠪᠴᠢᠶᠡᠨ᠎ᠳᠤ ᠳᠡᠯᠭᠡᠷᠡᠭᠦᠯᠬᠦ᠌ ᠪᠤᠯᠤᠮᠵᠢ ᠶᠡᠭᠡ ᠪᠠᠢᠯ᠎ᠠ᠃
2017 ᠣᠨ᠎ᠳᠤ᠂ ᠬᠠᠨ ᠵᠢᠶᠠ ᠲᠦᠩ᠎ᠤᠨ ᠡᠷᠬᠢᠯᠡᠭ᠌ᠰᠡᠨ 《ᠬᠥᠬᠡᠬᠤᠲᠠ᠎ᠶ᠋ᠢᠨ ᠲᠦᠷᠭᠡᠨ᠎ᠤ ᠵᠠᠮ᠎ᠤᠨ ᠣᠶᠤᠨᠴᠢ᠎ᠪᠠᠷ ᠥᠨᠳᠥᠷ᠎ᠢ ᠬᠢᠵᠠᠭᠠᠷᠯᠠᠬᠤ ᠪᠠ ᠬᠢᠨᠠᠨ ᠡᠵᠡᠮᠱᠢᠯ᠎ᠤᠨ ᠱᠢᠰᠲ᠋ᠧᠮ᠎ᠤᠨ ᠬᠤᠷᠠᠮᠠᠯ ᠮᠡᠷᠭᠡᠵᠢᠯ᠎ᠤᠨ ᠬᠡᠷᠡᠭ᠌ᠯᠡᠭᠡᠨ᠎ᠤ ᠰᠤᠳᠤᠯᠤᠯ》 ᠤᠨ ᠲᠥᠷᠥᠯ ᠵᠦᠢᠯ᠎ᠨᠢ ᠥᠪᠥᠷ ᠮᠣᠩᠭᠤᠯ ᠵᠢᠴᠢ ᠬᠥᠬᠡᠬᠤᠲᠠ᠎ᠶ᠋ᠢᠨ ᠴᠢᠬᠤᠯᠠ ᠶᠡᠭᠡ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠲᠥᠷᠥᠯ ᠵᠦᠢᠯ᠎ᠢ ᠳᠡᠮᠵᠢᠬᠦ᠌ ᠲᠥᠯᠥᠪᠯᠡᠭᠡ᠎ᠳᠤ ᠵᠢᠬ᠍ᠰᠠᠭᠠᠭ᠍ᠳᠠᠵᠤ᠂ ᠤᠯᠤᠰ᠎ᠤᠨ ᠲᠡᠰ᠎ᠤᠨ ᠬᠡᠷᠡᠭ᠌ᠯᠡᠭᠡᠨ᠎ᠤ ᠱᠢᠨ᠎ᠡ ᠬᠡᠯᠪᠡᠷᠢ᠎ᠶ᠋ᠢᠨ ᠲᠤᠰᠭᠠᠢ ᠠᠱᠢᠭ᠎ᠢ 30 ᠲᠦᠷᠦᠯ᠂ ᠡᠭᠦᠳᠦᠯᠲᠡ᠎ᠶ᠋ᠢᠨ ᠲᠤᠰᠭᠠᠢ ᠠᠱᠢᠭ᠎ᠢ 2 ᠲᠦᠷᠦᠯ ᠮᠡᠳᠡᠭᠦᠯᠵᠦ᠍᠂ 32 ᠲᠥᠷᠥᠯ᠎ᠤᠨ ᠲᠤᠰᠭᠠᠢ ᠠᠱᠢᠭ᠎ᠤᠨ ᠡᠷᠬᠡ᠎ᠶ᠋ᠢ ᠣᠯᠤᠭ᠍ᠰᠠᠨ ᠪᠠᠢᠨ᠎ᠠ᠃
ᠬᠠᠨ ᠵᠢᠶᠠ ᠲᠦᠩ ᠦᠢᠯᠡᠳᠦᠯᠭᠡ᠎ᠶ᠋ᠢᠨ ᠳᠤᠮᠳᠠ ᠱᠢᠨ᠎ᠡ᠎ᠶ᠋ᠢ ᠡᠭᠦᠳᠴᠦ᠍᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠭᠦᠢᠴᠡᠳ ᠠᠱᠢᠬ᠍ᠯᠠᠨ ᠠᠷᠠᠳ ᠲᠦᠮᠡᠨ᠎ᠳᠤ ᠠᠱᠢᠭ ᠬᠦᠷᠲᠡᠭᠡᠵᠦ᠍ ᠪᠤᠢ᠃ 2018 ᠣᠨ᠎ᠳᠤ᠂ ᠪᠣᠬᠢᠷᠲᠤᠯ᠎ᠢ ᠰᠡᠷᠭᠡᠢᠯᠡᠨ ᠵᠠᠰᠠᠬᠤ ᠪᠣᠭᠤᠮᠲᠠ ᠱᠢᠪᠲᠤᠯᠬᠤ ᠳᠠᠢᠯᠠᠯᠳᠤᠭᠠᠨ᠎ᠤ ᠳᠤᠮᠳᠠ᠂ 《ᠬᠥᠬᠡᠬᠤᠲᠠ᠎ᠶ᠋ᠢᠨ ᠬᠤᠶᠠᠳᠤᠭᠠᠷ ᠲᠤᠭᠤᠷᠢᠭ ᠵᠠᠮ᠎ᠤᠨ ᠲᠦᠷᠭᠡᠨ᠎ᠤ ᠵᠠᠮ᠎ᠤᠨ᠎ᠶ᠋ᠢᠨ ᠢᠦᠢ ᠱ᠌ᠢ ᠳ᠋ᠠᠢ ᠬᠤᠲᠠ᠎ᠶ᠋ᠢᠨ ᠬᠡᠰᠡᠭ》 ᠤᠨ ᠱᠤᠤᠭᠢᠶᠠᠨ ᠪᠠᠷᠢᠮᠵᠢᠶ᠎ᠠ᠎ᠠᠴᠠ ᠬᠡᠲᠦᠷᠡᠭ᠌ᠰᠡᠨ ᠠᠰᠠᠭᠤᠳᠠᠯ᠎ᠢ ᠱᠢᠢᠳᠪᠦᠷᠢᠯᠡᠬᠦ᠌᠎ᠶ᠋ᠢᠨ ᠲᠥᠯᠥᠭᠡ᠂ ᠲᠡᠷᠡ 《ᠬᠥᠬᠡᠬᠤᠲᠠ᠎ᠶ᠋ᠢᠨ ᠲᠦᠷᠭᠡᠨ᠎ᠤ ᠵᠠᠮ᠎ᠤᠨ ᠣᠶᠤᠨᠴᠢ᠎ᠪᠠᠷ ᠥᠨᠳᠥᠷ᠎ᠢ ᠬᠢᠵᠠᠭᠠᠷᠯᠠᠬᠤ ᠪᠠ ᠬᠢᠨᠠᠨ ᠡᠵᠡᠮᠱᠢᠯ᠎ᠤᠨ ᠬᠤᠷᠠᠮᠠᠯ ᠱᠢᠰᠲ᠋ᠧᠮ᠎ᠤᠨ ᠦᠷ᠎ᠡ ᠪᠦᠲᠦᠭᠡᠯ᠎ᠢ ᠬᠤᠪᠢᠷᠠᠭᠤᠯᠬᠤ ᠲᠦᠷᠦᠯ ᠵᠦᠢᠯ》 ᠢ ᠰᠤᠳᠤᠯᠤᠨ ᠪᠦᠲᠦᠭᠡᠵᠡᠢ᠃ ᠡᠭᠦᠨ᠎ᠢᠶᠠᠷ 2019 ᠣᠨ᠎ᠳᠤ ᠲᠣᠰ ᠵᠠᠮ᠎ᠤᠨ ᠬᠡᠰᠡᠭ᠎ᠲᠤ ᠣᠶᠤᠨᠴᠢ᠎ᠪᠠᠷ ᠥᠨᠳᠥᠷ᠎ᠢ ᠬᠢᠵᠠᠭᠠᠷᠯᠠᠬᠤ ᠱᠢᠰᠲ᠋ᠧᠮ᠂ ᠣᠶᠤᠨᠴᠢ ᠵᠠᠮ ᠬᠠᠷᠢᠯᠴᠠᠭᠠᠨ᠎ᠤ ᠬᠠᠮᠢᠶᠠᠷᠤᠯᠲᠠ᠎ᠶ᠋ᠢᠨ ᠱᠢᠰᠲ᠋ᠧᠮ ᠵᠡᠷᠭᠡ ᠲᠡᠷᠢᠭᠦᠨ᠎ᠤ ᠬᠠᠮᠢᠶᠠᠷᠤᠯᠲᠠ᠎ᠶ᠋ᠢᠨ ᠮᠡᠷᠭᠡᠵᠢᠯ᠎ᠢ ᠣᠷᠣᠭᠤᠯᠵᠤ᠂ ᠱᠤᠤᠭᠢᠶᠠᠨ ᠪᠠᠷᠢᠮᠵᠢᠶ᠎ᠠ᠎ᠠᠴᠠ ᠬᠡᠲᠦᠷᠡᠭ᠌ᠰᠡᠨ ᠠᠰᠠᠭᠤᠳᠠᠯ᠎ᠢ ᠪᠦᠲᠦᠮᠵᠢᠲᠡᠢ ᠱᠢᠢᠳᠪᠦᠷᠢᠯᠡᠪᠡ᠃
5 ᠵᠢᠯ᠎ᠤᠨ ᠲᠤᠷᠰᠢ᠂ ᠬᠠᠨ ᠵᠢᠶᠠ ᠲᠦᠩ ᠤᠷᠢᠳ ᠬᠤᠵᠢᠳ ᠦᠪᠤᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ᠎ᠤ 《5 · 1》 ᠤ ᠬᠥᠳᠡᠯᠮᠦᠷᠢ᠎ᠶ᠋ᠢᠨ ᠱᠠᠩᠨᠠᠯ᠎ᠤᠨ ᠮᠧᠳᠠᠯ᠂ 《ᠥᠪᠥᠷ ᠮᠣᠩᠭᠤᠯ᠎ᠤᠨ ᠭᠠᠷᠮᠠᠭᠠᠶ ᠴᠢᠳᠠᠪᠤᠷᠢᠲᠠᠨ᠎ᠤ ᠱᠠᠩᠨᠠᠯ》᠂ 《ᠤᠮᠠᠷᠠᠲᠤ ᠬᠢᠯᠢ᠎ᠶ᠋ᠢᠨ ᠤᠷᠠᠨ ᠳᠠᠷᠬᠠᠨ》 ᠵᠡᠷᠭᠡ ᠢᠷᠠᠭᠤ ᠠᠯᠳᠠᠷ᠎ᠤᠨ ᠴᠣᠯᠠ᠎ᠶ᠋ᠢ ᠭᠥᠷᠳᠡᠪᠡ᠃ ᠲᠡᠭᠦᠨ᠎ᠤ ᠳᠠᠭᠠᠭᠤᠯᠤᠨ ᠬᠢᠵᠦ᠍ ᠪᠠᠢᠭ᠎ᠠ ᠱᠢᠨ᠎ᠡ᠎ᠶ᠋ᠢ ᠡᠭᠦᠳᠬᠦ᠌ ᠠᠵᠢᠯ᠎ᠤᠨ ᠲᠠᠰᠤᠭ᠎ᠨᠢ ᠤᠷᠢᠳ ᠬᠤᠵᠢᠳ ᠥᠪᠥᠷ ᠮᠣᠩᠭᠤᠯ᠎ᠤᠨ ᠦᠪᠡᠷᠳᠡᠭᠡᠨ ᠵᠠᠰᠠᠬᠤ ᠤᠷᠤᠨ᠎ᠤ 《ᠲᠠᠯ᠎ᠠ ᠨᠤᠲᠤᠭ᠎ᠤᠨ ᠰᠣᠳᠣᠨ ᠴᠢᠳᠠᠪᠤᠷᠢᠲᠠᠨ》 ᠤ ᠪᠦᠯᠬᠦᠮ ᠪᠠ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ 《ᠠᠵᠢᠯᠲᠠᠨ ᠠᠵᠢᠯᠴᠢᠨ᠎ᠤ ᠱᠢᠨ᠎ᠡ᠎ᠶ᠋ᠢ ᠡᠭᠦᠳᠬᠦ᠌ ᠠᠵᠢᠯ᠎ᠤᠨ ᠲᠠᠰᠤᠭ》 ᠤᠨ ᠢᠷᠠᠭᠤ ᠠᠯᠳᠠᠷ᠎ᠤᠨ ᠴᠣᠯᠠ ᠬᠦᠷᠲᠡᠵᠡᠢ᠃ ᠨᠡᠩ ᠳᠤᠷᠠᠳᠤᠭᠤᠱᠢᠲᠠᠢᠨᠢ ᠡᠨᠡ ᠵᠢᠯ ᠬᠠᠨ ᠵᠢᠶᠠ ᠲᠦᠩ ᠪᠦᠬᠦ᠌ ᠤᠯᠤᠰ᠎ᠤᠨ ᠬᠥᠳᠡᠯᠮᠦᠷᠢ᠎ᠶ᠋ᠢᠨ ᠵᠢᠱ᠌ᠢᠶᠡᠴᠢ᠎ᠶ᠋ᠢᠨ ᠢᠷᠠᠭᠤ ᠠᠯᠳᠠᠷ᠎ᠤᠨ ᠴᠣᠯᠠ᠎ᠶ᠋ᠢ ᠬᠦᠷᠲᠡᠭ᠌ᠰᠡᠨ᠎ᠨᠢ ᠲᠡᠭᠦᠨ᠎ᠤ ᠱᠢᠨᠲᠠᠷᠠᠰᠢ ᠦᠭᠡᠢ ᠢᠲᠡᠭᠡᠯ ᠵᠣᠷᠢᠭ ᠪᠠ ᠴᠦᠬᠦᠷᠡᠰᠢ ᠦᠭᠡᠢ ᠴᠢᠷᠮᠠᠢᠯᠭ᠎ᠠ᠎ᠶ᠋ᠢᠨ ᠢᠷᠠᠭᠤ ᠪᠦᠲᠦᠭᠡᠯ ᠠᠵᠢ᠃
ᠬᠠᠨ ᠵᠢᠶᠠ ᠲᠦᠩ ᠡᠷᠳᠡᠮ ᠮᠡᠳᠡᠯᠭᠡ ᠰᠤᠷᠴᠤ᠌ ᠭᠠᠨᠵᠤᠭ᠎ᠠ ᠳᠦᠭᠦᠷᠡᠩ ᠨᠤᠲᠤᠭ᠎ᠲᠠᠭᠠᠨ ᠪᠤᠴᠠᠨ ᠢᠷᠡᠵᠦ᠍᠂ ᠨᠤᠲᠤᠭ ᠤᠰᠤᠨ᠎ᠤ᠎ᠪᠠᠨ ᠪᠦᠲᠦᠭᠡᠨ ᠪᠠᠢᠭᠤᠯᠤᠯᠲᠠ᠎ᠶ᠋ᠢᠨ ᠦᠢᠯᠡᠰ᠎ᠲᠤ ᠠᠯᠢᠪᠠ᠎ᠪᠠᠨ ᠵᠤᠷᠢᠭᠤᠯᠬᠤ᠎ᠶ᠋ᠢᠨ ᠬᠠᠮᠳᠤ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠬᠤ ᠠᠵᠢᠯ᠎ᠳᠤ ᠥᠪᠡᠷ᠎ᠤᠨ ᠤᠶᠤᠨ ᠤᠬᠠᠭᠠᠨ ᠬᠦᠴᠦᠨ ᠴᠢᠳᠠᠯ᠎ᠢᠶᠠᠨ ᠨᠡᠮᠡᠷᠢᠯᠡᠵᠦ᠍ ᠶᠠᠪᠤᠨ᠎ᠠ᠃ ᠮᠣᠩᠭᠤᠯ ᠦᠨᠳᠦᠰᠦᠲᠡᠨ᠎ᠤ ᠨᠠᠮ᠎ᠤᠨ ᠭᠡᠱᠢᠭᠦᠨ ᠺᠠᠳ᠋ᠷ ᠪᠣᠯᠤᠭ᠍ᠰᠠᠨ᠎ᠤ ᠬᠤᠪᠢ᠎ᠳᠤ᠂ ᠣᠢᠷ᠎ᠠ᠎ᠶ᠋ᠢᠨ ᠵᠢᠯ᠎ᠳᠤ ᠲᠡᠷᠡ ᠨᠠᠮ᠎ᠤᠨ ᠭᠡᠱᠢᠭᠦᠨ ᠪᠠ ᠶᠠᠳᠠᠭᠤ ᠬᠦᠴᠢᠷᠳᠡᠯᠲᠡᠶ ᠡᠷᠦᠬᠡ᠎ᠶ᠋ᠢ 10 ᠭᠠᠷᠤᠶ ᠲᠦᠮᠡᠨ ᠲᠥᠭᠦᠷᠢᠭ᠎ᠢᠶᠠᠷ ᠬᠠᠪᠰᠤᠷᠤᠨ ᠲᠡᠳᠭᠦᠪᠡ᠃ ᠲᠡᠭᠦᠨ᠎ᠤ ᠳᠠᠭᠠᠭᠤᠯᠤᠨ ᠬᠢᠵᠦ᠍ ᠪᠠᠢᠭ᠎ᠠ 《ᠬᠠᠨ ᠵᠢᠶᠠ ᠲᠦᠩ ᠬᠥᠳᠡᠯᠮᠦᠷᠢ᠎ᠶ᠋ᠢᠨ ᠵᠢᠱ᠌ᠢᠶᠡᠴᠢ᠎ᠶ᠋ᠢᠨ ᠱᠢᠨ᠎ᠡ᠎ᠶ᠋ᠢ ᠡᠭᠦᠳᠬᠦ᠌ ᠠᠵᠢᠯ᠎ᠤᠨ ᠳᠠᠰᠤᠭ》 ᠨᠢ ᠨᠡᠢᠲᠡ 300 ᠭᠠᠷᠤᠶ ᠲᠤᠰᠭᠠᠶ ᠮᠡᠷᠭᠡᠵᠢᠯᠲᠠᠨᠢ ᠬᠥᠮᠦᠵᠢᠭᠦᠯᠵᠦ᠍᠂ ᠬᠤᠲᠠ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠬᠦᠷᠢᠶᠡᠨ᠎ᠳᠠᠬᠢ 1000 ᠭᠠᠷᠤᠶ ᠶᠠᠳᠠᠭᠤ ᠬᠦᠴᠢᠷᠳᠡᠯᠲᠡᠶ ᠮᠠᠯᠴᠢᠨ ᠲᠠᠷᠢᠶᠠᠴᠢᠤᠨ᠎ᠲᠤ ᠰᠦᠶᠳᠭᠡᠯ ᠬᠤᠷᠢᠶᠠᠬᠤ ᠦᠭᠡᠢ᠎ᠪᠠᠷ ᠪᠤᠯᠪᠠᠰᠤᠷᠠᠯ ᠬᠦᠷᠲᠡᠭᠡᠵᠦ᠍᠂ ᠣᠷᠣᠨ᠎ᠤ ᠲᠥᠪ ᠬᠤᠲᠠ᠎ᠶ᠋ᠢᠨ ᠪᠦᠲᠦᠭᠡᠨ ᠪᠠᠢᠭᠤᠯᠤᠯᠲᠠ ᠬᠢᠭᠡᠳ ᠬᠥᠭ᠌ᠵᠢᠯᠲᠡ᠎ᠳᠤ ᠬᠦᠴᠦᠷᠬᠡᠭ ᠶᠡᠭᠡ ᠴᠢᠳᠠᠪᠤᠷᠢᠲᠠᠨ᠎ᠤ ᠲᠤᠯᠭᠠᠭᠤᠷᠢᠯᠠᠭ᠍ᠴᠢ ᠬᠦᠴᠦᠨ ᠪᠠ ᠣᠶᠤᠨ᠎ᠤ ᠳᠡᠮᠵᠢᠯᠭᠡ ᠬᠠᠩᠭᠠᠵᠠᠢ᠃
ᠬᠠᠨ ᠵᠢᠶᠠ ᠲᠦᠩ ᠠᠵᠢᠯ᠎ᠤᠨ ᠪᠠᠢᠷᠢ ᠳᠡᠭᠡᠷ᠎ᠡ᠎ᠪᠠᠨ ᠭᠠᠪᠱᠢᠭᠠᠢᠯᠠᠵᠤ ᠭᠢᠯᠠᠯᠵᠠᠮ᠎ᠠ ᠦᠷ᠎ᠡ ᠪᠦᠲᠦᠮᠵᠢ ᠣᠯᠵᠤ ᠶᠠᠪᠤᠭ᠍ᠰᠠᠨ᠎ᠨᠢ ᠲᠡᠭᠦᠨ᠎ᠤ ᠪᠤᠰᠤᠳ᠎ᠠᠴᠠ ᠦᠨᠳᠦᠷ ᠳᠤᠰᠭᠠᠢ ᠮᠡᠷᠭᠡᠵᠢᠯ᠎ᠤᠨ ᠬᠢᠷᠢ ᠳᠦᠪᠱᠢᠨ ᠪᠠ ᠭᠠᠷᠮᠠᠭᠠᠢ ᠲᠤᠬᠠᠢᠯᠠᠭ᠍ᠰᠠᠨ ᠠᠵᠢᠯ᠎ᠤᠨ ᠴᠢᠳᠠᠪᠤᠷᠢ᠎ᠠᠴᠠ ᠰᠠᠯᠵᠤ ᠴᠢᠳᠠᠬᠤ ᠦᠭᠡᠢ ᠶᠤᠮ᠃ ᠤᠳᠤ ᠪᠣᠯᠲᠠᠯ᠎ᠠ᠂ ᠬᠠᠨ ᠵᠢᠶᠠ ᠲᠦᠩ 100 ᠭᠠᠷᠤᠶ ᠤᠯᠤᠰ᠎ᠤᠨ ᠳᠣᠲᠣᠭᠠᠳᠤ᠎ᠶ᠋ᠢᠨ ᠭᠤᠣᠯᠳᠠᠯᠭ᠎ᠠ᠎ᠲᠠᠢ ᠴᠢᠬᠤᠯᠠ ᠶᠡᠭᠡ ᠢᠨᠵᠧᠨᠧᠷᠢᠩ᠎ᠤᠨ ᠡᠷᠳᠡᠮ ᠱᠢᠨᠵᠢᠯᠡᠭᠡᠨ᠎ᠤ ᠲᠥᠷᠥᠯ ᠵᠦᠶᠯ᠎ᠢ ᠡᠷᠬᠢᠯᠡᠵᠦ᠍᠂ 60 ᠭᠠᠷᠤᠶ ᠢᠨᠵᠧᠨᠧᠷᠢᠩ᠎ᠤᠨ ᠮᠡᠷᠭᠡᠵᠢᠯ᠎ᠤᠨ ᠬᠦᠴᠢᠷ ᠠᠰᠠᠭᠤᠳᠠᠯ᠎ᠢ ᠱᠢᠢᠳᠪᠦᠷᠢᠯᠡᠵᠡᠢ᠃ ᠡᠭᠦᠨ᠎ᠳᠤ ᠬᠤᠷᠢᠭᠠᠳ ᠵᠦᠢᠯ᠎ᠨᠢ ᠤᠯᠤᠰ᠎ᠤᠨ ᠳᠣᠲᠣᠭᠠᠳᠤ᠎ᠳᠤ ᠠᠩᠬ᠎ᠠ ᠤᠳᠠᠭ᠎ᠠ ᠳᠤᠷᠠᠳᠤᠭ᠍ᠰᠠᠨ ᠪᠠ ᠳᠡᠯᠭᠡᠷᠡᠭᠦᠯᠦᠨ ᠬᠡᠷᠡᠭ᠌ᠯᠡᠭ᠌ᠰᠡᠨ ᠲᠥᠷᠥᠯ ᠵᠦᠢᠯ ᠪᠠᠢᠵᠤ᠂ ᠤᠯᠤᠰ᠎ᠲᠤ 500 ᠭᠠᠷᠤᠢ ᠳ᠋ᠦᠩᠱᠢᠭᠤᠷ ᠲᠥᠭᠦᠷᠢᠭ᠎ᠤᠨ ᠪᠡᠯᠡ ᠮᠥᠩᠭᠦ᠌ ᠠᠷᠪᠢᠯᠠᠨ ᠥᠭ᠌ᠴᠦ᠂ ᠱᠢᠨ᠎ᠡ ᠴᠠᠭ ᠦᠶ᠎ᠡ᠎ᠶ᠋ᠢᠨ 《ᠬᠥᠳᠡᠯᠮᠦᠷᠢ᠎ᠶ᠋ᠢᠨ ᠵᠢᠱ᠌ᠢᠶᠡᠴᠢ᠎ᠶ᠋ᠢᠨ ᠵᠣᠷᠢᠭ ᠰᠠᠨᠠᠭ᠎ᠠ》 ᠪᠠ 《ᠤᠷᠠᠨ ᠳᠠᠷᠬᠠᠨ᠎ᠤ ᠵᠣᠷᠢᠭ ᠰᠠᠨᠠᠭ᠎ᠠ》 ᠶ᠋ᠢ ᠦᠨᠡᠨ ᠬᠦ᠌ ᠦᠢᠯᠡᠳᠦᠯᠭᠡᠵᠢᠭᠦᠯᠦᠭ᠌ᠰᠡᠨ ᠠᠵᠢ᠃
ᠡᠨᠡ ᠵᠢᠯ᠎ᠤᠨ ᠴᠠᠭᠠᠨ ᠰᠠᠷ᠎ᠠ᠎ᠶ᠋ᠢᠨ ᠬᠤᠭᠤᠴᠠᠭᠠᠨ᠎ᠳᠤ᠂ ᠬᠠᠨ ᠵᠢᠶᠠ ᠲᠦᠩ ᠡᠳᠦᠷ ᠪᠦᠷᠢ ᠠᠳᠠᠭ᠎ᠲᠠᠭᠠᠨ 17 ᠴᠠᠭ ᠠᠵᠢᠯᠯᠠᠬᠤ᠎ᠶ᠋ᠢ ᠪᠠᠷᠢᠮᠲᠠᠯᠠᠭ᠍ᠰᠠᠭᠠᠷ ᠢᠷᠡᠵᠦ᠍᠂ ᠭᠠᠵᠠᠷ ᠳᠣᠤᠷᠠᠬᠢ ᠲᠡᠮᠦᠷ ᠵᠠᠮ᠎ᠤᠨ 2 ᠳ᠋ᠤᠭᠠᠷ ᠱᠤᠭᠤᠮ᠎ᠤᠨ 23 ᠥᠷᠲᠡᠭᠡᠨ᠎ᠤ ᠪᠠᠷᠢᠯᠭ᠎ᠠ᠎ᠶ᠋ᠢᠨ ᠡᠭᠦᠷᠭᠡ᠎ᠶ᠋ᠢ ᠰᠠᠢᠲᠤᠷ ᠪᠡᠶᠡᠯᠡᠭᠦᠯᠬᠦ᠌᠎ᠶ᠋ᠢᠨ ᠬᠠᠮᠲᠤ᠌᠂ 《ᠬᠠᠨ ᠵᠢᠶᠠ ᠲᠦᠩ ᠬᠥᠳᠡᠯᠮᠦᠷᠢ᠎ᠶ᠋ᠢᠨ ᠵᠢᠱ᠌ᠢᠶᠡᠴᠢ᠎ᠶ᠋ᠢᠨ ᠱᠢᠨ᠎ᠡ᠎ᠶ᠋ᠢ ᠡᠭᠦᠳᠬᠦ᠌ ᠠᠵᠢᠯ᠎ᠤᠨ ᠲᠠᠰᠤᠭ᠎ᠤᠨ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ ᠰᠠᠢᠨ ᠳᠤᠷ᠎ᠠ᠎ᠶ᠋ᠢᠨ ᠦᠢᠯᠡᠴᠢᠯᠡᠭᠡᠨ᠎ᠤ ᠠᠩᠭᠢ》 ᠶ᠋ᠢ ᠪᠠᠢᠭᠤᠯᠵᠤ᠂ ᠬᠢᠵᠢᠭ᠎ᠲᠠᠢ ᠲᠠᠮᠠᠴᠡᠬᠦ᠌ ᠡᠮᠦᠨ᠎ᠡ ᠹᠷᠣᠨᠲ᠎ᠤᠨ ᠠᠵᠢᠯᠲᠠᠨ ᠠᠵᠢᠯᠴᠢᠳ᠎ᠲᠤ ᠬᠢᠵᠢᠭ᠎ᠢ ᠰᠡᠷᠭᠡᠢᠯᠡᠬᠦ᠌ ᠡᠳ᠋ ᠪᠣᠳᠠᠰ ᠪᠣᠯᠤᠨ ᠠᠮᠢᠳᠤᠷᠠᠯ᠎ᠤᠨ ᠡᠳ᠋ ᠬᠡᠷᠡᠭ᠌ᠰᠡᠯ ᠬᠦᠷᠭᠡᠨ᠂ ᠬᠢᠵᠢᠭ᠎ᠢ ᠰᠡᠷᠭᠡᠢᠯᠡᠬᠦ᠌ ᠡᠮᠤᠨ᠎ᠠ ᠹᠷᠣᠨᠲ᠎ᠲᠤ ᠢᠳᠡᠪᠬᠢᠲᠡᠢ ᠠᠵᠢᠯᠯᠠᠵᠤ᠂ ᠱᠢᠨ᠎ᠡ ᠴᠠᠭ ᠦᠶ᠎ᠡ᠎ᠶ᠋ᠢᠨ ᠬᠥᠳᠡᠯᠮᠦᠷᠢ᠎ᠶ᠋ᠢᠨ ᠵᠢᠱ᠌ᠢᠶᠡᠴᠢ᠎ᠶ᠋ᠢᠨ ᠴᠤᠭ ᠵᠢᠪᠬᠤᠭ᠎ᠠ ᠪᠠ ᠡᠭᠦᠷᠭᠡᠯᠡᠯ᠎ᠢ ᠭᠦᠢᠴᠡᠳ ᠢᠯᠡᠷᠡᠭᠦᠯᠦᠭ᠌ᠰᠡᠨ ᠠᠵᠢ᠃