ᠡᠪᠦᠯ᠎ᠤᠨ ᠡᠬᠢᠨ᠎ᠤ ᠦᠤᠱᠢᠨ ᠨᠤᠲᠤᠭ ᠴᠠᠰᠤ ᠮᠦᠰᠦᠨ᠎ᠳᠤ ᠬᠤᠴᠢᠬ᠍ᠳᠠᠵᠤ᠂ ᠴᠠᠩ ᠰᠠᠬ᠍ᠰᠤᠷᠭᠠ ᠵᠡᠭᠡᠯᠢ ᠭᠤᠳᠤᠮᠵᠢ᠎ᠶ᠋ᠢ ᠴᠢᠮᠡᠵᠦ᠍᠂ ᠪᠠᠶᠠᠷ ᠪᠠᠭ᠍ᠠᠳᠤᠯ ᠬᠠᠯᠬᠢᠯᠠᠬ᠍ᠰᠠᠨ ᠱᠢᠨ᠎ᠡ ᠨᠢᠭᠡᠨ ᠡᠳᠦᠷ ᠡᠬᠢᠯᠡᠯ᠎ᠡ᠃ ᠬᠤᠱᠢᠭᠤᠨ ᠲᠦᠪ ᠭᠠᠯᠠᠭᠤᠳᠤ ᠪᠠᠯᠭᠠᠰᠤᠨ᠎ᠤ ᠨᠠᠮ᠎ᠤᠨ ᠬᠡᠱᠢᠬᠦᠨ ᠺᠠᠳ᠋ᠷᠴᠤᠳ ᠦᠪᠡᠳᠡᠭ᠌ᠰᠢ ᠬᠤᠷᠠᠯᠳᠤᠭᠠᠨ᠎ᠳᠤ ᠤᠷᠤᠯᠴᠠᠬᠤ᠎ᠪᠠᠷ ᠬᠦᠭ᠌ᠵᠢᠯᠳᠡᠢ ᠶᠠᠭᠠᠷᠠᠯᠳᠤᠨ᠎ᠠ᠃
ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠤᠷᠢᠶᠠᠨ᠎ᠤ ᠲᠠᠪᠤᠳᠤᠭᠠᠷ ᠪᠥᠬᠦᠳᠡ ᠬᠤᠷᠠᠯ ᠬᠤᠷᠠᠯᠳᠤᠭ᠍ᠰᠠᠨ᠎ᠠᠴᠠ ᠨᠠᠭᠠᠰᠢ᠂ ᠭᠠᠯᠠᠭᠤᠲᠤ ᠪᠠᠯᠭᠠᠰᠤ ᠴᠠᠬ ᠲᠤᠬᠠᠢᠳᠤᠨᠢ ᠴᠤᠤᠷᠢᠶᠠᠳᠤᠨ ᠳᠠᠭᠠᠵᠤ᠂ ᠮᠡᠳᠡᠭ᠌ᠳᠡᠯ ᠨᠡᠢᠲᠡᠯᠡᠬᠦ᠂ ᠬᠥᠨᠳᠡᠯᠡᠨ ᠪᠢᠴᠢᠭᠡᠰᠦ ᠡᠯᠭᠦᠬᠦ᠂ ᠲᠥᠪᠯᠡᠷᠡᠭᠦᠯᠦᠨ ᠰᠤᠷᠤᠯᠴᠠᠬᠤ ᠵᠡᠷᠭᠡ ᠠᠷᠭ᠎ᠠ ᠬᠡᠯᠪᠡᠷᠢ᠎ᠪᠠᠷ ᠳᠠᠮᠵᠢᠨ᠂ ᠪᠦᠬᠦ᠌ ᠺᠠᠳ᠋ᠷ ᠠᠵᠢᠯᠲᠠᠨ ᠠᠵᠢᠯᠴᠢᠨ ᠪᠣᠯᠤᠨ ᠰᠠᠭᠤᠭᠠᠯᠢ ᠠᠷᠠᠳ᠎ᠢ ᠲᠠᠢᠴᠢᠯᠡᠨ ᠬᠤᠷᠠᠯ᠎ᠤᠨ ᠵᠤᠷᠢᠬ ᠰᠠᠨᠠᠭ᠎ᠠ᠎ᠶ᠋ᠢ ᠤᠯᠠᠮᠵᠢᠯᠠᠨ ᠰᠤᠷᠤᠯᠴᠠᠭ᠍ᠰᠠᠨ ᠪᠦᠭᠡᠳ ᠰᠤᠷᠤᠯᠴᠠᠯᠭ᠎ᠠ᠎ᠶ᠋ᠢᠨ ᠬᠠᠯᠠᠭᠤᠨ ᠦᠷᠨᠢᠯᠳᠡ᠎ᠶ᠋ᠢ ᠪᠤᠢ ᠪᠤᠯᠭᠠᠬᠤ᠎ᠶ᠋ᠢᠨ ᠲᠥᠯᠥᠭᠡ᠂ ᠤᠢ᠍ᠢᠷ᠎ᠠ᠎ᠶ᠋ᠢᠨ ᠡᠳᠦᠷ 2 ᠪᠠᠢᠭᠤᠯᠭ᠎ᠠ᠎ᠶ᠋ᠢᠨ ᠨᠠᠮ᠎ᠤᠨ ᠡᠭᠦᠷ ᠵᠢᠴᠢ 18 ᠨᠡᠢᠭᠡᠮ ᠲᠣᠭᠤᠷᠢᠭ ᠭᠠᠴᠠᠭ᠎ᠠ ᠲᠣᠰᠭᠤᠨ᠎ᠤ ᠨᠠᠮ᠎ᠤᠨ ᠡᠭᠦᠷ᠎ᠢ ᠵᠣᠬᠢᠶᠠᠨ ᠪᠠᠢᠭᠤᠯᠤᠨ ᠬᠠᠮᠲᠤᠷᠠᠭ᠍ᠰᠠᠨ ᠭᠤᠤᠯ ᠰᠡᠳᠦᠪᠲᠦ ᠨᠠᠮ᠎ᠤᠨ ᠡᠳᠦᠷᠯᠢᠭ᠎ᠤᠨ ᠠᠵᠢᠯᠯᠠᠭ᠎ᠠ ᠥᠷᠨᠢᠭᠦᠯᠦᠭ᠌ᠰᠡᠨ᠎ᠨᠢ ᠡᠨᠡ ᠪᠠᠢᠯ᠎ᠠ᠃ ᠪᠠᠯᠭᠠᠰᠤᠨ᠎ᠤ ᠡᠯ᠎ᠡ ᠰᠠᠯᠠᠭᠠᠨ ᠲᠡᠰ᠎ᠤᠨ ᠺᠠᠳ᠋ᠷ᠂ ᠡᠯ᠎ᠡ ᠭᠠᠴᠠᠭ᠎ᠠ ᠲᠣᠰᠭᠤᠨ ᠨᠡᠢᠭᠡᠮ ᠲᠣᠭᠤᠷᠢᠭ᠎ᠤᠨ ᠨᠠᠮ᠎ᠤᠨ ᠡᠭᠦᠷ᠎ᠤᠨ ᠱᠦᠵᠢ᠂ ᠲᠣᠰᠭᠤᠨ᠎ᠳᠤ ᠰᠠᠭᠤᠭ᠎ᠠ ᠠᠵᠢᠯᠯᠠᠬᠤ ᠠᠩᠬᠢ᠂ ᠪᠦᠬᠦ᠌ ᠺᠠᠳ᠋ᠷ ᠠᠵᠢᠯᠳᠠᠨ᠂ ᠰᠠᠭᠤᠭᠠᠯᠢ ᠠᠷᠠᠳ᠎ᠤᠨ ᠨᠠᠮ᠎ᠤᠨ ᠭᠡᠱᠢᠭᠦᠨ ᠵᠢᠴᠢ ᠮᠠᠯᠴᠢᠨ ᠲᠠᠷᠢᠶᠠᠴᠢᠨ᠎ᠤ ᠲᠦᠯᠦᠭᠡᠯᠡᠭ᠌ᠴᠢ ᠨᠡᠢᠳᠡ 400 ᠭᠠᠷᠤᠢ ᠬᠥᠮᠦᠨ ᠬᠠᠮᠳᠤ᠎ᠶ᠋ᠢᠨ ᠰᠤᠷᠤᠯᠴᠠᠯᠭ᠎ᠠ᠎ᠳᠤ ᠤᠷᠤᠯᠴᠠᠬ᠍ᠰᠠᠨ ᠪᠠᠢᠨ᠎ᠠ᠃
ᠬᠤᠱᠢᠭᠤᠨ᠎ᠤ ᠨᠠᠮ᠎ᠤᠨ ᠰᠤᠷᠭᠠᠭᠤᠯᠢ᠎ᠶ᠋ᠢᠨ ᠯᠧᠺᠲ᠋ᠤᠷ ᠬᠦᠸᠧ ᠲᠢᠩ ᠲᠢᠩ 《ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠦᠪ ᠬᠤᠷᠢᠶᠠᠨ᠎ᠤ ᠲᠠᠪᠤᠳᠤᠭᠠᠷ ᠪᠦᠭᠦᠳᠡ ᠬᠤᠷᠠᠯ᠎ᠤᠨ ᠵᠤᠷᠢᠬ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠵᠤ᠂ ᠨᠡᠢᠭᠡᠮ ᠵᠢᠷᠦᠮᠲᠤ ᠤᠳᠤᠬᠢᠴᠢᠯᠠᠬ᠍ᠰᠠᠨ ᠤᠯᠤᠰ᠎ᠢ ᠪᠦᠲᠦᠭᠡᠨ ᠪᠠᠢᠭᠤᠯᠬᠤ ᠱᠢᠨ᠎ᠡ ᠢᠯᠠᠯᠲᠠ᠎ᠶ᠋ᠢ ᠤᠯᠬᠤ᠎ᠪᠠᠷ ᠴᠢᠷᠮᠠᠢᠨ ᠲᠡᠮᠡᠴᠡᠶ᠎ᠡ》 ᠬᠡᠬᠦ᠌ ᠲᠤᠰᠭᠠᠢ ᠰᠡᠳᠦᠪ᠎ᠲᠤ ᠲᠠᠢᠯᠤᠮᠵᠢ ᠬᠢᠵᠦ᠍᠂ ᠲᠠᠪᠤᠳᠤᠭᠠᠷ ᠪᠦᠭᠦᠳᠡ ᠬᠤᠷᠠᠯ᠎ᠤᠨ ᠬᠤᠷᠠᠯᠳᠤᠭ᠍ᠰᠠᠨ ᠦᠨᠳᠦᠰᠦᠨ ᠪᠠᠢᠳᠠᠯ᠂ ᠴᠢᠬᠤᠯᠠ ᠶᠡᠭᠡ ᠠᠴᠢ ᠬᠤᠯᠪᠤᠬ᠍ᠳᠠᠯ ᠪᠠ 《ᠠᠷᠪᠠᠨ ᠲᠦᠷᠪᠡᠳᠦᠭᠡᠷ ᠲᠠᠪᠤᠨ ᠵᠢᠯ》 ᠤᠨ ᠲᠦᠯᠦᠪᠵᠢᠭᠦᠯᠬᠡ᠎ᠶ᠋ᠢᠨ ᠬᠤᠭᠤᠴᠠᠭᠠᠨ᠎ᠳᠠᠬᠢ ᠤᠯᠤᠰ ᠠᠷᠠᠳ᠎ᠤᠨ ᠠᠵᠤ ᠠᠬᠤᠢ ᠨᠡᠢᠭᠡᠮ᠎ᠤᠨ ᠬᠦᠭ᠌ᠵᠢᠯᠲᠡ᠎ᠶ᠋ᠢᠨ ᠵᠢᠯᠤᠭᠤᠳᠭᠤ ᠴᠢᠭ᠌ᠯᠡᠯᠲᠡ᠂ ᠭᠤᠤᠯ ᠬᠠᠷᠠᠯᠳᠠ᠂ ᠭᠤᠤᠯᠳᠠᠯᠭ᠎ᠠ᠎ᠲᠠᠢ ᠡᠭᠦᠷᠭᠡ ᠵᠡᠷᠭᠡ ᠲᠠᠯ᠎ᠠ᠎ᠪᠠᠷ ᠬᠦᠨᠵᠡᠭᠡᠢ ᠲᠠᠢᠯᠪᠤᠷᠢᠯᠠᠪᠠ᠃
ᠰᠠᠷᠠᠭᠤᠯᠳᠤ ᠭᠠᠴᠠᠭᠠᠨ᠎ᠤ ᠨᠠᠮ᠎ᠤᠨ ᠡᠬᠦᠷ᠎ᠤᠨ ᠱᠦᠵᠢ ᠪᠦᠷᠢᠨᠪᠠᠳᠤ᠄ 《ᠲᠠᠪᠤᠳᠤᠭᠠᠷ ᠪᠦᠬᠦᠳᠡ ᠬᠤᠷᠠᠯ᠎ᠠᠴᠠ ᠮᠠᠨ᠎ᠤ ᠬᠤᠢᠱᠢᠳᠠ᠎ᠶ᠋ᠢᠨ ᠠᠵᠢᠯ ᠴᠢᠷᠮᠠᠢᠯᠭ᠎ᠠ᠎ᠳᠤ ᠬᠠᠨᠳᠤᠰᠢ ᠪᠠ ᠵᠦᠭ᠌ᠯᠡᠬᠦᠷ ᠬᠠᠩᠭᠠᠵᠠᠢ᠃ ᠢᠯᠠᠩᠭᠤᠶ᠎ᠠ ᠬᠦᠳᠡᠭᠡ ᠲᠤᠰᠭᠤᠨ᠎ᠢ ᠤᠷᠢᠳ᠎ᠢᠶᠠᠷ ᠬᠦᠭ᠌ᠵᠢᠬᠦᠯᠦᠨ ᠮᠠᠨᠳᠤᠭᠤᠯᠬᠤ ᠲᠤᠬᠠᠢ ᠴᠢᠭ᠌ᠯᠡᠯᠳᠡ ᠲᠦᠷᠦ᠎ᠶ᠋ᠢᠨ ᠪᠤᠳᠤᠯᠭ᠎ᠠ᠎ᠨᠢ ᠮᠠᠨ᠎ᠤ ᠮᠠᠯᠵᠢᠬᠤ ᠲᠠᠷᠢᠶᠠᠯᠠᠬᠤ ᠤᠷᠤᠨ᠎ᠳᠤ ᠮᠠᠰᠢ ᠰᠠᠢᠨ ᠠᠵᠠ ᠵᠠᠪᠱᠢᠶᠠᠨ ᠪᠤᠯᠤᠯ᠎ᠠ᠃ ᠪᠢᠳᠡ ᠬᠦᠳᠡᠭᠡ ᠲᠤᠰᠭᠤᠨ᠎ᠢ ᠬᠦᠭ᠌ᠵᠢᠬᠦᠯᠦᠨ ᠮᠠᠨᠳᠤᠭᠤᠯᠬᠤ ᠠᠵᠠ ᠲᠤᠬᠢᠶᠠᠯ᠎ᠢ ᠠᠱᠢᠭ᠍ᠯᠠᠵᠤ᠂ ᠮᠠᠯ ᠠᠵᠤ ᠠᠬᠤᠢ᠎ᠶ᠋ᠢᠨ ᠰᠠᠭᠤᠷᠢ ᠲᠦᠬᠦᠭᠡᠷᠦᠮᠵᠢ᠎ᠪᠠᠨ ᠪᠠᠬᠢᠵᠢᠬᠦᠯᠦᠨ ᠰᠠᠢᠵᠢᠷᠠᠭᠤᠯᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠠᠱᠢᠭ᠍ᠯᠠᠯᠳᠠᠶ᠋ᠢ ᠲᠡᠭᠡᠭ᠌ᠰᠢᠯᠡᠬᠦᠯᠵᠦ᠍᠂ ᠤᠳᠤ ᠦᠶ᠎ᠡ᠎ᠶ᠋ᠢᠨ ᠮᠠᠯ ᠠᠵᠤ ᠠᠬᠤᠢ᠎ᠶ᠋ᠢ ᠬᠦᠭ᠌ᠵᠢᠬᠦᠯᠵᠦ᠍ ᠮᠠᠯᠴᠢᠳ᠎ᠤᠨ ᠤᠷᠤᠯᠭ᠎ᠠ᠎ᠶ᠋ᠢ ᠦᠷᠬᠦᠯᠵᠢᠯᠡᠨ ᠨᠡᠮᠡᠭ᠌ᠳᠡᠬᠦᠯᠬᠦ᠌᠎ᠶ᠋ᠢᠨ ᠬᠠᠮᠳᠤ᠂ ᠬᠠᠮᠳᠤ᠎ᠶ᠋ᠢᠨ ᠠᠵᠤ ᠠᠬᠤᠢ᠎ᠪᠠᠨ ᠪᠤᠵᠠᠭᠠᠢᠷᠠᠭᠤᠯᠤᠨ᠎ᠠ》 ᠭᠡᠵᠦ᠍ ᠢᠳᠡᠭᠡᠯ ᠲᠡᠭᠦᠯᠳᠡᠷ ᠶᠠᠷᠢᠵᠤ ᠪᠠᠢᠯ᠎ᠠ᠃ ᠰᠠᠷᠠᠭᠤᠯᠳᠤ ᠭᠠᠴᠠᠭ᠎ᠠ ᠭᠠᠯᠠᠭᠤᠳᠤ ᠪᠠᠯᠭᠠᠰᠤ᠎ᠠᠴᠠ ᠬᠤᠢᠰᠢ 29 ᠺᠢᠯᠤᠮᠧᠲᠷ ᠵᠠᠢᠳᠠᠢ᠂ 415 ᠡᠷᠦᠭᠡ᠎ᠲᠠᠢ ᠴᠤᠯ ᠮᠠᠯᠵᠢᠬᠤ ᠭᠠᠴᠠᠭ᠎ᠠ ᠪᠤᠯᠤᠨ᠎ᠠ᠃ 62 ᠲᠦᠮᠡ ᠭᠠᠷᠤᠢ ᠨᠤᠳᠤᠭ ᠪᠡᠯᠴᠢᠭᠡᠷ᠎ᠲᠠᠢ᠂ 5000 ᠭᠠᠷᠤᠢ ᠮᠦ᠍ ᠲᠠᠷᠢᠶᠠᠨ ᠭᠠᠵᠠᠷ᠎ᠲᠠᠢ ᠪᠠᠢᠵᠤ᠂ ᠬᠦᠮᠦᠨ ᠲᠤᠮᠳᠠᠴᠢ᠎ᠶ᠋ᠢᠨ ᠵᠢᠯ᠎ᠤᠨ ᠤᠷᠤᠯᠭ᠎ᠠ 18000 ᠭᠠᠷᠤᠢ ᠲᠦᠬᠦᠷᠢᠭ᠎ᠲᠤ ᠬᠦᠷᠴᠦ᠍᠂ ᠶᠠᠳᠠᠭᠤ᠎ᠠᠴᠠ ᠠᠩᠬᠢᠵᠢᠷᠠᠭᠤᠯᠬᠤ ᠪᠤᠭᠤᠮᠳᠠ ᠱᠢᠪᠳᠤᠯᠬᠤ ᠲᠠᠢᠯᠠᠯᠳᠤᠭᠠᠨ᠎ᠤ ᠦᠷ᠎ᠡ ᠪᠦᠳᠦᠭᠡᠯ᠎ᠢᠶᠠᠨ ᠪᠠᠬᠢᠵᠢᠬᠦᠯᠵᠦ᠍᠂ ᠴᠢᠨᠡᠭᠡᠯᠢᠭ ᠨᠡᠢᠭᠡᠮ ᠲᠠᠢᠰᠢ ᠮᠡᠷᠡᠢᠨ ᠴᠢᠷᠮᠠᠢᠨᠠᠮ᠃
《ᠪᠡᠯᠡ ᠮᠦᠩᠬᠦ᠌ ᠡᠳ᠋ ᠪᠤᠳᠠᠰ ᠦᠭ᠌ᠬᠦᠭ᠌ᠰᠡᠨ᠎ᠠᠴᠠ ᠨᠢᠭᠡ ᠰᠠᠢᠨ ᠨᠠᠮ᠎ᠤᠨ ᠡᠬᠦᠷ ᠪᠠᠢᠭᠤᠯᠵᠤ ᠦᠭ᠌ᠬᠦᠭ᠌ᠰᠡᠨ᠎ᠨᠢ ᠰᠠᠢᠨ》 ᠭᠡᠳᠡᠭ᠃ ᠭᠠᠯᠠᠭᠤᠳᠤ ᠪᠠᠯᠭᠠᠰᠤ ᠦᠨᠳᠦᠰᠦᠨ ᠱᠠᠳᠤᠨ᠎ᠤ ᠨᠠᠮ᠎ᠤᠨ ᠡᠬᠦᠷ᠎ᠤᠨ ᠵᠤᠬᠢᠶᠠᠨ ᠪᠠᠢᠭᠤᠯᠤᠯᠳᠠ᠎ᠶ᠋ᠢᠨ ᠲᠠᠢᠴᠢᠨ ᠬᠦᠴᠦᠨ᠎ᠢ ᠬᠦᠢᠴᠡᠳ ᠪᠠᠳᠠᠷᠠᠭᠤᠯᠵᠤ᠂ ᠨᠠᠮ᠎ᠤᠨ ᠪᠠᠢᠭᠤᠯᠤᠯᠳᠠ᠎ᠶ᠋ᠢᠨ ᠲᠠᠪᠠᠭᠤᠯᠢᠭ᠎ᠢ ᠬᠦᠭ᠌ᠵᠢᠯᠳᠡ᠎ᠶ᠋ᠢᠨ ᠲᠠᠪᠠᠭᠤᠯᠢᠭ ᠪᠤᠯᠭᠠᠨ᠂ 《ᠨᠠᠮ᠎ᠤᠨ ᠬᠡᠱᠢᠬᠦᠨ +》 ᠵᠠᠭ᠍ᠪᠤᠷ᠎ᠢ ᠬᠡᠷᠡᠭ᠌ᠵᠢᠬᠦᠯᠵᠦ᠍᠂ ᠦᠨᠳᠦᠰᠦᠨ ᠱᠠᠳᠤᠨ᠎ᠤ ᠨᠠᠮ᠎ᠤᠨ ᠪᠠᠢᠭᠤᠯᠤᠯᠳᠠ ᠪᠤᠯᠤᠨ ᠶᠠᠳᠠᠭᠤ᠎ᠠᠴᠠ ᠠᠩᠬᠢᠵᠢᠷᠠᠭᠤᠯᠬᠤ ᠪᠤᠭᠤᠮᠳᠠ ᠱᠢᠪᠳᠤᠯᠬᠤ ᠲᠠᠢᠯᠠᠯᠳᠤᠭᠠᠨ᠂ ᠬᠦᠳᠡᠭᠡ ᠲᠤᠰᠭᠤᠨ᠎ᠢ ᠬᠦᠭ᠌ᠵᠢᠬᠦᠯᠦᠨ ᠮᠠᠨᠳᠤᠭᠤᠯᠬᠤ᠎ᠶ᠋ᠢ ᠵᠡᠷᠭᠡᠳᠡ ᠠᠬᠢᠭᠤᠯᠵᠤ᠂ ᠨᠠᠮ᠎ᠤᠨ ᠪᠠᠢᠭᠤᠯᠤᠯᠳᠠ᠎ᠪᠠᠷ ᠶᠠᠳᠠᠭᠤ᠎ᠠᠴᠠ ᠠᠩᠬᠢᠵᠢᠷᠠᠭᠤᠯᠬᠤ᠎ᠶ᠋ᠢ ᠠᠬᠢᠭᠤᠯᠵᠤ᠂ ᠬᠦᠳᠡᠭᠡ ᠲᠤᠰᠭᠤᠨ᠎ᠢ ᠬᠦᠭ᠌ᠵᠢᠬᠦᠯᠦᠨ ᠮᠠᠨᠳᠤᠭᠤᠯᠬᠤ ᠵᠠᠮ᠎ᠢ ᠨᠡᠭᠡᠭᠡᠭ᠌ᠰᠡᠨ ᠪᠠᠢᠨ᠎ᠠ᠃ ᠬᠠᠮᠳᠤ᠎ᠶ᠋ᠢᠨ ᠠᠵᠤ ᠠᠬᠤᠢ ᠦᠭᠡᠢ ᠬᠤᠭᠤᠰᠤᠨ ᠪᠠᠢᠭ᠍ᠰᠠᠨ ᠭᠠᠯᠠᠭᠤᠳᠤ ᠪᠠᠯᠭᠠᠰᠤᠨ᠎ᠤ ᠮᠤᠳᠤᠨᠴᠠᠢᠳᠠᠮ ᠭᠠᠴᠠᠭ᠎ᠠ᠎ᠶ᠋ᠢᠨ᠎ᠬᠢᠨ ᠨᠠᠮ᠎ᠤᠨ ᠡᠬᠦᠷ᠎ᠤᠨ ᠲᠠᠢᠴᠢᠯᠠᠯ ᠲᠤᠤᠷ᠎ᠠ ᠲᠡᠵᠢᠭᠡᠨ ᠦᠷᠡᠵᠢᠬᠦᠯᠬᠦ᠌ ᠦᠢᠯᠡᠰ ᠡᠷᠬᠢᠯᠡᠵᠦ᠍᠂ ᠬᠠᠮᠳᠤ᠎ᠶ᠋ᠢᠨ ᠠᠵᠤ ᠠᠬᠤᠢ᠎ᠶ᠋ᠢᠨ ᠤᠷᠤᠯᠭ᠎ᠠ 27 ᠲᠦᠮᠡᠨ ᠲᠦᠬᠦᠷᠢᠭ᠎ᠢ ᠪᠡᠶᠡᠯᠡᠬᠦᠯᠪᠠ᠃
ᠦᠩᠭᠡᠷᠡᠭ᠌ᠰᠡᠨ ᠲᠠᠪᠤᠨ ᠵᠢᠯ᠎ᠢ ᠡᠷᠬᠢᠴᠡᠬᠦᠯᠬᠦᠶ᠎ᠡ ᠱᠢᠨ᠎ᠡ ᠮᠠᠯᠵᠢᠬᠤ ᠲᠠᠷᠢᠶᠠᠯᠠᠬᠤ ᠤᠷᠤᠨ᠎ᠤ ᠪᠦᠳᠦᠭᠡᠨ ᠪᠠᠢᠭᠤᠯᠤᠯᠳᠠ ᠱᠢᠨ᠎ᠡ ᠲᠡᠭ᠌ᠳᠡᠷ᠎ᠲᠤ ᠭᠠᠷᠴᠤ᠌᠂ ᠮᠠᠯᠴᠢᠨ ᠲᠠᠷᠢᠶᠠᠴᠢᠨ᠎ᠤ ᠠᠮᠢᠳᠤᠷᠠᠯ ᠡᠳᠦᠷ ᠢᠷᠡᠬᠦᠶ᠎ᠡ ᠰᠠᠢᠵᠢᠷᠠᠵᠤ᠂ ᠤᠯᠠᠨ ᠲᠦᠮᠡᠨ᠎ᠤ ᠬᠦᠷᠳᠡᠮᠵᠢ᠎ᠶ᠋ᠢᠨ ᠲᠦᠷᠦᠭ᠌ᠳᠡᠯ᠂ ᠵᠤᠯ ᠵᠢᠷᠭᠠᠯ᠎ᠤᠨ ᠲᠦᠷᠦᠭ᠌ᠳᠡᠯ ᠤᠯᠠᠮ᠎ᠢᠶᠠᠷ ᠨᠡᠮᠡᠭ᠌ᠳᠡᠪᠡ᠃ ᠨᠡᠢᠭᠡᠮ ᠲᠤᠭᠤᠷᠢᠭ ᠭᠠᠴᠠᠭ᠎ᠠ ᠲᠤᠰᠭᠤᠨ᠎ᠤ ᠨᠠᠮ᠎ᠤᠨ ᠡᠬᠦᠷ᠎ᠤᠨ ᠲᠦᠯᠦᠭᠡᠯᠡᠭ᠌ᠴᠢ᠎ᠠᠴᠠ᠂ ᠲᠠᠪᠤᠳᠤᠭᠠᠷ ᠪᠥᠬᠦᠳᠡ ᠬᠤᠷᠠᠯ᠎ᠤᠨ ᠵᠤᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠬᠤ᠎ᠳᠤ᠂ ᠡᠷᠬᠡᠪᠰᠢ ᠵᠣᠭ᠍ᠰᠣᠴᠠ᠎ᠪᠠᠨ ᠳᠡᠭᠡᠭ᠌ᠰᠢᠯᠡᠭᠦᠯᠬᠦ᠌᠎ᠶ᠋ᠢ ᠪᠠᠷᠢᠮᠲᠠᠯᠠᠵᠤ᠂ ᠦᠨᠡᠨ ᠪᠣᠳᠠᠲᠠᠢ ᠰᠤᠷᠤᠯᠴᠠᠬᠤ᠎ᠶ᠋ᠢ ᠴᠢᠬᠤᠯᠠᠴᠢᠯᠠᠬᠤ ᠬᠡᠷᠡᠭ᠌ᠲᠡᠢ᠃ ᠲᠠᠪᠤᠳᠤᠭᠠᠷ ᠪᠥᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠦᠨᠳᠦᠰᠦᠨ ᠱᠠᠲᠤᠨ᠎ᠳᠤ ᠦᠨᠡᠨᠬᠦ᠌ ᠲᠠᠮᠵᠢᠭᠤᠯᠵᠤ᠂ ᠠᠮᠢᠳᠤᠷᠠᠯ᠎ᠳᠤ ᠠᠭᠤᠰᠭᠠᠨ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠳᠤ ᠡᠬᠡ ᠤᠯᠤᠰ᠎ᠤᠨ ᠬᠦᠴᠦᠷᠬᠡᠭ᠌ᠵᠢᠯ ᠮᠠᠨᠳᠤᠯ᠂ ᠠᠷᠠᠳ᠎ᠤᠨ ᠠᠮᠢᠳᠤᠷᠠᠯ᠎ᠤᠨ ᠯᠤᠲᠤ ᠶᠡᠭᠡ ᠬᠤᠪᠢᠷᠠᠯᠳᠠ᠎ᠶ᠋ᠢ ᠲᠠᠰᠤᠷᠠᠯᠲᠠ ᠤᠢ᠍ᠭᠡᠢ ᠮᠡᠳᠡᠷᠡᠭᠦᠯᠵᠦ᠍᠂ ᠢᠳᠡᠭᠡᠯ ᠵᠤᠷᠢᠭ᠎ᠢᠶᠠᠨ ᠬᠦᠪᠴᠢᠯᠡᠵᠦ᠍ ᠦᠵᠡᠰᠭᠦᠯᠡᠩᠳᠦ ᠰᠠᠢᠬᠠᠨ ᠬᠦᠳᠡᠭᠡ ᠲᠤᠰᠭᠤᠨ᠎ᠢ ᠪᠦᠳᠦᠭᠡᠨ ᠪᠠᠢᠭᠤᠯᠬᠤ᠎ᠳᠤ ᠵᠤᠬᠢᠶᠠᠨ ᠪᠠᠢᠭᠤᠯᠤᠯᠳᠠ᠎ᠶ᠋ᠢᠨ ᠨᠢᠭ᠍ᠳᠠᠷᠠᠭᠤᠯᠬᠤ ᠬᠦᠴᠦᠨ᠂ ᠲᠠᠢᠴᠢᠨ ᠬᠦᠴᠦᠨ᠂ ᠲᠠᠭᠠᠭᠤᠯᠬᠤ ᠦᠢᠯᠡᠳᠦᠯ᠎ᠢᠶᠠᠨ ᠬᠦᠢᠴᠡᠳ ᠪᠠᠳᠠᠷᠠᠭᠤᠯᠤᠨ᠎ᠠ ᠭᠡᠵᠦ᠍ ᠪᠠᠢᠯ᠎ᠠ᠃