ᠦᠪᠦᠷ ᠮᠤᠩᠭᠤᠯ᠎ᠤᠨ ᠮᠠᠯᠵᠢᠬᠤ ᠤᠷᠤᠨ᠎ᠳᠠᠬᠢ ᠬᠦᠳᠡᠭᠡ ᠲᠤᠰᠭᠤᠨ᠎ᠤ ᠮᠦᠩᠭᠦᠨ ᠬᠦᠢᠯᠭᠡᠭᠡᠨ᠎ᠤ ᠦᠢᠯᠡᠴᠢᠯᠡᠭᠡ᠎ᠶ᠋ᠢ ᠰᠠᠢᠵᠢᠷᠠᠭᠤᠯᠬᠤ ᠲᠤᠬᠠᠢ ᠰᠤᠳᠤᠯᠤᠯ
2020-12-16 11:57:00
ᠵᠣᠬᠢᠶᠠᠭ᠍ᠴᠢ᠄
ᠪᠠᠯᠵᠢᠨᠢᠮ᠎ᠠ
ᠣᠩᠱᠢᠭ᠍ᠰᠠᠨ ᠣᠳᠠᠭ᠎ᠠ᠄
★★★☆☆

ᠮᠦᠩᠭᠦᠨ ᠭᠦᠢᠯᠭᠡᠭᠡᠨ᠎ᠤ ᠬᠦᠷᠦᠩᠭᠡ ᠪᠤᠯ ᠦᠪᠦᠷ ᠮᠤᠩᠭᠤᠯ᠎ᠤᠨ ᠬᠦᠳᠡᠭᠡ ᠲᠤᠰᠭᠤᠨ᠎ᠤ ᠬᠦᠭ᠌ᠵᠢᠯᠳᠡ᠎ᠶ᠋ᠢ ᠬᠦᠯᠢᠶᠡᠰᠦᠯᠡᠵᠦ᠍ ᠪᠠᠢᠭ᠎ᠠ ᠬᠠᠮᠤᠭ ᠴᠢᠬᠤᠯᠠ ᠡᠯᠧᠮᠧᠨ᠋ᠲ ᠪᠤᠯᠤᠨ᠎ᠠ᠃ ᠬᠦᠳᠡᠭᠡ ᠲᠤᠰᠭᠤᠨ᠎ᠤ ᠮᠦᠩᠭᠦᠨ ᠭᠦᠢᠯᠭᠡᠭᠡᠨ᠎ᠤ ᠲᠤᠭ᠍ᠳᠠᠯᠴᠠᠭ᠎ᠠ ᠬᠠᠷᠠᠬᠠᠨ ᠲᠡᠭᠦᠯᠳᠡᠷᠵᠢᠭᠡᠳᠦᠢ᠂ ᠮᠦᠩᠭᠦᠨ ᠭᠦᠢᠯᠭᠡᠭᠡᠨ᠎ᠤ ᠰᠠᠭᠤᠷᠢ ᠲᠦᠬᠦᠭᠡᠷᠦᠮᠵᠢ᠎ᠶ᠋ᠢᠨ ᠪᠦᠳᠦᠭᠡᠨ ᠪᠠᠢᠭᠤᠯᠤᠯᠳᠠ ᠬᠤᠴᠤᠷᠤᠩᠭᠤᠢ᠂ ᠲᠦᠷᠦ᠎ᠶ᠋ᠢᠨ ᠪᠤᠳᠤᠯᠭ᠎ᠠ᠎ᠶ᠋ᠢᠨ ᠤᠨᠳᠤᠤᠱᠢᠯ ᠵᠡᠷᠭᠡ ᠠᠰᠠᠭᠤᠳᠠᠯ᠎ᠨᠢ ᠦᠪᠦᠷ ᠮᠤᠩᠭᠤᠯ᠎ᠤᠨ ᠬᠦᠳᠡᠭᠡ ᠲᠤᠰᠭᠤᠨ᠎ᠤ ᠮᠦᠩᠭᠦᠨ ᠭᠦᠢᠯᠭᠡᠭᠡᠨ᠎ᠤ ᠬᠦᠭ᠌ᠵᠢᠯᠳᠡ᠎ᠳᠤ ᠬᠦᠴᠢᠷᠳᠡᠯ ᠠᠪᠴᠢᠷᠠᠵᠠᠢ᠃ ᠮᠦᠩᠭᠦᠨ ᠭᠦᠢᠯᠭᠡᠭᠡᠨ᠎ᠤ ᠪᠠᠢᠭᠤᠯᠤᠮᠵᠢ᠎ᠨᠤᠭᠤᠳ ᠮᠦᠩᠭᠦᠨ ᠭᠦᠢᠯᠭᠡᠭᠡᠨ᠎ᠤ ᠦᠢᠯᠡᠴᠢᠯᠡᠭᠡ᠎ᠪᠠᠨ ᠰᠠᠢᠵᠢᠷᠠᠭᠤᠯᠪᠠᠯ ᠵᠦᠢᠳᠡᠢ᠂ ᠲᠠᠷᠤᠢ ᠮᠠᠯᠵᠢᠬᠤ ᠤᠷᠤᠨ᠎ᠳᠠᠬᠢ ᠮᠦᠩᠭᠦᠨ ᠭᠦᠢᠯᠭᠡᠭᠡᠨ᠎ᠤ ᠦᠢᠯᠡᠳᠭᠦᠨ᠎ᠢᠶᠠᠨ ᠱᠢᠨᠡᠴᠢᠯᠡᠬᠦ᠂ ᠮᠦᠩᠭᠦᠨ ᠭᠦᠢᠯᠭᠡᠭᠡᠨ᠎ᠤ ᠦᠢᠯᠡᠳᠭᠦᠨ᠎ᠢᠶᠠᠨ ᠤᠯᠠᠱᠢᠷᠠᠭᠤᠯᠬᠤ᠂ ᠮᠦᠩᠭᠦᠨ ᠭᠦᠢᠯᠭᠡᠭᠡᠨ᠎ᠤ ᠦᠢᠯᠡᠴᠢᠯᠡᠭᠡ᠎ᠪᠠᠨ ᠤᠷᠳᠤᠳᠭᠠᠬᠤ᠂ ᠮᠦᠩᠭᠦᠨ ᠭᠦᠢᠯᠭᠡᠭᠡᠨ᠎ᠤ ᠰᠠᠭᠤᠷᠢ ᠲᠦᠭᠦᠭᠡᠷᠦᠮᠵᠢ᠎ᠶ᠋ᠢᠨ ᠪᠦᠳᠦᠭᠡᠨ ᠪᠠᠢᠭᠤᠯᠤᠯᠳᠠ᠎ᠪᠠᠨ ᠴᠢᠩᠭᠠᠳᠭᠠᠬᠤ ᠵᠡᠷᠭᠡ ᠬᠡᠳᠦᠨ ᠲᠠᠯ᠎ᠠ᠎ᠪᠠᠨ ᠰᠠᠢᠵᠢᠷᠠᠭᠤᠯᠬᠤ᠎ᠪᠠᠷ ᠲᠠᠮᠵᠢᠨ ᠮᠦᠩᠭᠦᠨ ᠭᠦᠢᠯᠭᠡᠭᠡᠨ᠎ᠤ ᠬᠠᠩᠭᠠᠯᠭ᠎ᠠ᠎ᠶ᠋ᠢᠨ ᠴᠢᠨᠠᠷ ᠪᠦᠳᠦᠮᠵᠢ᠎ᠶ᠋ᠢ ᠲᠡᠭᠡᠭ᠌ᠰᠢᠯᠡᠭᠦᠯᠵᠦ᠍᠂ ᠬᠦᠳᠡᠭᠡ ᠲᠤᠰᠭᠤᠨ᠎ᠤ ᠠᠵᠤ ᠠᠬᠤᠢ᠎ᠶ᠋ᠢᠨ ᠲᠦᠷᠭᠡᠨ ᠬᠦᠭ᠌ᠵᠢᠯᠳᠡ᠎ᠶ᠋ᠢ ᠠᠬᠢᠭᠤᠯᠪᠠᠯ ᠵᠤᠬᠢᠨ᠎ᠠ᠃

ᠨᠢᠭᠡ᠂ ᠤᠳᠤᠷᠢᠳᠭᠠᠯ

ᠮᠠᠯᠵᠢᠬᠤ ᠤᠷᠤᠨ᠎ᠨᠢ ᠮᠠᠨ᠎ᠤ ᠤᠷᠤᠨ᠎ᠤ ᠠᠵᠤ ᠠᠬᠤᠢ ᠨᠡᠢᠭᠡᠮ᠎ᠤᠨ ᠬᠦᠭ᠌ᠵᠢᠯᠳᠡ᠎ᠶ᠋ᠢᠨ ᠶᠠᠪᠤᠴᠠ᠎ᠳᠤ ᠠᠵᠤ ᠠᠬᠤᠢ᠎ᠶ᠋ᠢᠨ ᠴᠢᠳᠠᠪᠬᠢ᠂ ᠠᠮᠢ ᠠᠬᠤᠢ ᠪᠠ ᠰᠤᠶᠤᠯ᠎ᠤᠨ ᠦᠨ᠎ᠡ ᠦᠷᠳᠡᠭ᠎ᠲᠠᠢ ᠪᠠᠢᠳᠠᠭ᠂ ᠪᠦᠬᠦ᠌ ᠤᠷᠤᠨ᠎ᠳᠤ ᠨᠡᠢᠳᠡ 33 ᠮᠠᠯᠵᠢᠬᠤ ᠬᠤᠱᠢᠭᠤ ᠱᠢᠶᠠᠨ ᠪᠤᠢ᠃ ᠪᠠᠢᠭᠠᠯᠢ᠎ᠶ᠋ᠢᠨ ᠤᠷᠴᠢᠨ ᠠᠬᠤᠢ᠂ ᠮᠡᠷᠭᠡᠵᠢᠯ᠂ ᠨᠡᠢᠭᠡᠮ᠂ ᠠᠵᠤ ᠠᠬᠤᠢ᠂ ᠲᠡᠤᠬᠡ ᠵᠡᠷᠭᠡ ᠤᠯᠠᠨ ᠡᠯᠧᠮᠧᠨ᠋ᠲ᠎ᠤᠨ ᠨᠦᠯᠦᠭᠡᠯᠡᠯ᠎ᠢᠶᠠᠷ ᠮᠠᠯᠵᠢᠬᠤ ᠤᠷᠤᠨ᠎ᠤ ᠠᠵᠤ ᠠᠬᠤᠢ ᠨᠡᠢᠭᠡᠮ᠎ᠤᠨ ᠬᠦᠭ᠌ᠵᠢᠯᠳᠡ ᠮᠦᠨ ᠬᠦ᠌ ᠬᠠᠷᠢᠴᠠᠩᠭᠤᠢ ᠬᠤᠴᠤᠷᠤᠩᠭᠤᠢ ᠪᠠᠢᠭ᠍ᠰᠠᠭᠠᠷ᠂ ᠡᠬᠡ ᠪᠠᠶᠠᠯᠢᠭ᠎ᠤᠨ ᠬᠦᠴᠦᠰᠦ᠎ᠶ᠋ᠢᠨ ᠦᠷ᠎ᠡ ᠪᠦᠳᠦᠮᠵᠢ᠎ᠪᠠᠨ ᠪᠠᠳᠠᠷᠠᠭᠤᠯᠬᠤ ᠲᠠᠯ᠎ᠠ᠎ᠪᠠᠷ ᠭᠦᠢᠴᠡᠳ ᠪᠢᠰᠢ ᠦᠵᠡᠭ᠌ᠳᠡᠯ ᠮᠦᠨ ᠬᠦ᠌ ᠤᠷᠤᠱᠢᠬ᠍ᠰᠠᠭᠠᠷ᠃ ᠤᠨᠴᠠᠭᠠᠢᠯᠠᠨ ᠮᠠᠯᠵᠢᠬᠤ ᠤᠷᠤᠨ᠎ᠤ ᠲᠠᠪᠠᠭᠤᠯᠢᠭ ᠡᠬᠢ ᠪᠠᠶᠠᠯᠢᠭ ᠰᠤᠯᠠ ᠬᠠᠶᠠᠭ᠍ᠳᠠᠬᠤ ᠪᠠᠢᠳᠠᠯ ᠬᠦᠨᠳᠦ ᠨᠤᠴᠢᠳᠠᠢ ᠤᠷᠤᠱᠢᠵᠤ ᠪᠠᠢᠭ᠎ᠠ᠎ᠨᠢ ᠭᠠᠵᠠᠷ ᠤᠷᠤᠨ᠎ᠤ ᠲᠠᠪᠠᠭᠤᠯᠢᠭ᠎ᠢᠶᠠᠨ ᠪᠠᠳᠠᠷᠠᠭᠤᠯᠬᠤ᠎ᠳᠤ ᠠᠱᠢᠭ ᠦᠭᠡᠢ᠂ ᠮᠠᠯᠴᠢᠳ᠎ᠤᠨ ᠤᠷᠤᠯᠭ᠎ᠠ᠎ᠶ᠋ᠢᠨ ᠲᠦᠪᠱᠢᠨ᠎ᠢ ᠲᠡᠭᠡᠭ᠌ᠰᠢᠯᠡᠭᠦᠯᠬᠦ᠌᠎ᠳᠤ ᠠᠱᠢᠭ ᠦᠭᠡᠢ ᠪᠠᠢᠳᠠᠭ᠃

ᠤᠯᠠᠨ᠎ᠤ ᠮᠡᠳᠡᠭᠡᠵᠢ᠎ᠪᠠᠷ᠂ ᠺᠤᠰᠧ᠎ᠶ᠋ᠢᠨ ᠤᠨᠤᠯ᠎ᠤᠨ ᠦᠵᠡᠬᠦ᠌᠎ᠪᠠᠷ᠂ ᠮᠦᠩᠭᠦᠨ ᠭᠦᠢᠯᠭᠡᠭᠡᠨ᠎ᠤ ᠲᠦᠷᠢᠮ᠎ᠨᠢ ᠪᠤᠳᠠᠳᠠᠢ ᠠᠵᠤ ᠠᠬᠤᠢ᠎ᠶ᠋ᠢᠨ ᠬᠦᠭ᠌ᠵᠢᠯᠳᠡ᠎ᠳᠤ ᠨᠡᠢᠴᠡᠵᠦ᠍᠂ ᠮᠠᠯᠵᠢᠬᠤ ᠡᠷᠦᠬᠡ᠎ᠶ᠋ᠢᠨ ᠮᠦᠩᠭᠦᠨ ᠭᠦᠢᠯᠭᠡᠭᠡᠨ᠎ᠤ ᠬᠠᠩᠭᠠᠯᠭ᠎ᠠ ᠬᠡᠷᠡᠭ᠌ᠴᠡᠭᠡ᠎ᠯᠦᠭᠡ ᠲᠤᠬᠢᠷᠠᠯᠴᠠᠬᠤ ᠦᠭᠡᠢ ᠪᠠᠢᠳᠠᠯ ᠪᠤᠯ ᠮᠠᠯ ᠠᠵᠤ ᠠᠬᠤᠢ᠎ᠶ᠋ᠢᠨ ᠦᠢᠯᠡᠰ᠎ᠤᠨ ᠡᠷᠡᠭᠦᠯ᠎ᠢᠶᠠᠷ ᠦᠷᠬᠦᠯᠵᠢᠯᠡᠨ ᠬᠦᠭ᠌ᠵᠢᠬᠦ᠌᠎ᠶ᠋ᠢᠨ ᠨᠢᠭᠡ ᠪᠤᠭᠤᠮᠢ ᠪᠤᠯᠤᠨ᠎ᠠ᠃ ᠮᠠᠯᠵᠢᠬᠤ ᠤᠷᠤᠨ᠎ᠳᠤ᠂ ᠤᠯᠠᠨ ᠵᠦᠢᠯ᠎ᠤᠨ ᠱᠢᠯᠳᠠᠭᠠᠨ᠎ᠢᠶᠠᠷ ᠮᠠᠯᠴᠢᠳ ᠪᠡᠯᠡ ᠬᠤᠷᠠᠮᠳᠤᠭᠤᠯᠬᠤ᠎ᠳᠤ ᠬᠦᠴᠢᠷ᠂ ᠪᠡᠯᠡ ᠬᠤᠷᠠᠮᠳᠤᠭᠤᠯᠬᠤ᠎ᠨᠢ ᠴᠦᠬᠡᠨ᠂ ᠪᠡᠯᠡ ᠬᠤᠷᠠᠮᠳᠤᠭᠤᠯᠬᠤ ᠦᠪᠡᠷ᠎ᠤᠨ ᠦᠷᠳᠡᠭ ᠦᠨᠳᠦᠷ ᠪᠠᠢᠳᠠᠭ᠃ ᠡᠭᠦᠨ᠎ᠤ ᠲᠤᠳᠤᠷ᠎ᠠ᠂ ᠮᠠᠯᠵᠢᠬᠤ ᠡᠷᠦᠬᠡ᠎ᠶ᠋ᠢᠨ ᠢᠳᠡᠭᠡᠮᠵᠢ᠎ᠶ᠋ᠢ ᠲᠡᠭᠡᠭ᠌ᠰᠢᠯᠡᠭᠦᠯᠬᠦ᠌ ᠪᠤᠯ ᠶᠡᠷᠦ᠎ᠠᠴᠠ᠎ᠪᠠᠨ ᠱᠢᠢᠳᠪᠦᠷᠢᠯᠡᠵᠦ᠍ ᠲᠡᠢᠯᠦᠭᠡᠳᠦᠢ ᠬᠦᠴᠢᠷᠳᠡᠯ ᠪᠤᠯᠤᠨ᠎ᠠ᠃ ᠨᠠᠮ᠎ᠤᠨ ᠠᠷᠪᠠ ᠶᠢᠰᠦᠳᠦᠭᠡᠷ ᠶᠡᠭᠡ ᠬᠤᠷᠠᠯ᠎ᠠᠴᠠ ᠨᠠᠭᠠᠰᠢ᠂ ᠬᠦᠳᠡᠭᠡ ᠠᠵᠤ ᠠᠬᠤᠢ᠎ᠶ᠋ᠢᠨ ᠬᠦᠭ᠌ᠵᠢᠯᠳᠡ᠎ᠨᠢ ᠪᠠᠢᠯᠳᠤᠬᠤ ᠪᠤᠳᠤᠯᠭ᠎ᠠ᠎ᠶ᠋ᠢᠨ ᠲᠠᠪᠬᠤᠷᠭ᠎ᠠ᠂ ᠡᠰᠡᠬᠦᠯ᠎ᠡ ᠲᠡᠮᠵᠢᠬᠦ᠌ ᠲᠦᠷᠦ᠎ᠶ᠋ᠢᠨ ᠪᠤᠳᠤᠯᠭ᠎ᠠ᠎ᠶ᠋ᠢᠨ ᠲᠠᠪᠬᠤᠷᠭ᠎ᠠ ᠠᠯᠢ ᠲᠠᠯ᠎ᠠ᠎ᠠᠴᠠ ᠠᠪᠴᠤ᠌ ᠬᠡᠯᠡᠭ᠌ᠰᠡᠨ ᠴᠤ᠌ ᠮᠠᠯᠵᠢᠬᠤ ᠤᠷᠤᠨ᠎ᠤ ᠬᠦᠭ᠌ᠵᠢᠯᠳᠡ᠎ᠳᠤ ᠤᠯᠳᠠᠰᠢ ᠦᠭᠡᠢ ᠱᠢᠨ᠎ᠡ ᠠᠵᠠ ᠲᠤᠬᠢᠶᠠᠯ᠎ᠢ ᠡᠭᠦᠳᠴᠦ᠍ ᠦᠭ᠌ᠭᠦᠭ᠌ᠰᠡᠨ ᠪᠠᠢᠨ᠎ᠠ᠃ ᠡᠢᠮᠦ᠎ᠠᠴᠠ᠂ ᠮᠠᠯ ᠠᠵᠤ ᠠᠬᠤᠢ᠎ᠶ᠋ᠢᠨ ᠡᠵᠡᠩᠨᠡᠯᠳᠡ᠎ᠶ᠋ᠢᠨ ᠡᠬᠢ ᠪᠠᠶᠠᠯᠢᠭ᠎ᠤᠨ ᠲᠠᠪᠠᠭᠤᠯᠢᠭ᠎ᠢ ᠪᠦᠳᠦᠮᠵᠢᠳᠡᠢ᠎ᠪᠠᠷ ᠠᠭᠤᠳᠠᠯᠵᠤ᠂ ᠢᠳᠡᠭᠡᠮᠵᠢ᠎ᠶ᠋ᠢᠨ ᠱᠢᠨ᠎ᠡ᠎ᠶ᠋ᠢ ᠡᠭᠦᠳᠬᠦ᠌᠎ᠶ᠋ᠢ ᠬᠠᠢᠨ ᠰᠦᠪᠡᠭ᠌ᠴᠢᠯᠡᠬᠦ᠌ ᠪᠤᠯ ᠬᠦᠳᠡᠭᠡ ᠲᠤᠰᠭᠤᠨ᠎ᠤ ᠮᠦᠩᠭᠦᠨ ᠭᠦᠢᠯᠭᠡᠭᠡᠨ᠎ᠤ ᠦᠢᠯᠡᠴᠢᠯᠡᠭᠡ᠎ᠶ᠋ᠢ ᠰᠠᠢᠵᠢᠷᠠᠭᠤᠯᠬᠤ ᠲᠤᠯᠭᠠᠮ ᠶᠠᠪᠤᠳᠠᠯ ᠪᠤᠯᠤᠨ᠎ᠠ᠃

ᠬᠤᠶᠠᠷ᠂ ᠦᠪᠦᠷ ᠮᠤᠩᠭᠤᠯ᠎ᠤᠨ ᠮᠠᠯᠵᠢᠬᠤ ᠤᠷᠤᠨ᠎ᠤ ᠮᠦᠩᠭᠦᠨ ᠭᠦᠢᠯᠭᠡᠭᠡᠨ᠎ᠤ ᠦᠢᠯᠡᠴᠢᠯᠡᠭᠡ᠎ᠳᠤ ᠤᠷᠤᠱᠢᠵᠤ ᠪᠠᠢᠭ᠎ᠠ ᠠᠰᠠᠭᠤᠳᠠᠯ

(ᠨᠢᠭᠡ) ᠮᠠᠯᠵᠢᠬᠤ ᠤᠷᠤᠨ᠎ᠳᠠᠬᠢ ᠬᠦᠳᠡᠭᠡ ᠲᠤᠰᠭᠤᠨ᠎ᠤ ᠮᠦᠩᠭᠦᠨ ᠭᠦᠢᠯᠭᠡᠭᠡᠨ᠎ᠤ ᠦᠢᠯᠡᠴᠢᠯᠡᠭᠡ᠎ᠶ᠋ᠢᠨ ᠪᠡᠯᠡ ᠬᠤᠷᠠᠮᠳᠤᠭᠤᠯᠬᠤ ᠦᠪᠡᠷ᠎ᠤᠨ ᠦᠷᠳᠡᠭ ᠬᠡᠳᠦ ᠦᠨᠳᠦᠷ

ᠬᠦᠳᠡᠭᠡ ᠲᠤᠰᠭᠤᠨ᠎ᠤ ᠮᠦᠩᠭᠦᠨ ᠭᠦᠢᠯᠭᠡᠭᠡᠨ᠎ᠤ ᠬᠠᠩᠭᠠᠯᠭ᠎ᠠ ᠬᠡᠷᠡᠭ᠌ᠴᠡᠭᠡ᠎ᠶ᠋ᠢᠨ ᠪᠦᠳᠦᠴᠡ᠎ᠶ᠋ᠢᠨ ᠲᠤᠪᠤᠢᠮ᠎ᠠ ᠵᠦᠷᠢᠴᠡᠯ᠎ᠠᠴᠠ ᠪᠤᠯᠵᠤ᠂ ᠬᠦᠳᠡᠭᠡ ᠲᠤᠰᠭᠤᠨ᠎ᠤ ᠮᠦᠩᠭᠦᠨ ᠭᠦᠢᠯᠭᠡᠭᠡ᠎ᠶ᠋ᠢᠨ ᠬᠦᠭ᠌ᠵᠢᠯᠳᠡ᠎ᠨᠢ ᠤᠯᠤᠰ᠎ᠤᠨ ᠬᠤᠷᠸ᠎ᠠ ᠲᠦᠷᠦ᠎ᠶ᠋ᠢᠨ ᠪᠤᠳᠤᠯᠭ᠎ᠠ᠎ᠶ᠋ᠢᠨ ᠬᠦᠳᠦᠯᠦᠮᠵᠢ ᠪᠠ ᠲᠦᠷᠢᠮᠵᠢᠭᠦᠯᠦᠯ᠎ᠳᠤ ᠨᠡᠩ ᠢᠯᠡᠭᠦᠦ ᠲᠦᠱᠢᠭ᠌ᠯᠡᠳᠡᠭ᠃ 2020 ᠤᠨ᠎ᠤ ᠡᠬᠢ ᠪᠤᠯᠳᠠᠯ᠎ᠠ᠂ ᠨᠠᠮ᠎ᠤᠨ ᠲᠦᠪ ᠬᠤᠷᠢᠶ᠎ᠠ᠎ᠶ᠋ᠢᠨ ᠨᠡᠢᠳᠡᠯᠡᠭ᠌ᠰᠡᠨ ᠲᠦᠪ᠎ᠤᠨ 1 ᠳ᠋ᠤᠭᠡᠷ ᠲᠤᠭᠠᠳᠤ ᠪᠢᠴᠢᠭ ᠮᠠᠲ᠋ᠧᠷᠢᠶᠠᠯ᠎ᠤᠨ 20 ᠭᠠᠷᠤᠢ᠎ᠨᠢ ᠬᠦᠳᠡᠭᠡ ᠲᠤᠰᠭᠤᠨ᠎ᠤ ᠮᠦᠩᠭᠦᠨ ᠭᠦᠢᠯᠭᠡᠭᠡ᠎ᠯᠦᠭᠡ ᠨᠢᠭ᠍ᠳᠠ ᠬᠤᠯᠪᠤᠭ᠎ᠠ᠎ᠲᠠᠢ ᠪᠠᠢᠵᠤ᠂ ᠡᠳᠡᠭᠡᠷ 1 ᠳ᠋ᠤᠭᠡᠷ ᠲᠤᠭᠠᠳᠤ ᠪᠢᠴᠢᠭ ᠮᠠᠲ᠋ᠧᠷᠢᠶᠠᠯ᠎ᠨᠢ ᠬᠦᠳᠡᠭᠡ ᠲᠤᠰᠭᠤᠨ᠎ᠤ ᠮᠦᠩᠭᠦᠨ ᠭᠦᠢᠯᠭᠡᠭᠡ᠎ᠶ᠋ᠢ ᠴᠢᠩᠭᠠᠳᠭᠠᠭ᠍ᠰᠠᠨ ᠪᠠᠢᠨ᠎ᠠ᠃ ᠡᠨᠡ᠎ᠨᠢ ᠬᠦᠳᠡᠭᠡ ᠲᠤᠰᠭᠤᠨ᠎ᠤ ᠮᠦᠩᠭᠦᠨ ᠭᠦᠢᠯᠭᠡᠭᠡ᠎ᠶ᠋ᠢᠨ ᠮᠠᠨ᠎ᠤ ᠤᠯᠤᠰ᠎ᠤᠨ ᠬᠦᠭ᠌ᠵᠢᠯᠳᠡ᠎ᠳᠠᠬᠢ ᠴᠢᠬᠤᠯᠠ ᠴᠢᠨᠠᠷ᠎ᠢ ᠬᠠᠷᠠᠭᠤᠯᠵᠤ ᠪᠠᠢᠬᠤ ᠪᠦᠭᠡᠳ ᠬᠦᠳᠡᠭᠡ ᠲᠤᠰᠭᠤᠨ᠎ᠤ ᠮᠦᠩᠭᠦᠨ ᠭᠦᠢᠯᠭᠡᠭᠡ᠎ᠶ᠋ᠢ ᠬᠡᠷᠡᠭ᠌ᠵᠢᠬᠦᠯᠬᠦ᠌ ᠪᠠ ᠲᠦᠭᠡᠮᠡᠯᠵᠢᠭᠦᠯᠬᠦ᠌᠎ᠶ᠋ᠢᠨ ᠬᠦᠴᠢᠷᠳᠡᠯ᠎ᠤᠨ ᠬᠡᠮᠵᠢᠶ᠎ᠡ᠎ᠶ᠋ᠢ ᠬᠠᠷᠠᠭᠤᠯᠵᠤ ᠪᠠᠢᠨ᠎ᠠ᠃ 《ᠪᠡᠯᠭᠡᠳᠡᠯ᠎ᠤᠨ ᠱᠢᠨᠵᠢ᠎ᠲᠠᠢ ᠬᠡᠷᠡᠭ᠌ᠵᠢᠬᠦᠯᠬᠦ᠌》᠂ 《ᠰᠤᠩᠭᠤᠯᠳᠠ᠎ᠲᠠᠢ ᠬᠡᠷᠡᠭ᠌ᠵᠢᠬᠦᠯᠬᠦ᠌》᠂ 《ᠪᠠᠢᠳᠠᠯ᠎ᠢ ᠠᠵᠢᠨ ᠬᠡᠷᠡᠭ᠌ᠵᠢᠬᠦᠯᠬᠦ᠌》 ᠵᠡᠷᠭᠡ ᠬᠦᠳᠡᠭᠡ ᠲᠤᠰᠭᠤᠨ᠎ᠤ ᠮᠦᠩᠭᠦᠨ ᠭᠦᠢᠯᠭᠡᠭᠡᠨ᠎ᠤ ᠲᠦᠷᠦ᠎ᠶ᠋ᠢᠨ ᠪᠤᠳᠤᠯᠭ᠎ᠠ᠎ᠶ᠋ᠢ ᠨᠠᠵᠠᠭᠠᠢ᠎ᠪᠠᠷ ᠬᠡᠷᠡᠭ᠌ᠵᠢᠬᠦᠯᠵᠦ᠍ ᠪᠠᠢᠬᠤ ᠠᠰᠠᠭᠤᠳᠠᠯ ᠨᠡᠯᠢᠶᠡᠳ ᠲᠤᠪᠤᠢᠮ᠎ᠠ ᠪᠠᠢᠨ᠎ᠠ᠃ ᠮᠦᠩᠭᠦᠨ ᠭᠦᠢᠯᠭᠡᠭᠡᠨ᠎ᠤ ᠪᠠᠢᠭᠤᠯᠤᠮᠵᠢ ᠪᠤᠯ ᠬᠦᠳᠡᠭᠡ ᠲᠤᠰᠭᠤᠨ᠎ᠤ ᠮᠦᠩᠭᠦᠨ ᠭᠦᠢᠯᠭᠡᠭᠡ᠎ᠶ᠋ᠢᠨ ᠭᠤᠤᠯ ᠬᠠᠩᠭᠠᠭ᠍ᠴᠢ ᠪᠤᠯᠤᠨ᠎ᠠ᠂ ᠬᠦᠳᠡᠭᠡ ᠲᠤᠰᠭᠤᠨ᠎ᠤ ᠮᠦᠩᠭᠦᠨ ᠭᠦᠢᠯᠭᠡᠭᠡᠨ᠎ᠤ ᠲᠦᠷᠦ᠎ᠶ᠋ᠢᠨ ᠪᠤᠳᠤᠯᠭ᠎ᠠ᠎ᠶ᠋ᠢ ᠱᠢᠭᠤᠳ ᠬᠡᠷᠡᠭ᠌ᠵᠢᠬᠦᠯᠦᠭ᠌ᠴᠢ ᠪᠤᠯᠤᠨ᠎ᠠ᠃ 《ᠮᠠᠯ ᠲᠠᠷᠢᠶᠠᠯᠠᠩ᠂ ᠮᠠᠯᠵᠢᠬᠤ ᠲᠠᠷᠢᠶᠠᠯᠠᠬᠤ ᠤᠷᠤᠨ᠂ ᠮᠠᠯᠴᠢᠨ ᠲᠠᠷᠢᠶᠠᠴᠢᠨ》 ᠎ᠤ ᠠᠰᠠᠭᠤᠳᠠᠯ᠎ᠢ ᠤᠷᠤᠭ᠍ᠰᠢᠳᠠᠢ ᠱᠢᠢᠳᠪᠦᠷᠢᠯᠡᠭᠦ᠎ᠳᠤ ᠮᠦᠩᠭᠦᠨ ᠭᠦᠢᠯᠭᠡᠭᠡᠨ᠎ᠤ ᠪᠠᠢᠭᠤᠯᠤᠮᠵᠢ᠎ᠶ᠋ᠢᠨ ᠪᠡᠯᠡ ᠮᠦᠩᠭᠦ᠎ᠶ᠋ᠢᠨ ᠲᠡᠮᠵᠢᠯᠭᠡ᠎ᠠᠴᠠ ᠰᠠᠯᠵᠤ ᠴᠢᠳᠠᠬᠤ ᠦᠭᠡᠢ᠃ ᠬᠦᠳᠡᠭᠡ ᠲᠤᠰᠭᠤᠨ᠎ᠤ ᠮᠦᠩᠭᠦᠨ ᠭᠦᠢᠯᠭᠡᠭᠡᠨ᠎ᠤ ᠲᠦᠭ᠌ᠰᠢᠭᠦᠷᠢ᠎ᠶ᠋ᠢᠨ ᠬᠡᠮᠵᠢᠶ᠎ᠡ ᠦᠨᠳᠦᠷ᠂ ᠲᠦᠯᠦᠬᠦ᠌ ᠦᠶᠡᠯᠡᠯ᠎ᠤᠨ ᠬᠤᠭᠤᠴᠠᠭ᠎ᠠ ᠤᠷᠳᠤ᠂ ᠠᠱᠢᠭ ᠬᠦᠷᠳᠡᠬᠦ᠌ ᠨᠤᠷᠮ᠎ᠠ ᠲᠤᠤᠷ᠎ᠠ ᠵᠡᠷᠭᠡ ᠤᠨᠴᠠᠯᠢᠭ᠎ᠠᠴᠠ ᠪᠤᠯᠵᠤ᠂ ᠮᠦᠩᠭᠦᠨ ᠭᠦᠢᠯᠭᠡᠭᠡᠨ᠎ᠤ ᠪᠠᠢᠭᠤᠯᠤᠮᠵᠢ᠎ᠨᠢ ᠠᠮᠠᠷᠬᠠᠨ᠎ᠢᠶᠠᠷ ᠦᠭᠡᠷ᠎ᠡ ᠲᠡᠢᠰᠢ ᠬᠦᠴᠦ᠎ᠪᠠᠨ ᠬᠡᠯᠪᠠᠢᠯᠭᠡᠵᠦ᠍᠂ ᠬᠦᠳᠡᠭᠡ ᠲᠤᠰᠭᠤᠨ᠎ᠤ ᠮᠦᠩᠭᠦᠨ ᠭᠦᠢᠯᠭᠡᠭᠡᠨ᠎ᠤ ᠲᠦᠷᠦ᠎ᠶ᠋ᠢᠨ ᠪᠤᠳᠤᠯᠭ᠎ᠠ᠎ᠶ᠋ᠢ ᠨᠠᠵᠠᠭᠠᠢ᠎ᠪᠠᠷ ᠬᠡᠷᠡᠭ᠌ᠵᠢᠬᠦᠯᠳᠡᠭ ᠦᠵᠡᠭ᠌ᠳᠡᠯ᠎ᠲᠠᠢ᠂ ᠲᠠᠷᠤᠢ᠂ ᠨᠡᠩ ᠢᠯᠡᠭᠦᠦ ᠪᠡᠯᠡ ᠮᠦᠩᠬᠦ᠌᠎ᠪᠠᠨ ᠠᠱᠢᠭ ᠬᠦᠷᠳᠡᠬᠦ᠌ ᠨᠤᠷᠮ᠎ᠠ᠎ᠪᠠᠷ ᠨᠡᠯᠢᠶᠡᠳ ᠦᠨᠳᠦᠷ ᠬᠦᠳᠡᠭᠡ ᠲᠤᠰᠭᠤᠨ᠎ᠤ ᠱᠢᠯᠢᠳᠡᠭ ᠠᠵᠤ ᠠᠬᠤᠢ᠍ᠢᠯᠠᠯ᠎ᠳᠤ ᠵᠢᠭᠡᠯᠡᠭᠦᠯᠦᠨ ᠦᠭ᠌ᠴᠦ᠂ ᠦᠨᠡᠨ ᠬᠦ᠌ ᠪᠡᠯᠡ ᠮᠦᠩᠭᠦ᠌ ᠬᠡᠷᠡᠭ᠌ᠰᠡᠬᠦ᠌ ᠮᠠᠯᠵᠢᠬᠤ ᠡᠷᠦᠬᠡ᠎ᠳᠤ ᠮᠦᠩᠭᠦᠨ ᠭᠦᠢᠯᠭᠡᠭᠡᠨ᠎ᠤ ᠪᠠᠢᠭᠤᠯᠤᠮᠵᠢ᠎ᠨᠢ ᠵᠢᠭᠡᠯᠡᠯᠭᠡ ᠤᠯᠭᠤᠬᠤ ᠨᠦᠬᠦᠴᠡᠯ᠎ᠳᠤ᠎ᠪᠠᠨ ᠤᠯᠠᠨ ᠵᠦᠢᠯ᠎ᠤᠨ ᠪᠠᠳᠤᠯᠠᠬᠤ ᠵᠦᠢᠯ ᠵᠤᠷᠪᠤᠰ ᠲᠤᠬᠢᠷᠠᠭᠤᠯᠵᠤ ᠵᠢᠭᠡᠯᠡᠯᠭᠡ᠎ᠶ᠋ᠢᠨ ᠪᠤᠱᠤᠭ᠎ᠠ᠎ᠪᠠᠨ ᠦᠨᠳᠦᠷ ᠪᠤᠯᠭᠠᠳᠠᠭ᠃ ᠡᠢᠮᠦ᠎ᠠᠴᠠ᠂ ᠮᠦᠩᠭᠦᠨ ᠭᠦᠢᠯᠭᠡᠭᠡᠨ᠎ᠤ ᠪᠠᠢᠭᠤᠯᠤᠮᠵᠢ᠎ᠶ᠋ᠢᠨ ᠬᠦᠳᠡᠭᠡ ᠲᠤᠰᠭᠤᠨ᠎ᠳᠠᠬᠢ ᠮᠦᠩᠭᠦᠨ ᠭᠦᠢᠯᠭᠡᠭᠡᠨ᠎ᠤ ᠶᠡᠷᠦᠩᠬᠡᠢ ᠬᠡᠮᠵᠢᠶ᠎ᠡ᠎ᠨᠢ ᠶᠡᠭᠡ᠎ᠪᠠᠷ ᠨᠡᠮᠡᠭ᠌ᠳᠡᠬᠦ᠌ ᠬᠠᠨᠳᠤᠰᠢ᠎ᠲᠠᠢ ᠴᠤ᠌ ᠦᠪᠦᠷ ᠮᠤᠩᠭᠤᠯ᠎ᠤᠨ ᠮᠠᠯᠵᠢᠬᠤ ᠤᠷᠤᠨ᠎ᠤ ᠪᠡᠯᠡ ᠮᠦᠩᠬᠦ᠌ ᠲᠤᠳᠠᠬ᠍ᠳᠠᠬᠤ ᠠᠰᠠᠭᠤᠳᠠᠯ᠎ᠢ ᠮᠦᠨ ᠬᠦ᠌ ᠦᠨᠳᠦᠰᠦᠨ᠎ᠠᠴᠠ᠎ᠨᠢ ᠱᠢᠢᠳᠪᠦᠷᠢᠯᠡᠵᠦ᠍ ᠲᠡᠢᠯᠦᠭᠡ ᠦᠭᠡᠢ ᠪᠠᠢᠬ᠍ᠰᠠᠭᠠᠷ᠃

(ᠬᠤᠶᠠᠷ) ᠮᠦᠩᠭᠦᠨ ᠭᠦᠢᠯᠭᠡᠭᠡᠨ᠎ᠤ ᠬᠠᠩᠭᠠᠯᠭ᠎ᠠ᠎ᠨᠢ ᠱᠢᠨ᠎ᠡ ᠬᠡᠯᠪᠡᠷᠢ᠎ᠶ᠋ᠢᠨ ᠬᠦᠳᠡᠭᠡ ᠲᠤᠰᠭᠤᠨ᠎ᠤ ᠡᠵᠡᠩᠨᠡᠯᠳᠡ᠎ᠶ᠋ᠢᠨ ᠭᠤᠤᠯ ᠴᠤᠬ᠍ᠴᠠ᠎ᠶ᠋ᠢᠨ ᠬᠤᠪᠢᠷᠠᠯᠳᠠ ᠬᠦᠭ᠌ᠵᠢᠯᠳᠡ᠎ᠯᠦᠭᠡ ᠲᠤᠬᠢᠷᠠᠯᠴᠠᠬᠤ ᠦᠭᠡᠢ ᠪᠠᠢᠨ᠎ᠠ

ᠤᠳᠤᠬᠢᠴᠢᠯᠠᠭ᠍ᠰᠠᠨ ᠦᠢᠯᠡᠳᠪᠦᠷᠢᠯᠡᠯ᠎ᠤᠨ ᠡᠯᠧᠮᠧᠨ᠋ᠲ᠂ ᠦᠢᠯᠡᠳᠪᠦᠷᠢᠯᠡᠯ᠎ᠤᠨ ᠬᠡᠷᠡᠭ᠌ᠰᠡᠯ᠎ᠤᠨ ᠬᠦᠳᠡᠭᠡ ᠲᠤᠰᠭᠤᠨ᠎ᠳᠤ ᠲᠡᠯᠭᠡᠷᠡᠨ ᠬᠡᠷᠡᠭ᠌ᠯᠡᠭ᠌ᠳᠡᠬᠦ᠌ ᠵᠢᠴᠢ ᠵᠠᠷᠢᠮ ᠮᠠᠯᠵᠢᠬᠤ ᠡᠷᠦᠬᠡ᠎ᠶ᠋ᠢᠨ ᠠᠵᠤ ᠠᠬᠤᠢ᠎ᠶ᠋ᠢᠨ ᠤᠬᠠᠮᠰᠠᠷ᠎ᠤᠨ ᠲᠡᠭᠡᠭ᠌ᠰᠢᠯᠡᠬᠦ᠌᠎ᠶ᠋ᠢ ᠲᠠᠭᠠᠯᠳᠤᠨ᠂ ᠲᠠᠷᠢᠵᠤ ᠲᠡᠵᠢᠭᠡᠬᠦ᠌ ᠲᠤᠰᠭᠠᠢ ᠡᠷᠦᠬᠡ᠂ ᠮᠠᠯᠴᠢᠳ᠎ᠤᠨ ᠲᠤᠰᠭᠠᠢ ᠬᠤᠷᠱᠢᠶ᠎ᠡ᠂ ᠬᠦᠳᠡᠭᠡ ᠠᠵᠤ ᠠᠬᠤᠢ᠎ᠶ᠋ᠢᠨ ᠪᠢᠴᠢᠯ ᠵᠢᠵᠢᠭ ᠠᠵᠤ ᠠᠬᠤᠢ᠍ᠢᠯᠠᠯ᠎ᠢᠶᠠᠷ ᠲᠦᠯᠦᠭᠡᠯᠡᠭᠦᠯᠦᠭ᠌ᠰᠡᠨ ᠱᠢᠨ᠎ᠡ ᠬᠡᠯᠪᠡᠷᠢ᠎ᠶ᠋ᠢᠨ ᠮᠠᠯᠵᠢᠬᠤ ᠦᠢᠯᠡᠰ᠎ᠤᠨ ᠡᠵᠡᠩᠨᠡᠯᠳᠡ᠎ᠶ᠋ᠢᠨ ᠭᠤᠤᠯ ᠴᠤᠬ᠍ᠴᠠ ᠲᠠᠰᠤᠷᠠᠯᠳᠠ ᠦᠭᠡᠢ ᠢᠯᠡᠷᠡᠨ ᠭᠠᠷᠴᠤ᠌᠂ ᠤᠳᠤ ᠦᠶ᠎ᠡ᠎ᠶ᠋ᠢᠨ ᠮᠠᠯᠵᠢᠬᠤ ᠦᠢᠯᠡᠰ᠎ᠤᠨ ᠬᠦᠭ᠌ᠵᠢᠯᠳᠡ ᠴᠤ᠌ ᠮᠠᠯᠵᠢᠬᠤ ᠤᠷᠤᠨ᠎ᠳᠤ ᠡᠭᠦᠰᠦᠨ ᠪᠤᠢ ᠪᠤᠯᠵᠤ᠂ ᠦᠳᠳᠡᠷ ᠲᠦᠷᠭᠡᠨ ᠬᠦᠭ᠌ᠵᠢᠯᠳᠡ᠎ᠶ᠋ᠢᠨ ᠪᠠᠢᠳᠠᠯ᠎ᠲᠠᠢ ᠪᠤᠯᠪᠠ᠃ ᠲᠠᠬᠢᠨ ᠦᠢᠯᠡᠳᠪᠦᠷᠢᠯᠡᠯ᠎ᠢᠶᠠᠨ ᠲᠦᠷᠭᠡᠨ᠎ᠢᠶᠠᠷ ᠦᠷᠭᠡᠳᠭᠡᠬᠦ᠌ ᠶᠠᠪᠤᠴᠠ ᠲᠤᠮᠳᠠ᠂ ᠬᠡᠪᠴᠢᠶ᠎ᠡ᠎ᠪᠠᠨ ᠦᠷᠭᠡᠳᠭᠡᠬᠦ᠂ ᠦᠢᠯᠡᠳᠪᠦᠷᠢᠯᠡᠯ᠎ᠤᠨ ᠴᠢᠳᠠᠪᠬᠢ᠎ᠪᠠᠨ ᠲᠡᠭᠡᠭ᠌ᠰᠢᠯᠡᠭᠦᠯᠬᠦ᠌᠎ᠶ᠋ᠢᠨ ᠲᠦᠯᠦᠭᠡ ᠱᠢᠨ᠎ᠡ ᠬᠡᠯᠪᠡᠷᠢ᠎ᠶ᠋ᠢᠨ ᠭᠤᠤᠯ ᠴᠤᠬ᠍ᠴᠠ᠎ᠶ᠋ᠢᠨ ᠬᠦᠳᠡᠭᠡ ᠠᠵᠤ ᠠᠬᠤᠢ᠎ᠶ᠋ᠢᠨ ᠰᠠᠭᠤᠷᠢ ᠲᠦᠭᠦᠭᠡᠷᠦᠮᠵᠢ᠎ᠶ᠋ᠢᠨ ᠪᠦᠳᠦᠭᠡᠨ ᠪᠠᠢᠭᠤᠯᠤᠯᠳᠠ᠂ ᠲᠠᠷᠢᠶᠠᠯᠠᠩ᠎ᠤᠨ ᠮᠠᠱᠢᠨ ᠬᠤᠳᠠᠯᠳᠤᠨ ᠠᠪᠬᠤ᠂ ᠭᠠᠵᠠᠷ ᠱᠢᠷᠤᠢ ᠱᠢᠯᠵᠢᠭᠦᠯᠬᠦ᠂ ᠦᠢᠯᠡᠳᠪᠦᠷᠢᠯᠡᠯ᠎ᠤᠨ ᠭᠡᠷᠡᠭ᠌ᠰᠡᠯ ᠬᠤᠳᠠᠯᠳᠤᠨ ᠠᠪᠬᠤ ᠵᠡᠷᠭᠡ ᠲᠠᠯ᠎ᠠ᠎ᠪᠠᠷ᠎ᠬᠢ ᠪᠡᠯᠡ ᠤᠷᠤᠭᠤᠯᠬᠤ ᠬᠡᠷᠡᠭ᠌ᠴᠡᠭᠡ ᠶᠡᠬᠡᠰᠴᠦ᠍᠂ ᠬᠦᠭ᠌ᠵᠢᠯᠳᠡ᠎ᠶ᠋ᠢᠨ ᠠᠩᠬᠠᠨ᠎ᠤ ᠱᠠᠳᠤᠨ᠎ᠳᠤ ᠪᠡᠯᠡ ᠮᠦᠩᠬᠦ᠌ ᠬᠦᠷᠦᠯᠴᠡᠬᠦ᠌ ᠦᠭᠡᠢ ᠪᠤᠳᠠᠳᠤ ᠪᠠᠢᠳᠠᠯ ᠲᠤᠤᠷ᠎ᠠ᠂ ᠲᠦᠷᠢᠮᠵᠢᠭ᠌ᠰᠡᠨ ᠮᠦᠩᠭᠦᠨ ᠭᠦᠢᠯᠭᠡᠭᠡᠨ᠎ᠤ ᠪᠠᠢᠭᠤᠯᠤᠮᠵᠢ᠎ᠶ᠋ᠢᠨ ᠢᠳᠡᠭᠡᠮᠵᠢᠳᠦ ᠵᠢᠭᠡᠯᠡᠯᠭᠡ᠎ᠶ᠋ᠢᠨ ᠪᠡᠯᠡ ᠮᠦᠩᠬᠦ᠌᠎ᠶ᠋ᠢᠨ ᠲᠤᠬᠠᠢ ᠬᠡᠷᠡᠭ᠌ᠴᠡᠭᠡ ᠬᠦᠰᠡᠯ ᠢᠯᠡᠳᠳᠡ ᠪᠤᠯᠵᠤ᠂ ᠡᠭᠦᠨ᠎ᠯᠦᠭᠡ ᠢᠵᠢ ᠪᠦᠷᠢᠳᠦᠬᠦᠯᠦᠭ᠌ᠰᠡᠨ ᠪᠡᠯᠡᠨ ᠵᠤᠭᠤᠰ᠎ᠤᠨ ᠪᠤᠰᠤ ᠲᠤᠭᠠᠴᠠᠭ᠎ᠠ ᠬᠢᠬᠦ᠂ ᠠᠮᠢᠳᠤᠯᠢᠭ᠎ᠢᠶᠠᠷ ᠪᠡᠯᠡ ᠤᠷᠤᠭᠤᠯᠵᠤ ᠬᠦᠷᠦᠩᠭᠡ ᠠᠬᠤᠢ᠍ᠢᠯᠠᠬᠤ᠂ ᠲᠦᠭᠦᠮ ᠲᠦᠳᠡ ᠰᠤᠯᠢᠵᠤ ᠭᠤᠪᠢᠭᠤᠯᠬᠤ᠂ ᠮᠦᠩᠭᠦᠨ ᠭᠦᠢᠯᠭᠡᠭᠡᠨ᠎ᠤ ᠲᠦᠷᠢᠶᠡᠰᠦᠯᠡᠯ ᠵᠡᠷᠭᠡ ᠮᠦᠩᠭᠦᠨ ᠭᠦᠢᠯᠭᠡᠭᠡᠨ᠎ᠤ ᠦᠢᠯᠡᠴᠢᠯᠡᠭᠡ᠎ᠶ᠋ᠢᠨ ᠬᠡᠷᠡᠭ᠌ᠴᠡᠭᠡ ᠴᠤ᠌ ᠲᠦᠷᠭᠡᠨ᠎ᠢᠶᠠᠷ ᠨᠡᠮᠡᠭ᠌ᠳᠡᠪᠡ᠃ ᠭᠡᠪᠡᠴᠦ᠍ ᠮᠠᠯᠵᠢᠬᠤ ᠤᠷᠤᠨ᠎ᠤ ᠦᠢᠯᠡᠳᠪᠦᠷᠢᠯᠡᠯ᠎ᠳᠤ ᠤᠷᠤᠭᠤᠯᠬᠤ ᠢᠳᠡᠭᠡᠮᠵᠢᠳᠦ ᠵᠢᠭᠡᠯᠡᠯᠭᠡ᠎ᠶ᠋ᠢᠨ ᠶᠡᠷᠦᠩᠬᠡᠢ ᠭᠡᠮᠵᠢᠶ᠎ᠡ᠂ ᠮᠦᠩᠭᠦᠨ ᠭᠦᠢᠯᠭᠡᠭᠡᠨ᠎ᠤ ᠦᠢᠯᠡᠳᠭᠦᠨ᠎ᠤ ᠱᠢᠨᠡᠴᠢᠯᠡᠭ᠌ᠰᠡᠨ ᠲᠦᠷᠦᠯ ᠵᠠᠨᠠᠷ ᠪᠤᠯᠤᠨ ᠲᠤᠭ᠎ᠠ ᠬᠡᠮᠵᠢᠶ᠎ᠡ᠂ ᠢᠳᠡᠭᠡᠮᠵᠢ᠎ᠶ᠋ᠢᠨ ᠲᠤᠬ᠍ᠳᠠᠯᠴᠠᠭ᠎ᠠ᠎ᠶ᠋ᠢᠨ ᠪᠦᠳᠦᠭᠡᠨ ᠪᠠᠢᠭᠤᠯᠤᠯᠳᠠ ᠵᠡᠷᠭᠡ ᠮᠦᠩᠭᠦᠨ ᠭᠦᠢᠯᠭᠡᠭᠡᠨ᠎ᠤ ᠰᠠᠭᠤᠷᠢ ᠪᠦᠳᠦᠭᠡᠨ ᠪᠠᠢᠭᠤᠯᠤᠯᠳᠠ᠎ᠶ᠋ᠢᠨ ᠠᠬᠢᠴᠠ ᠵᠡᠷᠭᠡ᠎ᠨᠢ ᠱᠢᠨ᠎ᠡ ᠵᠠᠬ᠎ᠠ ᠲᠡᠯᠭᠡᠭᠦᠷ᠎ᠤᠨ ᠬᠤᠪᠢᠷᠠᠯᠳᠠ ᠪᠤᠯᠤᠨ ᠱᠢᠨ᠎ᠡ ᠪᠠᠢᠳᠠᠯ᠎ᠤᠨ ᠬᠦᠭ᠌ᠵᠢᠯᠳᠡ᠎ᠶ᠋ᠢᠨ ᠠᠬᠢᠴᠠ᠎ᠶ᠋ᠢ ᠲᠠᠭᠠᠵᠤ ᠠᠮᠵᠢᠬᠤ ᠦᠭᠡᠢ ᠪᠠᠢᠭ᠍ᠰᠠᠭᠠᠷ᠃

(ᠭᠤᠷᠪᠠ) ᠪᠠᠢᠭᠤᠯᠤᠮᠵᠢ ᠴᠦᠬᠡᠨ᠂ ᠵᠤᠬᠢᠶᠠᠨ ᠪᠠᠢᠭᠤᠯᠤᠯᠳᠠ᠎ᠶ᠋ᠢᠨ ᠲᠦᠷᠦᠯ ᠵᠦᠢᠯ ᠲᠠᠩ ᠴᠤᠯᠭᠤᠢ᠂ ᠵᠦᠢ ᠵᠤᠬᠢᠰᠳᠠᠢ ᠦᠷᠢᠰᠦᠯᠳᠦᠭᠡᠨ ᠲᠤᠳᠠᠮᠠᠭ

ᠬᠡᠳᠦ᠋ᠢᠪᠡᠷ ᠤᠢ᠍ᠢᠷ᠎ᠠ᠎ᠶ᠋ᠢᠨ ᠵᠢᠯ᠎ᠠᠴᠠ ᠱᠢᠤᠳᠠᠨ ᠬᠠᠳᠠᠭᠠᠯᠠᠮᠵᠢ᠎ᠶ᠋ᠢᠨ ᠪᠠᠩᠭᠢ᠂ ᠲᠤᠰᠭᠤᠨ ᠪᠠᠯᠭᠠᠰᠤᠨ᠎ᠤ ᠪᠠᠩᠭᠢ ᠵᠡᠷᠭᠡ ᠱᠢᠨ᠎ᠡ ᠬᠡᠯᠪᠡᠷᠢ᠎ᠶ᠋ᠢᠨ ᠬᠦᠳᠡᠭᠡ ᠲᠤᠰᠭᠤᠨ᠎ᠤ ᠮᠦᠩᠭᠦᠨ ᠭᠦᠢᠯᠭᠡᠭᠡᠨ᠎ᠤ ᠪᠠᠢᠭᠤᠯᠤᠮᠵᠢ ᠲᠠᠰᠤᠷᠠᠯᠳᠠ ᠦᠭᠡᠢ ᠬᠦᠭ᠌ᠵᠢᠨ᠂ ᠤᠯᠤᠰ᠎ᠤᠨ ᠦᠮᠴᠢᠯᠡᠯᠳᠦ ᠲᠤᠮᠤ ᠬᠡᠯᠪᠡᠷᠢ᠎ᠶ᠋ᠢᠨ ᠬᠤᠳᠠᠯᠳᠤᠭᠠᠨ᠎ᠤ ᠪᠠᠩᠭᠢ᠎ᠨᠢ ᠵᠠᠷᠢᠮ ᠱᠢᠶᠠᠨ᠎ᠳᠤ ᠬᠤᠪᠢᠶᠠᠷᠢ ᠪᠠᠢᠭᠤᠯᠤᠮᠵᠢ ᠵᠡᠷᠭᠡ᠎ᠶ᠋ᠢ ᠲᠤᠬᠢᠷᠠᠭᠤᠯᠵᠤ᠂ ᠬᠦᠳᠡᠭᠡ ᠲᠤᠰᠭᠤᠨ᠎ᠤ ᠮᠦᠩᠭᠦᠨ ᠭᠦᠢᠯᠭᠡᠭᠡᠨ᠎ᠤ ᠬᠠᠩᠭᠠᠯᠭ᠎ᠠ᠎ᠶ᠋ᠢᠨ ᠪᠠᠢᠭᠤᠯᠤᠮᠵᠢ᠎ᠶ᠋ᠢᠨ ᠲᠤᠭ᠎ᠠ ᠡᠳᠦᠢ ᠲᠡᠳᠦᠢ ᠨᠡᠮᠡᠭ᠌ᠳᠡᠭ᠌ᠰᠡᠨ ᠪᠤᠯᠪᠠᠴᠤ᠌ ᠱᠢᠶᠠᠨ᠎ᠠᠴᠠ ᠲᠤᠷᠤᠬ᠍ᠰᠢᠭᠢ ᠪᠠᠢᠭᠤᠯᠤᠮᠵᠢ᠎ᠶ᠋ᠢᠨ ᠲᠤᠭ᠎ᠠ ᠲᠡᠮᠡᠢ ᠬᠤᠪᠢᠷᠠᠯᠳᠠ ᠦᠭᠡᠢ ᠪᠦᠭᠡᠳ ᠮᠦᠨ ᠬᠦ᠌ ᠵᠦᠪᠬᠡᠨ ᠬᠦᠳᠡᠭᠡ ᠲᠤᠰᠭᠤᠨ᠎ᠤ ᠢᠳᠡᠭᠡᠮᠵᠢ᠎ᠶ᠋ᠢᠨ ᠬᠤᠷᠱᠢᠶ᠎ᠠ ᠯᠠ ᠪᠠᠢᠳᠠᠭ᠃ ᠦᠷᠢᠰᠦᠯᠳᠦᠭᠡᠨ ᠲᠤᠳᠠᠮᠠᠭ᠂ ᠲᠠᠩ ᠴᠤᠯᠭᠤᠢ ᠬᠦᠳᠡᠭᠡ ᠲᠤᠰᠭᠤᠨ᠎ᠤ ᠮᠦᠩᠭᠦᠨ ᠭᠦᠢᠯᠭᠡᠭᠡᠨ᠎ᠤ ᠪᠠᠢᠭᠤᠯᠤᠮᠵᠢ᠎ᠶ᠋ᠢᠨ ᠮᠦᠩᠭᠦᠨ ᠭᠦᠢᠯᠭᠡᠭᠡᠨ᠎ᠤ ᠦᠢᠯᠡᠴᠢᠯᠡᠭᠡ᠎ᠶ᠋ᠢᠨ ᠬᠠᠩᠭᠠᠯᠭ᠎ᠠ ᠬᠦᠷᠦᠯᠴᠡᠬᠦ᠌ ᠦᠭᠡᠢ᠂ ᠦᠢᠯᠡᠴᠢᠯᠡᠭᠡᠨ᠎ᠤ ᠶᠠᠰᠤ ᠴᠢᠨᠠᠷ ᠪᠠᠳᠤᠯᠠᠭ᠎ᠠ ᠦᠭᠡᠢ᠎ᠠᠴᠠ ᠪᠤᠯᠵᠤ᠂ ᠮᠠᠯᠴᠢᠨ ᠲᠠᠷᠢᠶᠠᠴᠢᠨ᠎ᠤ ᠰᠤᠩᠭᠤᠬᠤ ᠡᠷᠬᠡ ᠬᠢᠵᠠᠭᠠᠷᠯᠠᠬ᠍ᠳᠠᠨ᠂ ᠦᠨᠳᠦᠰᠦᠨ ᠱᠠᠳᠤᠨ᠎ᠤ ᠮᠦᠩᠭᠦᠨ ᠭᠦᠢᠯᠭᠡᠭᠡᠨ᠎ᠤ ᠬᠡᠷᠡᠭ᠌ᠯᠡᠭ᠌ᠴᠢᠳ᠎ᠤᠨ ᠡᠷᠬᠡ ᠠᠱᠢᠭ ᠪᠠᠳᠤᠯᠠᠭ᠎ᠠ ᠦᠭᠡᠢ ᠪᠠᠢᠳᠠᠭ᠃

ᠭᠤᠷᠪᠠ᠂ ᠮᠠᠯᠵᠢᠬᠤ ᠤᠷᠤᠨ᠎ᠳᠠᠬᠢ ᠬᠦᠳᠡᠭᠡ ᠲᠤᠰᠭᠤᠨ᠎ᠤ ᠮᠦᠩᠭᠦᠨ ᠭᠦᠢᠯᠭᠡᠭᠡᠨ᠎ᠢ ᠰᠠᠢᠵᠢᠷᠠᠭᠤᠯᠬᠤ ᠲᠤᠬᠠᠢ ᠰᠠᠨᠠᠭᠤᠯᠭ᠎ᠠ

(ᠨᠢᠭᠡ) ᠮᠦᠩᠭᠦᠨ ᠭᠦᠢᠯᠭᠡᠭᠡᠨ᠎ᠤ ᠦᠢᠯᠡᠴᠢᠯᠡᠭᠡ᠎ᠶ᠋ᠢ ᠰᠠᠢᠵᠢᠷᠠᠭᠤᠯᠬᠤ᠎ᠶ᠋ᠢ ᠲᠦᠷᠭᠡᠳᠭᠡᠵᠦ᠍᠂ ᠪᠡᠯᠡ ᠬᠤᠷᠠᠮᠳᠤᠭᠤᠯᠬᠤ ᠦᠪᠡᠷ᠎ᠤᠨ ᠦᠷᠳᠡᠭ᠎ᠢ ᠪᠠᠭᠤᠷᠠᠭᠤᠯᠪᠠᠯ ᠵᠤᠬᠢᠨ᠎ᠠ

ᠵᠢᠭᠡᠯᠡᠭᠦ᠌ ᠬᠡᠮᠵᠢᠶ᠎ᠡ ᠪᠠᠭ᠎ᠠ᠂ ᠲᠦᠯᠦᠬᠦ᠌ ᠬᠤᠭᠤᠴᠠᠭ᠎ᠠ ᠤᠬᠤᠷ᠂ ᠲᠠᠪᠳᠠᠮᠵᠢ᠎ᠪᠠᠷ ᠦᠨᠳᠦᠷ ᠲᠠᠷᠠᠬᠠᠢ ᠪᠤᠳᠠᠷᠬᠠᠢ ᠮᠠᠯᠴᠢᠨ ᠲᠠᠷᠢᠶᠠᠴᠢᠨ ᠡᠷᠦᠬᠡ ᠪᠤᠯᠤᠨ ᠬᠦᠳᠡᠭᠡ ᠲᠤᠰᠭᠤᠨ᠎ᠤ ᠪᠢᠴᠢᠯ ᠵᠢᠵᠢᠭ ᠠᠵᠤ ᠠᠬᠤᠢ᠍ᠢᠯᠠᠯ᠎ᠤᠨ ᠵᠢᠭᠡᠯᠡᠯᠭᠡ᠎ᠶ᠋ᠢᠨ ᠲᠤᠬᠠᠢᠯᠠᠬ᠍ᠰᠠᠨ ᠠᠵᠢᠯ᠎ᠳᠤ ᠴᠢᠭ᠌ᠯᠡᠭᠦᠯᠦᠨ᠂ ᠬᠦᠳᠡᠭᠡ ᠲᠤᠰᠭᠤᠨ᠎ᠤ ᠮᠦᠩᠭᠦᠨ ᠭᠦᠢᠯᠭᠡᠭᠡᠨ᠎ᠤ ᠪᠠᠢᠭᠤᠯᠤᠮᠵᠢ᠎ᠨᠢ ᠦᠨᠳᠦᠷ ᠲᠦᠭ᠌ᠰᠢᠭᠦᠷᠢ᠎ᠶ᠋ᠢᠨ ᠨᠦᠬᠦᠪᠦᠷᠢ ᠬᠡᠷᠡᠭ᠌ᠰᠡᠳᠡᠭ᠎ᠠᠴᠠ ᠵᠢᠭᠡᠯᠡᠯᠭᠡ᠎ᠶ᠋ᠢᠨ ᠬᠦᠦ᠎ᠶ᠋ᠢᠨ ᠨᠤᠷᠮ᠎ᠠ ᠬᠡᠳᠦ ᠦᠨᠳᠦᠷ ᠪᠠᠢᠳᠠᠯ ᠪᠤᠢ ᠪᠤᠯᠳᠠᠭ᠃ ᠤᠴᠢᠷ᠎ᠨᠢ ᠵᠢᠭᠡᠯᠡᠯᠭᠡ᠎ᠶ᠋ᠢᠨ ᠬᠦᠦ᠎ᠶ᠋ᠢᠨ ᠨᠤᠷᠮ᠎ᠠ (R) = ᠵᠢᠭᠡᠯᠡᠯᠭᠡ᠎ᠶ᠋ᠢᠨ ᠰᠠᠭᠤᠷᠢ ᠬᠦᠦ᠎ᠶ᠋ᠢᠨ ᠨᠤᠷᠮ᠎ᠠ (BR) + ᠢᠳᠡᠭᠡᠮᠵᠢ᠎ᠶ᠋ᠢᠨ ᠲᠦᠭ᠌ᠰᠢᠭᠦᠷᠢ᠎ᠶ᠋ᠢᠨ ᠦᠰᠦᠭ᠌ᠰᠡᠨ ᠦᠨ᠎ᠡ ᠪᠤᠶᠤ ᠵᠦᠷᠢᠶᠡᠳᠦ ᠦᠨ᠎ᠡ (m)᠃ ᠵᠢᠭᠡᠯᠡᠯᠭᠡ᠎ᠶ᠋ᠢᠨ ᠰᠠᠭᠤᠷᠢ ᠬᠦᠦ᠎ᠶ᠋ᠢᠨ ᠨᠤᠷᠮ᠎ᠠ (base lending rale᠂ ᠲᠦᠭᠦᠮᠴᠢᠯᠡᠭᠡᠳ BR ᠭᠡᠳᠡᠭ) ᠎ᠨᠢ ᠮᠦᠩᠭᠦᠨ ᠭᠦᠢᠯᠭᠡᠭᠡᠨ᠎ᠤ ᠪᠠᠢᠭᠤᠯᠤᠮᠵᠢ᠎ᠶ᠋ᠢᠨ ᠬᠦᠷᠦᠩᠭᠡ᠎ᠶ᠋ᠢᠨ ᠨᠡᠮᠡᠭᠦᠷᠢ᠎ᠶ᠋ᠢᠨ ᠲᠤᠮᠳᠠᠴᠢ ᠦᠪᠡᠷ᠎ᠤᠨ ᠦᠷᠳᠡᠭ ᠪᠤᠶᠤ ᠪᠡᠯᠡ ᠮᠦᠩᠬᠦ᠌᠎ᠶ᠋ᠢᠨ ᠬᠢᠵᠠᠭᠠᠷᠳᠤ ᠊ᠦᠪᠡᠷ᠎ᠤᠨ ᠦᠷᠳᠡᠭ᠎ᠢ ᠲᠤᠰᠭᠠᠳᠠᠭ᠂ ᠵᠢᠱ᠌ᠢᠶᠡᠯᠡᠪᠡᠯ ᠲᠦᠪ ᠪᠠᠩᠭᠢ᠎ᠶ᠋ᠢᠨ ᠰᠠᠭᠤᠷᠢ ᠪᠠᠷᠢᠮᠵᠢᠶᠠᠳᠤ ᠬᠦᠦ᠎ᠶ᠋ᠢᠨ ᠨᠤᠷᠮ᠎ᠠ᠃ ᠵᠢᠭᠡᠯᠡᠯᠭᠡ᠎ᠶ᠋ᠢᠨ ᠦᠨ᠎ᠡ ᠬᠠᠩᠰᠢ᠎ᠶ᠋ᠢ ᠲᠤᠬ᠍ᠳᠠᠭᠠᠬᠤ᠎ᠳᠤ ᠪᠤᠯᠵᠤᠭ᠎ᠠ᠎ᠶ᠋ᠢ ᠵᠦᠷᠢᠴᠡᠬᠦ᠌ ᠲᠦᠭ᠌ᠰᠢᠭᠦᠷᠢ᠎ᠶ᠋ᠢᠨ ᠲᠤᠬᠠᠢ ᠮᠠᠭᠠᠳᠯᠠᠯᠳᠠ ᠵᠢᠴᠢ ᠵᠢᠭᠡᠯᠡᠯᠭᠡ᠎ᠶ᠋ᠢᠨ ᠵᠠᠷᠤᠳᠠᠯ᠎ᠠᠴᠠ ᠪᠤᠰᠤᠳ ᠪᠠᠷᠢᠴᠠᠭᠠᠯᠠᠨ ᠪᠠᠳᠤᠯᠠᠬᠤ ᠵᠡᠷᠭᠡ ᠵᠦᠢᠯ᠎ᠢᠶᠠᠷ ᠬᠦᠦ ᠮᠦᠩᠭᠦ᠎ᠶ᠋ᠢᠨ ᠨᠤᠷᠮ᠎ᠠ᠎ᠳᠤ ᠲᠤᠬᠢᠷᠠᠭᠤᠯᠤᠯᠳᠠ ᠬᠢᠳᠡᠭ᠃ ᠡᠢᠮᠦ᠎ᠠᠴᠠ ᠮᠦᠩᠭᠦᠨ ᠭᠦᠢᠯᠭᠡᠭᠡᠨ᠎ᠤ ᠪᠠᠢᠭᠤᠯᠤᠮᠵᠢ᠎ᠨᠢ ᠦᠪᠡᠷ ᠪᠡᠶ᠎ᠡ᠎ᠶ᠋ᠢᠨ ᠦᠢᠯᠡᠴᠢᠯᠡᠭᠡᠨ᠎ᠤ ᠤᠬᠠᠮᠰᠠᠷ᠎ᠢᠶᠠᠨ ᠲᠠᠰᠤᠷᠠᠯᠳᠠ ᠦᠭᠡᠢ ᠴᠢᠩᠭᠠᠳᠭᠠᠵᠤ᠂ ᠬᠦᠳᠡᠭᠡ ᠲᠤᠰᠭᠤᠨ᠎ᠤ ᠠᠵᠤ ᠠᠬᠤᠢ᠎ᠶ᠋ᠢᠨ ᠬᠦᠭ᠌ᠵᠢᠯᠳᠡ ᠲᠤᠮᠳᠠ ᠱᠢᠨ᠎ᠡ ᠬᠡᠯᠪᠡᠷᠢ᠎ᠶ᠋ᠢᠨ ᠬᠦᠳᠡᠭᠡ ᠲᠤᠰᠭᠤᠨ᠎ᠤ ᠡᠵᠡᠩᠨᠡᠯᠳᠡ᠎ᠶ᠋ᠢᠨ ᠭᠤᠤᠯ ᠴᠤᠬ᠍ᠴᠠ ᠢᠯᠡᠷᠡᠵᠦ᠍ ᠪᠠᠢᠬᠤ᠂ ᠬᠦᠳᠡᠭᠡ ᠲᠤᠰᠭᠤᠨ᠎ᠤ ᠦᠮᠴᠢᠯᠡᠯ᠎ᠤᠨ ᠡᠷᠬᠡ᠎ᠶ᠋ᠢᠨ ᠦᠭᠡᠷᠡᠴᠢᠯᠡᠯᠳᠡ᠂ ᠱᠢᠨ᠎ᠡ ᠬᠡᠯᠪᠡᠷᠢ᠎ᠶ᠋ᠢᠨ ᠬᠤᠳᠠ ᠪᠠᠯᠭᠠᠰᠤᠵᠢᠯᠳᠠ ᠪᠤᠯᠤᠨ ᠬᠤᠳᠠ ᠬᠦᠳᠡᠭᠡ᠎ᠶ᠋ᠢᠨ ᠨᠢᠭᠡ ᠴᠤᠬ᠍ᠴᠠᠵᠢᠯᠳᠠ᠎ᠶ᠋ᠢ ᠢᠳᠡᠪᠬᠢᠳᠡᠢ᠎ᠪᠠᠷ ᠲᠦᠯᠬᠢᠨ ᠠᠬᠢᠭᠤᠯᠵᠤ ᠪᠠᠢᠬᠤ ᠵᠡᠷᠭᠡ ᠱᠢᠨ᠎ᠡ ᠪᠠᠢᠳᠠᠯ᠂ ᠱᠢᠨ᠎ᠡ ᠬᠠᠨᠳᠤᠰᠢ᠎ᠶ᠋ᠢ ᠦᠨᠳᠦᠰᠦᠯᠡᠨ᠂ ᠦᠭᠡᠷᠡᠴᠢᠯᠡᠯᠳᠡ ᠬᠢᠵᠦ᠍ ᠱᠢᠨ᠎ᠡ᠎ᠶ᠋ᠢ ᠡᠭᠦᠳᠬᠦ᠌ ᠡᠷᠴᠢᠮ᠎ᠢᠶᠠᠨ ᠴᠢᠩᠭᠠᠷᠠᠭᠤᠯᠵᠤ᠂ ᠬᠦᠳᠡᠭᠡ ᠲᠤᠰᠭᠤᠨ᠎ᠤ ᠮᠦᠩᠭᠦᠨ ᠭᠦᠢᠯᠭᠡᠭᠡᠨ᠎ᠤ ᠵᠠᠬ᠎ᠠ ᠲᠡᠯᠭᠡᠭᠦᠷ᠎ᠤᠨ ᠤᠨᠴᠠᠯᠢᠭ᠎ᠢ ᠬᠦᠨᠵᠡᠭᠡᠢ ᠤᠢ᠍ᠢᠯᠠᠭᠠᠵᠤ᠂ ᠮᠠᠯᠵᠢᠬᠤ ᠤᠷᠤᠨ᠎ᠤ ᠤᠨᠴᠠᠯᠢᠭ᠎ᠲᠤ ᠨᠡᠢᠴᠡᠭ᠌ᠰᠡᠨ᠂ ᠮᠠᠯᠵᠢᠬᠤ ᠦᠢᠯᠡᠰ᠎ᠤᠨ ᠦᠢᠯᠡᠳᠪᠦᠷᠢᠯᠡᠯ ᠪᠠ ᠬᠦᠭ᠌ᠵᠢᠯᠳᠡ᠎ᠳᠤ ᠭᠡᠷᠡᠭ᠌ᠰᠡᠬᠦ᠂ ᠮᠠᠯᠵᠢᠬᠤ ᠤᠷᠤᠨ᠎ᠤ ᠲᠠᠪᠠᠭᠤᠯᠢᠭ ᠪᠠᠳᠤᠯᠠᠠᠭᠠ᠎ᠤ ᠡᠬᠢ ᠪᠠᠶᠠᠯᠢᠭ᠂ ᠲᠠᠷᠤᠢ ᠢᠳᠡᠭᠡᠮᠵᠢ᠎ᠶ᠋ᠢᠨ ᠱᠢᠨ᠎ᠡ᠎ᠶ᠋ᠢ ᠡᠭᠦᠳᠬᠦ᠌ ᠲᠤᠬᠠᠢ ᠬᠠᠢᠨ ᠰᠦᠪᠡᠭ᠌ᠴᠢᠯᠡᠵᠦ᠍᠂ ᠡᠭᠦᠨ᠎ᠤ ᠤᠯᠠᠮ᠎ᠠᠴᠠ ᠮᠠᠯᠴᠢᠳ᠎ᠤᠨ ᠪᠡᠯᠡ ᠬᠤᠷᠠᠮᠳᠤᠭᠤᠯᠬᠤ ᠦᠪᠡᠷ᠎ᠤᠨ ᠦᠷᠳᠡᠭ᠎ᠢ ᠪᠠᠭᠤᠷᠠᠭᠤᠯᠪᠠᠯ ᠵᠤᠬᠢᠨ᠎ᠠ᠃

(ᠬᠤᠶᠠᠷ) ᠠᠳᠠᠯᠢ ᠪᠤᠰᠤ ᠲᠦᠷᠦᠯ ᠬᠡᠯᠪᠡᠷᠢ᠎ᠶ᠋ᠢᠨ ᠮᠦᠩᠭᠦᠨ ᠭᠦᠢᠯᠭᠡᠭᠡᠨ᠎ᠤ ᠪᠠᠢᠭᠤᠯᠤᠮᠵᠢ᠎ᠶ᠋ᠢᠨ ᠦᠷᠢᠰᠦᠯᠳᠦᠬᠦ᠌ ᠲᠤᠬ᠍ᠳᠠᠴᠠ᠎ᠶ᠋ᠢ ᠪᠠᠢᠭᠤᠯᠪᠠᠯ ᠵᠤᠬᠢᠨ᠎ᠠ

ᠬᠦᠳᠡᠭᠡ ᠲᠤᠰᠭᠤᠨ᠎ᠳᠤ ᠬᠤᠯᠪᠤᠬ᠍ᠳᠠᠬᠤ ᠮᠦᠩᠭᠦᠨ ᠭᠦᠢᠯᠭᠡᠭᠡᠨ᠎ᠤ ᠪᠠᠢᠭᠤᠯᠤᠮᠵᠢ᠎ᠶ᠋ᠢᠨ 《ᠮᠠᠯ ᠲᠠᠷᠢᠶᠠᠯᠠᠩ᠂ ᠮᠠᠯᠵᠢᠬᠤ ᠲᠠᠷᠢᠶᠠᠯᠠᠬᠤ ᠤᠷᠤᠨ᠂ ᠮᠠᠯᠴᠢᠨ ᠲᠠᠷᠢᠶᠠᠴᠢᠨ》 ᠎ᠳᠤ ᠦᠢᠯᠡᠴᠢᠯᠡᠬᠦ᠌ ᠠᠳᠠᠯᠢ ᠪᠤᠰᠤ ᠬᠦᠷᠢᠶ᠎ᠡ ᠴᠠᠷᠠᠭ᠎ᠠ ᠪᠤᠯᠤᠨ ᠢᠯᠭᠠᠭ᠎ᠠ ᠪᠦᠬᠦᠢ ᠵᠠᠬ᠎ᠠ ᠲᠡᠯᠭᠡᠭᠦᠷ᠎ᠤᠨ ᠪᠠᠢᠷᠢ ᠲᠤᠬ᠍ᠳᠠᠭᠠᠯᠳᠠ᠎ᠶ᠋ᠢ ᠴᠢᠨᠠᠬ᠍ᠰᠢᠳᠠ ᠬᠤᠪᠢᠶᠠᠷᠢᠯᠠᠨ ᠲᠤᠳᠤᠷᠬᠠᠢᠯᠠᠵᠤ᠂ ᠦᠢᠯᠡᠳᠭᠦᠨ᠎ᠢᠶᠠᠨ ᠱᠢᠨᠡᠴᠢᠯᠡᠬᠦ᠂ ᠦᠢᠯᠡᠴᠢᠯᠡᠭᠡ᠎ᠪᠠᠨ ᠱᠢᠨᠡᠴᠢᠯᠡᠬᠦ᠂ ᠦᠢᠯᠡᠴᠢᠯᠡᠬᠦ᠌ ᠬᠡᠯᠬᠢᠶ᠎ᠡ᠎ᠪᠠᠨ ᠤᠷᠳᠤᠳᠭᠠᠬᠤ᠎ᠶ᠋ᠢ ᠵᠤᠷᠢᠭ᠍ᠵᠢᠭᠤᠯᠵᠤ᠂ ᠨᠡᠩ ᠤᠯᠠᠨ ᠦᠢᠯᠡᠴᠢᠯᠡᠭᠡ᠎ᠶ᠋ᠢ ᠨᠢᠭᠡᠳᠦᠭᠡᠷ ᠹᠷᠤᠨᠲ᠎ᠲᠤ ᠭᠦᠨᠵᠡᠭᠡᠢᠷᠡᠭᠦᠯᠵᠦ᠍᠂ ᠬᠦᠳᠡᠭᠡ ᠲᠤᠰᠭᠤᠨ ᠦᠨᠳᠦᠰᠦᠨ ᠱᠠᠳᠤᠨ᠎ᠳᠤ ᠭᠦᠨᠵᠡᠭᠡᠢᠷᠡᠭᠦᠯᠵᠦ᠍᠂ ᠲᠡᠳᠡ ᠦᠪᠡᠷ ᠦᠪᠡᠷ᠎ᠤᠨ ᠤᠨᠴᠠᠯᠢᠭ᠍ᠳᠤ ᠴᠢᠩᠭ᠎ᠠ ᠦᠷᠢᠰᠦᠯᠳᠦᠬᠦ᠌ ᠬᠦᠴᠦᠨ ᠪᠦᠬᠦᠢ ᠭᠤᠤᠯ ᠦᠢᠯᠡᠴᠢᠯᠡᠭᠦ᠌ ᠤᠷᠤᠨ ᠪᠠ ᠭᠤᠤᠯ ᠦᠢᠯᠡᠳᠭᠦᠨ᠎ᠢᠶᠠᠨ ᠪᠦᠷᠢᠯᠳᠦᠭᠦᠯᠵᠦ᠍᠂ ᠲᠦᠭ᠌ᠰᠢᠭᠦᠷᠢ᠎ᠶ᠋ᠢ ᠰᠡᠷᠭᠡᠢᠯᠡᠭᠦ᠌᠂ ᠰᠤᠷᠠᠭ ᠵᠠᠩᠭᠢ᠎ᠶ᠋ᠢ ᠬᠠᠮᠳᠤ᠎ᠪᠠᠷ ᠡᠳ᠋ᠯᠡᠬᠦ᠌ ᠲᠠᠯ᠎ᠠ᠎ᠪᠠᠷ ᠬᠠᠮᠳᠤᠷᠠᠯᠴᠠᠭ᠎ᠠ᠎ᠪᠠᠨ ᠴᠢᠩᠭᠠᠳᠭᠠᠵᠤ᠂ ᠠᠳᠠᠯᠢ ᠪᠤᠰᠤ ᠱᠢᠨᠵᠢ ᠴᠢᠨᠠᠷ᠂ ᠠᠳᠠᠯᠢ ᠪᠤᠰᠤ ᠲᠤᠭ᠍ᠳᠠᠴᠠ᠂ ᠠᠳᠠᠯᠢ ᠪᠤᠰᠤ ᠬᠡᠪᠴᠢᠶᠡᠵᠢᠯ᠎ᠲᠠᠢ ᠬᠦᠳᠡᠭᠡ ᠲᠤᠰᠭᠤᠨ᠎ᠤ ᠮᠦᠩᠭᠦᠨ ᠭᠦᠢᠯᠭᠡᠭᠡᠨ᠎ᠤ ᠪᠠᠢᠭᠤᠯᠤᠮᠵᠢ᠎ᠨᠤᠭᠤᠳ ᠦᠷᠢᠰᠦᠯᠳᠦᠭᠡᠨ᠎ᠤ ᠲᠤᠮᠳᠠ ᠬᠠᠮᠳᠤᠷᠠᠯᠴᠠᠭ᠎ᠠ᠎ᠪᠠᠨ ᠴᠢᠩᠭᠠᠳᠭᠠᠵᠤ᠂ ᠬᠦᠳᠡᠭᠡ ᠲᠤᠰᠭᠤᠨ᠎ᠤ ᠮᠦᠩᠭᠦᠨ ᠭᠦᠢᠯᠭᠡᠭᠡᠨ᠎ᠤ ᠵᠠᠬ᠎ᠠ ᠲᠡᠯᠭᠡᠭᠦᠷ᠎ᠢ ᠬᠠᠮᠳᠤ᠎ᠪᠠᠷ ᠬᠠᠮᠠᠭᠠᠯᠠᠵᠤ᠂ ᠮᠦᠩᠭᠦᠨ ᠭᠦᠢᠯᠭᠡᠭᠡᠨ᠎ᠤ ᠦᠢᠯᠡᠴᠢᠯᠡᠭᠡᠨ᠎ᠤ ᠲᠦᠪᠱᠢᠨ᠎ᠢ ᠬᠠᠮᠳᠤ᠎ᠪᠠᠷ ᠲᠡᠭᠡᠭ᠌ᠰᠢᠯᠡᠭᠦᠯᠪᠡᠯ ᠵᠤᠬᠢᠨ᠎ᠠ᠃

(ᠭᠤᠷᠪᠠ) ᠲᠦᠷᠦ᠎ᠶ᠋ᠢᠨ ᠪᠤᠳᠤᠯᠭ᠎ᠠ᠎ᠶ᠋ᠢᠨ ᠮᠦᠩᠭᠦᠨ ᠭᠦᠢᠯᠭᠡᠭᠡ ᠪᠤᠯᠤᠨ ᠬᠤᠳᠠᠯᠳᠤᠭᠠᠨ᠎ᠤ ᠮᠦᠩᠭᠦᠨ ᠭᠦᠢᠯᠭᠡᠭᠡ᠎ᠪᠠᠷ ᠭᠤᠤᠯ ᠪᠤᠯᠭᠠᠬ᠍ᠰᠠᠨ ᠬᠦᠳᠡᠭᠡ ᠲᠤᠰᠭᠤᠨ᠎ᠤ ᠮᠦᠩᠭᠦᠨ ᠭᠦᠢᠯᠭᠡᠭᠡᠨ᠎ᠤ ᠲᠤᠭ᠍ᠳᠠᠯᠴᠠᠭ᠎ᠠ᠎ᠶ᠋ᠢ ᠪᠠᠢᠭᠤᠯᠪᠠᠯ ᠵᠤᠬᠢᠨ᠎ᠠ

ᠬᠤᠳᠠᠯᠳᠤᠭᠠᠨ᠎ᠤ ᠮᠦᠩᠭᠦᠨ ᠭᠦᠢᠯᠭᠡᠭᠡ᠎ᠪᠠᠷ ᠭᠤᠤᠯ ᠪᠤᠯᠭᠠᠬ᠍ᠰᠠᠨ ᠬᠦᠳᠡᠭᠡ ᠲᠤᠰᠭᠤᠨ᠎ᠤ ᠮᠦᠩᠭᠦᠨ ᠭᠦᠢᠯᠭᠡᠭᠡᠨ᠎ᠤ ᠲᠤᠬ᠍ᠳᠠᠯᠴᠠᠭ᠎ᠠ᠎ᠳᠤ ᠦᠭᠡᠷᠡᠴᠢᠯᠡᠯᠳᠡ ᠬᠢᠬᠦ᠌ ᠡᠷᠴᠢᠮ᠎ᠢᠶᠠᠨ ᠴᠢᠩᠭᠠᠷᠠᠭᠤᠯᠵᠤ᠂ ᠬᠤᠳᠠᠯᠳᠤᠭᠠᠨ᠎ᠤ ᠮᠦᠩᠭᠦᠨ ᠭᠦᠢᠯᠭᠡᠭᠡ᠎ᠶ᠋ᠢ ᠪᠠᠭᠤᠷᠠᠭᠤᠯᠬᠤ᠎ᠶ᠋ᠢᠨ ᠵᠡᠷᠭᠡ᠎ᠪᠠᠷ ᠲᠦᠷᠦ᠎ᠶ᠋ᠢᠨ ᠪᠤᠳᠤᠯᠭ᠎ᠠ᠎ᠶ᠋ᠢᠨ ᠮᠦᠩᠭᠦᠨ ᠭᠦᠢᠯᠭᠡᠭᠡ ᠪᠤᠯᠤᠨ ᠬᠠᠮᠳᠤᠷᠠᠬ᠍ᠰᠠᠨ ᠮᠦᠩᠭᠦᠨ ᠭᠦᠢᠯᠭᠡᠭᠡ᠎ᠶ᠋ᠢᠨ ᠬᠦᠳᠡᠭᠡ ᠲᠤᠰᠭᠤᠨ᠎ᠤ ᠮᠦᠩᠭᠦᠨ ᠭᠦᠢᠯᠭᠡᠭᠡ᠎ᠶ᠋ᠢᠨ ᠲᠤᠬ᠍ᠳᠠᠯᠴᠠᠭ᠎ᠠ᠎ᠳᠠᠬᠢ ᠪᠠᠢᠷᠢ ᠰᠠᠭᠤᠷᠢ᠎ᠶ᠋ᠢ ᠲᠠᠰᠤᠷᠠᠯᠳᠠ ᠦᠭᠡᠢ ᠲᠡᠭᠡᠭ᠌ᠰᠢᠯᠡᠭᠦᠯᠦᠨ᠎ᠡ᠃ ᠨᠢᠭᠡ᠎ᠳᠤ᠂ ᠤᠳᠤᠬᠠᠨ᠎ᠳᠤ ᠪᠠᠢᠭ᠎ᠠ ᠲᠤᠮᠳᠠᠳᠤ ᠤᠯᠤᠰ᠎ᠤᠨ ᠲᠠᠷᠢᠶᠠᠯᠠᠩ᠎ᠤᠨ ᠬᠦᠭ᠌ᠵᠢᠭᠦᠯᠦᠯᠳᠡ᠎ᠶ᠋ᠢᠨ ᠪᠠᠩᠭᠢ᠎ᠶ᠋ᠢᠨ ᠰᠠᠭᠤᠷᠢᠨ ᠲᠡᠭᠡᠷ᠎ᠡ ᠤᠯᠤᠰ᠎ᠤᠨ ᠨᠡᠭᠡᠭᠡᠨ ᠬᠦᠭ᠌ᠵᠢᠬᠦᠯᠦᠯᠳᠡ᠎ᠶ᠋ᠢᠨ ᠪᠠᠩᠭᠢ᠎ᠶ᠋ᠢᠨ ᠬᠦᠳᠡᠭᠡ ᠲᠤᠰᠭᠤᠨ᠎ᠤ ᠲᠦᠷᠦ᠎ᠶ᠋ᠢᠨ ᠪᠤᠳᠤᠯᠭ᠎ᠠ᠎ᠶ᠋ᠢᠨ ᠮᠦᠩᠭᠦᠨ ᠭᠦᠢᠯᠭᠡᠭᠡᠨ᠎ᠳᠤ ᠠᠭᠤᠰᠤᠯᠴᠠᠨ ᠤᠷᠤᠬᠤ ᠠᠯᠬᠤᠴᠠ᠎ᠶ᠋ᠢ ᠲᠦᠷᠭᠡᠳᠭᠡᠵᠦ᠍᠂ ᠲᠤᠮᠳᠠᠳᠤ ᠤᠯᠤᠰ᠎ᠤᠨ ᠲᠠᠷᠢᠶᠠᠯᠠᠩ᠎ᠤᠨ ᠬᠦᠭ᠌ᠵᠢᠭᠦᠯᠦᠯᠳᠡ᠎ᠶ᠋ᠢᠨ ᠪᠠᠩᠭᠢ ᠪᠤᠯᠤᠨ ᠤᠯᠤᠰ᠎ᠤᠨ ᠨᠡᠭᠡᠭᠡᠨ ᠬᠦᠭ᠌ᠵᠢᠭᠦᠯᠦᠯᠳᠡ᠎ᠶ᠋ᠢᠨ ᠪᠠᠩᠭᠢ᠎ᠪᠠᠷ ᠬᠦᠳᠡᠭᠡ ᠲᠤᠰᠭᠤᠨ᠎ᠤ ᠮᠦᠩᠭᠦᠨ ᠭᠦᠢᠯᠭᠡᠭᠡᠨ᠎ᠤ ᠬᠤᠪᠢ ᠬᠦᠮᠦᠨ ᠪᠤᠯᠤᠨ ᠠᠵᠤ ᠠᠬᠤᠢ᠍ᠢᠯᠠᠯ᠎ᠤᠨ ᠵᠢᠭᠡᠯᠡᠯᠭᠡ᠎ᠶ᠋ᠢ ᠲᠤᠰᠪᠤᠷᠢ ᠬᠠᠷᠢᠭᠤᠴᠠᠭᠤᠯᠵᠤ᠂ ᠲᠦᠷᠦ᠎ᠶ᠋ᠢᠨ ᠪᠤᠳᠤᠯᠭ᠎ᠠ᠎ᠶ᠋ᠢᠨ ᠴᠢᠨᠠᠷ᠎ᠲᠠᠢ ᠪᠠᠩᠭᠢ᠎ᠶ᠋ᠢᠨ ᠬᠦᠳᠡᠭᠡ ᠲᠤᠰᠭᠤᠨ᠎ᠤ ᠨᠢᠭᠡᠳᠦᠭᠡᠷ ᠹᠷᠤᠨᠲ᠎ᠲᠠᠬᠢ ᠲᠤᠤᠷ ᠰᠦᠯᠵᠢᠶ᠎ᠡ᠎ᠶ᠋ᠢᠨ ᠪᠠᠢᠷᠢᠱᠢᠭᠤᠯᠤᠯᠳᠠ᠎ᠶ᠋ᠢ ᠬᠦᠨᠵᠡᠭᠡᠢᠷᠡᠭᠦᠯᠵᠦ᠍᠂ ᠦᠪᠦᠷ ᠮᠤᠩᠭᠤᠯ᠎ᠳᠤ ᠤᠳᠤᠬᠠᠨ᠎ᠳᠤ ᠪᠠᠢᠭ᠎ᠠ 87 ᠨᠢᠭᠡᠴᠢ ᠲᠦᠷᠦ᠎ᠶ᠋ᠢᠨ ᠪᠤᠳᠤᠯᠭ᠎ᠠ᠎ᠶ᠋ᠢᠨ ᠴᠢᠨᠠᠷ᠎ᠲᠠᠢ ᠪᠠᠩᠭᠢ᠎ᠶ᠋ᠢᠨ ᠪᠠᠢᠭᠤᠯᠤᠮᠵᠢ᠎ᠶ᠋ᠢᠨ ᠰᠠᠭᠤᠷᠢᠨ ᠲᠡᠭᠡᠷ᠎ᠡ ᠠᠳᠠᠯᠢ ᠱᠢᠨᠵᠢ ᠴᠢᠨᠠᠷ ᠤᠨᠴᠠᠯᠢᠭ ᠪᠦᠬᠦᠢ ᠬᠦᠳᠡᠭᠡ ᠲᠤᠰᠭᠤᠨ᠎ᠤ ᠱᠢᠨ᠎ᠡ ᠲᠤᠤᠷ ᠴᠡᠭ᠎ᠢ ᠲᠠᠰᠤᠷᠠᠯᠳᠠ ᠦᠭᠡᠢ ᠨᠡᠭᠡᠭᠡᠨ ᠬᠦᠭ᠌ᠵᠢᠭᠦᠯᠵᠦ᠍᠂ ᠡᠭᠦᠨ᠎ᠤ ᠵᠡᠷᠭᠡ᠎ᠪᠠᠷ᠂ ᠲᠦᠷᠦ᠎ᠶ᠋ᠢᠨ ᠪᠤᠳᠤᠯᠭ᠎ᠠ᠎ᠶ᠋ᠢᠨ ᠴᠢᠨᠠᠷ᠎ᠲᠠᠢ ᠪᠠᠩᠭᠢ᠎ᠶ᠋ᠢᠨ ᠦᠢᠯᠡᠴᠢᠯᠡᠬᠦ᠌ ᠡᠳᠡᠭᠡᠳ᠎ᠢ ᠮᠠᠯᠴᠢᠨ᠂ ᠮᠠᠯᠵᠢᠬᠤ ᠡᠷᠦᠬᠡ ᠵᠢᠴᠢ ᠮᠠᠯᠵᠢᠬᠤ ᠦᠢᠯᠡᠰ ᠡᠵᠡᠩᠨᠡᠬᠦ᠌᠎ᠳᠤ ᠬᠠᠨᠳᠤᠭᠤᠯᠪᠠᠯ ᠵᠤᠬᠢᠨ᠎ᠠ᠃ ᠬᠤᠶᠠᠷ᠎ᠲᠤ᠌᠂ ᠬᠦᠳᠡᠭᠡ ᠲᠤᠰᠭᠤᠨ᠎ᠤ ᠬᠤᠷᠱᠢᠶ᠎ᠠ᠎ᠶ᠋ᠢᠨ ᠪᠦᠳᠦᠭᠡᠨ ᠪᠠᠢᠭᠤᠯᠤᠯᠳᠠ᠎ᠶ᠋ᠢ ᠴᠢᠩᠭᠠᠳᠭᠠᠨ ᠲᠦᠷᠢᠮᠵᠢᠬᠦᠯᠬᠦ᠌᠎ᠶ᠋ᠢᠨ ᠵᠡᠷᠭᠡ᠎ᠪᠠᠷ ᠦᠪᠦᠷ ᠮᠤᠩᠭᠤᠯ᠎ᠤᠨ ᠬᠤᠷᠱᠢᠶ᠎ᠠ ᠵᠢᠴᠢ ᠤᠷᠤᠨ ᠨᠤᠳᠤᠭ᠎ᠤᠨ ᠱᠢᠨᠵᠢ ᠴᠢᠨᠠᠷ᠎ᠲᠠᠢ ᠬᠤᠷᠱᠢᠶ᠎ᠠ ᠵᠡᠷᠭᠡ ᠬᠦᠳᠡᠭᠡ ᠲᠤᠰᠭᠤᠨ᠎ᠤ ᠮᠦᠩᠭᠦᠨ ᠭᠦᠢᠯᠭᠡᠭᠡᠨ᠎ᠤ ᠪᠠᠢᠭᠤᠯᠤᠮᠵᠢ᠎ᠳᠤ ᠦᠵᠡᠭᠦᠯᠬᠦ᠌ ᠡᠳ᠋᠎ᠤᠨ ᠵᠠᠰᠠᠭ᠎ᠤᠨ ᠲᠡᠮᠵᠢᠯᠭᠡ᠎ᠪᠠᠨ ᠴᠢᠩᠭᠠᠳᠭᠠᠵᠤ᠂ ᠬᠠᠳᠠᠭᠠᠯᠠᠮᠵᠢ᠎ᠶ᠋ᠢᠨ ᠪᠠᠳᠤᠯᠠᠬᠤ ᠮᠦᠩᠭᠦ᠎ᠶ᠋ᠢᠨ ᠨᠤᠷᠮ᠎ᠠ᠎ᠶ᠋ᠢ ᠵᠦᠢ ᠵᠤᠬᠢᠰᠳᠠᠢ ᠲᠤᠬ᠍ᠳᠠᠬ᠍ᠰᠠᠨ ᠴᠢᠭ᠌ᠯᠡᠯ᠎ᠲᠠᠢ᠎ᠪᠠᠷ ᠪᠠᠭᠤᠷᠠᠭᠤᠯᠵᠤ᠂ ᠬᠦᠳᠡᠭᠡ ᠲᠤᠰᠭᠤᠨ᠎ᠤ ᠬᠤᠷᠱᠢᠬ᠍ᠰᠠᠨ ᠮᠦᠩᠭᠦᠨ ᠭᠦᠢᠯᠭᠡᠭᠡ᠎ᠶ᠋ᠢᠨ ᠬᠦᠷᠦᠩᠭᠡ᠎ᠶ᠋ᠢᠨ ᠶᠡᠷᠦᠩᠬᠡᠢ ᠬᠡᠮᠵᠢᠶ᠎ᠡ᠎ᠶ᠋ᠢᠨ ᠭᠦᠢᠴᠡᠳ ᠪᠠᠢᠬᠤ᠎ᠶ᠋ᠢ ᠦᠨᠡᠨ ᠬᠦ᠌ ᠪᠠᠳᠤᠯᠠᠵᠤ᠂ ᠦᠪᠡᠷᠳᠡᠭᠡᠨ ᠵᠠᠰᠠᠬᠤ ᠤᠷᠤᠨ᠎ᠤ ᠵᠠᠰᠠᠭ᠎ᠤᠨ ᠤᠷᠳᠤᠨ᠎ᠠᠴᠠ ᠬᠦᠳᠡᠭᠡ ᠲᠤᠰᠭᠤᠨ᠎ᠤ ᠬᠠᠮᠳᠤᠷᠠᠬ᠍ᠰᠠᠨ ᠮᠦᠩᠭᠦᠨ ᠭᠦᠢᠯᠭᠡᠭᠡᠨ᠎ᠤ ᠪᠠᠢᠭᠤᠯᠤᠮᠵᠢ᠎ᠶ᠋ᠢᠨ ᠬᠦᠳᠡᠭᠡ ᠲᠤᠰᠭᠤᠨ᠎ᠤ ᠮᠦᠩᠭᠦᠨ ᠭᠦᠢᠯᠭᠡᠭᠡᠨ᠎ᠤ ᠵᠢᠭᠡᠯᠡᠯᠭᠡ᠎ᠶ᠋ᠢᠨ ᠬᠠᠷᠢᠴᠠᠯ᠎ᠢ ᠲᠤᠬᠢᠷᠠᠭᠤᠯᠤᠨ ᠲᠤᠬ᠍ᠳᠠᠭᠠᠨ ᠦᠭ᠌ᠴᠦ᠂ ᠴᠢᠩᠭ᠎ᠠ ᠲᠦᠷᠢᠮᠵᠢᠭᠦᠯᠦᠨ᠂ ᠬᠦᠳᠡᠭᠡ ᠲᠤᠰᠭᠤᠨ᠎ᠤ ᠮᠦᠩᠭᠦᠨ ᠭᠦᠢᠯᠭᠡᠭᠡᠨ᠎ᠤ ᠪᠠᠢᠭᠤᠯᠤᠮᠵᠢ᠎ᠨᠢ ᠪᠡᠯᠡ ᠮᠦᠩᠭᠦ᠎ᠪᠠᠨ ᠬᠤᠳᠠ ᠪᠠᠯᠭᠠᠰᠤ ᠲᠡᠢᠰᠢ ᠱᠢᠯᠵᠢᠭᠦᠯᠬᠦ᠌᠎ᠶ᠋ᠢ ᠰᠡᠷᠭᠡᠢᠯᠡᠨ ᠵᠤᠬ᠍ᠰᠤᠭᠠᠬᠤ ᠬᠡᠷᠡᠭ᠌ᠳᠡᠢ᠃

ᠮᠠᠯᠵᠢᠬᠤ ᠤᠷᠤᠨ᠎ᠳᠤ ᠤᠯᠠᠨ ᠲᠡᠪᠬᠤᠷᠭ᠎ᠠ᠎ᠶ᠋ᠢᠨ᠂ ᠤᠯᠠᠨ ᠴᠢᠳᠠᠪᠬᠢᠳᠤ ᠮᠦᠩᠭᠦᠨ ᠭᠦᠢᠯᠭᠡᠭᠡᠨ᠎ᠤ ᠵᠤᠬᠢᠶᠠᠨ ᠪᠠᠢᠭᠤᠯᠤᠯᠳᠠ᠎ᠶ᠋ᠢᠨ ᠪᠠᠢᠭᠤᠯᠤᠮᠵᠢ᠎ᠶ᠋ᠢ ᠪᠠᠢᠭᠤᠯᠬᠤ᠎ᠪᠠᠷ ᠲᠠᠮᠵᠢᠨ᠂ ᠬᠦᠭ᠌ᠵᠢᠯᠳᠡ᠎ᠶ᠋ᠢᠨ ᠭᠡᠷᠡᠭ᠌ᠴᠡᠭᠡ᠎ᠳᠤ ᠨᠡᠢᠴᠡᠭ᠌ᠰᠡᠨ ᠡᠯᠪᠡᠭ ᠪᠠᠶᠠᠯᠢᠭ ᠮᠦᠩᠭᠦᠨ ᠭᠦᠢᠯᠭᠡᠭᠡᠨ᠎ᠤ ᠦᠢᠯᠡᠳᠭᠦᠨ ᠪᠠ ᠦᠢᠯᠡᠴᠢᠯᠡᠭᠡ᠎ᠶ᠋ᠢ ᠬᠠᠩᠭᠠᠵᠤ᠂ ᠬᠦᠳᠡᠭᠡ ᠲᠤᠰᠭᠤᠨ᠎ᠤ ᠢᠳᠡᠭᠡᠮᠵᠢ᠎ᠶ᠋ᠢᠨ ᠲᠤᠭ᠍ᠳᠠᠯᠴᠠᠭ᠎ᠠ᠎ᠪᠠᠷ ᠭᠤᠤᠯ ᠪᠤᠯᠭᠠᠬ᠍ᠰᠠᠨ ᠢᠵᠢ ᠪᠦᠷᠢᠳᠦᠬᠦᠯᠬᠦ᠌ ᠮᠦᠩᠭᠦᠨ ᠭᠦᠢᠯᠭᠡᠭᠡᠨ᠎ᠤ ᠰᠠᠭᠤᠷᠢ ᠲᠦᠭᠦᠭᠡᠷᠦᠮᠵᠢ᠎ᠶ᠋ᠢ ᠪᠠᠢᠭᠤᠯᠤᠨ᠂ ᠮᠦᠩᠭᠦᠨ ᠭᠦᠢᠯᠭᠡᠭᠡᠨ᠎ᠤ ᠬᠠᠩᠭᠠᠯᠭ᠎ᠠ᠎ᠶ᠋ᠢᠨ ᠦᠵᠦᠭᠦᠷᠯᠢᠭ᠎ᠤᠨ ᠦᠭᠡᠷᠡᠴᠢᠯᠡᠯᠳᠡ᠎ᠶ᠋ᠢ ᠠᠬᠢᠭᠤᠯᠵᠤ᠂ ᠡᠭᠦᠨ᠎ᠤ ᠤᠯᠠᠮ᠎ᠢᠶᠠᠷ ᠮᠦᠩᠭᠦᠨ ᠭᠦᠢᠯᠭᠡᠭᠡ᠎ᠶ᠋ᠢ ᠮᠠᠯᠵᠢᠬᠤ ᠤᠷᠤᠨ᠎ᠤ ᠠᠵᠤ ᠠᠬᠤᠢ᠎ᠶ᠋ᠢᠨ ᠬᠦᠭ᠌ᠵᠢᠯᠳᠡ᠎ᠳᠤ ᠦᠨᠳᠦᠷ ᠪᠦᠳᠦᠮᠵᠢᠳᠡᠢ᠎ᠪᠠᠷ ᠦᠢᠯᠡᠴᠢᠯᠡᠭᠦᠯᠵᠦ᠍᠂ ᠮᠠᠯᠵᠢᠬᠤ ᠡᠷᠦᠬᠡ᠎ᠳᠤ ᠪᠦᠷᠢᠨ ᠲᠡᠭᠦᠯᠳᠡᠷ ᠮᠦᠩᠭᠦᠨ ᠭᠦᠢᠯᠭᠡᠭᠡᠨ᠎ᠤ ᠦᠢᠯᠡᠴᠢᠯᠡᠭᠡ ᠬᠦᠷᠳᠡᠭᠡᠪᠡᠯ ᠵᠤᠬᠢᠰᠳᠠᠢ᠃

(ᠬᠠᠶᠢᠬ᠄ ᠦᠪᠦᠷ ᠮᠤᠩᠭᠤᠯ᠎ᠤᠨ ᠡᠳ᠋᠎ᠤᠨ ᠵᠠᠰᠠᠭ ᠠᠵᠤ ᠠᠬᠤᠢ᠎ᠶ᠋ᠢᠨ ᠶᠡᠭᠡ ᠰᠤᠷᠭᠠᠭᠤᠯᠢ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠼᠠᠢ ᠬᠤᠩ
ᠦᠪᠦᠷ ᠮᠤᠩᠭᠤᠯ᠎ᠤᠨ ᠡᠳᠦᠷ᠎ᠤᠨ ᠰᠤᠨᠢᠨ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号